5 ᠰᠠᠷ᠎ᠠ ᠶᠢᠨ 26 ᠤ ᠡᠳᠦᠷ᠂ ᠲᠣᠭᠤᠷᠢᠭ ᠤᠨ ᠵᠠᠰᠠᠭ ᠤᠨ ᠣᠷᠳᠣᠨ 2023 ᠣᠨ ᠤ 10 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ | ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠤᠷᠠᠯ ᠢ ᠡᠷᠭᠢᠯᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠾᠧᠪᠸᠢ ᠶᠢᠨ ᠰᠢᠶᠦ᠋ᠩ ᠠᠨ ᠰᠢᠨ᠎ᠡ ᠲᠣᠭᠤᠷᠢᠭ ᠲᠤ ᠰᠢᠨᠵᠢᠯᠡᠨ ᠪᠠᠶᠢᠴᠠᠭᠠᠭᠰᠠᠨ ᠪᠦᠭᠡᠳ | ᠰᠢᠶᠦ᠋ᠩ ᠠᠨ ᠰᠢᠨ᠎ᠡ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠡᡁᠧᠪᠸᠢ ᠳᠤ ᠰᠢᠨᠵᠢᠯᠡᠨ ᠪᠠᠶᠢᠴᠠᠭᠠᠭᠰᠠᠨ ᠪᠦᠭᠡᠳ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠨ ᠬᠥᠭᠵᠢᠬᠦ ᠶᠢ | ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠱᠠᠨᠰᠢ ᠮᠤᠵᠢ ᠶᠢᠨ ᠨᠠᠮ ᠤᠨ | ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠳᠤ ᠳᠠᠯᠪᠢᠭᠰᠠᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠬᠠᠮᠳᠣᠪᠠᠷ ᠰᠣᠷᠣᠯᠴᠠᠨ᠂ ᠶᠡᠷᠦᠩᠬᠡᠢ ᠱᠦᠵᠢ ᠰᠢ ᠶᠢᠨ ᠫᠢᠩ ᠤᠨ ᠱᠠᠩᠬᠠᠢ ᠬᠤᠳᠠ ᠶᠢᠨ ᠬᠤᠩ ᠺᠸᠤ ᠲᠣᠭᠤᠷᠢᠭ ᠤᠨ ᠵᠢᠶᠠ ᠰᠢᠩ ᠵᠠᠮ ᠵᠡᠭᠡᠯᠢ | ᠭᠤᠳᠤᠮᠵᠢ ᠶᠢᠨ ᠬᠤᠭ ᠨᠣᠪᠰᠢ ᠶᠢ ᠠᠩᠬᠢᠯᠠᠬᠤ ᠰᠠᠶᠢᠨ ᠳᠣᠷᠠᠴᠣᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠤᠯᠤᠰ ᠲᠦᠷᠦ ᠶᠢᠨ ᠤᠬᠠᠮᠰᠠᠷ ᠢ ᠪᠠᠲᠤ ᠪᠤᠢ ᠪᠤᠯᠭᠠᠨ᠂ ᠣᠯᠣᠰ ᠲᠦᠷᠦ ᠶᠢ ᠡᠷᠬᠢᠮᠯᠡᠬᠦ ᠵᠤᠭᠰᠣᠴᠠ ᠠᠴᠠ ᠬᠢᠶ᠎ᠠ ᠪᠠᠭᠰᠢ ᠲᠣᠭᠤᠷᠢᠭ ᠤᠨ ᠪᠦᠬᠦᠯᠢ ᠴᠣᠭᠴᠠ ᠶᠢᠨ | ᠠᠵᠢᠯ ᠢ ᠳᠠᠨᠢᠨ ᠡᠵᠡᠮᠳᠡᠬᠦ ᠶᠢ ᠪᠠᠷᠢᠮᠲᠠᠯᠠᠵᠤ᠂ ᠣᠷᠢᠳᠴᠢᠯᠠᠨ ᠭᠦᠨᠵᠡᠭᠡᠢ ᠰᠣᠷᠣᠯᠴᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠡᠷᠡᠰ ᠲᠣᠭᠤᠰᠢᠯᠠᠭᠤᠯᠬᠤ ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ ᠡᠯ᠎ᠡ ᠵᠦᠢᠯ ᠤᠨ ᠦᠢᠯᠡᠰ ᠤᠨ ᠵᠥᠪ ᠴᠢᠭᠯᠡᠯ ᠢᠶᠠᠷ ᠤᠷᠤᠭᠰᠢᠯᠠᠬᠤ ᠶᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠲᠠᠪᠤᠨ ᠶᠡᠭᠡ ᠡᠭᠦᠷᠭᠡ ᠪᠣᠯᠤᠨ ︽ᠬᠤᠪᠢᠶᠠᠷᠢ ᠺᠣᠮᠫᠠᠨᠢ ᠶᠢ ᠰᠠᠯᠪᠤᠷᠢ ᠺᠣᠮᠫᠠᠨᠢ ᠪᠤᠯᠭᠠᠬᠤ︾ ᠠᠵᠢᠯ ᠢ ᠥᠷᠨᠢᠭᠦᠯᠦᠭᠰᠡᠨ ᠪᠠᠶᠢᠳᠠᠯ ᠢ | ᠰᠣᠨᠣᠰᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |