2022 ᠣᠨ ᠳᠤ ᠥᠪᠥᠷ ᠮᠣᠩᠭᠤᠯ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠ ᠬᠠᠭᠤᠷᠮᠠᠭ ᠮᠠᠭᠤ ᠲᠠᠸᠠᠷ ᠲᠤ ᠬᠤᠯᠪᠣᠭᠳᠠᠭᠰᠠᠨ 1071 ᠰᠡᠵᠢᠭᠲᠡᠨ ᠢ ᠪᠠᠷᠢᠪᠴᠢᠯᠠᠪᠠ
ᠨᠡᠶᠢᠲᠡᠯᠡᠭᠰᠡᠨ ᠴᠠᠭ᠄
2023/5/5
        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ  ᠬᠠᠮᠠᠭᠠᠯᠠᠬᠤ  ᠲᠢᠩᠬᠢᠮ  4 ᠰᠠᠷ᠎ᠠ ᠶᠢᠨ 25 ᠤ  ᠡᠳᠦᠷ 2022 ᠣᠨ  ᠠᠴᠠ ᠨᠠᠰᠢ᠂  ᠪᠥᠬᠦ  ᠣᠷᠣᠨ ᠤ  ᠡᠯ᠎ᠡ  ᠱᠠᠲᠤᠨ ᠤ  ᠳᠣᠲᠣᠭᠠᠳᠤ ᠶᠢ  ᠬᠠᠮᠠᠭᠠᠯᠠᠬᠤ ᠪᠠᠶᠢᠭᠤᠯᠭ᠎ᠠ ᠨᠤᠭᠤᠳ ᠮᠡᠳᠡᠯᠭᠡ ᠶᠢᠨ ᠪᠦᠲᠦᠭᠡᠭᠳᠡᠬᠦᠨ ᠤ  ᠥᠮᠴᠢᠯᠡᠬᠦ  ᠡᠷᠬᠡ ᠳᠤ  ᠬᠠᠯᠳᠠᠭᠰᠠᠨ  ᠪᠠ  ᠬᠠᠭᠤᠷᠮᠠᠭ  ᠮᠠᠭᠤ   ᠲᠠᠸᠠᠷ   ᠦᠢᠯᠡᠳᠴᠦ ᠪᠣᠷᠣᠯᠠᠭᠤᠯᠤᠭᠰᠠᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ  ᠥᠭᠬᠦ ᠶᠢ  ᠵᠠᠩᠭᠢᠯᠠᠭ᠎ᠠ ᠶᠢᠨ  ᠪᠠᠶᠢᠷᠢᠨ ᠳᠤ ᠲᠠᠯᠪᠢᠵᠤ᠂  ᠣᠲᠣ  ᠪᠣᠯᠲᠠᠯ᠎ᠠ᠂  ᠪᠥᠬᠦ  ᠣᠷᠣᠨ ᠤ  ᠳᠣᠲᠣᠭᠠᠳᠤ ᠶᠢ  ᠬᠠᠮᠠᠭᠠᠯᠠᠬᠤ  ᠪᠠᠶᠢᠭᠤᠯᠭ᠎ᠠ  ᠨᠤᠭᠤᠳ  ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠ ᠬᠠᠭᠤᠷᠮᠠᠭ ᠮᠠᠭᠤ ᠲᠠᠸᠠᠷ ᠤᠨ ᠬᠦᠷᠢᠶᠡᠨ ᠳᠤ ᠬᠤᠯᠪᠣᠭᠳᠠᠭᠰᠠᠨ ᠡᠷᠡᠭᠦᠦ ᠶᠢᠨ ᠬᠡᠷᠡᠭ ᠢ ᠨᠡᠶᠢᠲᠡ 757 ᠢᠯᠡᠷᠡᠭᠦᠯᠵᠦ᠂ ᠶᠠᠯ᠎ᠠ ᠬᠢᠭᠰᠡᠨ ᠰᠡᠵᠢᠭᠲᠡᠨ ᠢ 1071 ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠦᠷᠲᠡᠭ ᠨᠢ 23 ᠳ᠋ᠦᠩᠰᠢᠭᠤᠷ ᠭᠠᠷᠤᠢ ᠲᠥᠭᠦᠷᠢᠭ ᠲᠤ ᠬᠦᠷᠴᠡᠢ᠃                 ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ  ᠪᠠᠶᠢᠭᠤᠯᠭ᠎ᠠ ᠶᠢᠨ  ᠬᠢᠨ  ᠳᠣᠲᠣᠭᠠᠳᠤ ᠶᠢ  ᠬᠠᠮᠠᠭᠠᠯᠠᠬᠤ  ᠶᠠᠮᠤᠨ ᠤ ︽ᠺᠦᠨᠯᠦ᠋ᠨ 2023︾ ᠲᠤᠰᠬᠠᠢ ᠠᠵᠢᠯᠯᠠᠭ᠎ᠠ ᠪᠠᠷ  ᠬᠥᠲᠥᠯᠥᠮᠵᠢ  ᠪᠣᠯᠭᠠᠵᠤ᠂  ︽ᠠᠮᠢ  ᠠᠬᠤᠢ ᠶᠢᠨ  ᠠᠮᠤᠷ  ᠲᠦᠪᠰᠢᠨ ᠤ ᠬᠠᠯᠬᠠᠪᠴᠢ ᠶᠢ ᠰᠠᠬᠢᠨ ᠬᠠᠮᠠᠭᠠᠯᠠᠬᠤ ᠠᠵᠢᠯᠯᠠᠭ᠎ᠠ︾᠂ ︽ᠬᠠᠲᠤᠨ ᠭᠤᠣᠯ ᠢ ᠬᠠᠮᠠᠭᠠᠯᠠᠬᠤ ᠲᠤᠰᠬᠠᠢ ᠠᠵᠢᠯᠯᠠᠭ᠎ᠠ︾᠂  ︽ᠪᠠᠷᠢᠮᠵᠢᠶ᠎ᠠ ᠪᠤᠰᠤ  ᠲᠣᠰᠣᠨ ᠳᠤ  ᠴᠣᠬᠢᠯᠲᠠ  ᠥᠭᠴᠦ  ᠴᠡᠭᠴᠡᠯᠡᠨ  ᠵᠠᠰᠠᠬᠤ  ᠲᠤᠰᠬᠠᠢ  ᠠᠵᠢᠯᠯᠠᠭ᠎ᠠ︾ ᠶᠢ  ᠨᠢᠭᠡᠳᠦᠯᠲᠡᠢ   ᠲᠥᠯᠥᠪᠯᠡᠨ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ᠂ ᠬᠠᠭᠤᠷᠮᠠᠭ ᠮᠠᠭᠤ ᠲᠠᠸᠠᠷ  ᠦᠢᠯᠡᠳᠴᠦ ᠪᠣᠷᠣᠯᠠᠭᠤᠯᠤᠭᠰᠠᠨ᠂  ᠪᠠᠷᠢᠮᠵᠢᠶ᠎ᠠ  ᠪᠤᠰᠤ  ᠳᠤᠰᠤᠨ ᠤ  ᠬᠠᠤᠯᠢ ᠠᠴᠠ  ᠵᠥᠷᠢᠴᠡᠭᠰᠡᠨ  ᠶᠠᠯᠠᠲᠤ  ᠠᠵᠢᠯᠯᠠᠭ᠎ᠠ ᠶᠢᠨ ᠲᠣᠪᠣᠶᠢᠮ᠎ᠠ ᠠᠰᠠᠭᠤᠳᠠᠯ ᠢ ᠴᠢᠩᠭ᠎ᠠ ᠠᠩᠬᠠᠷᠴᠤ ᠲᠤᠰᠬᠠᠢ ᠵᠦᠢᠯ ᠢᠶᠠᠷ ᠴᠣᠬᠢᠯᠲᠠ ᠥᠭᠭᠦᠭᠰᠡᠨ  ᠪᠠ  ᠬᠡᠷᠡᠭ ᠢ  ᠢᠯᠡᠷᠡᠭᠦᠯᠦᠨ᠂  ᠳᠤᠰᠤᠨ ᠤ ᠵᠦᠢᠯᠡᠰ ᠲᠤ  ᠬᠤᠯᠪᠣᠭᠳᠠᠭᠰᠠᠨ  ᠡᠷᠡᠭᠦᠦ ᠶᠢᠨ  ᠬᠡᠷᠡᠭ ᠢ  116  ᠢᠯᠡᠷᠡᠭᠦᠯᠦᠨ᠂  212  ᠶᠠᠯ᠎ᠠ  ᠬᠢᠭᠰᠡᠨ  ᠰᠡᠵᠢᠭᠲᠡᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠲᠣᠰᠣᠨ ᠤ ᠵᠦᠢᠯ ᠢ 1500 ᠭᠠᠷᠤᠢ ᠲᠣᠨ ᠪᠠᠶᠢᠴᠠᠭᠠᠨ ᠭᠠᠷᠭᠠᠵᠤ᠂ ᠬᠡᠷᠡᠭ ᠲᠤ ᠬᠤᠯᠪᠣᠭᠳᠠᠭᠰᠠᠨ ᠦᠷᠳᠡᠭ ᠨᠢ 14 ᠳ᠋ᠦᠩᠰᠢᠭᠤᠷ ᠲᠥᠭᠦᠷᠢᠭ ᠲᠤ ᠬᠦᠷᠴᠦ᠂ ᠠᠷᠠᠳ ᠤᠯᠠᠨ ᠤ  ᠬᠠᠤᠯᠢ  ᠶᠣᠰᠣᠨ ᠤ  ᠡᠷᠬᠡ ᠠᠰᠢᠭ ᠢ ᠬᠠᠮᠠᠭᠠᠯᠠᠪᠠ᠃                  ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠬᠤᠯᠪᠣᠭᠳᠠᠯ ᠪᠦᠬᠦᠢ  ᠰᠠᠯᠠᠭ᠎ᠠ  ᠮᠥᠴᠢᠷ ᠲᠠᠢ ᠬᠠᠮᠵᠢᠯᠴᠠᠨ ᠮᠠᠯᠵᠢᠬᠤ ᠲᠠᠷᠢᠶᠠᠯᠠᠬᠤ ᠣᠷᠣᠨ ᠤ ᠬᠠᠭᠤᠷᠮᠠᠭ ᠮᠠᠭᠤ ᠢᠳᠡᠭᠡᠨ ᠤ ᠵᠦᠢᠯ ᠢ ᠴᠡᠭᠴᠡᠯᠡᠨ  ᠵᠠᠰᠠᠬᠤ᠂  ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠲᠤ ᠴᠣᠬᠢᠯᠲᠠ ᠥᠭᠬᠦ᠂  ᠲᠢᠶᠠᠲᠷ ᠤᠨ  ᠺᠢᠨᠣ᠋ ᠶᠢ  ᠬᠤᠯᠠᠭᠠᠶᠢᠯᠠᠨ  ᠰᠢᠩᠭᠡᠭᠡᠵᠦ ᠲᠠᠷᠬᠠᠭᠠᠬᠤ ᠵᠡᠷᠭᠡ ᠦᠢᠯᠡ  ᠠᠵᠢᠯᠯᠠᠭ᠎ᠠ ᠳᠤ  ᠴᠣᠬᠢᠯᠲᠠ  ᠥᠭᠬᠦ᠂  ᠵᠠᠯᠠᠭᠤᠴᠤᠳ  ᠪᠠᠭᠠᠴᠤᠳ ᠤᠨ  ᠬᠡᠪᠯᠡᠯ ᠤᠨ  ᠡᠷᠬᠡ ᠶᠢ ᠬᠠᠮᠠᠭᠠᠯᠠᠬᠤ᠂ ᠪᠣᠯᠪᠠᠰᠤᠷᠠᠭᠤᠯᠤᠭᠰᠠᠨ ᠲᠣᠰᠣᠨ ᠤ ᠠᠵᠢᠯ ᠲᠥᠷᠥᠯ ᠢ ᠴᠡᠭᠴᠡᠯᠡᠨ ᠵᠠᠰᠠᠬᠤ ᠵᠡᠷᠭᠡ ᠲᠤᠰᠬᠠᠢ  ᠵᠦᠢᠯ ᠤᠨ  ᠠᠵᠢᠯ ᠢ ᠦᠷᠨᠢᠭᠦᠯᠪᠡ᠃ ᠤᠷᠢᠳ ᠬᠤᠵᠢᠳ ᠬᠤᠯᠪᠣᠭᠳᠠᠯ ᠪᠦᠬᠦᠢ ᠵᠠᠰᠠᠭ  ᠵᠠᠬᠢᠷᠭᠠᠨ ᠤ  ᠰᠠᠯᠠᠭ᠎ᠠ  ᠮᠥᠴᠢᠷ ᠲᠠᠢ  ᠬᠠᠮᠲᠤᠷᠠᠨ  430 ᠤᠳᠠᠭ᠎ᠠ ᠬᠠᠤᠯᠢ ᠬᠡᠷᠡᠭᠵᠢᠭᠦᠯᠵᠦ᠂ 3526  ᠴᠠᠭᠳᠠᠭ᠎ᠠ ᠶᠢ ᠬᠥᠳᠡᠯᠭᠡᠵᠦ᠂ 3091 ᠡᠯ᠎ᠡ ᠲᠦᠷᠦᠯ ᠤᠨ  ᠲᠠᠯᠠᠪᠤᠷ  ᠭᠠᠵᠠᠷ ᠢ ᠪᠠᠶᠢᠴᠠᠭᠠᠵᠤ᠂ ᠬᠠᠤᠯᠢ ᠶᠢ ᠵᠥᠷᠢᠴᠡᠭᠰᠡᠨ ᠶᠠᠯᠠᠲᠤ ᠬᠡᠷᠡᠭ ᠤᠨ  ᠰᠦᠪᠡᠭᠴᠢ ᠶᠢ  60  ᠭᠠᠷᠤᠢ  ᠢᠯᠡᠷᠡᠭᠦᠯᠵᠦ᠂ 30  ᠭᠠᠷᠤᠢ ᠡᠷᠡᠭᠦᠦ ᠶᠢᠨ ᠬᠡᠷᠡᠭ ᠢ ᠬᠡᠷᠡᠭ ᠪᠣᠯᠭᠠᠨ ᠳᠠᠩᠰᠠᠯᠠᠵᠤ ᠳᠡᠩᠨᠡᠨ ᠢᠯᠡᠷᠡᠭᠦᠯᠪᠡ᠃                ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠮᠢ ᠠᠬᠤᠢ ᠶᠢᠨ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ ᠶᠠᠯᠠᠲᠤ  ᠬᠡᠷᠡᠭ ᠢ  ᠲᠠᠩᠨᠠᠨ  ᠪᠠᠶᠢᠴᠠᠭᠠᠬᠤ  ᠶᠡᠷᠦᠩᠬᠡᠢ  ᠠᠩᠭᠢ ᠶᠢᠨ  ᠬᠤᠯᠪᠤᠭᠳᠠᠯ  ᠪᠦᠬᠦᠢ ᠬᠠᠷᠢᠭᠤᠴᠠᠯᠭᠠᠲᠣ ᠬᠦᠮᠦᠨ ᠢᠯᠡᠷᠬᠡᠶᠢᠯᠡᠬᠦ  ᠳᠤ ᠪᠠᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠺᠦᠨᠯᠦ᠋ᠨ 2023︾ ᠤ ᠲᠤᠰᠬᠠᠢ  ᠠᠵᠢᠯᠯᠠᠭ᠎ᠠ ᠳᠤ ᠲᠦᠰᠢᠭᠯᠡᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠠᠭᠤᠷᠮᠠᠭ ᠮᠠᠭᠤ ᠲᠠᠸᠠᠷ  ᠦᠢᠯᠡᠳᠴᠦ ᠪᠣᠷᠣᠯᠠᠭᠤᠯᠤᠭᠰᠠᠨ ᠬᠦᠷᠢᠶᠡᠨ ᠳᠠᠬᠢ ᠶᠠᠯᠠᠲᠤ ᠠᠵᠢᠯᠯᠠᠭ᠎ᠠ ᠳᠤ  ᠬᠠᠤᠯᠢ  ᠶᠣᠰᠣᠭᠠᠷ  ᠴᠢᠩᠭ᠎ᠠ  ᠴᠣᠬᠢᠯᠲᠠ  ᠥᠭᠴᠦ᠂  ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠬᠤᠯᠪᠣᠭᠳᠠᠯ ᠪᠦᠬᠦᠢ  ᠰᠠᠯᠠᠭ᠎ᠠ  ᠮᠥᠴᠢᠷ ᠲᠠᠢ  ᠢᠳᠡᠪᠬᠢᠲᠡᠢ ᠪᠠᠷ ᠬᠠᠮᠲᠤᠷᠠᠨ ᠤᠯᠠᠨ ᠲᠦᠮᠡᠨ ᠤ ᠠᠩᠬᠠᠷᠴᠤ ᠪᠠᠶᠢᠭ᠎ᠠ  ᠠᠰᠠᠭᠤᠳᠠᠯ ᠳᠤ  ᠬᠠᠨᠳᠤᠯᠭᠠᠲᠤ  ᠴᠢᠨᠠᠷᠲᠠᠢ  ᠠᠷᠭ᠎ᠠ  ᠬᠡᠮᠵᠢᠶ᠎ᠡ  ᠠᠪᠴᠤ᠂ ᠡᠷᠬᠡ ᠳᠤ ᠬᠠᠯᠳᠠᠵᠤ ᠬᠠᠭᠤᠷᠮᠠᠭᠯᠠᠨ ᠦᠢᠯᠡᠳᠦᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ  ᠠᠵᠢᠯ ᠤᠨ  ᠪᠣᠳᠠᠲᠤ  ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ ᠠᠷᠠᠳ ᠤᠯᠠᠨ ᠤ  ᠠᠮᠢ  ᠨᠠᠰᠤ  ᠡᠳ᠋  ᠬᠥᠷᠥᠩᠭᠡ ᠶᠢᠨ  ᠠᠮᠤᠷ  ᠲᠦᠪᠰᠢᠨ ᠢ ᠬᠦᠴᠦᠲᠡᠢ ᠬᠠᠮᠠᠭᠠᠯᠠᠨ᠎ᠠ ᠭᠡᠵᠡᠢ᠃
ᠢᠷᠡᠯᠲᠡ᠄ ᠠᠷᠠᠳ ᠤᠨ ᠰᠦᠯᠵᠢᠶ᠎ᠡ