ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠲᠤᠬᠠᠶ ᠰᠤᠷᠭᠠᠨ ᠬᠥᠮᠦᠵᠢᠯ ᠤᠨ ᠶᠠᠮᠤᠨ ᠲᠣᠳᠣᠷᠬᠠᠶ ᠲᠣᠭᠲᠠᠭᠠᠪᠠ
ᠨᠡᠶᠢᠲᠡᠯᠡᠭᠰᠡᠨ ᠴᠠᠭ᠄
2023/5/9
         ᠰᠤᠷᠭᠠᠨ ᠬᠥᠮᠦᠵᠢᠯ ᠤᠨ ᠶᠠᠮᠤᠨ 6 ᠤ ᠡᠳᠦᠷ  2023  ᠣᠨ ᠤ  ᠳᠤᠮᠳᠠᠳᠤ  ᠪᠠᠭ᠎ᠠ  ᠰᠤᠷᠭᠠᠭᠤᠯᠢ ᠶᠢᠨ  ᠵᠢᠭᠠᠨ‌‍ᠰᠤᠷᠭᠠᠯᠲᠠ ᠳᠤ ᠬᠡᠷᠡᠭᠯᠡᠬᠦ ᠨᠣᠮ ᠤᠨ ᠭᠠᠷᠴᠠᠭ ᠢ ᠨᠡᠶᠢᠲᠡᠯᠡᠪᠡ᠂ ᠡᠨᠡ ᠨᠢ ᠡᠩ ᠤᠨ ᠳᠤᠮᠳᠠᠳᠤ ᠪᠠᠭ᠎ᠠ  ᠰᠤᠷᠭᠠᠭᠤᠯᠢ᠂  ᠣᠨᠴᠠᠭᠠᠶ‌‍ᠰᠤᠷᠭᠠᠨ ᠬᠥᠮᠦᠵᠢᠯ ᠤᠨ ᠰᠤᠷᠭᠠᠭᠤᠯᠢ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠤᠷᠭᠠᠭᠤᠯᠢ ᠶᠢᠨ  ᠵᠢᠭᠠᠨ  ᠰᠤᠷᠭᠠᠯᠲᠠ ᠳ᠋ᠤ᠋‌‍ᠬᠡᠷᠡᠭᠯᠡᠬᠦ ᠨᠣᠮ ᠳᠤ ᠬᠤᠯᠪᠣᠭᠳᠠᠵᠠᠶ᠃ ᠮᠡᠳᠡᠭᠳᠡᠯ ᠳᠤ ᠳᠤᠮᠳᠠᠳᠤ ᠪᠠᠭ᠎ᠠ ᠰᠤᠷᠭᠠᠭᠤᠯᠢ ᠶᠢᠨ  ᠵᠢᠭᠠᠬᠤ ᠮᠠᠲ᠋ᠧᠷᠢᠶᠠᠯ ᠳᠤ  ᠶᠠᠮᠠᠷᠪᠠ ᠬᠤᠳᠠᠯᠳᠤᠭᠠᠨ ᠤ ᠵᠠᠷ ᠪᠤᠶᠤ ᠵᠢᠭᠠᠨ  ᠰᠤᠷᠭᠠᠯᠲᠠ ᠶᠢᠨ  ᠬᠠᠪᠰᠤᠷᠤᠮᠵᠢ  ᠮᠠᠲ᠋ᠧᠷᠢᠶᠠᠯ ᠤᠨ ᠰᠦᠯᠵᠢᠶᠡᠨ ᠤ  ᠬᠠᠶ᠋ᠢᠭ᠂ ᠬᠤᠶᠠᠷ ᠬᠡᠮᠵᠢᠯᠳᠦ ᠺᠣᠳ᠋ ᠵᠡᠷᠭᠡ ᠮᠡᠳᠡᠭᠡ ᠵᠠᠩᠭᠢ ᠶᠢ ᠬᠠᠪᠴᠢᠭᠤᠯᠵᠤ ᠪᠣᠯᠬᠤ ᠥᠬᠡᠶ ᠭᠡᠵᠦ ᠲᠣᠳᠣᠷᠬᠠᠶ ᠳᠤᠷᠠᠳᠤᠨ ᠭᠠᠷᠭᠠᠪᠠ᠃         ᠮᠡᠳᠡᠭᠳᠡᠯ ᠳᠤ᠂ ᠠᠯᠪᠠᠨ  ᠵᠢᠷᠤᠮ ᠤᠨ  ᠰᠤᠷᠭᠠᠨ  ᠬᠥᠮᠦᠵᠢᠯ ᠤᠨ  ᠤᠯᠤᠰ ᠤᠨ  ᠬᠢᠴᠢᠶᠡᠯ ᠤᠨ  ᠡᠯ᠎ᠡ   ᠬᠢᠴᠢᠶᠡᠯ‌‍ᠲ᠋ᠥ᠋ᠷᠥᠯ ᠳᠤ  ︽2023  ᠣᠨ ᠤ  ᠠᠯᠪᠠᠨ ᠵᠢᠷᠤᠮ ᠤᠨ  ᠰᠤᠷᠭᠠᠨ  ᠬᠥᠮᠦᠵᠢᠯ ᠤᠨ  ᠤᠯᠤᠰ ᠤᠨ  ᠬᠢᠴᠢᠶᠡᠯ ᠤᠨ  ᠵᠢᠭᠠᠨ‌‍ᠰᠤᠷᠭᠠᠯᠲᠠ ᠳᠤ ᠬᠡᠷᠡᠭᠯᠡᠬᠦ ᠨᠣᠮ ᠤᠨ ᠭᠠᠷᠴᠠᠭ︾ ᠲᠠᠬᠢ ᠵᠢᠭᠠᠬᠤ ᠮᠠᠲ᠋ᠧᠷᠢᠶᠠᠯ ᠢ  ᠬᠡᠷᠡᠭᠯᠡᠨ᠎ᠡ᠃ ᠠᠯᠪᠠᠨ  ᠵᠢᠷᠤᠮ ᠤᠨ  ᠰᠤᠷᠭᠠᠨ‌‍ᠬᠥ᠋ᠮᠦᠵᠢᠯ ᠤᠨ ᠤᠯᠤᠰ ᠤᠨ ᠬᠢᠴᠢᠶᠡᠯ ᠪᠤᠯᠬᠤ ᠪᠣᠯᠪᠠᠴᠤ ᠭᠠᠷᠴᠠᠭ ᠲᠤ ᠬᠠᠮᠢᠶ᠎ᠠ ᠪᠥᠬᠦᠶ ᠵᠢᠭᠠᠬᠤ  ᠮᠠᠲ᠋ᠧᠷᠢᠶᠠᠯ  ᠪᠠᠶᠢᠬᠤ  ᠥᠬᠡᠶ‌‍ᠪᠤᠯ᠂ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ  ᠵᠠᠬᠢᠷᠭᠠᠨ ᠤ  ᠰᠠᠯᠠᠭ᠎ᠠ  ᠮᠥᠴᠢᠷ ᠠᠴᠠ  ᠱᠠᠭᠠᠷᠳᠠᠯᠭ᠎ᠠ ᠶᠢ ᠦᠨᠳᠦᠰᠦᠯᠡᠨ ᠬᠠᠮᠢᠶ᠎ᠠ ᠪᠥᠬᠦᠶ ᠬᠢᠴᠢᠶᠡᠯ ᠤᠨ ᠭᠡᠷᠡᠭᠵᠢᠬᠦᠯᠬᠦ  ᠠᠷᠭ᠎ᠠ  ᠮᠠᠶ᠋ᠢᠭ  ᠪᠠ  ᠵᠢᠭᠠᠨ  ᠰᠤᠷᠭᠠᠯᠲᠠ ᠶᠢᠨ  ᠮᠠᠲ᠋ᠧᠷᠢᠶᠠᠯ ᠢ‌‍ᠲ᠋ᠣᠭᠲᠠᠭᠠᠨ᠎ᠠ᠂ ᠬᠡᠷᠪᠡ ᠵᠢᠭᠠᠬᠤ  ᠮᠠᠲ᠋ᠧᠷᠢᠶᠠᠯ  ᠢ  ᠬᠡᠷᠡᠭᠯᠡᠬᠦ  ᠴᠢᠬᠤᠯᠠᠲᠠᠶ  ᠪᠣᠯ᠂  ᠬᠡᠷᠡᠭᠯᠡᠬᠦ  ᠵᠢᠭᠠᠬᠤ  ᠮᠠᠲ᠋ᠧᠷᠢᠶᠠᠯ ᠢ ᠡᠷᠬᠡᠪᠰᠢ‌ᠵᠢᠩᠬᠢᠨᠢ ᠪᠠᠷ ᠬᠡᠪᠯᠡᠭᠦᠯᠬᠦ ᠶᠢᠨ  ᠬᠠᠮᠲᠤ  ᠮᠤᠵᠢ ᠶᠢᠨ  ᠱᠠᠲᠤᠨ ᠤ  ᠰᠤᠷᠭᠠᠨ  ᠬᠥᠮᠦᠵᠢᠯ ᠤᠨ  ᠰᠠᠯᠠᠭ᠎ᠠ  ᠮᠥᠴᠢᠷ ᠢᠶᠠᠷ  ᠬᠢᠨᠠᠨ‌‍ᠲ᠋ᠣᠭᠲᠠᠭᠠᠯᠭᠠᠬᠤ ᠶᠢᠨ ᠬᠠᠮᠲᠤ ᠮᠤᠵᠢ ᠶᠢᠨ ᠱᠠᠲᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠳᠤ  ᠬᠡᠷᠡᠭᠯᠡᠬᠦ‌ᠨᠣᠮ ᠤᠨ ᠭᠠᠷᠴᠠᠭ ᠲᠤ ᠣᠷᠣᠭᠤᠯᠬᠤ ᠭᠡᠷᠡᠭᠳᠡᠢ᠃ ᠡᠭᠦᠨ ᠠᠴᠠ ᠭᠠᠳᠠᠨ᠎ᠠ᠂ 2023 ᠣᠨ ᠤ ᠨᠠᠮᠤᠷ ᠤᠨ ᠰᠤᠷᠤᠯᠭ᠎ᠠ ᠵᠢᠨ‌ᠬᠤᠭᠤᠴᠠᠭ᠎ᠠ ᠠᠴᠠ ᠡᠬᠢᠯᠡᠨ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ 2003 ᠣᠨ ᠤ ᠬᠢᠴᠢᠶᠡᠯ ‍ᠤᠨ‌‍ᠪᠠᠷᠢᠮᠵᠢᠶ᠎ᠠ ᠪᠠᠷ ᠨᠠᠶᠢᠷᠠᠭᠤᠯᠤᠨ ᠪᠢᠴᠢᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠤᠨ᠂  ᠬᠤᠶᠠᠳᠤᠭᠠᠷ‌ᠤᠨ ᠤ ᠬᠢᠴᠢᠶᠡᠯ ᠤᠨ ᠳᠡᠪᠲᠡᠷ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠨᠣᠮ ᠤᠨ ᠭᠠᠷᠴᠠᠭ ᠲᠤ  ᠲᠠᠬᠢᠵᠦ  ᠣᠷᠣᠭᠤᠯᠬᠤ ᠥᠬᠡᠶ‌‍ᠭᠡᠪᠡ᠃
ᠢᠷᠡᠯᠲᠡ᠄ ᠠᠷᠠᠳ ᠤᠨ ᠰᠥᠯᠵᠢᠶ᠎ᠡ