ᠲᠣᠭᠤᠷᠢᠭ ᠤᠨ ᠵᠠᠰᠠᠭ ᠤᠨ ᠣᠷᠳᠣᠨ 2023 ᠣᠨ ᠤ 8 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2023/5/9
微信图片_20230509104038.jpg 
       5 ᠰᠠᠷ᠎ᠠ ᠶᠢᠨ 8 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 8 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃       ᠬᠤᠷᠠᠯ ᠠᠴᠠ ᠬᠤᠷᠢᠳᠤᠭᠠᠷ ᠬᠤᠭᠤᠴᠠᠭᠠᠨ ᠤ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠩᠬᠠᠳᠤᠭᠠᠷ ᠣᠳᠠᠭᠠᠨ  ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠢᠶ᠎ᠠ ᠪᠠᠭᠰᠢ ᠲᠣᠭᠤᠷᠢᠭ ᠤᠨ ᠥᠭᠡᠷᠡᠴᠢᠯᠡᠯᠲᠡ ᠬᠥᠭᠵᠢᠯᠲᠡ ᠶᠢᠨ ᠪᠣᠳᠠᠲᠤ ᠪᠠᠶᠢᠳᠠᠯ ᠲᠠᠢ ᠣᠶᠠᠯᠳᠣᠭᠤᠯᠣᠨ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠰᠢᠨ᠎ᠡ ᠱᠠᠲᠤ ᠦᠶ᠎ᠡ ᠰᠢᠨ᠎ᠡ ᠪᠠᠶᠢᠳᠠᠯ ᠰᠢᠨ᠎ᠡ ᠠᠵᠠ ᠲᠣᠬᠢᠶᠠᠯ ᠢ ᠪᠠᠲᠤ ᠡᠵᠡᠮᠳᠡᠨ᠂ ᠰᠢᠨᠵᠢᠯᠡᠬᠦ ᠤᠬᠠᠭᠠᠨ ᠰᠤᠳᠤᠯᠭᠠᠨ ᠤ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠵᠤ ᠬᠡᠷᠡᠭᠲᠡᠢ ᠭᠡᠵᠦ ᠴᠢᠬᠤᠯᠠᠴᠢᠯᠠᠪᠠ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠵᠣᠷᠢᠭᠵᠢᠭᠤᠯᠵᠤ᠂ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠰᠢᠨᠲᠠᠷᠠᠰᠢ ᠦᠭᠡᠢ ᠰᠢᠯᠢᠳᠡᠭᠵᠢᠭᠦᠯᠬᠦ ᠶᠢ ᠪᠠᠷᠢᠮᠲᠠᠯᠠᠨ᠂ ᠡᠯ᠎ᠡ ᠵᠦᠢᠯ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢᠨ ᠤᠨᠢᠨ ᠳᠡᠭᠡᠷ᠎ᠡ ᠨᠢ ᠰᠢᠭᠤᠳ ᠬᠦᠷᠬᠦ ᠶᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠡᠷᠴᠢᠮ ᠢᠶᠠᠨ ᠴᠢᠩᠭᠠᠷᠠᠭᠤᠯᠵᠤ᠂ ᠳᠡᠭᠡᠷ᠎ᠡ ᠳᠣᠣᠷ᠎ᠠ ᠱᠠᠲᠤ ᠪᠠᠷ ᠢᠶᠠᠨ ᠬᠠᠮᠵᠢᠯᠴᠠᠭᠰᠠᠨ᠂ ᠰᠢᠰᠲ᠋ᠧᠮ ᠬᠡᠰᠡᠭ ᠢ ᠤᠶᠠᠯᠳᠤᠭᠤᠯᠤᠭᠰᠠᠨ᠂ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃       ᠬᠤᠷᠠᠯ ᠳᠡᠭᠡᠷ᠎ᠡ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ︽ᠬᠥᠬᠡᠨᠠᠭᠤᠷ ᠮᠤᠵᠢ ᠶᠢᠨ 6 ᠤᠳᠤᠷᠢᠳᠬᠤ ᠺᠠᠳ᠋ᠷ ᠤᠨ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠵᠢᠴᠢ ᠰᠤᠷᠭᠠᠮᠵᠢ ᠪᠣᠯᠣᠨ ᠰᠡᠷᠡᠮᠵᠢᠯᠡᠭᠦᠯᠦᠯ ᠤᠨ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠭᠦᠨᠵᠡᠭᠡᠢ ᠰᠤᠷᠭᠠᠮᠵᠢ ᠠᠪᠴᠤ᠂ ᠲᠥᠪ ᠤᠨ ᠨᠠᠢᠮᠠᠨ ᠵᠦᠢᠯ ᠤᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭᠠᠨ ᠤ ᠨᠠᠶᠢᠳᠠᠪᠤᠷᠢᠵᠢᠭᠤᠯᠤᠯᠲᠠ ᠶᠢ ᠴᠢᠩᠭ᠎ᠠ ᠰᠠᠶᠢᠲᠤᠷ ᠠᠳᠬᠤᠵᠤ᠂ ︽ᠳᠦᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ ᠪᠠ ᠤᠷᠲᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠪᠡᠶ᠎ᠡ ᠪᠠᠨ ᠴᠢᠩᠭ᠎ᠠ ᠱᠠᠭᠠᠷᠳᠠᠨ᠂ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠵᠦ᠂ ᠬᠠᠷᠢᠶᠠᠯᠠᠯ ᠢᠶᠠᠨ ᠴᠢᠩᠭ᠎ᠠ ᠬᠠᠮᠢᠶᠠᠷᠬᠤ ᠶᠢ ᠦᠨᠡᠨᠬᠦ ᠪᠡᠶᠡᠯᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠴᠡᠭᠴᠡᠯᠡᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠨ ᠪᠠᠲᠤᠳᠬᠠᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ᠃       ᠬᠤᠷᠠᠯ ᠠᠴᠠ ᠳᠡᠭᠡᠳᠦ ᠱᠠᠲᠤᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠢᠶ᠎ᠠ ᠪᠠᠭᠰᠢ ᠲᠣᠭᠤᠷᠢᠭ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠢ ᠮᠡᠳᠡᠭᠳᠡᠵᠦ᠂ ︽ᠬᠢᠶ᠎ᠠ ᠪᠠᠭᠰᠢ ᠲᠣᠭᠤᠷᠢᠭ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠠᠬᠢᠭᠤᠯᠬᠤ ᠲᠥᠰᠥᠯ︾  ᠢ ᠰᠤᠳᠤᠯᠤᠨ ᠬᠢᠨᠠᠨ ᠵᠥᠪᠯᠡᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ︽ᠲᠠᠯᠪᠢᠬᠤ ᠬᠠᠮᠢᠶᠠᠷᠬᠤ ᠦᠢᠯᠡᠴᠢᠯᠡᠬᠦ︾ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠭᠡᠷᠡᠴᠢᠯᠡᠯ ᠦᠭᠡᠢ ᠬᠤᠳᠠ︾ ᠶᠢᠨ ᠪᠠᠶᠢᠭᠤᠯᠤᠯᠲᠠ ᠶᠢ ᠭᠦᠨᠵᠡᠭᠡᠢ ᠠᠭᠢᠭᠤᠯᠣᠨ᠂ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭᠲᠠᠢ ᠠᠷᠠᠳ ᠲᠤ ᠲᠦᠬᠦᠮ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠤᠯᠠᠨ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠶᠠᠪᠤᠳᠠᠯ ᠢ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠡᠭᠦᠰᠬᠡᠯ ᠪᠠ ᠲᠡᠭᠦᠰᠬᠡᠯ ᠪᠣᠯᠭᠠᠵᠤ᠂ ᠬᠠᠤᠯᠢ ᠪᠠᠷ ᠵᠠᠰᠠᠬᠤ ᠬᠦᠷᠢᠶᠡᠨ ᠳᠠᠬᠢ ᠠᠷᠠᠳ ᠤᠯᠠᠨ ᠤ ᠲᠤᠰᠬᠠᠯ ᠶᠡᠬᠡᠲᠡᠢ ᠲᠣᠪᠣᠶᠢᠮ᠎ᠠ ᠠᠰᠠᠭᠤᠳᠠᠯ ᠢ ᠰᠢᠰᠲ᠋ᠧᠮ ᠲᠠᠢ ᠪᠠᠷ ᠰᠤᠳᠤᠯᠤᠨ ᠰᠦᠪᠡᠭᠴᠢᠯᠡᠬᠦ ᠪᠠ ᠰᠢᠢᠳᠪᠦᠷᠢᠯᠡᠵᠦ᠂ ᠥᠨᠳᠥᠷ ᠬᠢᠷᠢ ᠲᠦᠪᠰᠢᠨ ᠪᠦᠬᠦᠢ ᠬᠠᠤᠯᠢ ᠪᠠᠷ ᠵᠠᠰᠠᠬᠤ ᠪᠠᠷ ᠰᠠᠭᠤᠭᠠᠯᠢ ᠠᠷᠠᠳ ᠤᠯᠠᠨ ᠤ ᠥᠨᠳᠥᠷ ᠶᠠᠰᠤ ᠴᠢᠨᠠᠷ ᠲᠠᠢ ᠠᠮᠢᠳᠤᠷᠠᠯ ᠢ ᠰᠠᠶᠢᠲᠤᠷ ᠰᠠᠬᠢᠨ ᠬᠠᠮᠠᠭᠠᠯᠠᠬᠤ ᠪᠠᠷ ᠴᠢᠷᠮᠠᠶᠢᠬᠤ ᠬᠡᠷᠡᠭᠲᠡᠢ᠃       ᠬᠤᠷᠠᠯ ᠠᠴᠠ ᠪᠠᠰᠠ ᠪᠤᠰᠤᠳ ᠵᠦᠢᠯ ᠢ ᠰᠣᠳᠣᠯᠪᠠ᠃ 
ᠢᠷᠡᠯᠲᠡ᠄ ᠲᠣᠰ ᠰᠥᠯᠵᠢᠶ᠎ᠡ