2203 ᠰᠦᠯᠵᠢᠶ᠎ᠠ ᠡᠵᠡᠩᠨᠡᠭᠴᠢ ᠳᠣᠩᠭᠤᠳᠠᠭᠤᠯᠤᠯ᠎ᠠ
ᠨᠡᠶᠢᠲᠡᠯᠡᠭᠰᠡᠨ ᠴᠠᠭ᠄
2023/5/5
        ᠤᠯᠤᠰ ᠤᠨ ᠢᠨᠲ᠋ᠧᠷ ᠰᠦᠯᠵᠢᠶᠡᠨ ᠤ ᠴᠢᠮᠡᠭᠡ ᠵᠠᠩᠭᠢ ᠶᠢᠨ ᠠᠯᠪᠠᠨ ᠭᠡᠷ ᠠᠴᠠ 4 ᠳ᠋ᠣᠭᠡᠷ ᠰᠠᠷ᠎ᠠ ᠶᠢᠨ 30 ᠤ ᠡᠳᠦᠷ ᠰᠤᠷᠪᠤᠯᠵᠢᠯᠠᠭᠴᠢ ᠶᠢᠨ ᠣᠶᠢᠯᠠᠭᠠᠬᠰᠠᠨ ᠢᠶᠠᠷ᠂ 2023 ᠣᠨ ᠤ ᠨᠢᠭᠡᠳᠦᠭᠡᠷ ᠤᠯᠠᠷᠢᠯ ᠳᠤ᠂ ᠪᠦᠬᠦ ᠤᠯᠤᠰ ᠤᠨ ᠰᠦᠯᠵᠢᠶᠡᠨ ᠤ ᠴᠢᠮᠡᠭᠡ ᠵᠠᠩᠭᠢ ᠶᠢᠨ ᠰᠢᠰᠲ᠋ᠧᠮ ᠤᠨ ᠬᠢᠨ ᠰᠦᠯᠵᠢᠶᠡᠨ ᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠳᠦᠷᠢᠮ ᠲᠣᠭᠲᠠᠴᠠ ᠶᠢ ᠳᠡᠬᠦᠯᠳᠡᠷᠵᠢᠬᠦᠯᠦᠨ᠂ ᠠᠵᠢᠯ ᠤᠨ ᠡᠩᠨᠡᠭᠡ ᠪᠠᠨ ᠴᠢᠩᠭᠠᠳᠬᠠᠵᠤ᠂ ᠰᠦᠯᠵᠢᠶᠡᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ  ᠵᠢᠷᠤᠮᠵᠢᠭᠤᠯᠵᠤ᠂ ᠲᠤᠰᠬᠠᠢ ᠠᠵᠢᠯᠯᠠᠭ᠎ᠠ ᠥᠷᠨᠢᠭᠦᠯᠦᠨ᠂ ᠰᠦᠯᠵᠢᠶᠡᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠠᠪᠤᠴᠠ ᠳᠤ ᠨᠡᠶᠢᠳᠡ 2203 ᠰᠦᠯᠵᠢᠶᠡᠨ ᠤ  ᠡᠵᠡᠩᠨᠡᠭᠴᠢ ᠶᠢ ᠳᠠᠭᠤᠳᠠᠨ ᠶᠠᠷᠢᠯᠴᠠᠵᠤ᠂ ᠦᠢᠯᠡᠴᠢᠯᠡᠭᠡ ᠶᠢ ᠨᠢ ᠲᠦᠷ ᠵᠣᠭᠰᠣᠭᠠᠭᠰᠠᠨ ᠪᠤᠶᠤ ᠵᠠᠰᠠᠭᠤᠯᠵᠦ᠂  ᠵᠠᠷᠢᠮ ᠤᠨ ᠬᠢᠨᠢ  ᠰᠦᠯᠵᠢᠶᠡᠨ ᠤ ᠵᠥᠪᠰᠢᠶᠡᠷᠡᠯ ᠪᠤᠶᠤ ᠭᠡᠷᠡᠴᠢ ᠪᠢᠴᠢᠭ ᠢ ᠨᠢ ᠬᠦᠴᠦᠨ ᠦᠭᠡᠢ ᠪᠣᠯᠭᠠᠵᠤ᠂ 4208 ᠶᠢ ᠨᠢ ᠬᠠᠭᠠᠬᠰᠠᠨ ᠪᠠᠶᠢᠨ᠎ᠠ᠃
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ