ᠡᠮ ᠤᠨ ᠳᠡᠯᠭᠡᠭᠦᠷ ᠨᠢ ᠡᠮ ᠡᠮᠨᠡᠯᠭᠡ ᠶᠢᠨ ᠳᠠᠭᠠᠳᠬᠠᠯ ᠳᠤ ᠣᠷᠣᠭᠰᠠᠨ ᠠᠵᠢᠯᠲᠠᠨ ᠳᠤ ᠳᠠᠩᠰᠠ ᠲᠠᠶᠢᠯᠬᠤ ᠦᠢᠯᠡᠴᠢᠯᠡᠭᠡ ᠶᠢ ᠬᠠᠩᠭᠠᠬᠤ ᠪᠤᠯᠤᠯ᠎ᠠ
ᠨᠡᠶᠢᠲᠡᠯᠡᠭᠰᠡᠨ ᠴᠠᠭ᠄
2023/5/9
        ᠲᠦᠷᠦᠬᠦᠬᠡᠨ᠂ ᠤᠯᠤᠰ ᠤᠨ ᠡᠮ ᠡᠮᠨᠡᠯᠬᠡ ᠶᠢᠨ ᠪᠠᠳᠤᠯᠠᠭ᠎ᠠ ᠶᠢᠨ ᠳᠤᠪᠴᠢᠶ᠎ᠡ ︽ᠴᠡᠭ ᠳᠤᠭᠳᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠬᠡᠬᠦᠷ ᠢ ᠡᠭᠦᠳᠡᠨ ᠡᠮᠨᠡᠯᠬᠡ ᠶᠢᠨ ᠨᠢᠬᠡᠳᠤᠯᠳᠠᠢ ᠲᠦᠯᠣᠪᠵᠢᠬᠦᠯᠭᠡ ᠶᠢᠨ ᠬᠠᠮᠢᠶᠠᠷᠦᠯᠳᠠ ᠳᠤ ᠤᠷᠤᠭᠤᠯᠬᠤ ᠶᠢ ᠤᠯᠠᠮ ᠨᠢᠭᠡ ᠠᠯᠬᠤᠮ ᠰᠠᠶᠢᠳᠤᠷ ᠬᠢᠬᠦ ᠳᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ᠡᠨᠡ ᠨᠢ ᠡᠮ ᠡᠮᠨᠡᠯᠭᠡ ᠶᠢᠨ ᠳᠠᠭᠠᠳᠬᠠᠯ ᠳᠤ ᠣᠷᠣᠭᠰᠠᠨ ᠠᠵᠢᠯᠲᠠᠳ ᠡᠮ ᠤᠨ ᠳᠡᠯᠭᠡᠭᠦᠷ ᠠᠴᠠ ᠡᠮ ᠬᠤᠳᠠᠯᠳᠤᠨ ᠠᠪᠬᠤ ᠳᠤ ᠡᠮ ᠡᠮᠨᠡᠯᠭᠡ ᠶᠢᠨ ᠲᠠᠭᠠᠳᠬᠠᠯ ᠢᠶᠠᠷ ᠳᠠᠩᠰᠠ ᠲᠠᠶᠢᠯᠵᠦ ᠳᠡᠶᠢᠯᠬᠦ ᠪᠤᠯᠤᠭᠰᠠᠨ ᠢ ᠬᠠᠷᠠᠭᠤᠯᠵᠦ ᠪᠠᠶᠢᠨ᠎ᠠ᠃ ᠬᠠᠩᠭᠢᠨ ᠬᠤᠰᠢᠭᠤᠨ ᠤ ᠬᠤᠶᠠᠷ ᠡᠮ ᠤᠨ ᠳᠡᠯᠭᠡᠭᠦᠷ ᠡᠮ ᠡᠮᠨᠡᠯᠭᠡ ᠶᠢᠨ ᠳᠠᠭᠠᠳᠬᠠᠯ ᠳᠤ ᠣᠷᠣᠭᠰᠠᠨ ᠠᠵᠢᠯᠲᠠᠳ ᠲᠤ ᠳᠠᠩᠰᠠ ᠲᠠᠶᠢᠯᠬᠤ ᠦᠢᠯᠡᠴᠢᠯᠡᠭᠡ ᠶᠢ ᠬᠠᠩᠭᠠᠬᠤ ᠪᠤᠯᠵᠤ᠂ ᠠᠵᠢᠯᠳᠠᠳ ᠤᠨ ᠡᠮ ᠬᠤᠳᠠᠯᠳᠤᠨ ᠠᠪᠬᠤ ᠳᠤ ᠲᠦᠭᠦᠮ ᠪᠤᠯᠭᠠᠬᠰᠠᠨ ᠪᠠᠶᠢᠨ᠎ᠠ᠃        ᠰᠤᠷᠪᠤᠯᠵᠢᠯᠠᠭᠴᠢ ᠬᠠᠩᠭᠢᠨ ᠬᠤᠰᠢᠭᠤᠨ ᠤ ᠵᠦᠩ ᠷᠦᠢ ᠡᠮ ᠤᠨ ᠳᠡᠯᠬᠡᠬᠦᠷ ᠤᠨ ᠭᠤᠷᠪᠠᠳᠣᠭᠷ ᠬᠤᠪᠢᠶᠠᠷᠢ ᠳᠡᠯᠬᠡᠬᠦᠷ ᠲᠤ ᠬᠦᠷᠬᠦ ᠳᠤ᠂ ᠲᠠᠯᠭᠡᠭᠦᠷ ᠤᠨ ᠠᠵᠢᠯᠳᠠᠨ ᠠᠵᠢᠯ ᠠᠴᠠ ᠪᠠᠨ ᠠᠮᠠᠷᠠᠭᠰᠠᠨ ᠪᠠᠳᠮ᠎ᠠ ᠨᠠᠰᠤᠳᠠᠨ ᠳᠤ ᠡᠮ ᠬᠤᠳᠠᠯᠳᠤᠨ ᠠᠪᠬᠤ ᠳᠤ ᠬᠡᠷᠬᠢᠨ ᠳᠠᠩᠰᠠ ᠲᠠᠶᠢᠯᠬᠤ ᠳᠤᠬᠠᠢ ᠨᠠᠷᠢᠨ ᠨᠢᠮᠪᠠᠢ ᠲᠠᠶᠢᠯᠪᠤᠷᠢᠯᠡᠵᠦ ᠪᠠᠶᠢᠯ᠎ᠠ᠃ ᠨᠠᠰᠣᠲᠠᠨ ᠠᠵᠢᠯᠳᠠᠨ ᠤ ᠲᠠᠨᠢᠯᠴᠠᠭᠤᠯᠭ᠎ᠠ ᠪᠠᠷ ᠬᠡᠷᠡᠭᠴᠡᠭᠡ ᠳᠡᠭᠡᠨ ᠲᠣᠬᠢᠷᠡᠭᠤᠯᠣᠨ 33 ᠲᠦᠭᠦᠷᠢᠭ ᠤᠨ ᠶᠦᠨ ᠨᠠᠨ ᠲᠦᠷᠬᠢᠬᠦ ᠡᠮ ᠢ ᠠᠪᠣᠭᠰᠠᠨ ᠳᠤ᠂ ᠡᠮ ᠤᠨ ᠳᠡᠯᠬᠡᠬᠦᠷ ᠤᠨ ᠬᠢᠨ ᠪᠠᠷᠢᠨ ᠳᠣᠣᠷ᠎ᠠ ᠨᠢ ᠬᠠᠷᠢᠴᠠᠯ ᠶᠣᠰᠣᠭᠠᠷ ᠳᠠᠩᠰᠠ ᠲᠠᠶᠢᠯᠵᠣ᠂ ᠪᠠᠳᠮ᠎ᠠ ᠨᠠᠰᠤᠳᠠᠨ ᠦᠪᠡᠰᠤᠪᠡᠨ ᠵᠦᠪᠬᠡᠨ 6.6 ᠲᠦᠭᠦᠷᠢᠭ ᠵᠠᠷᠣᠴᠠᠭᠤᠯᠪᠠ᠃ ︽ᠦᠡᠭᠭᠡᠷᠡᠭᠰᠡᠨ ᠳᠤ ᠡᠮ ᠤᠨ ᠳᠡᠯᠬᠡᠬᠦᠷ ᠠᠴᠠ ᠡᠮ ᠬᠤᠳᠠᠯᠳᠤᠨ ᠠᠪᠬᠤ ᠳᠤ ᠦᠨ᠎ᠠ ᠨᠢ ᠭᠡᠳᠤᠢ ᠪᠠᠶᠢᠪᠠᠯ ᠲᠡᠳᠤᠢ ᠶᠢ ᠪᠦᠷ ᠦᠪᠡᠷ ᠢᠶᠠᠨ ᠲᠠᠭᠠᠭᠠᠵᠤ ᠪᠠᠶᠢᠬᠰᠠᠨ ᠶᠣᠮ᠂ ᠡᠨᠡ ᠣᠳᠠᠭ᠎ᠠ ᠣᠯᠣᠰ ᠤᠨ ᠲᠦᠷᠦ ᠶᠢᠨ ᠪᠣᠳᠣᠯᠭ᠎ᠠ ᠶᠢᠨ ᠬᠠᠷᠠᠭᠠᠯᠵᠠᠯ ᠢᠶᠠᠷ ᠶᠡᠭᠡ ᠬᠢᠮᠳᠡ ᠪᠠᠷ ᠠᠪᠣᠯ᠎ᠠ᠂ ᠮᠡᠨ ᠤ ᠨᠠᠰᠣᠲᠠᠶᠢᠴᠣᠳ ᠲᠤ ᠶᠣᠰᠣᠲᠠᠢ ᠶᠡᠭᠡ ᠰᠠᠶᠢᠬᠠᠨ ᠣᠴᠢᠷ ᠪᠠᠶᠢᠨ᠎ᠠ᠂ ᠪᠠᠭ᠎ᠠ ᠦᠭᠡᠢ ᠵᠣᠭᠤᠰ ᠠᠷᠪᠢᠯᠠᠨ᠎ᠠ︾ ᠬᠡᠵᠣ ᠪᠠᠳᠮ᠎ᠠ ᠨᠠᠰᠣᠳᠠᠨ ᠪᠠᠶᠠᠷᠳᠠᠶᠢᠬᠠᠨ ᠶᠠᠷᠢᠵᠣ ᠪᠠᠶᠢᠯ᠎ᠠ᠃        ᠣᠶᠢᠯᠠᠭᠠᠭᠰᠠᠨ ᠢᠶᠠᠷ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠤ ᠬᠤᠳᠠᠯᠳᠤᠨ ᠠᠪᠤᠭᠰᠠᠨ ᠡᠮ ᠤᠨ ᠵᠦᠢᠯ ᠨᠢ ᠡᠮ ᠡᠮᠨᠡᠯᠭᠡ ᠶᠢᠨ ᠳᠠᠭᠠᠳᠬᠠᠯ ᠤᠨ ᠭᠠᠷᠴᠠᠭ ᠲᠤ ᠪᠠᠶᠢᠬᠤ ᠡᠮ ᠤᠨ ᠵᠦᠢᠯ ᠮᠦᠷᠳᠡᠭᠡᠨ ᠳᠠᠩᠰᠠ ᠲᠠᠶᠢᠯᠬᠤ ᠪᠠᠷᠢᠮᠵᠢᠶ᠎ᠡ ᠳᠤ ᠬᠦᠷᠦᠭᠰᠡᠨ ᠪᠠᠶᠢᠪᠠᠯ ᠬᠠᠷᠢᠴᠠᠯ ᠶᠣᠰᠣᠭᠠᠷ ᠲᠠᠩᠰᠠ ᠲᠠᠶᠢᠯᠬᠤ ᠶᠢ ᠪᠡᠶᠡᠯᠡᠭᠦᠯᠵᠦ ᠲᠠᠶᠢᠯᠤᠨ᠎ᠠ᠃ ᠡᠮ ᠤᠨ ᠳᠡᠯᠭᠡᠬᠦᠷ ᠤᠨ ᠲᠠᠩᠰᠠ ᠲᠠᠶᠢᠯᠬᠤ ᠡᠬᠢᠯᠡᠯᠳᠡ ᠶᠢᠨ ᠱᠤᠭᠤᠮ ᠢ ᠡᠮ ᠡᠮᠨᠡᠯᠬᠡ ᠶᠢᠨ ᠪᠠᠶᠢᠭᠤᠯᠤᠮᠵᠢ ᠲᠠᠢ ᠠᠳᠠᠯᠢᠬᠠᠠ ᠢᠶᠠᠷ 1000 ᠲᠥᠭᠦᠷᠢᠭ ᠢᠶᠠᠷ ᠪᠠᠷᠢᠮᠵᠢᠶᠠᠯᠠᠵᠤ᠂ ᠢᠯᠡᠬᠦᠦ ᠵᠠᠷᠤᠴᠠᠭᠤᠯᠤᠭᠰᠠᠨ ᠬᠡᠰᠡᠭ ᠢ ᠨᠢ ᠳᠠᠩᠰᠠ ᠲᠠᠶᠢᠯᠤᠨ᠎ᠠ᠃ ᠠᠵᠢᠯᠯᠠᠵᠦ ᠪᠠᠶᠢᠭ᠎ᠠ ᠠᠵᠢᠯᠲᠠᠨ ᠳᠤ 75% ᠶᠢᠨ ᠬᠠᠷᠢᠴᠠᠯ ᠢᠶᠠᠷ ᠳᠠᠩᠰᠠ ᠲᠠᠶᠢᠯᠵᠦ᠂ ᠪᠦᠬᠦ ᠵᠢᠯ ᠤᠨ ᠳᠠᠩᠰᠠ ᠲᠠᠶᠢᠯᠬᠤ ᠲᠡᠭᠡᠳᠤ ᠬᠢᠵᠠᠭᠠᠷ ᠨᠢ 5000 ᠲᠦᠬᠦᠷᠢᠭ ᠪᠠᠶᠢᠵᠦ᠂ ᠠᠵᠢᠯ ᠠᠴᠠ ᠪᠠᠨ ᠠᠮᠠᠷᠠᠭᠰᠠᠨ ᠠᠵᠢᠯᠳᠠᠨ ᠳᠤ 80% ᠶᠢᠨ ᠬᠠᠷᠢᠴᠠᠯ ᠢᠶᠠᠷ ᠲᠠᠩᠰᠠ ᠲᠠᠶᠢᠯᠵᠦ᠂ ᠳᠠᠩᠰᠠ ᠲᠠᠶᠢᠯᠬᠤ ᠲᠡᠭᠡᠳᠤ ᠬᠢᠵᠠᠭᠠᠷ ᠨᠢ 6000 ᠲᠥᠭᠦᠷᠢᠭ ᠪᠣᠯᠤᠨ᠎ᠠ᠃
ᠢᠷᠡᠯᠲᠡ᠄ ᠤᠷᠳᠤᠰ ᠤᠨ ᠡᠳᠤᠷ ᠤᠨ ᠰᠤᠨᠢᠨ