ᠵᠠᠩ ᠸᠧᠢ ᠫᠢᠩ᠂ ᠵᠧᠦ ᠷᠦᠩ ᠫᠢᠩ ᠬᠡᠦᠬᠡᠳ ᠢ ᠮᠡᠬᠡᠯᠡᠨ ᠬᠤᠳᠠᠯᠳᠤᠭᠠᠳ ᠰᠢᠢᠳᠬᠡᠭᠳᠡᠪᠡ
ᠨᠡᠶᠢᠲᠡᠯᠡᠭᠰᠡᠨ ᠴᠠᠭ᠄
2023/5/5
        ᠠᠷᠠᠳ ᠤᠨ ᠳᠡᠭᠡᠳᠦ ᠰᠢᠭᠦᠬᠦ ᠬᠤᠷᠢᠶᠠᠨ ᠤ ᠪᠠᠭᠤᠯᠭᠠᠭᠰᠠᠨ ᠠᠯᠠᠬᠤ ᠡᠷᠡᠭᠦᠦ ᠶᠢ ᠭᠦᠢᠴᠡᠳᠬᠡᠬᠦ ᠵᠠᠷᠯᠢᠭ  ᠶᠣᠰᠣᠭᠠᠷ᠂ ᠭᠤᠸᠠᠩᠳᠦ᠋ᠩ ᠮᠤᠵᠢ ᠶᠢᠨ ᠭᠤᠸᠠᠩᠵᠧᠦ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ 2023 ᠣᠨ ᠤ 4 ᠰᠠᠷ᠎ᠠ ᠶᠢᠨ 27 ᠤ ᠡᠳᠦᠷ ᠶᠠᠯᠠᠲᠠᠨ ᠵᠠᠩ ᠸᠧᠢ ᠫᠢᠩ᠂ ᠵᠧᠦ ᠷᠦᠩ ᠫᠢᠩ ᠳᠤ ᠠᠯᠠᠬᠤ ᠡᠷᠡᠭᠦᠦ ᠶᠢ ᠭᠦᠢᠴᠡᠳᠬᠡᠪᠡ᠃                2004 ᠣᠨ ᠤ 12 ᠰᠠᠷ᠎ᠠ ᠠᠴᠠ 2005 ᠣᠨ ᠤ 1 ᠰᠠᠷ᠎ᠠ ᠶᠢᠨ ᠬᠤᠭᠤᠷᠣᠨᠳᠤ᠂ ᠵᠧᠦ ᠷᠦᠩ ᠫᠢᠩ ᠵᠡᠷᠭᠡ ᠬᠥᠮᠥᠰ ᠨᠢᠭᠤᠴᠠ ᠪᠠᠷ ᠬᠤᠤᠪᠢᠯᠳᠤᠭᠰᠠᠨ ᠤ ᠳᠠᠷᠠᠭ᠎ᠠ᠂ ᠪᠣᠰᠣᠳ ᠤᠨ ᠭᠡᠷ ᠲᠤ ᠣᠷᠣᠵᠤ ᠨᠢᠭᠡᠨ ᠨᠢᠯᠬ᠎ᠠ ᠬᠡᠥᠭᠡᠳ ᠢ ᠪᠤᠯᠢᠶᠠᠨ ᠠᠪᠠᠴᠢᠵᠤ᠂ ᠳᠠᠷᠠᠭ᠎ᠠ ᠨᠢ ᠵᠠᠩ ᠸᠧᠢ ᠫᠢᠩ ᠳᠤ ᠲᠤᠰᠢᠶᠠᠨ ᠥᠭᠴᠦ ᠫᠠᠨᠽᠠᠯᠠᠭᠤᠯᠪᠠ᠃ 2003 ᠣᠨ ᠤ  9  ᠰᠠᠷ᠎ᠠ ᠠᠴᠠ 2005 ᠣᠨ ᠤ 12 ᠰᠠᠷ᠎ᠠ ᠶᠢᠨ ᠬᠤᠭᠤᠷᠣᠨᠳᠤ᠂ ᠵᠠᠩ ᠸᠧᠢ ᠫᠢᠩ ᠪᠠᠰᠠ ᠬᠤᠪᠢ ᠪᠠᠷ ᠢᠶᠠᠨ  8  ᠬᠡᠦᠬᠡᠳ ᠢ  ᠮᠡᠬᠡᠯᠡᠨ‌ᠬᠤᠳᠠᠯᠳᠤᠵᠠᠢ᠃                2018 ᠣᠨ ᠤ 12 ᠰᠠᠷ᠎ᠠ ᠶᠢᠨ 28 ᠤ ᠡᠳᠦᠷ᠂ ᠭᠤᠸᠠᠩᠵᠧᠦ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠨᠢᠭᠡᠳᠦᠭᠡᠷ ᠰᠢᠭᠦᠯᠲᠡ ᠶᠢᠨ ᠲᠠᠰᠤᠯᠤᠯᠲᠠ ᠶᠢ ᠢᠯᠡ ᠪᠠᠷ ᠨᠡᠶᠢᠲᠡᠯᠡᠵᠦ᠂ ᠬᠡᠦᠬᠡᠳ ᠢ ᠮᠡᠬᠡᠯᠡᠨ ᠬᠤᠳᠠᠯᠳᠤᠭᠰᠠᠨ ᠶᠠᠯ᠎ᠠ ᠪᠠᠷ ᠵᠠᠩ ᠸᠧᠢ ᠫᠢᠩ᠂ ᠵᠧᠦ ᠷᠦᠩ ᠫᠢᠩ ᠢ ᠠᠯᠠᠬᠤ ᠡᠷᠡᠭᠦᠦ ᠪᠠᠷ  ᠰᠢᠢᠳᠬᠡᠵᠦ᠂ ᠤᠯᠤᠰ ᠲᠥᠷᠥ ᠶᠢᠨ ᠡᠷᠬᠡ ᠶᠢ  ᠨᠢ ᠨᠠᠰᠤᠨ ᠲᠤᠷᠰᠢ ᠳᠤᠨᠢ ᠬᠠᠰᠤᠵᠤ᠂ ᠬᠤᠪᠢ ᠬᠥᠮᠥᠨ ᠤ ᠪᠥᠬᠦ ᠡᠳ᠋ ᠬᠥᠷᠥᠩᠭᠡ ᠶᠢ  ᠨᠢ  ᠬᠤᠷᠢᠶᠠᠨ  ᠠᠪᠬᠤ ᠪᠠᠷ  ᠨᠡᠶᠢᠯᠡᠭᠦᠯᠦᠨ ᠰᠢᠢᠳᠬᠡᠨ᠎ᠡ ᠭᠡᠵᠡᠢ᠃ ᠵᠠᠩ ᠸᠧᠢ ᠫᠢᠩ᠂ ᠵᠧᠦ ᠷᠦᠩ ᠫᠢᠩ ᠳᠡᠭᠡᠭᠰᠢ ᠵᠠᠭᠠᠯᠳᠤᠭᠰᠠᠨ ᠤ ᠲᠠᠷᠠᠭ᠎ᠠ᠂ ᠭᠤᠸᠠᠩᠳᠦ᠋ᠩ ᠮᠤᠵᠢ ᠵᠢᠨ‌ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠨᠢᠭᠡᠳᠦᠭᠡᠷ ᠰᠢᠭᠦᠯᠲᠡ ᠶᠢᠨ ᠡᠷᠡᠭᠦᠦ ᠶᠢᠨ ᠬᠡᠷᠡᠭ ᠤᠨ ᠲᠠᠰᠤᠯᠤᠯᠲᠠ ᠶᠢ ᠪᠠᠷᠢᠮᠲᠠᠯᠠᠭᠰᠠᠨ  ᠪᠥᠭᠡᠳ  ᠬᠠᠤᠯᠢ  ᠶᠣᠰᠣᠭᠠᠷ   ᠠᠷᠠᠳ ᠤᠨ   ᠳᠡᠭᠡᠳᠦ   ᠰᠢᠭᠦᠬᠦ   ᠬᠤᠷᠢᠶᠠᠨ ᠳᠤ   ᠮᠡᠳᠡᠭᠦᠯᠵᠦ ᠬᠢᠨᠠᠨ ᠵᠥᠪᠰᠢᠶᠡᠷᠡᠭᠦᠯᠪᠡ᠃ ᠠᠷᠠᠳ ᠤᠨ ᠳᠡᠭᠡᠳᠦ  ᠰᠢᠭᠦᠬᠦ  ᠬᠤᠷᠢᠶ᠎ᠠ  ᠲᠠᠬᠢᠨ  ᠬᠢᠨᠠᠭᠠᠳ᠂  ᠨᠢᠭᠡᠳᠦᠭᠡᠷ ᠰᠢᠭᠦᠯᠲᠡ᠂  ᠬᠤᠶᠠᠳᠤᠭᠠᠷ ᠰᠢᠭᠦᠯᠲᠡ ᠶᠢᠨ ᠲᠠᠰᠤᠯᠤᠯᠲᠠ ᠶᠢᠨ ᠮᠠᠭᠠᠳᠯᠠᠨ ᠲᠣᠭᠲᠠᠭᠠᠭᠰᠠᠨ ᠪᠣᠳᠠᠲᠤ ᠶᠠᠪᠤᠳᠠᠯ ᠨᠢ ᠲᠣᠳᠣᠷᠬᠠᠢ᠂  ᠭᠡᠷᠡᠴᠢ  ᠪᠠᠷᠢᠮᠲᠠ  ᠨᠢ ᠦᠨᠡᠨ ᠪᠣᠳᠠᠲᠠᠢ᠂ ᠪᠦᠷᠢᠨ ᠭᠦᠢᠴᠡᠳ᠂ ᠶᠠᠯ᠎ᠠ ᠲᠣᠭᠲᠠᠭᠠᠭᠰᠠᠨ ᠨᠢ ᠣᠨᠣᠪᠴᠢᠲᠠᠢ᠂ ᠡᠷᠡᠭᠦᠦ ᠰᠢᠢᠳᠬᠡᠯ ᠣᠨᠣᠭᠳᠠᠭᠤᠯᠤᠭᠰᠠᠨ ᠨᠢ ᠵᠣᠬᠢᠰᠲᠠᠢ᠂ ᠰᠢᠭᠦᠨ ᠲᠠᠰᠤᠯᠤᠭᠰᠠᠨ ᠵᠢᠷᠤᠮ ᠨᠢ ᠬᠠᠤᠯᠢ ᠳᠤ ᠨᠡᠶᠢᠴᠡᠵᠦ ᠪᠠᠶᠢᠨ᠎ᠠ ᠭᠡᠵᠦ ᠦᠵᠡᠭᠡᠳ᠂ ᠵᠠᠩ ᠸᠧᠢ  ᠫᠢᠩ᠂  ᠵᠧᠦ ᠷᠦᠩ ᠫᠢᠩ ᠤᠨ ᠠᠯᠠᠬᠤ ᠡᠷᠡᠭᠦᠦ ᠪᠠᠷ ᠰᠢᠢᠳᠬᠡᠭᠰᠡᠨ ᠲᠠᠰᠤᠯᠤᠯᠲᠠ ᠶᠢ ᠬᠠᠤᠯᠢ ᠶᠣᠰᠣᠭᠠᠷ ᠬᠢᠨᠠᠨ ᠵᠥᠪᠰᠢᠶᠡᠷᠡᠵᠡᠢ᠃                ᠭᠤᠸᠠᠩᠵᠧᠦ  ᠬᠤᠳᠠ ᠶᠢᠨ  ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠠᠯᠠᠬᠤ   ᠡᠷᠡᠭᠦᠦ ᠶᠢ ᠭᠦᠢᠴᠡᠳᠬᠡᠬᠦ ᠠᠴᠠ ᠡᠮᠦᠨ᠎ᠡ᠂ ᠭᠦᠢᠴᠡᠳᠬᠡᠭᠳᠡᠬᠦ ᠶᠠᠯᠠᠳᠠᠨ ᠤ ᠬᠠᠤᠯᠢ ᠶᠣᠰᠣᠨ ᠤ ᠡᠷᠬᠡ ᠠᠰᠢᠭ ᠢ ᠭᠦᠢᠴᠡᠳ ᠪᠠᠲᠤᠯᠠᠪᠠ᠃
ᠢᠷᠡᠯᠲᠡ᠄ ᠠᠷᠠᠳ ᠤᠨ ᠰᠦᠯᠵᠢᠶ᠎ᠡ