ᠥᠪᠥᠷ ᠮᠣᠩᠭᠤᠯ 1000 ᠲᠦᠮᠡᠨ ᠵᠢᠭᠤᠯᠴᠢᠨ ᠬᠦᠯᠢᠶᠡᠨ ᠠᠪᠤᠯ᠎ᠠ
ᠨᠡᠶᠢᠲᠡᠯᠡᠭᠰᠡᠨ ᠴᠠᠭ᠄
2023/5/5
        5 ᠰᠠᠷ᠎ᠠ ᠶᠢᠨ 1 ᠤ ᠠᠮᠠᠷᠠᠯᠲᠠ ᠶᠢᠨ ᠬᠤᠭᠤᠴᠠᠭᠠᠨ ᠳᠤ ᠥᠪᠤᠷ ᠮᠤᠩᠭᠤᠯ  ᠤᠨ ᠥᠪᠡᠷᠳᠡᠭᠡᠨ  ᠵᠠᠰᠠᠬᠤ ᠤᠷᠤᠨ ᠳᠠᠪᠬᠤᠷᠳᠠᠭᠰᠠᠨ ᠲᠤᠭ᠎ᠠ ᠪᠠᠷ ᠨᠡᠶᠢᠲᠡ 1000 ᠭᠠᠷᠤᠢ ᠲᠦᠮᠡᠨ ᠵᠢᠭᠤᠯᠴᠢᠨ ᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 2.4 ᠳᠠᠬᠢᠨ ᠢᠶᠠᠷ ᠨᠡᠮᠡᠭᠳᠡᠵᠦ᠂ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠪᠦᠲᠦᠭᠡᠭᠳᠡᠬᠦᠨ ᠤ ᠵᠠᠬᠢᠶᠠᠯᠠᠭ᠎ᠠ ᠠᠳᠠᠯᠢ ᠬᠤᠭᠤᠴᠠᠭᠠᠨ ᠤ ᠬᠢ ᠠᠴᠠ 3000% ᠪᠠᠷ ᠨᠡᠮᠡᠭᠳᠡᠵᠦ᠂ ᠪᠦᠬᠦ ᠣᠷᠣᠨ ᠤ A ᠳᠡᠰ ᠤᠨ 304 ᠦᠵᠡᠮᠵᠢ ᠶᠢᠨ ᠣᠷᠣᠨ ᠳᠠᠪᠬᠤᠷᠳᠠᠭᠰᠠᠨ ᠲᠤᠭ᠎ᠠ ᠪᠠᠷ ᠨᠡᠶᠢᠲᠡ 481 ᠲᠦᠮᠡ 2400  ᠵᠢᠭᠤᠯᠴᠢᠨ ᠢ ᠬᠦᠯᠢᠶᠡᠨ ᠠᠪᠴᠤ᠂  ᠵᠢᠭᠤᠯᠴᠢᠯᠠᠯ  ᠤᠨ ᠣᠷᠣᠯᠭ᠎ᠠ ᠨᠢ 24 ᠳ᠋ᠦᠩᠰᠢᠭᠤᠷ 600 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ  600% ᠪᠠᠷ ᠨᠡᠮᠡᠭᠳᠡᠵᠦ᠂ 300 ᠭᠠᠷᠤᠢ ᠣᠳᠣᠨ ᠳᠡᠰ  ᠤᠨ ᠵᠣᠴᠢᠳ ᠤᠨ ᠪᠠᠭᠤᠳᠠᠯ ᠪᠣᠯᠣᠨ ᠠᠷᠠᠳ ᠠᠴᠠ ᠡᠷᠬᠢᠯᠡᠭᠰᠡᠨ ᠪᠠᠭᠤᠳᠠᠯ ‍ᠣᠨ‌ᠣᠷᠣᠯᠭ᠎ᠠ ᠨᠢ ᠳᠠᠬᠢᠨ ᠢᠶᠠᠷ ᠨᠡᠮᠡᠭᠳᠡᠵᠦ᠂ ᠰᠣᠶᠣᠯ ᠵᠢᠭᠤᠯᠴᠢᠯᠠᠯ ᠤᠨ ᠦᠢᠯᠡᠰ ᠪᠦᠬᠦ ᠲᠠᠯ᠎ᠠ ᠪᠠᠷ ᠰᠡᠷᠭᠦᠨ ᠬᠥᠭᠵᠢᠵᠦ ᠪᠠᠶᠢᠨ᠎ᠠ᠃
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ