ᠤᠯᠤᠰ ᠤᠨ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ  ᠲᠤᠭᠤᠷᠢᠭ ᠢ ᠡᠭᠦᠳᠦᠨ ᠪᠠᠶᠢᠭᠤᠯᠬᠤ ᠠᠵᠢᠯ ᠤᠨ ᠵᠣᠬᠢᠴᠠᠭᠤᠯᠬᠤ ᠲᠣᠭᠲᠠᠴᠠ ᠶᠢᠨ ᠲᠤᠬᠠᠢ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/5/29
                 ᠤᠷᠳᠤᠰ ᠬᠢᠶ᠎ᠠ ᠵᠠᠰᠠᠭ ᠠᠯᠪᠠᠨ ᠲᠠᠷᠬᠠᠭᠠᠭᠰᠠᠨ [2023] 7 ᠳ᠋ᠤᠭᠠᠷ ᠲᠣᠭᠠᠲᠤᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂  ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ ᠰᠣᠶᠣᠯ ᠢᠶᠠᠷ  ᠵᠢᠭᠤᠯᠴᠢᠯᠠᠯ ᠢ ᠱᠤᠭᠤᠵᠤ᠂  ᠵᠢᠭᠤᠯᠴᠢᠯᠠᠯ ᠢᠶᠠᠷ ᠰᠣᠶᠣᠯ ᠢ ᠳᠣᠪᠤᠶᠢᠯᠭᠠᠬᠤ ᠶᠢ ᠪᠠᠷᠢᠮᠲᠠᠯᠠᠵᠤ᠂ ᠮᠠᠨ ᠤ  ᠲᠤᠭᠤᠷᠢᠭ ᠤᠨ ᠰᠣᠶᠣᠯ ᠪᠠ  ᠵᠢᠭᠤᠯᠴᠢᠯᠠᠯ  ᠤᠨ ᠭᠦᠨᠵᠡᠭᠡᠢ ᠠᠭᠤᠰᠤᠯᠴᠠᠨ ᠬᠥᠭᠵᠢᠬᠦ ᠶᠢ  ᠪᠦᠬᠦ ᠲᠠᠯ᠎ᠠ  ᠪᠠᠷ ᠠᠬᠢᠭᠤᠯᠵᠤ᠂ ︽ᠤᠯᠤᠰ ᠤᠨ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠲᠤᠬᠠᠢ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠭᠡᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ᠢ ᠦᠨᠳᠦᠰᠦᠯᠡᠨ᠂ ᠤᠯᠤᠰ ᠤᠨ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ  ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠪᠠᠷ ᠲᠣᠭᠲᠠᠵᠤ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄    ᠨᠢᠭᠡ᠂ ᠶᠡᠷᠦᠩᠬᠡᠢ ᠱᠠᠭᠠᠷᠳᠠᠯᠭ᠎ᠠ    ᠤᠯᠤᠰ ᠤᠨ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ  ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ  ᠲᠤᠭᠤᠷᠢᠭ ᠢ ᠡᠭᠦᠳᠦᠨ ᠪᠠᠶᠢᠭᠤᠯᠬᠤ ᠠᠵᠢᠯ ᠤᠨ ᠵᠣᠬᠢᠴᠠᠭᠤᠯᠬᠤ ᠲᠣᠭᠲᠠᠴᠠ ᠶᠢᠨ ᠦᠨᠳᠦᠰᠦᠨ ᠪᠣᠷᠣ ᠲᠥᠯᠥᠪ ᠤᠨ ᠳᠣᠣᠷ᠎ᠠ᠂ ᠡᠯ᠎ᠡ ᠬᠠᠮᠢᠶ᠎ᠠ ᠪᠦᠬᠦᠢ ᠪᠦᠷᠢᠯᠳᠦᠭᠦᠨ ᠨᠢᠭᠡᠴᠡ᠂ ᠲᠣᠰ ᠲᠣᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠤᠯᠤᠰ ᠤᠨ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ  ᠵᠢᠱᠢᠶ᠎ᠡ ᠦᠵᠡᠭᠦᠯᠬᠦ  ᠲᠤᠭᠤᠷᠢᠭ ᠢ ᠡᠭᠦᠳᠦᠨ ᠪᠠᠶᠢᠭᠤᠯᠬᠤ ᠬᠤᠭᠤᠴᠠᠭᠠᠨ ᠳᠤ᠂ ᠠᠭᠤᠰᠤᠯᠴᠠᠨ ᠬᠥᠭᠵᠢᠬᠦ  ᠵᠢᠱᠢᠶ᠎ᠡ ᠦᠵᠡᠭᠦᠯᠬᠦ  ᠲᠤᠭᠤᠷᠢᠭ ᠢ ᠡᠭᠦᠳᠦᠨ ᠪᠠᠶᠢᠭᠤᠯᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠴᠠᠭ ᠲᠤᠨᠢ  ᠡᠬᠢᠯᠡᠭᠦᠯᠵᠦ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂  ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ  ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠬᠠᠮᠲᠤᠪᠠᠷ ᠠᠬᠢᠭᠤᠯᠤᠨ᠎ᠠ᠃    ᠬᠤᠶᠠᠷ᠂ ᠠᠵᠢᠯ ᠤᠨ  ᠶᠠᠪᠤᠴᠠ    ᠡᠯ᠎ᠡ ᠪᠦᠷᠢᠯᠳᠦᠭᠦᠨ ᠨᠢᠭᠡᠴᠡ ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠪᠤᠰᠤᠳ ᠪᠦᠷᠢᠯᠳᠦᠭᠦᠨ ᠨᠢᠭᠡᠴᠡ ᠬᠠᠮᠲᠤᠷᠠᠨ ᠬᠥᠳᠡᠯᠦᠯᠴᠡᠵᠦ ᠬᠠᠮᠵᠢᠯᠴᠠᠬᠤ ᠴᠢᠬᠤᠯᠠ  ᠲᠠᠢ ᠦᠶ᠎ᠡ ᠳᠤ᠂ ᠲᠦᠷᠦᠭᠦᠯᠡᠨ ᠬᠢᠬᠦ ᠨᠢᠭᠡᠴᠡ ᠠᠴᠠ ᠬᠠᠮᠲᠤᠷᠠᠨ ᠬᠥᠳᠡᠯᠦᠯᠴᠡᠬᠦ ᠠᠵᠢᠯ ᠤᠨ ᠲᠥᠰᠥᠯ ᠢᠶᠠᠨ ᠲᠤᠰᠢᠶᠠᠵᠤ᠂   ᠲᠤᠭᠤᠷᠢᠭ  ᠤᠨ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠨᠢ ᠬᠠᠮᠢᠶ᠎ᠠ ᠪᠦᠬᠦᠢ ᠠᠵᠢᠯ ᠤᠨ ᠠᠭᠤᠯᠭ᠎ᠠ ᠪᠠ ᠱᠠᠭᠠᠷᠳᠠᠯᠭ᠎ᠠ ᠶᠢ ᠦᠨᠳᠦᠰᠦᠯᠡᠨ᠂ ᠬᠠᠮᠢᠶ᠎ᠠ ᠪᠦᠬᠦᠢ ᠪᠦᠷᠢᠯᠳᠦᠭᠦᠨ ᠨᠢᠭᠡᠴᠡ ᠶᠢ  ᠴᠤᠭᠯᠠᠭᠤᠯᠵᠤ ᠂ ᠵᠤᠬᠢᠴᠠᠭᠤᠯᠵᠤ  ᠬᠠᠮᠲᠤᠷᠠᠨ ᠬᠦᠳᠡᠯᠦᠯᠴᠡᠬᠦ ᠬᠤᠷᠠᠯ ᠬᠤᠷᠠᠯᠳᠤᠭᠤᠯᠵᠤ᠂ ᠠᠵᠢᠯ ᠤᠨ  ᠬᠠᠮᠲᠤᠷᠠᠨ ᠬᠦᠳᠡᠯᠦᠯᠴᠡᠬᠦ ᠬᠠᠮᠢᠶ᠎ᠠ ᠪᠦᠬᠦᠢ ᠵᠦᠢᠯᠡᠰ ᠢ ᠲᠣᠬᠢᠷᠠᠭᠤᠯᠤᠨ ᠪᠠᠶᠢᠷᠢᠯᠠᠭᠤᠯᠵᠤ᠂ ᠠᠵᠢᠯ ᠤᠨ ᠱᠠᠭᠠᠷᠳᠠᠯᠭ᠎ᠠ ᠪᠠᠨ ᠳᠤᠷᠠᠳᠤᠨ᠎ᠠ᠃ ᠲᠦᠷᠦᠭᠦᠯᠡᠨ ᠬᠢᠬᠦ ᠨᠢᠭᠡᠴᠡ ᠨᠢ ᠵᠣᠬᠢᠶᠠᠨ ᠪᠠᠶᠢᠭᠤᠯᠤᠨ  ᠵᠤᠬᠢᠴᠠᠭᠤᠯᠵᠤ ᠂ ᠬᠠᠮᠢᠶ᠎ᠠ ᠪᠦᠬᠦᠢ ᠪᠦᠷᠢᠯᠳᠦᠭᠦᠨ ᠨᠢᠭᠡᠴᠡ ᠨᠢ ᠠᠵᠢᠯᠲᠠᠨ ᠲᠣᠮᠢᠯᠠᠵᠤ ᠂ ᠬᠠᠮᠢᠶ᠎ᠠ ᠪᠦᠬᠦᠢ ᠠᠵᠢᠯ ᠢ ᠬᠠᠮᠲᠤᠷᠠᠨ ᠦᠷᠨᠢᠭᠦᠯᠦᠨ᠎ᠡ ᠃     ᠭᠤᠷᠪᠠ᠂ ᠠᠵᠢᠯ ᠤᠨ ᠳᠦᠷᠢᠮ    ︵ᠨᠢᠭᠡ︶ ᠬᠤᠯᠪᠣᠭᠠᠴᠢᠨ ᠤ ᠳᠦᠷᠢᠮ᠃ ᠡᠯ᠎ᠡ ᠪᠦᠷᠢᠯᠳᠦᠭᠦᠨ ᠨᠢᠭᠡᠴᠡ ᠨᠢ ᠨᠢᠭᠡ ᠤᠯᠤᠰ ᠤᠨ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠠᠵᠢᠯ ᠤᠨ  ᠵᠤᠬᠢᠴᠠᠭᠤᠯᠵᠤ  ᠬᠠᠮᠲᠤᠷᠠᠨ ᠬᠦᠳᠡᠯᠦᠯᠴᠡᠬᠦ ᠬᠤᠯᠪᠣᠭᠠᠴᠢᠨ ᠢ ᠲᠣᠭᠲᠠᠭᠠᠵᠤ᠂ ᠲᠣᠰ ᠰᠠᠯᠠᠭ᠎ᠠ ᠮᠥᠴᠢᠷ ᠤᠨ ᠲᠣᠭᠤᠷᠢᠭ ᠤᠨ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠯᠦᠭᠡ ᠶᠢᠨ ᠠᠵᠢᠯ ᠤᠨ ᠬᠠᠷᠢᠯᠴᠠᠭ᠎ᠠ ᠶᠢ ᠬᠠᠷᠢᠭᠤᠴᠠᠨ᠎ᠠ ᠃ ᠡᠯ᠎ᠡ ᠪᠦᠷᠢᠯᠳᠦᠭᠦᠨ ᠨᠢᠭᠡᠴᠡ ᠶᠢᠨ ᠬᠤᠯᠪᠣᠭᠠᠴᠢᠨ ᠨᠢ ᠬᠠᠷᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠵᠤ᠂ ᠬᠡᠷᠪᠡ ᠬᠤᠪᠢᠷᠠᠯᠲᠠ ᠲᠠᠢ ᠪᠣᠯ ᠬᠤᠪᠢᠷᠠᠯᠲᠠ ᠶᠢᠨ ᠪᠠᠶᠢᠳᠠᠯ ᠢᠶᠠᠨ ᠴᠠᠭ ᠲᠤᠬᠠᠢ ᠳᠤᠨᠢ ᠲᠣᠭᠤᠷᠢᠭ ᠤᠨ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠪᠢᠴᠢᠭ ᠢᠶᠠᠷ ᠮᠡᠳᠡᠭᠦᠯᠦᠨ ᠬᠦᠷᠭᠡᠬᠦ ᠬᠡᠷᠡᠭᠲᠡᠢ᠃ ᠬᠤᠯᠪᠣᠭᠠᠴᠢᠨ ᠤ ᠴᠢᠮᠡᠭᠡ ᠨᠡᠪᠲᠡᠷᠡᠯᠭᠡ 24 ᠴᠠᠭ ᠤᠨ ᠳᠣᠲᠣᠷ᠎ᠠ ᠰᠠᠭᠠᠳ ᠦᠭᠡᠢ ᠨᠡᠪᠲᠡᠷᠡᠬᠦ ᠶᠢ ᠪᠠᠲᠤᠯᠠᠪᠠ᠃    ︵ᠬᠤᠶᠠᠷ︶  ᠵᠢᠵᠢᠭᠦᠷᠯᠡᠬᠦ ᠠᠵᠢᠯ ᠤᠨ ᠳᠦᠷᠢᠮ᠃ ᠡᠯ᠎ᠡ ᠪᠦᠷᠢᠯᠳᠦᠭᠦᠨ ᠨᠢᠭᠡᠴᠡ  ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠪᠠ ᠭᠠᠷᠠᠭ ᠤᠨ ᠰᠡᠭᠦᠯᠴᠢ ᠶᠢᠨ ᠵᠢᠵᠢᠭᠦᠷᠯᠡᠬᠦ ᠳᠦᠷᠢᠮ ᠢ ᠪᠠᠶᠢᠭᠤᠯᠵᠤ᠂ ᠵᠢᠵᠢᠭᠦᠷᠯᠡᠬᠦ ᠲᠤᠰᠬᠠᠢ ᠳ᠋ᠢᠶᠠᠩᠬᠤᠸᠠ ᠲᠣᠬᠢᠷᠠᠭᠤᠯᠬᠤ ᠶᠢᠨ ᠬᠠᠮᠲᠤ 24 ᠴᠠᠭ ᠤᠨ ᠴᠢᠮᠡᠭᠡ ᠨᠡᠪᠲᠡᠷᠡᠯᠭᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃ ᠵᠢᠵᠢᠭᠦᠷᠯᠡᠭᠴᠢ ᠭᠡᠨᠡᠳᠲᠡ ᠶᠢᠨ ᠬᠡᠷᠡᠭ ᠢ  ᠮᠡᠳᠡᠭᠦᠯᠦᠯᠲᠡ ᠪᠤᠶᠤ  ᠲᠤᠭᠤᠷᠢᠭ ᠤᠨ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ  ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠲᠤᠭᠤᠷᠢᠭ ᠤᠨ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠵᠢᠴᠢ ᠬᠠᠮᠢᠶ᠎ᠠ ᠪᠦᠬᠦᠢ ᠪᠦᠷᠢᠯᠳᠦᠭᠦᠨ ᠨᠢᠭᠡᠴᠡ ᠶᠢᠨ ᠡᠭᠦᠳᠦᠨ ᠪᠠᠶᠢᠭᠤᠯᠤᠯᠲᠠ ᠲᠠᠢ  ᠬᠤᠯᠪᠣᠭᠳᠠᠬᠤ ᠭᠡᠨᠡᠳᠲᠡ ᠶᠢᠨ ᠬᠡᠷᠡᠭ  ᠤᠨ ᠮᠡᠳᠡᠭᠳᠡᠯ ᠢ ᠣᠯᠣᠭᠰᠠᠨ ᠤ ᠳᠠᠷᠠᠭ᠎ᠠ᠂ ᠲᠣᠰ ᠰᠠᠯᠠᠭ᠎ᠠ ᠮᠥᠴᠢᠷ ᠤᠨ ᠢᠶᠠᠨ ᠭᠤᠣᠯᠴᠢᠯᠠᠨ ᠬᠠᠮᠢᠶᠠᠷᠬᠤ ᠤᠳᠤᠷᠢᠳᠤᠯᠭ᠎ᠠ ᠳᠤ ᠬᠠᠮᠤᠭ ᠤᠨ ᠲᠡᠷᠢᠭᠦᠨ ᠳᠤ ᠬᠠᠷᠢᠭᠤ ᠮᠡᠳᠡᠭᠦᠯᠬᠦ ᠶᠢᠨ ᠬᠠᠮᠲᠤ ᠴᠠᠭ ᠲᠤᠬᠠᠢ ᠳᠤᠨᠢ  ᠰᠠᠶᠢᠲᠤᠷ ᠰᠢᠢᠳᠪᠦᠷᠢᠯᠡᠬᠦ ᠬᠡᠷᠡᠭᠲᠡᠢ᠃    ︵ᠭᠤᠷᠪᠠ︶  ᠰᠢᠪᠠᠳᠠᠨ  ᠪᠠᠶᠢᠴᠠᠭᠠᠬᠤ᠂ ᠱᠠᠭᠠᠷᠳᠠᠨ ᠬᠢᠯᠬᠡᠬᠦ  ᠳᠦᠷᠢᠮ ᠃  ᠲᠤᠭᠤᠷᠢᠭ ᠤᠨ ᠵᠠᠰᠠᠭ ᠤᠨ ᠣᠷᠳᠣᠨ ᠠᠴᠠ ᠤᠯᠤᠰ ᠤᠨ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ  ᠲᠤᠭᠤᠷᠢᠭ ᠤᠨ ᠡᠭᠦᠳᠦᠨ ᠪᠠᠶᠢᠭᠤᠯᠬᠤ ᠶᠢᠨ ᠵᠤᠬᠢᠴᠠᠭᠤᠯᠵᠤ  ᠬᠠᠮᠲᠤᠷᠠᠨ ᠬᠥᠳᠡᠯᠦᠯᠴᠡᠬᠦ ᠠᠵᠢᠯ ᠳᠤ ᠲᠣᠭᠲᠠᠮᠠᠯ ᠬᠤᠭᠤᠴᠠᠭ᠎ᠠ ᠲᠠᠢ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ  ᠰᠢᠪᠠᠳᠠᠨ ᠪᠠᠶᠢᠴᠠᠭᠠᠵᠤ  ᠱᠠᠭᠠᠷᠳᠠᠨ ᠬᠢᠯᠬᠡᠬᠦ   ᠬᠡᠷᠡᠭᠲᠠᠢ᠂ ᠠᠵᠢᠯ  ᠳᠠᠭᠠᠨ ᠴᠢᠷᠮᠠᠶᠢᠬᠤ ᠦᠭᠡᠢ᠂ ᠴᠠᠭ ᠲᠤᠬᠠᠢ ᠳᠤᠨᠢ ᠵᠣᠬᠢᠴᠠᠭᠤᠯᠬᠤ ᠦᠭᠡᠢ᠂ ᠬᠠᠮᠲᠤᠷᠠᠨ ᠬᠥᠳᠡᠯᠦᠯᠴᠡᠬᠦ ᠨᠢ ᠪᠣᠳᠠᠲᠠᠶᠢᠵᠢᠭᠰᠠᠨ ᠦᠭᠡᠢ ᠨᠢᠭᠡᠴᠡ ᠪᠠ ᠰᠠᠯᠠᠭ᠎ᠠ ᠮᠥᠴᠢᠷ ᠢ ᠣᠯᠵᠤ ᠮᠡᠳᠡᠪᠡᠯ᠂  ᠵᠠᠷᠯᠠᠨ ᠰᠢᠬᠦᠮᠵᠢᠯᠡᠬᠦ ᠶᠢᠨ ᠬᠠᠮᠲᠤ ᠬᠠᠷᠢᠭᠤᠴᠠᠯᠭ᠎ᠠ ᠨᠡᠬᠡᠮᠵᠢᠯᠡᠨ᠎ᠡ᠃      ᠳᠥᠷᠪᠡ᠂ ᠠᠵᠢᠯ ᠤᠨ ᠱᠠᠭᠠᠷᠳᠠᠯᠭ᠎ᠠ     ︵ᠨᠢᠭᠡ︶ ᠡᠭᠦᠳᠦᠨ ᠪᠠᠶᠢᠭᠤᠯᠬᠤ ᠠᠵᠢᠯ ᠤᠨ ᠵᠣᠬᠢᠴᠠᠭᠤᠯᠬᠤ ᠲᠣᠭᠲᠠᠴᠠ ᠶᠢ  ᠨᠡᠶᠢᠲᠡᠯᠡᠭᠰᠡᠨ ᠡᠳᠦᠷ ᠠᠴᠠ ᠡᠬᠢᠯᠡᠨ ᠵᠢᠩᠬᠢᠨᠢ ᠪᠠᠷ ᠪᠠᠶᠢᠭᠤᠯᠤᠨ ᠠᠵᠢᠯᠯᠠᠭᠤᠯᠵᠤ᠂ ᠬᠤᠶᠢᠰᠢᠳᠠ ᠭᠤᠷᠪᠠᠨ ᠡᠳᠦᠷ ᠠᠴᠠ ᠳᠡᠭᠡᠭᠰᠢ ᠦᠷᠭᠦᠯᠵᠢᠯᠡᠭᠰᠡᠨ ᠠᠮᠠᠷᠠᠯᠲᠠ ᠶᠢᠨ ᠬᠤᠭᠤᠴᠠᠭ᠎ᠠ ᠲᠣᠬᠢᠶᠠᠯᠳᠤᠪᠠᠯ᠂ ᠠᠮᠠᠷᠠᠯᠲᠠ ᠶᠢᠨ ᠬᠤᠭᠤᠴᠠᠭᠠᠨ ᠤ ᠡᠮᠦᠨ᠎ᠡ 3 ᠡᠳᠦᠷ ᠠᠴᠠ ᠡᠬᠢᠯᠡᠨ᠂ ᠤᠯᠤᠰ ᠤᠨ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ  ᠲᠤᠭᠤᠷᠢᠭ ᠢ ᠡᠭᠦᠳᠦᠨ ᠪᠠᠶᠢᠭᠤᠯᠬᠤ ᠠᠵᠢᠯ ᠤᠨ ᠵᠤᠬᠢᠴᠠᠭᠤᠯᠵᠤ  ᠬᠠᠮᠲᠤᠷᠠᠨ  ᠬᠥᠳᠡᠯᠦᠯᠴᠡᠬᠦ  ᠲᠣᠭᠲᠠᠴᠠ ᠶᠢ ᠡᠬᠢᠯᠡᠭᠦᠯᠦᠨ᠎ᠡ᠃ ᠵᠤᠬᠢᠴᠠᠭᠤᠯᠵᠤ  ᠬᠠᠮᠲᠤᠷᠠᠨ ᠬᠥᠳᠡᠯᠦᠯᠴᠡᠬᠦ  ᠲᠣᠭᠲᠠᠴᠠ ᠳᠤ ᠪᠠᠭᠲᠠᠭᠠᠭᠰᠠᠨ ᠡᠯ᠎ᠡ ᠵᠦᠢᠯ ᠤᠨ ᠬᠠᠮᠢᠶ᠎ᠠ ᠪᠦᠬᠦᠢ ᠳᠦᠷᠢᠮ ᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃     ︵ᠬᠤᠶᠠᠷ︶ ᠡᠯ᠎ᠡ ᠪᠦᠷᠢᠯᠳᠦᠭᠦᠨ ᠨᠢᠭᠡᠴᠡ ᠲᠣᠰ ᠲᠣᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠ ᠪᠣᠳᠠᠲᠠᠢ ᠡᠭᠦᠷᠭᠡ ᠪᠠᠨ ᠦᠨᠳᠦᠰᠦᠯᠡᠨ᠂ ᠲᠣᠰ ᠲᠣᠰ ᠤᠨ ᠡᠬᠢ  ᠰᠤᠷᠪᠤᠯᠵᠢ  ᠭᠤᠤᠯ ᠡᠯᠧᠮᠧᠨ᠋ᠲ  ᠢᠶᠠᠨ ᠡᠮᠬᠢᠯᠡᠨ  ᠨᠢᠭᠡᠳᠬᠡᠵᠦ᠂ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠵᠣᠬᠢᠶᠠᠨ ᠪᠠᠶᠢᠭᠤᠯᠤᠯᠲᠠ ᠶᠢᠨ ᠳᠣᠣᠷ᠎ᠠ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠵᠣᠬᠢᠴᠠᠭᠤᠯᠬᠤ ᠪᠠ ᠬᠠᠮᠲᠤᠷᠠᠨ  ᠬᠥᠳᠡᠯᠦᠯᠴᠡᠬᠦ ᠠᠵᠢᠯ ᠢ ᠰᠠᠶᠢᠲᠤᠷ ᠬᠢᠬᠦ ᠬᠡᠷᠡᠭᠲᠡᠢ᠃     ︵ᠭᠤᠷᠪᠠ︶ ᠤᠯᠤᠰ ᠤᠨ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ  ᠵᠢᠱᠢᠶ᠎ᠡ ᠦᠵᠡᠭᠦᠯᠬᠦ  ᠲᠤᠭᠤᠷᠢᠭ  ᠤᠨ ᠡᠭᠦᠳᠦᠨ ᠪᠠᠶᠢᠭᠤᠯᠬᠤ ᠠᠵᠢᠯ ᠤᠨ ᠵᠤᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠨ ᠬᠡᠷᠡᠭᠵᠢᠭᠦᠯᠵᠦ ᠳᠠᠭᠤᠰᠤᠭᠰᠠᠨ ᠤ ᠳᠠᠷᠠᠭᠠᠬᠢ 5 ᠠᠵᠢᠯᠯᠠᠬᠤ ᠡᠳᠦᠷ ᠤᠨ ᠳᠣᠲᠣᠷ᠎ᠠ᠂ ᠡᠯ᠎ᠡ ᠪᠦᠷᠢᠯᠳᠦᠭᠦᠨ ᠨᠢᠭᠡᠴᠡ ᠬᠡᠷᠡᠭᠵᠢᠭᠦᠯᠦᠭᠰᠡᠨ ᠪᠠᠶᠢᠳᠠᠯ ᠢᠶᠠᠨ ᠲᠣᠭᠤᠷᠢᠭ ᠤᠨ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠪᠢᠴᠢᠭ ᠢᠶᠠᠷ ᠮᠡᠳᠡᠭᠦᠯᠬᠦ ᠬᠡᠷᠡᠭᠲᠡᠢ᠃                     ᠣᠷᠳᠣᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                           2023 ᠣᠨ ᠤ 2  ᠳ᠋ᠤᠭᠠᠷ ᠰᠠᠷ᠎ᠠ ᠶᠢᠨ 3 ᠤ ᠡᠳᠦᠷ 
ᠢᠷᠡᠯᠲᠡ᠄ ᠲᠤᠰ ᠰᠦᠯᠵᠢᠶ᠎ᠡ