ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠤᠨᠤᠭᠴᠢᠳ ᠤᠨ ᠲᠤᠭᠤᠯᠠᠭ᠎ᠠ ᠶᠢᠨ ᠶᠠᠰᠤ ᠴᠢᠨᠠᠷ ᠤᠨ ᠪᠠᠷᠢᠮᠵᠢᠶ᠎ᠠ ᠪᠣᠯᠤᠨ ᠠᠮᠤᠷ ᠲᠦᠪᠰᠢᠨ ᠤ ᠴᠢᠳᠠᠮᠵᠢ ᠶᠢ | ᠵᠢᠷᠤᠮᠵᠢᠭᠤᠯᠤᠨ ᠳᠡᠭᠡᠭᠰᠢᠯᠡᠭᠦᠯᠵᠦ᠂ ᠳᠤᠭᠤᠢ ᠲᠡᠷᠭᠡ ᠤᠨᠤᠬᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠦᠯᠦᠭᠡ᠂ ᠳᠣᠲᠣᠭᠠᠳᠤ ᠶᠢ | ᠬᠠᠮᠠᠭᠠᠯᠠᠬᠤ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠬᠠᠮᠲᠤ ᠪᠠᠷ ︽ᠮᠣᠲ᠋ᠣᠷ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ | ᠤᠨᠤᠬᠴᠢᠳ ᠤᠨ ᠲᠤᠭᠤᠯᠠᠭ᠎ᠠ︾ ᠶᠢᠨ ᠤᠯᠤᠰ ᠤᠨ ᠪᠠᠷᠢᠮᠵᠢᠶ᠎ᠠ ︵GB 811 — 2022᠂ ᠳᠣᠤᠷ᠎ᠠ ︽ᠰᠢᠨ᠎ᠡ ᠪᠠᠷᠢᠮᠵᠢᠶ᠎ᠠ︾ ᠭᠡᠵᠦ ᠲᠦᠬᠦᠮᠴᠢᠯᠡᠨ᠎ᠠ︶ ᠶᠢ | ᠲᠣᠭᠲᠠᠭᠠᠵᠠᠢ᠃ ᠡᠨᠡ ᠪᠤᠯ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠤᠨᠤᠬᠴᠢᠳ ᠤᠨ ᠲᠤᠭᠤᠯᠠᠭ᠎ᠠ ᠶᠢᠨ ᠲᠤᠬᠠᠢ ᠠᠩᠬᠠᠨ ᠤ ᠠᠯᠪᠠᠳᠠᠯᠭ᠎ᠠ ᠶᠢᠨ ᠴᠢᠨᠠᠷᠲᠠᠢ | ᠤᠯᠤᠰ ᠤᠨ ᠪᠠᠷᠢᠮᠵᠢᠶ᠎ᠠ ᠮᠦᠨ᠂ 2022 ᠣᠨ ᠤ 12 ᠰᠠᠷ᠎ᠠ ᠶᠢᠨ 1 ᠤ ᠡᠳᠦᠷ ᠨᠡᠶᠢᠲᠡᠯᠡᠵᠤ᠂ 2023 ᠣᠨ ᠤ 7 ᠰᠠᠷ᠎ᠠ ᠶᠢᠨ 1 ᠠᠴᠠ ᠬᠡᠷᠡᠭᠵᠢᠭᠦᠯᠤᠨ᠎ᠡ᠃ ︽ | ᠲᠤᠭᠤᠯᠠᠭ᠎ᠠ︾ ᠶᠢᠨ ᠲᠣᠨᠣᠭᠯᠠᠯ ᠤᠨ ᠲᠣᠭᠲᠠᠪᠤᠷᠢᠲᠤ ᠴᠢᠨᠠᠷ᠂ ᠳᠠᠭᠠᠭᠠᠴᠠ᠂ ᠨᠢᠳᠦ ᠬᠠᠮᠠᠭᠠᠯᠠᠬᠤ ᠰᠢᠯ ᠵᠡᠷᠭᠡ ᠲᠠᠯ᠎ᠠ ᠪᠠᠷ ᠴᠢᠩᠭ᠎ᠠ ᠲᠣᠭᠲᠠᠭᠠᠯ ᠭᠠᠷᠭᠠᠬᠰᠠᠨ | ᠪᠠᠶᠢᠨ᠎ᠠ᠃ ᠡᠭᠦᠨ ᠠᠴᠠ ᠡᠮᠦᠨ᠎ᠡ᠂ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠶᠠᠮᠤᠨ ᠲᠤᠮᠳᠠᠳᠦ ᠤᠯᠤᠰ ᠤᠨ ᠰᠣᠶᠣᠯ ᠰᠤᠷᠭᠠᠨ ᠬᠦᠮᠤᠵᠢᠯ | ᠪᠡᠶ᠎ᠡ ᠶᠢᠨ ᠲᠠᠮᠢᠷ ᠤᠨ ᠬᠡᠷᠡᠭᠰᠡᠯ ᠤᠨ ᠨᠡᠶᠢᠭᠡᠮᠯᠢᠭ ᠢ ᠵᠢᠯᠤᠭᠤᠳᠤᠨ ᠪᠦᠯᠬᠦᠮ ᠤᠨ ᠪᠠᠷᠢᠮᠵᠢᠶ᠎ᠠ ᠪᠤᠯᠬᠤ ︽ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ | ᠤᠨᠤᠬᠴᠢᠳ ᠤᠨ ᠲᠤᠭᠤᠯᠠᠭ᠎ᠠ ᠶᠢᠨ ᠬᠠᠮᠠᠭᠠᠯᠠᠯᠳᠠ ᠶᠢᠨ ᠮᠡᠷᠭᠡᠵᠢᠯ ᠤᠨ ᠳᠦᠷᠢᠮᠵᠢᠯ︾ ᠢ ᠲᠤᠭᠳᠠᠭᠠᠬᠤ ᠶᠢᠨ ᠬᠠᠮᠳᠤ ᠠᠵᠤ ᠠᠬᠤᠶᠢᠯᠠᠯ ᠤᠨ ᠭᠡᠷᠡᠭᠵᠢᠬᠦᠯᠬᠦ ᠶᠢ | ᠵᠤᠷᠢᠬᠵᠢᠭᠤᠯᠪᠠ᠃ | ᠰᠢᠨ᠎ᠡ ᠪᠠᠷᠢᠮᠵᠢᠶ᠎ᠠ ᠶᠢ ᠨᠡᠶᠢᠲᠡᠯᠡᠭᠰᠡᠨ ᠤ ᠳᠠᠷᠠᠭ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ 2023 ᠤᠨ ᠤ 3 ᠰᠠᠷ᠎ᠠ ᠶᠢᠨ 10 ᠤ | ᠡᠳᠤᠷ ᠬᠤᠷᠠᠯ ᠬᠤᠷᠠᠯᠳᠤᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠤᠨᠤᠬᠴᠢᠳ ᠤᠨ ᠲᠤᠭᠤᠯᠠᠭ᠎ᠠ ᠦᠢᠯᠡᠳᠪᠦᠷᠢᠯᠡᠬᠦ ᠭᠤᠤᠯᠳᠠᠯᠭ᠎ᠠ ᠲᠠᠢ ᠠᠵᠤ | ᠠᠬᠤᠶᠢᠯᠠᠯ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠦᠢᠯᠡᠳᠪᠦᠷᠢᠯᠡᠬᠦ ᠠᠵᠤ ᠠᠬᠤᠶᠢᠯᠠᠯ ᠵᠢᠴᠢ ᠬᠠᠮᠢᠶ᠎ᠠ ᠪᠦᠬᠦᠢ ᠪᠣᠷᠣᠯᠠᠭᠤᠯᠭ᠎ᠠ ᠶᠢᠨ ᠬᠤᠳᠠᠯᠳᠤᠭᠠᠴᠢᠳ ᠲᠤ | ᠰᠢᠨ᠎ᠡ ᠪᠠᠷᠢᠮᠵᠢᠶ᠎ᠠ ᠶᠢ ᠤᠬᠠᠭᠤᠯᠤᠨ ᠲᠤᠭᠤᠰᠢᠯᠠᠭᠤᠯᠪᠠ᠃ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ︽3 · 15︾ ᠤ | ᠦᠳᠡᠰᠢᠯᠡᠭᠡ ᠶᠢ ᠲᠡᠭᠡᠳᠤ ᠭᠡᠮᠵᠢᠶ᠎ᠠ ᠪᠠᠷ ᠠᠩᠬᠠᠷᠤᠨ ᠵᠠᠷᠢᠮ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠤᠨᠤᠬᠴᠢᠳ ᠤᠨ ᠲᠤᠭᠤᠯᠠᠭ᠎ᠠ ᠶᠢᠨ ᠶᠠᠰᠤ ᠴᠢᠨᠠᠷ | ᠪᠠᠷᠢᠮᠵᠢᠶ᠎ᠠ ᠳᠤ ᠬᠦᠷᠬᠦ ᠦᠭᠡᠢ ᠪᠠᠶᠢᠬᠤ ᠦᠵᠡᠭᠳᠡᠯ ᠢ ᠢᠯᠡᠴᠢᠯᠡᠭᠰᠡᠨ ᠪᠠᠶᠢᠨ᠎ᠠ᠃ ᠳᠠᠷᠠᠭᠠᠴᠢ ᠪᠠᠷ ᠲᠤᠰ ᠶᠠᠮᠤᠨ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠢᠨ᠎ᠡ ᠪᠠᠷᠢᠮᠵᠢᠶ᠎ᠠ ᠶᠢ ᠤᠬᠠᠭᠤᠯᠤᠨ ᠲᠤᠭᠤᠰᠢᠯᠠᠭᠤᠯᠵᠤ ᠬᠡᠷᠡᠭᠵᠢᠭᠦᠯᠬᠦ ᠶᠢ ᠤᠯᠠᠮ ᠴᠢᠩᠭᠠᠳᠬᠠᠵᠤ᠂ ᠠᠵᠤ | ᠠᠬᠤᠶᠢᠯᠠᠯ ᠢ ᠵᠢᠯᠣᠭᠤᠳᠤᠨ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠪᠠᠷ ᠪᠤᠢ᠃ ᠨᠢᠭᠡ ᠳᠤ᠂ ᠰᠢᠨ᠎ᠡ ᠪᠠᠷᠢᠮᠵᠢᠶ᠎ᠠ ᠶᠢ ᠤᠬᠠᠭᠤᠯᠤᠨ ᠲᠤᠭᠤᠰᠢᠯᠠᠭᠤᠯᠬᠤ | ᠠᠵᠢᠯ ᠢ ᠴᠢᠩᠭᠠᠳᠬᠠᠨ᠎ᠠ᠃ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠤᠨᠤᠬᠴᠢᠳ ᠤᠨ ᠲᠤᠭᠤᠯᠠᠭ᠎ᠠ ᠦᠢᠯᠡᠳᠪᠦᠷᠢᠯᠡᠬᠦ ᠠᠵᠤ ᠠᠬᠤᠶᠢᠯᠠᠯ᠂ ᠴᠠᠬᠢᠯᠭᠠᠨ | ᠬᠥᠳᠡᠯᠭᠡᠭᠦᠷᠲᠦ ᠳᠤᠭᠤᠢ ᠲᠡᠷᠭᠡ ᠦᠢᠯᠡᠳᠪᠦᠷᠢᠯᠡᠬᠦ ᠠᠵᠤ ᠠᠬᠤᠶᠢᠯᠠᠯ ᠵᠢᠴᠢ ᠬᠠᠮᠢᠶ᠎ᠠ ᠪᠦᠬᠦᠢ ᠪᠣᠷᠣᠯᠠᠭᠤᠯᠭ᠎ᠠ ᠶᠢᠨ ᠬᠤᠳᠠᠯᠳᠤᠭᠠᠴᠢᠨ ᠳᠤ ᠬᠠᠨᠳᠤᠭᠤᠯᠤᠨ᠂ | ᠭᠤᠣᠯᠳᠠᠯᠭ᠎ᠠ ᠲᠠᠢ ᠦᠢᠯᠡᠳᠪᠦᠷᠢᠯᠡᠬᠦ ᠣᠷᠣᠨ ᠳᠤ ᠰᠢᠨ᠎ᠡ ᠪᠠᠷᠢᠮᠵᠢᠶ᠎ᠠ ᠶᠢ ᠤᠬᠠᠭᠤᠯᠤᠨ ᠲᠤᠭᠤᠰᠢᠯᠠᠭᠤᠯᠬᠤ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠤᠨ᠎ᠡ᠃ | ᠬᠤᠶᠠᠷ ᠲᠤ᠂ ᠦᠢᠯᠡᠳᠪᠤᠷᠢᠯᠡᠬᠦ ᠠᠵᠤ ᠠᠬᠤᠶᠢᠯᠠᠯ ᠢ ᠵᠢᠯᠣᠭᠤᠳᠤᠨ ᠰᠢᠨ᠎ᠡ ᠪᠠᠷᠢᠮᠵᠢᠶ᠎ᠠ ᠪᠠᠷ ᠴᠢᠩᠭ᠎ᠠ ᠵᠢᠷᠤᠮᠵᠢᠭᠤᠯᠤᠨ᠎ᠡ᠃ ᠡᠯ᠎ᠡ ᠭᠠᠵᠠᠷ ᠤᠨ ᠠᠵᠤ ᠦᠢᠯᠡᠳᠪᠦᠷᠢ | ᠪᠠ ᠮᠡᠳᠡᠭᠡ ᠵᠠᠩᠭᠢᠵᠢᠯᠲᠠ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠤᠨᠤᠬᠴᠢᠳ ᠤᠨ | ᠲᠤᠭᠤᠯᠠᠭ᠎ᠠ ᠦᠢᠯᠡᠳᠪᠦᠷᠢᠯᠡᠬᠦ ᠠᠵᠤ ᠠᠬᠤᠶᠢᠯᠠᠯ ᠢ ᠵᠢᠯᠣᠭᠤᠳᠤᠭᠤᠯᠵᠤ ᠰᠢᠨ᠎ᠡ ᠪᠠᠷᠢᠮᠵᠢᠶ᠎ᠠ ᠶᠤᠰᠤᠭᠠᠷ ᠦᠢᠯᠡᠳᠪᠤᠷᠢᠯᠡᠭᠦᠯᠤᠨᠡ᠃ ᠭᠤᠷᠪᠠ ᠳᠤ᠂ ᠦᠢᠯᠡᠳᠪᠤᠷᠢᠯᠡᠬᠦ | ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠰᠢᠯᠭᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠵᠢᠯ ᠲᠥᠷᠥᠯ ᠤᠨ ᠨᠡᠶᠢᠭᠡᠮᠯᠢᠭ ᠪᠣᠯᠤᠨ | ᠪᠠᠷᠢᠮᠵᠢᠶᠠᠵᠢᠭᠤᠯᠬᠤ ᠵᠥᠪᠯᠡᠯ ᠤᠨ ᠦᠢᠯᠡᠳᠦᠯ ᠢ ᠪᠠᠳᠠᠷᠠᠭᠤᠯᠤᠨ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠤᠨᠤᠬᠴᠢᠳ ᠤᠨ ᠲᠤᠭᠤᠯᠠᠭ᠎ᠠ ᠦᠢᠯᠡᠳᠪᠦᠷᠢᠯᠡᠬᠦ | ᠠᠵᠤ ᠠᠬᠤᠶᠢᠯᠠᠯ ᠳᠤ ᠰᠢᠯᠭᠠᠨ ᠬᠡᠮᠵᠢᠬᠦ ᠮᠡᠷᠭᠡᠵᠢᠯ ᠤᠨ ᠬᠠᠪᠰᠤᠷᠤᠨ ᠵᠢᠯᠣᠭᠤᠳᠬᠤ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠢ ᠵᠢᠯᠣᠭᠤᠳᠴᠤ ᠪᠠᠶᠢᠭᠠᠳ | ᠰᠢᠯᠭᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | |