ᠨᠠᠰᠤᠨ ᠳᠤ ᠦᠯᠦ ᠬᠦᠷᠦᠭᠰᠡᠳ ᠢ ᠬᠦᠴᠦᠷᠬᠡᠭᠯᠡᠨ ᠨᠥᠵᠢᠳᠯᠡᠭᠰᠡᠨ 3 ᠶᠠᠯᠠᠲᠠᠨ ᠢ ᠬᠠᠤᠯᠢ ᠶᠣᠰᠣᠭᠠᠷ ᠠᠯᠠᠬᠤ ᠡᠷᠡᠭᠦᠦ ᠪᠠᠷ ᠰᠢᠢᠳᠬᠡᠪᠡ
ᠨᠡᠶᠢᠲᠡᠯᠡᠭᠰᠡᠨ ᠴᠠᠭ᠄
2023/5/29
        ᠠᠷᠠᠳ ᠤᠨ ᠳᠡᠭᠡᠳᠦ ᠰᠢᠭᠦᠬᠦ ᠬᠤᠷᠢᠶ᠎ᠠ ᠪᠠᠷ ᠬᠢᠨᠠᠨ ᠵᠥᠪᠰᠢᠶᠡᠷᠡᠭᠦᠯᠦᠭᠡᠳ᠂ 5 ᠰᠠᠷ᠎ᠠ ᠶᠢᠨ 23 ᠤ ᠡᠳᠦᠷ ᠬᠤᠪᠸᠢ ᠮᠤᠵᠢ ᠶᠢᠨ ᠰᠢᠶᠣᠣ ᠭᠠᠨ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠱᠠᠨᠳᠦ᠋ᠩ ᠮᠤᠵᠢ ᠶᠢᠨ ᠸᠧᠶ ᠹᠠᠩ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠾᠧᠨᠠᠨ  ᠮᠤᠵᠢ ᠶᠢᠨ ᠠᠨᠶᠠᠩ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠨᠠᠰᠤᠨ ᠳᠤ ᠥᠯᠥ ᠬᠦᠷᠦᠭᠰᠡᠳ ᠢ ᠨᠥᠵᠢᠳᠯᠡᠭᠰᠡᠨ ᠶᠠᠯᠠᠲᠠᠨ ᠨᠢᠢ ᠳ᠋ᠦ᠋ ᠴᠢᠶᠦ᠋ᠨ᠂ ᠸᠠᠩ ᠰᠢᠶᠤᠤ ᠱᠠᠨ᠂ ᠰᠦᠨ ᠪᠦᠦ ᠴᠠᠩ ᠳᠤ ᠬᠠᠤᠯᠢ ᠶᠣᠰᠣᠭᠠᠷ ᠠᠯᠠᠬᠤ ᠡᠷᠡᠭᠦᠦ ᠭᠦᠢᠴᠡᠳᠬᠡᠪᠡ᠃                ᠶᠠᠯᠠᠲᠠᠨ ᠨᠢᠢ ᠳ᠋ᠦ᠋ ᠴᠢᠶᠦ᠋ᠨ ᠪᠣᠯ ᠬᠤᠪᠧᠶ ᠶᠢᠨ ᠨᠢᠭᠡᠨ ᠺᠣᠮᠫᠠᠨᠢ ᠶᠢᠨ ᠬᠠᠤᠯᠢ ᠪᠠᠷ ᠲᠣᠭᠲᠠᠭᠠᠭᠰᠠᠨ  ᠲᠥᠯᠥᠭᠡᠯᠡᠭᠴᠢ ᠮᠥᠨ᠃ 2017 ᠣᠨ ᠤ 1 ᠰᠠᠷ᠎ᠠ ᠠᠴᠠ 2019 ᠣᠨ ᠤ 8 ᠰᠠᠷ᠎ᠠ ᠶᠢᠨ ᠬᠤᠭᠤᠷᠣᠨᠳᠣ᠂  ᠨᠢᠢ ᠳ᠋ᠦ᠋ ᠴᠢᠶᠦ᠋ᠨ ᠦᠨᠡᠨ ᠪᠣᠳᠠᠲᠠᠶ ᠪᠡᠶ᠎ᠡ ᠶᠢᠨ ᠭᠠᠷᠤᠯ ᠢᠶᠠᠨ ᠨᠢᠭᠤᠨ ᠳᠠᠯᠳᠠᠯᠠᠵᠤ᠂ QQ ᠪᠠᠷ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠪᠠᠭ᠎ᠠ ᠰᠤᠷᠭᠠᠭᠤᠯᠢ ᠪᠤᠶᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠦᠬᠢᠨ ᠰᠣᠷᠣᠭᠴᠢ ᠶᠢ  ᠰᠣᠩᠭᠤᠵᠤ  ᠶᠠᠯ᠎ᠠ  ᠬᠢᠬᠦ  ᠡᠲᠡᠭᠡᠳ ᠢᠶᠠᠨ ᠪᠣᠯᠭᠠᠨ᠂ ᠢᠨᠠᠭᠯᠠᠬᠤ ᠨᠡᠷ᠎ᠡ ᠪᠠᠷ᠂ ᠠᠶᠤᠯᠭᠠᠨ ᠰᠦᠷᠳᠡᠭᠦᠯᠬᠦ᠂ ᠬᠠᠭᠤᠷᠴᠤ ᠮᠡᠬᠡᠯᠡᠬᠦ᠂ ᠠᠰᠢᠭ ᠢᠶᠠᠷ ᠲᠠᠲᠠᠬᠤ ᠵᠡᠷᠭᠡ ᠠᠷᠭ᠎ᠠ ᠪᠠᠷᠢᠯ ᠢᠶᠠᠷ᠂ ᠤᠷᠢᠳ ᠬᠤᠵᠢᠳ 6  ᠵᠢᠭᠠᠯ  ᠥᠬᠢᠨ᠂  1  ᠨᠠᠰᠤᠨ ᠳᠤ  ᠥᠯᠥ  ᠬᠦᠷᠦᠭᠰᠡᠨ  ᠦᠬᠢᠨ ᠢ  ᠬᠦᠴᠦᠷᠬᠡᠭᠯᠡᠨ ᠨᠥᠵᠢᠳᠯᠡᠪᠡ᠂ ᠡᠭᠦᠨ ᠳᠤ 4 ᠬᠥᠮᠦᠨ ᠢ ᠣᠷᠳᠣ ᠬᠤᠭᠤᠴᠠᠭ᠎ᠠ ᠪᠠᠷ᠂ ᠣᠯᠠᠨ  ᠤᠳᠠᠭ᠎ᠠ ᠬᠦᠴᠦᠷᠬᠡᠭᠯᠡᠨ ᠨᠦᠵᠢᠳᠯᠡᠵᠦ᠂ 2 ᠬᠥᠮᠦᠨ ᠢ ᠵᠢᠷᠮᠦᠰᠦᠯᠡᠬᠦᠯᠵᠦ ᠣᠷᠤᠭ ᠤᠨᠠᠭᠠᠯᠭᠠᠪᠠ᠃  ᠨᠢᠢ  ᠳ᠋ᠦ᠋  ᠴᠢᠶᠦ᠋ᠨ  ᠪᠠᠰᠠ ᠨᠠᠰᠤᠨ ᠳᠤ  ᠭᠦᠷᠦᠭᠡᠳᠦᠶ  ᠬᠤᠣᠷ ᠠᠮᠰᠠᠭᠴᠢ ᠶᠢᠨ ᠣᠶᠤᠨ ᠰᠠᠨᠠᠭ᠎ᠠ ᠶᠢ ᠡᠵᠡᠮᠳᠡᠵᠦ᠂ ᠬᠤᠣᠷ ᠠᠮᠰᠠᠭᠴᠢ ᠶᠢ ᠵᠢᠭᠠᠨ ᠳᠣᠬᠢᠵᠤ᠂ ᠬᠠᠭᠤᠷᠤᠨ ᠮᠡᠬᠡᠯᠡᠵᠦ  ᠪᠠᠶᠢᠭᠠᠳ ᠬᠡᠷ ᠢᠶᠠᠨ ᠰᠠᠬᠢᠵᠤ ᠬᠤᠴᠣᠷᠤᠭᠰᠠᠨ ᠠᠷᠪᠠᠨ  ᠨᠠᠰᠤ ᠣᠷᠴᠢᠮ ᠤᠨ ᠦᠬᠢᠨ ᠢ ᠡᠷᠢᠭᠦᠯᠵᠦ ᠠᠪᠴᠢᠷᠠᠭᠠᠳ ᠨᠥᠵᠢᠳᠯᠡᠪᠡ᠃ ᠨᠢᠭᠡᠳᠦᠭᠡᠷ᠂ ᠬᠤᠶᠠᠳᠤᠭᠠᠷ ᠰᠢᠭᠦᠯᠲᠡ ᠳᠤ ᠠᠷᠠᠳ ᠤᠨ ᠰᠢᠭᠦᠬᠦ ᠬᠤᠷᠢᠶ᠎ᠠ  ᠨᠥᠵᠢᠳᠯᠡᠭᠰᠡᠨ  ᠶᠠᠯ᠎ᠠ ᠪᠠᠷ  ᠨᠢᠢ  ᠳ᠋ᠦ᠋  ᠴᠢᠶᠦ᠋ᠨ ᠢ ᠠᠯᠠᠬᠤ ᠡᠷᠡᠭᠦᠦ ᠪᠠᠷ ᠰᠢᠢᠳᠬᠡᠭᠰᠡᠨ ᠢ ᠠᠷᠠᠳ ᠤᠨ ᠳᠡᠭᠡᠳᠦ ᠰᠢᠭᠦᠬᠦ ᠬᠤᠷᠢᠶ᠎ᠠ ᠬᠠᠤᠯᠢ ᠶᠣᠰᠣᠭᠠᠷ ᠬᠢᠨᠠᠨ ᠵᠥᠪᠰᠢᠶᠡᠷᠡᠪᠡ᠃                ᠶᠠᠯᠠᠲᠠᠨ ᠸᠠᠩ ᠰᠢᠶᠣᠤ ᠱᠠᠨ ᠪᠣᠯ ᠱᠠᠨᠳᠦ᠋ᠩ ᠮᠤᠵᠢ ᠶᠢᠨ ᠠᠨ ᠴᠢᠦ ᠬᠤᠲᠠ ᠶᠢᠨ ᠬᠥᠳᠡᠯᠮᠦᠷᠢ  ᠦᠢᠯᠡᠴᠢᠯᠡᠭᠡᠨ ᠤ ᠠᠵᠢᠯᠲᠠᠨ᠃ 2017 ᠣᠨ ᠤ ᠳᠤᠤᠷ᠎ᠠ ᠬᠠᠭᠠᠰ ᠵᠢᠯ ᠠᠴᠠ 2019 ᠣᠨ ᠤ 1 ᠳ᠋ᠦ᠋ᠭᠡᠷ ᠰᠠᠷ᠎ᠠ ᠶᠢᠨ ᠬᠤᠭᠤᠷᠣᠨᠳᠣ᠂ ᠸᠠᠩ‌‍ᠰᠢᠶᠣᠤ ᠱᠠᠨ QQ ᠵᠡᠷᠭᠡ ᠶᠢ ᠠᠰᠢᠭᠯᠠᠨ᠂ ᠪᠠᠭ᠎ᠠ ᠰᠤᠷᠭᠠᠭᠤᠯᠢ  ᠪᠤᠶᠤ  ᠠᠩᠬ᠎ᠠ ᠵᠡᠷᠭᠡ ᠶᠢᠨ ᠳᠤᠮᠳᠠᠳᠤ  ᠰᠤᠷᠭᠠᠭᠤᠯᠢ ᠶᠢᠨ ᠦᠬᠢᠨ ᠰᠤᠷᠤᠭᠴᠢ ᠶᠢ ᠶᠠᠯ᠎ᠠ ᠬᠢᠬᠦ ᠡᠲᠡᠭᠡᠳ ᠢᠶᠠᠨ ᠪᠣᠯᠭᠠᠨ᠂ ᠬᠤᠣᠷ  ᠠᠮᠰᠠᠭᠴᠢ  ᠶᠢᠨ  ᠢᠲᠡᠭᠡᠯ ᠢ  ᠮᠡᠬᠡᠯᠡᠨ  ᠣᠯᠤᠭᠰᠠᠨ ᠤ ᠳᠠᠷᠠᠭ᠎ᠠ᠂ ᠰᠦᠷᠳᠡᠭᠦᠯᠬᠦ᠂  ᠮᠡᠬᠡᠯᠡᠬᠦ᠂ ᠦᠳᠦᠭᠡᠬᠦ ᠪᠠᠷ  ᠳᠠᠮᠵᠢᠭᠤᠯᠤᠨ  ᠱᠠᠯᠲᠠᠩ  ᠵᠢᠷᠤᠭ  ᠰᠡᠭᠦᠳᠡᠷ  ᠪᠠ  ᠸᠢᠳᠢᠣ᠋ ᠶᠢ  ᠨᠢ ᠬᠦᠷᠭᠡᠯᠭᠡᠵᠦ᠂ ︽ᠠᠯᠤᠰ ᠠᠴᠠ ᠱᠠᠯᠢᠭᠯᠠᠵᠠᠢ︾᠂ ᠬᠤᠵᠢᠮ ᠨᠢ ᠬᠤᠣᠷ ᠠᠮᠰᠠᠭᠴᠢ ᠶᠢᠨ ᠵᠠᠩ ᠴᠢᠨᠠᠷ᠂ ᠡᠰᠡᠷᠭᠦᠴᠡᠬᠦ  ᠬᠡᠮᠵᠢᠶ᠎ᠡ ᠶᠢ ᠦᠨᠳᠦᠰᠦᠯᠡᠨ᠂ ᠬᠡᠰᠡᠭ ᠬᠤᠣᠷ ᠠᠮᠰᠠᠭᠴᠢ ᠶᠢ ᠰᠣᠩᠭᠤᠵᠤ᠂ ᠱᠠᠯᠲᠠᠩ ᠵᠢᠷᠤᠭ ᠰᠡᠭᠦᠳᠡᠷ᠂  ᠸᠢᠳᠢᠤ᠋ ᠶᠢ  ᠨᠢ  ᠲᠠᠷᠬᠠᠭᠠᠬᠤ ᠪᠠᠷ ᠰᠦᠷᠳᠡᠭᠦᠯᠵᠦ᠂ ᠪᠠᠭᠤᠳᠠᠯ ᠵᠡᠷᠭᠡ ᠭᠠᠵᠠᠷ ᠲᠤ ᠠᠪᠠᠴᠢᠨ᠂ ᠬᠠᠮᠲᠤ ᠬᠡᠷᠡᠭᠲᠡᠨ ᠲᠠᠢ ᠡᠭᠡᠯᠵᠢᠯᠡᠨ ᠨᠥᠵᠢᠳᠯᠡᠬᠦ  ᠪᠤᠶᠤ  ᠭᠠᠭᠴᠠᠭᠠᠷ ᠨᠦᠵᠢᠳᠯᠡᠵᠦ᠂ ᠨᠡᠶᠢᠲᠡ 3 ᠪᠢᠴᠢᠬᠠᠨ ᠥᠬᠢᠨ ᠢ ᠬᠦᠴᠦᠷᠬᠡᠭᠯᠡᠨ ᠨᠥᠵᠢᠳᠯᠡᠪᠡ᠂ ᠨᠠᠰᠤᠨ ᠳᠤ ᠬᠦᠷᠦᠭᠡᠳᠦᠶ 2 ᠦᠬᠢᠨ᠂  9 ᠪᠢᠴᠢᠬᠠᠨ ᠥᠬᠢᠨ ᠢ ᠱᠠᠯᠢᠭᠯᠠᠵᠤ᠂ ᠨᠠᠰᠤᠨ ᠳᠤ ᠬᠦᠷᠦᠭᠡᠳᠦᠢ 4 ᠦᠬᠢᠨ ᠢ ᠠᠯᠪᠠᠳᠠᠨ ᠱᠠᠯᠢᠭᠯᠠᠪᠠ᠃ ᠡᠭᠦᠨ ᠠᠴᠠ ᠭᠠᠳᠠᠨ᠎ᠠ ᠪᠠᠰᠠ ᠣᠯᠠᠭᠤᠯᠠ ᠨᠡᠶᠢᠯᠡᠵᠦ ᠰᠠᠳᠤᠷ ᠰᠠᠮᠠᠭᠤᠨ ᠠᠵᠢᠯᠯᠠᠭ᠎ᠠ ᠬᠢᠳᠡᠭ᠃ ᠨᠢᠭᠡᠳᠦᠭᠡᠷ᠂ ᠬᠤᠶᠠᠳᠤᠭᠠᠷ ᠰᠢᠭᠦᠯᠲᠡ ᠳᠤ ᠠᠷᠠᠳ ᠤᠨ ᠰᠢᠭᠦᠬᠦ ᠬᠤᠷᠢᠶ᠎ᠠ ᠨᠥᠵᠢᠳᠯᠡᠭᠰᠡᠨ ᠶᠠᠯ᠎ᠠ ᠪᠠᠷ ᠸᠠᠩ ᠰᠢᠶᠤᠤ ᠱᠠᠨ ᠢ ᠠᠯᠠᠬᠤ ᠡᠷᠡᠭᠦᠦ ᠪᠠᠷ ᠰᠢᠢᠳᠬᠡᠭᠰᠡᠨ ᠢ ᠠᠷᠠᠳ ᠤᠨ ᠳᠡᠭᠡᠳᠦ ᠰᠢᠭᠦᠬᠦ ᠬᠤᠷᠢᠶ᠎ᠠ ᠬᠠᠤᠯᠢ ᠶᠣᠰᠣᠭᠠᠷ ᠬᠢᠨᠠᠨ ᠵᠥᠪᠰᠢᠶᠡᠷᠡᠪᠡ᠃                ᠶᠠᠯᠠᠲᠠᠨ ᠰᠦᠨ ᠪᠦᠦ ᠴᠠᠩ ᠪᠣᠯ ᠾᠧᠨᠠᠨ ᠮᠤᠵᠢ ᠶᠢᠨ ᠾᠧ ᠪᠢ ᠬᠤᠲᠠ ᠶᠢᠨ ᠠᠵᠢᠯ ᠦᠭᠡᠢ ᠬᠥᠮᠦᠨ᠃  2017ᠣᠨ ᠤ 10 ᠰᠠᠷ᠎ᠠ ᠠᠴᠠ 2018 ᠣᠨ ᠤ 8 ᠰᠠᠷ᠎ᠠ ᠶᠢᠨ ᠬᠤᠭᠤᠷᠣᠨᠳᠣ᠂ ᠰᠦᠨ ᠪᠦᠦ ᠴᠠᠩ ᠦᠨᠡᠨ  ᠪᠣᠳᠠᠲᠠᠶ  ᠪᠡᠶ᠎ᠡ ᠶᠢᠨ ᠭᠠᠷᠤᠯ ᠢᠶᠠᠨ ᠨᠢᠭᠤᠨ ᠳᠠᠯᠳᠠᠯᠠᠵᠤ᠂ QQ ᠪᠠᠷ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠪᠠᠭ᠎ᠠ ᠰᠤᠷᠭᠠᠭᠤᠯᠢ ᠶᠢᠨ ᠦᠬᠢᠨ ᠰᠣᠷᠣᠭᠴᠢ ᠶᠢ ᠰᠣᠩᠭᠤᠨ ᠶᠠᠯ᠎ᠠ ᠬᠢᠬᠦ ᠡᠲᠡᠭᠡᠳ ᠢᠶᠠᠨ ᠪᠣᠯᠭᠠᠵᠤ᠂ ᠬᠤᠣᠷ ᠠᠮᠰᠠᠭᠴᠢ ᠶᠢ ᠠᠶᠤᠯᠭᠠᠨ ᠰᠦᠷᠳᠡᠭᠦᠯᠵᠦ᠂ ᠥᠳᠥᠭᠡᠨ ᠲᠠᠲᠠᠵᠤ ᠪᠠᠶᠢᠭᠠᠳ ᠱᠠᠯᠲᠠᠩ ᠵᠢᠷᠤᠭ ᠰᠡᠭᠦᠳᠡᠷ᠂ ᠸᠢᠳᠢᠤ᠋ ᠵᠡᠷᠭᠡ ᠶᠢ ᠨᠢ  ᠠᠪᠴᠤ ᠦᠵᠡᠨ᠂ ᠬᠤᠵᠢᠮ ᠨᠢ ᠱᠠᠯᠲᠠᠩ ᠵᠢᠷᠤᠭ ᠰᠡᠭᠦᠳᠡᠷ᠂ ᠸᠢᠳᠢᠤ᠋  ᠵᠡᠷᠭᠡ ᠶᠢ ᠨᠢ ᠲᠠᠷᠬᠠᠭᠠᠬᠤ ᠪᠠᠷ ᠠᠶᠤᠯᠭᠠᠨ ᠰᠦᠷᠳᠡᠭᠦᠯᠵᠦ᠂ ᠬᠤᠣᠷ ᠠᠮᠰᠠᠭᠴᠢ ᠲᠠᠢ ᠠᠭᠤᠯᠵᠠᠨ ᠨᠥᠵᠢᠳᠯᠡᠵᠦ᠂ ᠨᠥᠵᠢᠳᠯᠡᠭᠰᠡᠨ ᠶᠠᠪᠤᠴᠠ ᠪᠠᠨ ᠰᠢᠩᠭᠡᠭᠡᠨ ᠰᠡᠭᠦᠳᠡᠷᠯᠡᠵᠦ᠂ ᠳᠠᠬᠢᠨ ᠰᠢᠩᠭᠡᠭᠡᠯᠲᠡ ᠪᠠᠷ ᠬᠤᠣᠷ  ᠠᠮᠰᠠᠭᠴᠢ ᠶᠢ ᠰᠦᠷᠳᠡᠭᠦᠯᠦᠨ ᠠᠯᠪᠠᠳᠠᠵᠤ ᠪᠠᠶᠢᠭᠠᠳ ᠦᠷᠭᠦᠯᠵᠢᠯᠡᠨ ᠪᠡᠯᠭᠡ ᠶᠢᠨ ᠬᠠᠷᠢᠴᠠᠭ᠎ᠠ ᠭᠠᠷᠭᠠᠵᠤ᠂ ᠨᠡᠶᠢᠲᠡ 4  ᠪᠢᠴᠢᠬᠠᠨ ᠥᠬᠢᠨ ᠢ ᠬᠦᠴᠦᠷᠬᠡᠭᠯᠡᠨ ᠨᠥᠵᠢᠳᠯᠡᠵᠦ᠂ 3 ᠪᠢᠴᠢᠬᠠᠨ ᠥᠬᠢᠨ ᠢ ᠱᠠᠯᠢᠭᠯᠠᠭᠰᠠᠨ ᠪᠠᠶᠢᠨ᠎ᠠ᠃ ᠰᠦᠨ ᠪᠦᠦ ᠴᠠᠩ ᠪᠢᠴᠢᠬᠠᠨ ᠥᠬᠢᠨ ᠢ ᠬᠦᠴᠦᠷᠬᠡᠭᠯᠡᠨ ᠨᠥᠵᠢᠳᠯᠡᠭᠡᠳ ᠡᠷᠡᠭᠦᠦ ᠪᠠᠷ ᠰᠢᠢᠳᠬᠡᠭᠳᠡᠵᠦ  ᠥᠩᠭᠡᠷᠡᠵᠡᠶ᠂ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠤ ᠳᠠᠷᠠᠭ᠎ᠠ ᠨᠢᠭᠡ ᠵᠢᠯ ᠪᠣᠯᠤᠭᠠᠳᠤᠶ ᠪᠠᠷ ᠪᠠᠰᠠ ᠪᠢᠴᠢᠬᠠᠨ ᠥᠬᠢᠨ ᠢ ᠬᠦᠴᠦᠷᠬᠡᠭᠯᠡᠨ ᠨᠥᠵᠢᠳᠯᠡᠭᠰᠡᠨ ᠪᠠᠶᠢᠨ᠎ᠠ᠂ ᠲᠡᠷᠡ ᠪᠣᠯ ᠳᠠᠬᠢᠨ ᠶᠠᠯ᠎ᠠ ᠬᠢᠭᠰᠡᠨ ᠬᠡᠷᠡᠭᠲᠡᠨ ᠮᠥᠨ᠂ ᠪᠡᠶᠡᠴᠢ ᠬᠤᠣᠷᠲᠤ ᠴᠢᠨᠠᠷ ᠨᠢ ᠭᠦᠨ᠂ ᠬᠥᠮᠦᠨ ᠤ ᠪᠡᠶ᠎ᠡ ᠳᠤ  ᠠᠶᠤᠯ ᠤᠴᠠᠷᠠᠭᠤᠯᠬᠤ ᠴᠢᠨᠠᠷ ᠢᠶᠠᠷ ᠶᠡᠭᠡ ᠪᠣᠯᠬᠤᠷ ᠬᠠᠤᠯᠢ ᠶᠣᠰᠣᠭᠠᠷ  ᠬᠦᠨᠳᠦ  ᠰᠢᠢᠳᠬᠡᠬᠦ  ᠬᠡᠷᠡᠭᠲᠡᠶ᠃  ᠨᠢᠭᠡᠳᠦᠭᠡᠷ᠂  ᠬᠤᠶᠠᠳᠤᠭᠠᠷ ᠰᠢᠭᠦᠯᠲᠡ ᠳᠤ ᠠᠷᠠᠳ ᠤᠨ ᠰᠢᠭᠦᠬᠦ ᠬᠤᠷᠢᠶ᠎ᠠ ᠨᠥᠵᠢᠳᠯᠡᠭᠰᠡᠨ ᠶᠠᠯ᠎ᠠ ᠪᠠᠷ ᠰᠦᠨ ᠪᠦᠦ ᠴᠠᠩ ᠢ  ᠠᠯᠠᠬᠤ ᠡᠷᠡᠭᠦᠦ ᠪᠠᠷ ᠰᠢᠢᠳᠬᠡᠭᠰᠡᠨ ᠢ ᠠᠷᠠᠳ ᠤᠨ ᠳᠡᠭᠡᠳᠦ ᠰᠢᠭᠦᠬᠦ ᠬᠤᠷᠢᠶ᠎ᠠ ᠬᠠᠤᠯᠢ ᠶᠣᠰᠣᠭᠠᠷ ᠬᠢᠨᠠᠨ ᠵᠥᠪᠰᠢᠶᠡᠷᠡᠪᠡ᠃                ᠠᠷᠠᠳ ᠤᠨ ᠳᠡᠭᠡᠳᠦ ᠰᠢᠭᠦᠬᠦ ᠬᠤᠷᠢᠶᠠᠨ ᠤ ᠡᠷᠡᠭᠦᠦ ᠶᠢᠨ ᠬᠡᠷᠡᠭ ᠤᠨ  ᠨᠢᠭᠡᠳᠦᠭᠡᠷ  ᠲᠢᠩᠬᠢᠮ ᠤᠨ  ᠬᠠᠷᠢᠭᠤᠴᠠᠯᠭᠠᠲᠠᠨ ᠵᠢᠭᠠᠵᠤ ᠭᠠᠷᠭᠠᠭᠰᠠᠨ ᠨᠢ᠂ ᠨᠠᠰᠤᠨ ᠳᠤ ᠥᠯᠥ ᠭᠦᠷᠦᠭᠰᠡᠳ ᠪᠣᠯ ᠤᠯᠤᠰ ᠣᠷᠣᠨ ᠤ ᠢᠷᠡᠭᠡᠳᠦᠶ᠂ ᠦᠨᠳᠦᠰᠦᠲᠡᠨ ᠤ ᠬᠦᠰᠡᠯ ᠡᠷᠡᠮᠡᠯᠵᠡᠯ ᠮᠥᠨ ᠪᠣᠯᠬᠤᠷ ᠣᠨᠴᠠᠭᠠᠶ᠂ ᠤᠷᠢᠳ ᠢᠶᠠᠷ ᠬᠠᠮᠠᠭᠠᠯᠠᠬᠤ  ᠬᠡᠷᠡᠭᠲᠡᠶ᠃ ᠠᠷᠠᠳ ᠤᠨ ᠰᠢᠭᠦᠬᠦ ᠬᠤᠷᠢᠶ᠎ᠠ ᠶᠡᠷᠦ ᠠᠴᠠ ᠨᠠᠰᠤᠨ ᠳᠤ ᠦᠯᠦ ᠬᠦᠷᠦᠭᠰᠡᠳ ᠤᠨ ᠡᠷᠬᠡ ᠠᠰᠢᠭ ᠤᠨ ᠬᠠᠮᠠᠭᠠᠯᠠᠯᠲᠠ ᠶᠢ ᠳᠡᠭᠡᠳᠦ ᠬᠡᠮᠵᠢᠶ᠎ᠡ  ᠪᠠᠷ ᠴᠢᠬᠤᠯᠠᠴᠢᠯᠠᠵᠤ᠂ ᠨᠠᠰᠤᠨ ᠳᠤ ᠦᠯᠦ ᠬᠦᠷᠦᠭᠰᠡᠳ ᠤᠨ ᠡᠷᠬᠡ ᠠᠰᠢᠭ ᠲᠤ ᠬᠠᠯᠳᠠᠭᠰᠠᠨ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠳᠤ  ᠬᠠᠤᠯᠢ  ᠶᠣᠰᠣᠭᠠᠷ ᠴᠢᠩᠭ᠎ᠠ ᠴᠣᠬᠢᠯᠲᠠ ᠥᠭᠴᠦ᠂ ᠨᠠᠰᠤᠨ ᠳᠤ ᠦᠯᠦ ᠬᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠤ ᠶᠢ ᠬᠦᠨᠳᠦ ᠨᠣᠴᠢᠲᠠᠢ ᠬᠤᠬᠢᠷᠠᠭᠤᠯᠤᠭᠰᠠᠨ᠂ ᠬᠠᠤᠯᠢ ᠴᠠᠭᠠᠵᠠ ᠪᠠ ᠶᠣᠰᠣ ᠰᠤᠷᠲᠠᠬᠤᠨ ᠤ ᠬᠤᠷᠢᠭ᠎ᠠ  ᠱᠤᠭᠤᠮ ᠳᠤ  ᠬᠦᠨᠳᠦ  ᠨᠣᠴᠢᠲᠠᠢ  ᠬᠠᠯᠳᠠᠭᠰᠠᠨ ᠪᠡᠯᠭᠡ ᠶᠢᠨ ᠬᠠᠯᠳᠠᠯᠭ᠎ᠠ ᠬᠢᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ  ᠰᠢᠢᠳᠬᠡᠬᠦ ᠶᠢ ᠢᠮᠠᠭᠲᠠ ᠪᠠᠷᠢᠮᠲᠠᠯᠠᠵᠤ᠂ ᠶᠠᠯᠠᠲᠤ ᠠᠵᠢᠯᠯᠠᠭ᠎ᠠ ᠶᠢᠨ ᠦᠢᠯᠡ ᠪᠠᠶᠢᠳᠠᠯ ᠨᠢ ᠣᠨᠴᠠᠭᠠᠢ ᠬᠠᠷ᠎ᠠ ᠬᠤᠣᠷᠲᠠᠢ᠂  ᠶᠠᠯᠠᠲᠤ  ᠠᠵᠢᠯᠯᠠᠭ᠎ᠠ ᠨᠢ  ᠲᠦᠢᠯ ᠤᠨ  ᠬᠦᠨᠳᠦ ᠨᠣᠴᠢᠲᠠᠢ ᠲᠦᠢᠯ ᠤᠨ ᠴᠥᠭᠡᠨ ᠲᠣᠭᠠᠨ ᠤ ᠶᠠᠯᠠᠲᠤ ᠡᠲᠡᠭᠡᠳ ᠢ ᠬᠠᠤᠯᠢ ᠶᠣᠰᠣᠭᠠᠷ ᠠᠯᠠᠬᠤ ᠡᠷᠡᠭᠦᠦ ᠪᠠᠷ ᠡᠷᠡᠰ ᠰᠢᠢᠳᠬᠡᠵᠦ᠂ ᠶᠠᠭᠠᠬᠢᠭᠰᠠᠨ ᠴᠤ ᠵᠥᠭᠡᠯᠡᠨ ᠬᠠᠨᠳᠤᠬᠤ ᠦᠭᠡᠢ᠃
ᠢᠷᠡᠯᠲᠡ᠄ ᠠᠷᠠᠳ ᠤᠨ ᠰᠦᠯᠵᠢᠶ᠎ᠡ