ᠣᠷᠳᠣᠰ ᠲᠢᠶᠠᠲᠷ ᠤᠨ ᠪᠠᠷᠢᠯᠭ᠎ᠠ ᠨᠢ ᠤᠷᠳᠤᠰ ᠮᠤᠩᠭᠤᠯᠴᠤᠳ ᠤᠨ ᠡᠷᠡᠭᠳᠠᠢ ᠡᠮᠡᠭᠲᠠᠢ ᠶᠢᠨ ᠲᠤᠯᠤᠭᠠᠢ ᠶᠢᠨ ᠵᠠᠰᠠᠯ ᠤᠨ ᠶᠠᠩᠵᠦ ᠲᠠᠢ ᠪᠠᠶᠢᠵᠦ᠂ | ᠳᠠᠭᠤᠷᠢ ᠶᠢᠨ ᠲᠢᠶᠠᠲᠷ ᠪᠤᠯᠤᠨ ᠲᠠᠭᠤᠤ ᠬᠦᠭᠵᠢᠮ ᠤᠨ ᠲᠢᠩᠬᠢᠮ ᠵᠡᠷᠭᠡ ᠬᠤᠶᠠᠷ ᠲᠤᠭᠤᠢ ᠬᠡᠯᠪᠡᠷᠢ ᠶᠢᠨ ᠪᠠᠷᠢᠯᠭ᠎ᠠ ᠪᠠᠷ ᠪᠦᠷᠢᠯᠳᠦᠨ᠂ ᠬᠤᠭᠤᠷᠤᠨᠳᠦ ᠨᠢ ᠡᠷᠡᠭᠲᠠᠢ | ᠶᠢᠨ ᠮᠠᠯᠠᠭᠠᠢ ᠶᠢᠨ ᠪᠦᠴᠡ ᠶᠢᠨ ᠬᠡᠯᠪᠡᠷᠢ ᠲᠠᠢ ᠮᠤᠷᠤᠶᠢᠯᠵᠢᠨ ᠬᠡᠯᠪᠡᠷᠢᠳᠦ ᠬᠡᠷᠡᠮ ᠢᠶᠠᠷ ᠬᠤᠯᠪᠤᠵᠠᠢ᠃ ᠵᠦᠴᠦᠭᠡ ᠶᠢᠨ ᠬᠦᠷᠢᠶᠡᠯᠡᠩ ᠤᠨ ᠡᠵᠡᠯᠡᠬᠦ ᠲᠠᠯᠠᠪᠠᠢ ᠨᠢ 2. | 27 ᠲᠦᠮᠡᠨ ᠲᠡᠭᠰᠢ ᠲᠦᠷᠪᠡᠯᠵᠢᠨ ᠮᠧᠲᠷ᠂ ᠪᠠᠷᠢᠯᠭ᠎ᠠ ᠶᠢᠨ ᠶᠡᠷᠦᠩᠬᠡᠢ ᠲᠠᠯᠠᠪᠠᠢ ᠨᠢ 3.84 ᠲᠦᠮᠡᠨ ᠲᠡᠭᠰᠢ ᠲᠦᠷᠪᠡᠯᠵᠢᠨ ᠮᠧᠲᠷ᠂ ᠪᠠᠷᠢᠯᠭ᠎ᠠ ᠶᠢᠨ ᠦᠨᠳᠦᠷ ᠨᠢ | 44.4 ᠮᠧᠲᠷ ᠪᠤᠯᠤᠨ᠎ᠠ᠃ ᠲᠤᠳᠤᠷ᠎ᠠ ᠨᠢ 1408 ᠰᠠᠭᠤᠳᠠᠯ ᠲᠠᠢ ᠶᠡᠷᠦᠩᠬᠡᠶᠢᠯᠡᠭᠰᠡᠨ ᠵᠦᠴᠦᠭᠡ ᠶᠢᠨ ᠲᠢᠶᠠᠲᠷ᠂ 716 ᠰᠠᠭᠤᠳᠠᠯ ᠲᠠᠢ ᠲᠠᠭᠤᠤ ᠬᠦᠭᠵᠢᠮ ᠤᠨ | ᠲᠢᠩᠬᠢᠮ ᠵᠢᠴᠢ ᠲᠤᠭᠠᠴᠢᠯᠠᠭᠰᠠᠨ ᠺᠢᠨᠤ᠋ ᠶᠢᠨ ᠲᠢᠩᠬᠢᠮ᠂ ᠢᠳᠡᠭᠡᠨ ᠤᠮᠳᠠᠭᠠᠨ᠂ ᠬᠤᠨᠤᠭ᠂ ᠨᠠᠭᠠᠳᠤᠨ ᠴᠡᠩᠭᠡᠬᠦ᠂ ᠬᠤᠳᠠᠯᠳᠤᠭᠠᠨ ᠤ ᠲᠡᠯᠭᠡᠭᠦᠷ ᠵᠡᠷᠭᠡ ᠲᠠᠭᠠᠯᠳᠠ | ᠦᠢᠯᠡᠴᠢᠯᠡᠭᠡᠨ ᠤ ᠲᠦᠬᠦᠭᠡᠷᠤᠮᠵᠢ ᠲᠠᠢ ᠪᠠᠶᠢᠵᠦ᠂ ᠲᠤᠭᠯᠠᠯᠳᠠ ᠭᠠᠷᠭᠠᠬᠤ᠂ ᠬᠦᠭᠵᠢᠮ ᠤᠨ ᠲᠢᠩᠬᠢᠮ᠂ ᠺᠢᠨᠤ᠋ ᠳᠦᠷᠰᠣ ᠰᠣᠶᠤᠯ ᠵᠢᠴᠢ ᠠᠵᠢᠯᠯᠠᠬᠤ ᠭᠠᠵᠠᠷ ᠢᠶᠠᠷ | ᠨᠢᠭᠡ ᠴᠣᠭᠴᠠ ᠪᠣᠯᠭᠠᠭᠰᠠᠨ ᠦᠢᠯᠡᠴᠢᠯᠡᠭᠡ ᠶᠢ ᠪᠠᠭᠳᠠᠭᠠᠭᠰᠠᠨ ᠭᠠᠵᠠᠷ ᠳᠣᠷᠣᠭᠰᠢ ᠨᠢᠭᠡᠨ ᠲᠠᠪᠬᠤᠷ᠂ ᠭᠠᠵᠠᠷ ᠠᠴᠠ ᠳᠡᠭᠡᠭᠰᠢ ᠭᠤᠷᠪᠠᠨ ᠲᠠᠪᠬᠤᠷ ᠲᠤᠮᠤ ᠬᠡᠯᠪᠡᠷᠢ | ᠶᠢᠨ ᠶᠡᠷᠦᠩᠬᠡᠶᠢᠯᠡᠭᠰᠡᠨ ᠪᠠᠷᠢᠯᠭ᠎ᠠ ᠶᠤᠮ᠃ ᠪᠠᠷᠢᠯᠭ᠎ᠠ ᠶᠢᠨ ᠬᠡᠯᠪᠡᠷᠢ ᠮᠠᠶ᠋ᠢᠭ ᠨᠢ ᠨᠡᠶᠢᠯᠡᠮᠵᠢᠲᠠᠢ ᠰᠠᠶᠢᠬᠠᠨ ᠪᠠᠶᠢᠵᠦ᠂ ᠣᠷᠳᠣᠰ ᠤᠨ ᠣᠨᠴᠠᠭᠠᠢ ᠰᠤᠶᠤᠯ ᠤᠨ | ᠠᠭᠤᠯᠣᠭᠳᠠᠬᠤᠨ ᠪᠤᠯᠤᠨ ᠴᠤᠭ ᠵᠢᠪᠬᠤᠭ᠎ᠠ ᠶᠢ ᠬᠠᠷᠠᠭᠤᠯᠤᠨ᠎ᠠ᠃ ᠪᠠᠷᠢᠯᠭ᠎ᠠ ᠶᠢ ᠲᠦᠰᠦᠪᠯᠡᠭᠰᠡᠨ ᠨᠢ ᠰᠢᠨᠡᠷᠡᠬᠦᠦ᠂ ᠦᠨᠳᠦᠰᠦᠳᠡᠨ ᠤ ᠤᠨᠴᠠᠯᠢᠭ ᠲᠤᠪᠤᠶᠢᠮ᠎ᠠ᠂ | ᠬᠡᠷᠡᠭᠯᠡᠭᠡᠨ ᠤ ᠦᠢᠯᠡᠳᠦᠯ ᠪᠤᠯᠤᠨ ᠲᠤᠨᠤᠭ ᠲᠦᠬᠦᠭᠡᠷᠦᠮᠵᠢ ᠨᠢ ᠪᠦᠷ ᠤᠯᠣᠰ ᠤᠨ ᠲᠡᠷᠢᠭᠦᠨ ᠤ ᠬᠡᠮᠵᠢᠶᠡᠨ ᠳᠤ ᠬᠦᠷᠴᠠᠢ᠃ | | | | |