ᠲᠡᠭᠦᠰᠬᠦ ᠣᠶᠤᠲᠠᠳ ᠠᠩᠬᠠᠷ︕
ᠨᠡᠶᠢᠲᠡᠯᠡᠭᠰᠡᠨ ᠴᠠᠭ᠄
2023/5/4
        ᠤᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠡᠷᠢᠬᠦ ᠵᠠᠩᠭᠢᠯᠠᠭ᠎ᠠ ᠶᠢᠨ ᠦᠶ᠎ᠡ ᠪᠣᠯᠣᠯ᠎ᠠ᠃  ᠰᠤᠷᠭᠠᠨ ᠬᠥᠮᠦᠵᠢᠯ ᠤᠨ ᠶᠠᠮᠤᠨ ᠣᠶᠢᠷ᠎ᠠ ᠳᠤ ᠪᠢᠴᠢᠭ ᠮᠠᠲ᠋ᠧᠷᠢᠶᠠᠯ ᠨᠡᠶᠢᠲᠡᠯᠡᠵᠦ᠂ ᠠᠵᠢᠯ ᠡᠷᠢᠬᠦ ᠳᠡᠭᠡᠨ ︽ᠤᠨᠠᠭᠤᠯᠢ︾ ᠳᠤ ᠤᠨᠠᠬᠤ ᠠᠴᠠ ᠪᠤᠯᠭᠤᠮᠵᠢᠯᠠᠬᠤ ᠶᠢ ᠲᠡᠭᠦᠰᠬᠦ ᠤᠶᠤᠳᠠᠳ ᠲᠤ ᠰᠠᠨᠠᠭᠤᠯᠪᠠ᠃         ᠰᠤᠷᠭᠠᠨ ᠬᠥᠮᠦᠵᠢᠯ ᠤᠨ ᠶᠠᠮᠤᠨ ᠰᠠᠨᠠᠭᠤᠯᠬᠤ ᠳᠠᠭᠠᠨ᠂ ᠠᠵᠢᠯ ᠡᠷᠢᠬᠦ ᠳᠡᠭᠡᠨ ᠬᠠᠤᠯᠢ ᠪᠤᠰᠤ ᠪᠠᠶᠢᠭᠤᠯᠤᠮᠵᠢ ᠶᠢᠨ ᠠᠵᠢᠯ‌‍ᠲ᠋ᠠᠨᠢᠯᠴᠠᠭᠤᠯᠬᠤ ᠨᠡᠷ᠎ᠡ ᠪᠠᠷ ᠶᠡᠭᠡ ᠬᠡᠮᠵᠢᠶᠡᠨ ᠤ ᠵᠠᠭᠤᠴᠢᠯᠠᠬᠤ  ᠰᠦᠢᠳᠭᠡᠯ ᠬᠤᠷᠢᠶᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠰᠢᠯᠲᠠᠭ ᠡᠷᠢᠵᠦ ᠭᠡᠷ᠎ᠡ ᠶᠢ ᠬᠤᠶᠢᠰᠢᠯᠠᠭᠤᠯᠬᠤ ᠪᠤᠶᠤ ᠰᠢᠭᠤᠳ ᠭᠦᠢᠴᠡᠳᠬᠡᠬᠦ ᠥᠬᠡᠶ ᠪᠠᠶᠢᠬᠤ ᠠᠴᠠ ᠰᠡᠷᠭᠡᠶᠢᠯᠡᠬᠦ ᠬᠡᠷᠡᠭᠲᠡᠶ᠃ ᠬᠥᠮᠦᠨ ᠬᠡᠷᠡᠭᠯᠡᠬᠦ ᠨᠢᠭᠡᠴᠢ ᠪᠤᠶᠤ ᠵᠠᠭᠤᠴᠢ ᠪᠠᠶᠢᠭᠤᠯᠤᠮᠵᠢ ᠶᠢᠨ ᠠᠵᠢᠯᠲᠠᠨ ᠬᠡᠷᠡᠭᠯᠡᠬᠦ ᠨᠡᠷ᠎ᠡ ᠪᠠᠷ ᠨᠡᠷ᠎ᠡ ᠮᠡᠳᠡᠭᠦᠯᠬᠦ ᠰᠦᠢᠳᠬᠡᠯ᠂ ᠪᠡᠶ᠎ᠡ ᠶᠢᠨ ᠰᠢᠨᠵᠢᠯᠡᠭᠡᠨ ᠤ ᠰᠦᠢᠳᠬᠡᠯ᠂ ᠪᠣᠯᠪᠠᠰᠤᠷᠠᠯ ᠤᠨ ᠰᠦᠢᠳᠬᠡᠯ᠂ ᠪᠠᠷᠢᠴᠠᠭᠠᠨ ᠤ ᠮᠥᠩᠭᠦ ᠵᠡᠷᠭᠡ ᠰᠦᠢᠳᠬᠡᠯ ᠬᠤᠷᠢᠶᠠᠬᠤ ᠶᠢ ᠰᠡᠷᠭᠡᠶᠢᠯᠡᠵᠦ᠂ ᠡᠯ᠎ᠡ ᠵᠦᠢᠯ ᠤᠨ ᠰᠢᠯᠲᠠᠭ ᠢᠶᠠᠷ ᠲᠡᠭᠦᠰᠬᠦ ᠤᠶᠤᠳᠠᠳ ᠤᠨ ᠠᠵᠢᠯ ᠳᠤ ᠣᠷᠣᠬᠤ ᠶᠢ ᠲᠡᠪᠴᠢᠬᠦ ᠪᠤᠶᠤ ᠠᠵᠢᠯ ᠠᠴᠠ ᠨᠢ ᠵᠣᠭᠰᠣᠭᠠᠬᠤ ᠶᠢ ᠰᠡᠷᠭᠡᠶᠢᠯᠡᠬᠦ ᠬᠡᠷᠡᠭᠲᠡᠶ᠃ ᠠᠵᠢᠯ ᠡᠷᠢᠬᠦ ᠦᠶ᠎ᠡ ᠳᠡᠭᠡᠨ ᠡᠶᠢᠮᠦᠷᠬᠦᠦ ᠪᠠᠶᠢᠳᠠᠯ ᠳᠤ  ᠲᠤᠯᠭᠠᠷᠠᠪᠠᠯ᠂ ᠠᠵᠢᠯ ᠳᠤ ᠣᠷᠣᠬᠤ ᠠᠴᠠ ᠡᠮᠦᠨ᠎ᠡ ᠲᠤᠰᠢᠶᠠᠬᠤ ᠪᠠᠷ ᠱᠠᠭᠠᠷᠳᠠᠭᠰᠠᠨ ᠡᠯ᠎ᠡ ᠵᠦᠢᠯ ᠤᠨ ᠬᠠᠤᠯᠢ  ᠪᠤᠰᠤ ᠰᠦᠢᠳᠬᠡᠯ ᠢ ᠲᠤᠰᠢᠶᠠᠬᠤ ᠦᠬᠡᠢ‌‍ᠪᠠᠶᠢᠬᠤ ᠬᠡᠷᠡᠭᠲᠡᠶ᠃ ᠵᠠᠷᠢᠮ ᠪᠠᠶᠢᠭᠤᠯᠤᠮᠵᠢ ᠶᠢᠨ ᠥᠨᠳᠥᠷ ᠴᠠᠯᠢᠩ ᠣᠯᠭᠤᠬᠤ ᠪᠠᠷ ᠠᠵᠢᠯ ᠳᠤ  ᠠᠪᠬᠤ ᠥᠭᠶᠥᠭᠡ ᠪᠣᠯᠭᠠᠵᠤ᠂ ᠪᠣᠯᠪᠠᠰᠤᠷᠠᠯ ᠬᠦᠷᠳᠡᠭᠡᠭᠰᠡᠨ ᠤ ᠲᠠᠷᠠᠭ᠎ᠠ ᠠᠵᠢᠯ ᠣᠯᠭᠤᠬᠤ ᠶᠢ ᠪᠠᠳᠤᠯᠠᠬᠤ ᠪᠠᠷ ᠠᠮᠠᠯᠠᠵᠦ᠂ ᠪᠣᠯᠪᠠᠰᠤᠷᠠᠯ ᠤᠨ ᠵᠠᠷᠤᠳᠠᠯ ᠢ ᠵᠢᠭᠡᠯᠡᠯᠭᠡ ᠠᠪᠴᠦ ᠪᠠᠶᠢᠭᠠᠳ ᠲᠤᠰᠢᠶᠠᠬᠤ  ᠱᠠᠭᠠᠷᠳᠠᠯᠭ᠎ᠠ ᠠᠴᠠ ᠰᠡᠷᠭᠡᠶᠢᠯᠡᠬᠦ ᠬᠡᠷᠡᠭᠲᠡᠶ᠃ ᠵᠠᠷᠢᠮ ᠪᠠᠶᠢᠭᠤᠯᠤᠮᠵᠢ ᠶᠢᠨ ᠲᠡᠭᠦᠰᠬᠦ ᠤᠶᠤᠳᠠᠳ ᠲᠤ ᠥᠨᠳᠥᠷ ᠴᠠᠯᠢᠩ ᠲᠠᠢ ᠠᠵᠢᠯ ᠲᠥᠷᠥᠯ ᠤᠨ ᠳᠠᠳᠤᠯᠭ᠎ᠠ ᠶᠢᠨ ᠠᠵᠢᠯ ᠤᠨ ᠪᠠᠶᠢᠷᠢ ᠬᠠᠩᠭᠠᠬᠤ ᠪᠠᠷ ᠠᠮᠠᠯᠠᠬᠤ ᠪᠤᠯᠪᠠᠴᠤ ᠡᠷᠬᠡᠪᠰᠢ ᠬᠠᠮᠢᠶᠠᠲᠠᠢ ᠦᠢᠯᠡᠴᠢᠯᠡᠭᠡᠨ ᠤ ᠰᠦᠢᠳᠭᠡᠯ ᠢ ᠤᠷᠢᠳᠠᠪᠠᠷ ᠲᠤᠰᠢᠶᠠᠬᠤ ᠶᠢ  ᠱᠠᠭᠠᠷᠳᠠᠯᠭ᠎ᠠ ᠠᠴᠠ ᠰᠡᠷᠭᠡᠶᠢᠯᠡᠬᠦ ᠬᠡᠷᠡᠭᠳᠡᠢ᠃ ᠵᠣᠬᠢᠶᠠᠨ ᠪᠠᠶᠢᠭᠤᠯᠤᠭᠴᠢ ᠠᠴᠠ ᠠᠵᠢᠯᠲᠠᠨ ᠡᠯᠰᠡᠬᠦ ᠨᠡᠷ᠎ᠡ ᠪᠠᠷ ᠠᠵᠢᠯ ᠡᠷᠢᠭ᠍ᠰᠡᠳ ᠢᠶᠠᠷ  ᠡᠳ᠋  ᠲᠠᠸᠠᠷ  ᠬᠤᠳᠠᠯᠳᠤᠨ ᠠᠪᠤᠭᠤᠯᠬᠤ ᠵᠡᠷᠭᠡ ᠠᠷᠭ᠎ᠠ ᠮᠠᠶ᠋ᠢᠭ ᠢᠶᠠᠷ ᠬᠠᠤᠯᠢ ᠪᠤᠰᠤ ᠠᠰᠢᠭ ᠤᠯᠬᠤ ᠶᠢ ᠰᠡᠷᠭᠡᠶᠢᠯᠡᠬᠦ ᠬᠡᠷᠡᠭᠲᠡᠶ ᠭᠡᠵᠡᠢ᠃
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ