ᠣᠶᠢᠯᠠᠭᠠᠭᠰᠠᠨ ᠢᠶᠠᠷ᠂ 2023 ᠣᠨ ᠳᠤ ᠠᠨᠠᠭᠠᠬᠤ ᠶᠢᠨ ᠶᠡᠭᠡ ᠲᠡᠭᠡᠳᠤ ᠰᠤᠷᠭᠠᠭᠤᠯᠢ ᠠᠴᠠ ᠳᠤᠮᠳᠠ ᠪᠠᠷᠠᠭᠤᠨ ᠪᠦᠰᠡ ᠨᠤᠳᠤᠭ ᠤᠨ ᠰᠤᠮᠤ ᠰᠢᠶᠠᠩ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠠᠨᠳᠤᠯᠭ᠎ᠠ ᠲᠠᠢ ᠪᠠᠷ ᠰᠦᠢᠳᠬᠡᠯ ᠬᠤᠷᠢᠶᠠᠬᠤ ᠥᠬᠡᠶ ᠲᠠᠪᠤᠨ ᠵᠢᠯ ᠤᠨ ᠳᠦᠷᠢᠮᠲᠦ ᠪᠦᠷᠢᠨ ᠮᠡᠷᠭᠡᠵᠢᠯ ᠤᠨ | ᠠᠩᠭᠢ ᠶᠢᠨ ᠠᠨᠠᠭᠠᠬᠤ ᠤᠬᠠᠭᠠᠨ ᠤ ᠰᠣᠷᠣᠭᠴᠢ ᠶᠢ ᠨᠡᠶᠢᠲᠡ 6150 ᠶᠢ ᠬᠥᠮᠦᠵᠢᠭᠦᠯᠬᠦ ᠶᠢ ᠲᠥᠪ ᠤᠨ ᠡᠳ᠋ ᠤᠨ ᠵᠠᠰᠠᠭ ᠠᠴᠠ ᠳᠡᠮᠵᠢᠬᠦ ᠪᠠᠷ ᠪᠣᠯᠵᠡᠢ᠂ ᠲᠤᠰᠬᠠᠶ | ᠮᠡᠷᠭᠡᠵᠢᠯ ᠳᠤ ᠡᠮᠴᠢᠯᠡᠭᠡᠨ ᠤ ᠠᠨᠠᠭᠠᠬᠤ ᠤᠬᠠᠭᠠᠨ᠂ ᠬᠢᠲᠠᠳ ᠠᠨᠠᠭᠠᠬᠤ ᠤᠬᠠᠭᠠᠨ᠂ ᠮᠣᠩᠭᠤᠯ ᠠᠨᠠᠭᠠᠬᠤ ᠤᠬᠠᠭᠠᠨ ᠪᠠ ᠤᠶᠢᠭᠤᠷ ᠠᠨᠠᠭᠠᠬᠤ ᠤᠬᠠᠭᠠᠨ ᠪᠠᠭᠲᠠᠨ᠎ᠠ᠃ | | ᠰᠦᠢᠳᠬᠡᠯ ᠬᠤᠷᠢᠶᠠᠬᠤ ᠥᠬᠡᠶ ᠠᠨᠠᠭᠠᠬᠤ ᠤᠬᠠᠭᠠᠨ ᠤ ᠬᠠᠨᠳᠤᠯᠭ᠎ᠠ ᠲᠠᠢ ᠪᠠᠷ ᠰᠣᠷᠣᠭᠴᠢ ᠡᠯᠰᠡᠬᠦ ᠲᠥᠯᠥᠪᠯᠡᠭᠡ ᠳᠤ ᠨᠡᠷ᠎ᠡ ᠮᠡᠳᠡᠭᠦᠯᠦᠭᠰᠡᠨ | ᠰᠢᠯᠭᠠᠭᠤᠯᠤᠭᠴᠢ ᠴᠥᠮ ᠲᠤᠬᠠᠶ ᠶᠢᠨ ᠵᠢᠯ ᠤᠨ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ | ᠰᠢᠯᠭᠠᠯᠲᠠ ᠳᠤ ᠣᠷᠤᠯᠴᠠᠨ᠎ᠠ᠂ ᠰᠤᠷᠤᠭᠴᠢ ᠬᠦᠮᠦᠵᠢᠭᠦᠯᠬᠦ ᠰᠤᠷᠭᠠᠭᠤᠯᠢ ᠨᠢ ᠵᠥᠪᠬᠡᠨ ᠬᠥᠳᠡᠭᠡ ᠲᠣᠰᠬᠤᠨ ᠤ ᠰᠣᠷᠣᠭᠴᠢ ᠶᠢ ᠡᠯᠰᠡᠵᠦ᠂ ᠪᠦᠷᠢᠨ | ᠮᠡᠷᠭᠡᠵᠢᠯ ᠤᠨ ᠠᠩᠭᠢ ᠶᠢᠨ ᠤᠷᠢᠳᠴᠢᠯᠠᠭᠰᠠᠨ ᠪᠦᠯᠦᠭ ᠤᠳᠠᠭ᠎ᠠ ᠳᠤ ᠡᠯᠰᠡᠨ᠎ᠡ᠃ | ᠰᠦᠢᠳᠬᠡᠯ ᠬᠤᠷᠢᠶᠠᠬᠤ ᠥᠬᠡᠶ ᠬᠠᠨᠳᠤᠯᠭ᠎ᠠ ᠲᠠᠢ ᠪᠠᠷ ᠬᠦᠮᠦᠵᠢᠭᠦᠯᠬᠦ ᠠᠨᠠᠭᠠᠬᠤ ᠤᠬᠠᠭᠠᠨ ᠤ ᠪᠦᠷᠢᠨ ᠮᠡᠷᠭᠡᠵᠢᠯ ᠤᠨ ᠠᠩᠭᠢ ᠶᠢᠨ ᠰᠣᠷᠣᠭᠴᠢ ᠶᠢ | ᠡᠯᠰᠡᠭᠰᠡᠨ ᠤ ᠳᠠᠷᠠᠭ᠎ᠠ᠂ ᠰᠤᠷᠭᠠᠭᠤᠯᠢ ᠳᠤ ᠣᠷᠣᠬᠤ ᠮᠡᠳᠡᠭᠳᠡᠯ ᠤᠨ ᠪᠢᠴᠢᠭ ᠢ ᠤᠯᠬᠤ ᠠᠴᠠ ᠡᠮᠦᠨ᠎ᠡ᠂ ᠬᠥᠮᠦᠵᠢᠭᠦᠯᠬᠦ ᠶᠡᠭᠡ ᠳᠡᠭᠡᠳᠦ ᠰᠤᠷᠭᠠᠭᠤᠯᠢ ᠪᠠ | ᠬᠠᠨᠳᠤᠯᠭ᠎ᠠ ᠲᠠᠢ ᠪᠠᠷ ᠲᠤᠮᠢᠯᠠᠭᠳᠠᠨ ᠠᠵᠢᠯᠯᠠᠬᠤ ᠭᠠᠵᠠᠷ ᠤᠨ ᠬᠤᠰᠢᠭᠤ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠥᠮᠦᠨ ᠤ ᠨᠥᠭᠡᠴᠡ | ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠢᠨ ᠰᠦᠢᠳᠬᠡᠯ ᠬᠤᠷᠢᠶᠠᠬᠤ ᠥᠬᠡᠶ ᠪᠠᠷ ᠬᠠᠨᠳᠤᠯᠭ᠎ᠠ ᠲᠠᠢ ᠬᠦᠮᠦᠵᠢᠭᠦᠯᠬᠦ ᠰᠤᠷᠤᠭᠴᠢᠳ | ᠤᠨ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ ᠡᠷᠦᠬᠡ ᠠᠮᠠ ᠶᠢᠨ ᠲᠠᠩᠰᠠ ᠶᠢ ᠮᠥᠨ ᠬᠦ ᠤᠤᠯ ᠤᠨ ᠡᠷᠦᠬᠡ ᠠᠮᠠ ᠶᠢᠨ ᠲᠠᠩᠰᠠ ᠶᠢᠨ ᠪᠠᠶᠢᠭ᠎ᠠ ᠭᠠᠵᠠᠷ ᠲᠤᠨᠢ | ᠦᠯᠡᠳᠡᠭᠡᠵᠦ᠂ ᠲᠡᠭᠦᠰᠦᠭᠰᠡᠨ ᠤ ᠳᠠᠷᠠᠭ᠎ᠠ ᠬᠠᠮᠢᠶᠠᠲᠠᠢ ᠲᠣᠭᠲᠠᠭᠠᠯ ᠶᠣᠰᠣᠭᠠᠷ ᠪᠤᠳᠠᠲᠠᠢ ᠲᠤᠭᠳᠠᠭᠰᠠᠨ ᠠᠵᠢᠯᠯᠠᠬᠤ ᠭᠠᠵᠠᠷ ᠲᠤᠨᠢ ᠰᠢᠯᠵᠢᠭᠦᠯᠵᠤ ᠥᠭᠭᠦᠨ᠎ᠡ᠃ | |