ᠣᠶᠢᠷ᠎ᠠ ᠶᠢᠨ ᠡᠳᠦᠷ᠂ ᠥᠪᠥᠷ ᠮᠣᠩᠭᠤᠯ ᠤᠨ ᠡᠯ᠎ᠡ ᠶᠡᠭᠡ ᠳᠡᠭᠡᠳᠦ ᠰᠤᠷᠭᠠᠭᠤᠯᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠢ | ᠵᠠᠯᠭᠠᠭ᠎ᠠ ᠪᠠᠷ ᠬᠤᠷᠠᠯᠳᠤᠭᠤᠯᠵᠤ᠂ ᠭᠤᠣᠯ ᠰᠡᠳᠦᠪᠲᠦ ᠬᠥᠮᠦᠵᠢᠯ ᠤᠨ ᠠᠵᠢᠯ ᠢ ᠪᠠᠶᠢᠷᠢᠯᠠᠭᠤᠯᠪᠠ᠃ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ᠂ ᠭᠤᠣᠯ | ᠰᠡᠳᠦᠪᠲᠦ ᠬᠥᠮᠦᠵᠢᠯ ᠢ ᠰᠠᠶᠢᠲᠤᠷ ᠠᠳᠬᠤᠬᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠦᠬᠡᠨ ᠡᠭᠦᠷᠭᠡᠲᠦ ᠪᠣᠳᠣᠯ ᠢᠶᠠᠨ ᠦᠨᠡᠨ ᠬᠦ | ᠴᠢᠩᠭᠠᠳᠬᠠᠵᠤ᠂ ᠲᠤᠰ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠤᠨ ︽ᠦᠵᠡᠯ ᠰᠠᠨᠠᠭ᠎ᠠ ᠶᠢ ᠰᠤᠷᠤᠯᠴᠠᠵᠦ᠂ ᠨᠠᠮᠴᠢ ᠴᠢᠨᠠᠷ ᠢ ᠴᠢᠩᠭᠠᠳᠬᠠᠵᠦ᠂ | ᠦᠢᠯᠡᠳᠦᠯᠭᠡ ᠶᠢ ᠴᠢᠬᠤᠯᠠᠴᠢᠯᠠᠵᠦ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠬᠠᠷᠠᠯᠲᠠ ᠡᠭᠦᠷᠭᠡ ᠪᠠᠨ ᠴᠢᠩᠭ᠎ᠠ | ᠤᠨᠢᠯᠵᠦ᠂ ᠭᠤᠣᠯ ᠰᠡᠳᠦᠪᠲᠦ ᠬᠥᠮᠦᠵᠢᠯ ᠢᠶᠠᠷ ᠳᠠᠮᠵᠢᠭᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠬᠦᠰᠡᠯᠡᠩ ᠢᠶᠠᠨ ᠪᠠᠲᠤᠳᠬᠠᠬᠤ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ᠂ ᠦᠢᠯᠡᠳᠦᠯᠭᠡ ᠪᠠᠨ ᠵᠢᠯᠣᠭᠤᠳᠤᠭᠤᠯᠬᠤ᠂ | ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠣᠨᠳᠣᠣᠰᠢᠭᠤᠯᠵᠤ᠂ ᠰᠢᠨ᠎ᠡ ᠳᠦᠷᠰᠦ ᠪᠠᠶᠢᠳᠠᠯ ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ | ᠵᠢᠳᠬᠦᠯ ᠴᠢᠷᠮᠠᠶᠢᠯᠭ᠎ᠠ ᠪᠠᠷ ᠢᠶᠠᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠦᠨ᠎ᠠ ᠭᠡᠵᠦ ᠰᠠᠨᠠᠯ | ᠨᠢᠭᠡᠲᠡᠢ ᠢᠯᠡᠳᠬᠡᠵᠡᠭᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠲᠣᠭᠤᠷᠢᠨ ᠵᠢᠯᠤᠭᠤᠳᠬᠤ ᠳᠤᠭᠤᠶᠢᠯᠠᠩ ᠲᠤᠰ ᠲᠤᠰ | ᠬᠤᠷᠠᠯ ᠳᠤ ᠣᠷᠣᠯᠴᠠᠵᠦ ᠵᠢᠭᠠᠨ ᠵᠢᠯᠣᠭᠤᠳᠪᠠ᠃ | ᠥᠪᠥᠷ ᠮᠣᠩᠭᠤᠯ ᠤᠨ ᠶᠡᠭᠡ ᠰᠤᠷᠭᠠᠭᠤᠯᠢ ᠭᠤᠣᠯ ᠰᠡᠳᠦᠪᠲᠦ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷ᠎ᠡ᠂ ᠪᠦᠬᠦ | ᠰᠤᠷᠭᠠᠭᠤᠯᠢ ᠶᠢᠨ ᠳᠡᠭᠡᠳᠦ ᠳᠣᠣᠷᠠᠳᠤ ᠱᠠᠲᠤ ᠪᠠᠷ ᠢᠶᠠᠨ ᠭᠤᠣᠯ ᠰᠡᠳᠦᠪᠲᠦ ᠬᠥᠮᠦᠵᠢᠯ ᠢ ᠰᠠᠶᠢᠲᠤᠷ ᠠᠳᠬᠤᠬᠤ ᠶᠢ ᠴᠢᠬᠤᠯᠠ ᠤᠯᠤᠰ ᠲᠥᠷᠥ ᠶᠢᠨ ᠡᠭᠦᠷᠭᠡ | ᠪᠣᠯᠭᠠᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠨ᠂ ︽ᠬᠤᠶᠠᠷ ᠢ ᠬᠠᠮᠠᠭᠠᠯᠠᠬᠤ︾ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ | ᠶᠡᠷᠦᠩᠬᠡᠢ ᠱᠦᠵᠢ ᠰᠢ ᠶᠢᠨ ᠫᠢᠩ ᠤᠨᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠭᠤᠣᠯ ᠰᠡᠳᠦᠪᠲᠦ | ᠬᠥᠮᠦᠵᠢᠯ ᠢ ᠭᠤᠣᠯᠳᠠᠯᠭ᠎ᠠ ᠲᠠᠢ ᠠᠵᠢᠯ ᠢ ᠠᠬᠢᠭᠤᠯᠬᠤ᠂ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠵᠡᠷᠭᠡ ᠲᠠᠢ ᠤᠶᠠᠯᠳᠤᠭᠤᠯᠵᠤ᠂ ᠤᠨᠤᠯ ᠰᠤᠷᠤᠯᠴᠠᠬᠤ᠂ | ᠪᠠᠶᠢᠴᠠᠭᠠᠨ ᠰᠤᠳᠤᠯᠬᠤ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ ᠶᠢ | ᠬᠠᠷᠢᠯᠴᠠᠨ ᠨᠠᠪᠲᠠᠷᠡᠯᠴᠠᠭᠦᠯᠵᠦ᠂ ᠡᠯ᠎ᠡ ᠵᠦᠢᠯ ᠤᠨ ᠠᠵᠢᠯ ᠢ ᠨᠠᠷᠢᠨ ᠨᠢᠮᠪᠠᠢ ᠲᠥᠯᠥᠪᠵᠢᠭᠦᠯᠵᠦ᠂ ᠬᠢᠨᠠᠮᠠᠭᠠᠢ ᠰᠠᠶᠢᠲᠤᠷ ᠬᠢᠵᠦ᠂ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ ᠪᠠᠶᠢᠭᠠᠳ ᠰᠤᠷᠭᠠᠭᠤᠯᠢ ᠶᠢᠨ ᠴᠢᠨᠠᠷ ᠰᠠᠶᠢᠲᠠᠢ ᠠᠭᠤᠯᠬᠤᠨ ᠲᠠᠢ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠥᠪᠡᠷᠲᠡᠭᠡᠨ ᠵᠠᠰᠠᠬᠤ | ᠣᠷᠣᠨ ᠤ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃ | ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠭᠤᠣᠯ ᠰᠡᠳᠦᠪᠲᠦ ᠰᠤᠷᠭᠠᠨ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ | ᠳᠡᠭᠡᠷ᠎ᠡ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ ᠰᠤᠷᠭᠠᠭᠤᠯᠢ ᠶᠢᠨ ᠭᠤᠣᠯ ᠠᠵᠢᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠵᠤ᠂ ᠬᠥᠳᠡᠭᠡ | ᠠᠵᠤ ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠵᠡᠷᠭᠡ ︽ | ᠤᠯᠤᠰ ᠤᠨ ᠶᠡᠭᠡ ᠶᠠᠪᠤᠳᠠᠯ︾ ᠲᠠᠢ ᠨᠢᠭᠲᠠ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ | ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠪᠠᠭᠤᠯᠢᠭ ᠣᠨᠴᠠᠯᠢᠭᠲᠤ ᠰᠢᠨᠵᠢᠯᠡᠭᠡᠨ ᠤ ᠪᠦᠯᠦᠭᠵᠢᠯ ᠢ ᠬᠦᠴᠦᠯᠡᠨ ᠪᠠᠶᠢᠭᠤᠯᠵᠤ᠂ ᠥᠪᠡᠷᠲᠡᠭᠡᠨ | ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠮᠡᠷᠭᠡᠵᠢᠯ ᠤᠨ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ᠂ ᠥᠪᠡᠷᠲᠡᠭᠡᠨ | ᠵᠠᠰᠠᠬᠤ ᠣᠷᠣᠨ ᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠦᠨ ᠮᠠᠨᠳᠤᠭᠤᠯᠬᠤ︾ ᠪᠠ ︽ᠰᠦ ᠶᠢᠨ | ᠦᠢᠯᠡᠰ ᠢ ᠬᠥᠭᠵᠢᠭᠦᠯᠦᠨ ᠮᠠᠨᠳᠤᠭᠤᠯᠬᠤ︾ ᠳᠤ ᠴᠢᠳᠠᠪᠤᠷᠢᠲᠠᠨ ᠤ ᠪᠠᠲᠤᠯᠠᠭ᠎ᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ | ᠬᠠᠩᠭᠠᠨ᠎ᠠ᠃ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠵᠣᠷᠢᠭ ᠰᠠᠨᠠᠭ᠎ᠠ ᠶᠢ ᠲᠠᠰᠤᠷᠠᠯᠲᠠ ᠦᠭᠡᠢ ᠪᠠᠳᠠᠷᠠᠭᠤᠯᠵᠤ᠂ ᠬᠤᠶᠠᠷ ᠲᠠᠯ᠎ᠠ ᠶᠢ ᠠᠳᠬᠤᠬᠤ᠂ | ᠬᠤᠶᠠᠷ ᠢ ᠠᠬᠢᠭᠤᠯᠬᠤ ᠶᠢ ᠪᠡᠶᠡᠯᠡᠭᠦᠯᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠰᠤᠷᠭᠠᠭᠤᠯᠢ ᠶᠢᠨ ᠬᠥᠭᠵᠢᠯᠲᠡ ᠶᠢᠨ ᠬᠦᠴᠢᠷ | ᠠᠰᠠᠭᠤᠳᠠᠯ ᠢ ᠰᠢᠢᠳᠪᠦᠷᠢᠯᠡᠬᠦ ᠪᠣᠳᠠᠲᠠᠢ ᠠᠷᠭ᠎ᠠ ᠬᠡᠮᠵᠢᠶ᠎ᠡ ᠬᠠᠲᠠᠭᠤ ᠠᠷᠭ᠎ᠠ ᠬᠡᠮᠵᠢᠶ᠎ᠡ ᠪᠣᠯᠭᠠᠨ ᠣᠨᠳᠣᠣᠰᠢᠭᠤᠯᠵᠤ᠂ ᠰᠤᠷᠭᠠᠭᠤᠯᠢ ᠶᠢᠨ ︽131467 | ︾ ᠪᠠᠶᠢᠯᠳᠤᠬᠤ ᠪᠣᠳᠣᠯᠭ᠎ᠠ ᠶᠢᠨ ᠠᠵᠢᠯᠯᠠᠭᠠᠨ ᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠬᠦ ᠪᠣᠳᠠᠲᠠᠢ ᠦᠷ᠎ᠡ ᠪᠦᠲᠦᠮᠵᠢ ᠪᠣᠯᠭᠠᠨ | ᠣᠨᠳᠣᠣᠰᠢᠭᠤᠯᠵᠤ᠂ ᠰᠤᠷᠭᠠᠭᠤᠯᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ | ᠣᠨᠳᠣᠣᠰᠢᠭᠤᠯᠵᠤ᠂ ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠭᠠᠭᠤᠯᠢ ᠳᠤ ᠴᠡᠴᠡᠭᠯᠡᠭᠦᠯᠦᠨ ᠵᠢᠮᠢᠰᠯᠡᠭᠦᠯᠬᠦ ᠶᠢ ᠦᠨᠡᠨ ᠬᠦ ᠪᠠᠲᠤᠯᠠᠨ᠎ᠠ ᠭᠡᠵᠦ ᠢᠯᠡᠳᠬᠡᠪᠡ᠃ | ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷ᠎ᠡ᠂ | ᠪᠦᠬᠦ ᠰᠤᠷᠭᠠᠭᠤᠯᠢ ᠶᠢᠨ ᠳᠣᠣᠷᠠᠳᠤ ᠳᠡᠭᠡᠳᠦ ᠱᠠᠲᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠤᠣᠯ ᠰᠡᠳᠦᠪᠲᠦ ᠬᠥᠮᠦᠵᠢᠯ ᠢ ᠭᠤᠣᠯᠳᠠᠯᠭ᠎ᠠ ᠶᠢᠨ ᠲᠣᠭᠤᠷᠢᠨ ᠳᠤ ᠶᠡᠭᠡ | ᠲᠠᠯ᠎ᠠ ᠳᠤ ᠦᠢᠯᠡᠴᠢᠯᠡᠬᠦ ᠯᠦᠭᠡ ᠤᠶᠠᠯᠳᠤᠭᠤᠯᠵᠤ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ᠂ ᠨᠡᠶᠢᠭᠡᠮ ᠤᠨ ᠦᠢᠯᠡᠴᠢᠯᠡᠭᠡ ᠵᠡᠷᠭᠡ | ᠰᠤᠷᠭᠠᠭᠤᠯᠢ ᠶᠢᠨ ᠭᠤᠣᠯ ᠠᠵᠢᠯ ᠪᠣᠯᠣᠨ ᠶᠡᠭᠡ ᠳᠡᠭᠡᠳᠦ ᠰᠤᠷᠭᠠᠭᠤᠯᠢ ᠶᠢᠨ ᠦᠨᠳᠦᠰᠦᠨ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠯᠤᠭ᠎ᠠ | ᠤᠶᠠᠯᠳᠤᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠣᠳᠠᠲᠠᠢ ᠠᠵᠢᠯᠯᠠᠵᠤ ᠪᠣᠳᠠᠲᠠᠢ ᠦᠷ᠎ᠡ | ᠪᠦᠲᠦᠮᠵᠢ ᠣᠯᠬᠤ ᠶᠢ ᠴᠢᠬᠤᠯᠠᠴᠢᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ ᠲᠡᠭᠦᠨ ᠳᠤ ᠦᠢᠯᠡᠴᠢᠯᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠢᠵᠦ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ ᠲᠥᠪ ᠶᠣᠰᠣ ᠶᠢ | ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ | ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠡᠮᠦᠨ᠎ᠡ ᠹᠷᠣᠨᠲ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠦᠨᠡᠨ ᠬᠦ ᠬᠠᠲᠠᠭᠤ ᠲᠠᠢ ᠨᠢ ᠬᠠᠯᠳᠠᠵᠤ | ᠠᠰᠠᠭᠤᠳᠠᠯ ᠢ ᠪᠠᠶᠢᠴᠠᠭᠠᠨ ᠰᠢᠨᠵᠢᠵᠦ ᠴᠡᠭᠴᠡᠯᠡᠨ ᠰᠠᠶᠢᠵᠢᠷᠠᠭᠤᠯᠵᠦ᠂ ᠭᠤᠣᠯ ᠰᠡᠳᠦᠪᠲᠦ ᠬᠥᠮᠦᠵᠢᠯ ᠢ ᠡᠷᠡᠰ ᠰᠠᠶᠢᠲᠤᠷ ᠲᠥᠯᠥᠪᠵᠢᠭᠦᠯᠵᠦ᠂ ᠰᠠᠶᠢᠲᠤᠷ | ᠵᠣᠬᠢᠶᠠᠨ ᠪᠠᠶᠢᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠭᠤᠣᠯ ᠡᠭᠦᠷᠭᠡ ᠶᠢ | ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠬᠤ ᠬᠡᠷᠡᠭᠲᠡᠢ ᠭᠡᠵᠦ ᠤᠷᠢᠶᠠᠯᠠᠪᠠ᠃ | ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠭᠤᠣᠯ ᠰᠡᠳᠦᠪᠲᠦ ᠬᠥᠮᠦᠵᠢᠯ ᠤᠨᠲ᠋ᠠᠶᠢᠴᠢᠯᠠᠯᠲᠠ ᠶᠢᠨ ᠶᠡᠭᠡ ᠬᠤᠷᠠᠯ | ᠳᠡᠭᠡᠷ᠎ᠡ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯ ᠰᠡᠳᠦᠪᠲᠦ ᠬᠥᠮᠦᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ | ᠭᠤᠣᠯ ᠰᠡᠳᠦᠪᠲᠦ ᠬᠥᠮᠦᠵᠢᠯ ᠥᠷᠨᠢᠭᠦᠯᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠨ ᠦᠨᠡᠨ | ᠬᠦ ᠴᠢᠩᠭᠠᠳᠬᠠᠬᠤ ᠬᠡᠷᠡᠭᠲᠡᠢ᠃ ᠬᠠᠷᠠᠯᠲᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠪᠣᠳᠠᠲᠠᠢ ᠠᠳᠬᠤᠵᠤ᠂ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠯᠠᠭᠤᠯᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠢ ᠰᠤᠷᠭᠠᠭᠤᠯᠢ ᠶᠢᠨ ᠭᠤᠣᠯ ᠠᠵᠢᠯ ᠪᠣᠯᠣᠨ | ᠭᠤᠣᠯᠳᠠᠯᠭ᠎ᠠ ᠲᠠᠢ ᠡᠭᠦᠷᠭᠡ ᠲᠠᠢ ᠤᠶᠠᠯᠳᠤᠭᠤᠯᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ | ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠲᠠᠢ ᠨᠢᠭᠲᠠ ᠤᠶᠠᠯᠳᠤᠭᠤᠯᠵᠦ᠂ ᠪᠠᠶᠢᠴᠠᠭᠠᠨ ᠰᠤᠳᠤᠯᠤᠯᠲᠠ ᠬᠢᠬᠦ᠂ ᠠᠰᠠᠭᠤᠳᠠᠯ ᠢ | ᠰᠢᠢᠳᠪᠦᠷᠢᠯᠡᠬᠦ ᠶᠢ ᠢᠮᠠᠭᠲᠠ ᠲᠤᠭᠤᠰᠢᠯᠠᠭᠤᠯᠵᠤ᠂ ᠪᠣᠳᠠᠲᠠᠢ ᠠᠵᠢᠯᠯᠠᠵᠦ ᠲᠡᠷᠢᠭᠦᠨ ᠤ ᠪᠣᠯᠬᠤ ᠪᠠᠷ ᠴᠢᠷᠮᠠᠶᠢᠬᠤ᠂ ᠬᠥᠭᠵᠢᠯᠲᠡ ᠶᠢ ᠠᠬᠢᠭᠤᠯᠬᠤ ᠶᠢ ᠢᠮᠠᠭᠲᠠ | ᠲᠤᠭᠤᠰᠢᠯᠠᠭᠤᠯᠵᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ ᠶᠢ ᠢᠮᠠᠭᠲᠠ ᠲᠤᠭᠤᠰᠢᠯᠠᠭᠤᠯᠵᠤ᠂ ᠭᠤᠣᠯ | ᠰᠡᠳᠦᠪᠲᠦ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠵᠤ ᠨᠠᠷᠢᠯᠢᠭ ᠨᠠᠶᠢᠳᠠᠪᠤᠷᠢᠵᠢᠭᠤᠯᠬᠤ ᠶᠢ ᠬᠦᠴᠦᠲᠡᠢ ᠡᠮᠬᠢ ᠵᠢᠷᠦᠮ ᠲᠠᠢ | ᠪᠦᠲᠦᠮᠵᠢᠲᠡᠢ ᠠᠬᠢᠭᠤᠯᠵᠤ᠂ ᠪᠠᠭᠰᠢ ᠰᠤᠷᠤᠭᠴᠢᠳ ᠤᠨ ᠰᠡᠳᠬᠢᠯ ᠬᠠᠨᠤᠮᠵᠢᠲᠠᠢ ᠠᠮᠵᠢᠯᠲᠠ ᠪᠦᠲᠦᠮᠵᠢ ᠶᠢᠨ ᠬᠠᠭᠤᠳᠠᠰᠤ ᠶᠢ ᠲᠤᠰᠢᠶᠠᠬᠤ ᠬᠡᠷᠡᠭᠲᠡᠢ ᠭᠡᠵᠦ | ᠢᠯᠡᠳᠬᠡᠪᠡ᠃ | | | | | | |