ᠵᠦᠪᠭᠡᠨ ᠬᠦᠳᠡᠭᠡ ᠲᠤᠰᠬᠤᠨ ᠠᠴᠠ 6150 ᠰᠤᠷᠤᠬᠴᠢ ᠡᠯᠰᠡᠵᠦ ᠰᠦᠢᠳᠬᠡᠯ ᠬᠤᠷᠢᠶᠠᠬᠤ ᠦᠭᠡᠢ ᠪᠠᠷ ᠬᠥᠮᠦᠵᠢᠭᠦᠯᠦᠨ᠎ᠡ︕
ᠨᠡᠶᠢᠲᠡᠯᠡᠭᠰᠡᠨ ᠴᠠᠭ᠄
2023/6/1
        ᠲᠥᠪ ᠲᠧᠯᠸᠢᠰ ᠤᠨ ᠰᠦᠯᠵᠢᠶ᠎ᠡ ᠶᠢᠨ ᠮᠡᠳᠡᠭᠡ᠄ ᠰᠤᠷᠭᠠᠨ ᠬᠥᠮᠦᠵᠢᠯ ᠤᠨ ᠶᠠᠮᠤᠨ ᠥᠨᠥᠳᠦᠷ ︵5 ᠰᠠᠷ᠎ᠠ ᠶᠢᠨ 24 ‍ᠤ‌ᠡᠳᠦᠷ︶ ᠮᠡᠳᠡᠭᠳᠡᠯ ᠨᠡᠶᠢᠲᠡᠯᠡᠵᠦ᠂ ᠡᠨᠡ ᠵᠢᠯ ᠬᠥᠳᠡᠭᠡ ᠲᠣᠰᠬᠤᠨ ᠠᠴᠠ ᠬᠠᠨᠳᠤᠯᠭ᠎ᠠ ᠲᠠᠢ ᠪᠠᠷ ᠠᠨᠠᠭᠠᠬᠤ ᠤᠬᠠᠭᠠᠨ ᠤ ᠰᠣᠷᠣᠭᠴᠢ‌ᠡᠯᠰᠡᠵᠦ ᠰᠦᠢᠳᠭᠡᠯ ᠬᠤᠷᠢᠶᠠᠬᠤ ᠥᠬᠡᠶ ᠪᠠᠷ ᠬᠥᠮᠦᠵᠢᠭᠦᠯᠬᠦ ᠶᠢ ᠦᠷᠭᠦᠯᠵᠢᠯᠡᠨ ᠬᠡᠷᠡᠭᠵᠢᠭᠦᠯᠵᠦ᠂ ᠨᠡᠶᠢᠲᠡ 6150 ᠬᠥᠮᠦᠨ‌ᠡᠯᠰᠡᠨ᠎ᠡ ᠭᠡᠪᠡ᠃        ᠲᠠᠨᠢᠯᠴᠠᠭᠤᠯᠤᠭᠰᠠᠨ ᠢᠶᠠᠷ᠂ 2023 ᠣᠨ ᠳᠤ ᠲᠥᠪ ᠤᠨ ᠡᠳ᠋ ᠤᠨ ᠵᠠᠰᠠᠭ ᠠᠴᠠ ᠳᠡᠭᠡᠳᠦ ᠵᠡᠷᠭᠡ ᠶᠢᠨ ᠡᠮᠨᠡᠯᠭᠡ ᠵᠢᠨ‌‍ᠰᠤᠷᠭᠠᠭᠤᠯᠢ ᠨᠢ ᠳᠤᠮᠳᠠ ᠪᠠᠷᠠᠭᠤᠨ ᠣᠷᠣᠨ ᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠠᠨᠳᠤᠯᠭ᠎ᠠ ᠲᠠᠢ‌‍ᠪᠡᠷ ᠲᠠᠪᠤᠨ ᠵᠢᠯ ᠤᠨ ᠳᠦᠷᠢᠮᠲᠦ ᠵᠢᠩᠬᠢᠨᠢ ᠠᠩᠭᠢ ᠶᠢᠨ ᠠᠨᠠᠭᠠᠬᠤ  ᠤᠬᠠᠭᠠᠨ ᠤ  ᠰᠣᠷᠣᠭᠴᠢ  ᠶᠢ  ᠰᠦᠢᠳᠭᠡᠯ  ᠬᠤᠷᠢᠶᠠᠬᠤ ᠥᠬᠡᠶ ᠪᠠᠷ ᠨᠡᠶᠢᠲᠡ 6150 ᠬᠦᠮᠦᠨ ᠬᠥᠮᠦᠵᠢᠭᠦᠯᠵᠦ ᠦᠭᠭᠦ ᠪᠠᠷ ᠪᠠᠶᠢᠨ᠎ᠠ᠂ ᠲᠤᠰᠬᠠᠶ ᠮᠡᠷᠭᠡᠵᠢᠯ ᠳᠤ ᠡᠮᠴᠢᠯᠡᠭᠡᠨ ᠤ ᠠᠨᠠᠭᠠᠬᠤ‌ᠤᠬᠠᠭᠠᠨ᠂ ᠬᠢᠲᠠᠳ ᠠᠨᠠᠭᠠᠬᠤ ᠤᠬᠠᠭᠠᠨ᠂ ᠮᠣᠩᠭᠤᠯ ᠠᠨᠠᠭᠠᠬᠤ ᠤᠬᠠᠭᠠᠨ ᠪᠠ ᠤᠶᠢᠭᠤᠷ ᠠᠨᠠᠭᠠᠬᠤ ᠤᠬᠠᠭᠠᠨ ᠪᠤᠢ᠃        ᠲᠥᠪ ᠤᠨ ᠡᠳ᠋ ᠤᠨ ᠵᠠᠰᠠᠭ ᠠᠴᠠ ᠳᠡᠮᠵᠢᠵᠦ ᠪᠠᠶᠢᠭ᠎ᠠ ᠰᠦᠢᠳᠬᠡᠯ ᠬᠤᠷᠢᠶᠠᠬᠤ ᠦᠭᠡᠶ ᠪᠠᠷ  ᠬᠦᠮᠦᠵᠢᠬᠦᠯᠬᠦ  ᠵᠢᠩᠬᠢᠨᠢ‌ᠠᠩᠭᠢ ᠶᠢᠨ ᠠᠨᠠᠭᠠᠬᠤ ᠤᠬᠠᠭᠠᠨ ᠤ ᠰᠤᠷᠤᠭᠴᠢ  ᠶᠢ  ᠬᠠᠨᠳᠤᠯᠭ᠎ᠠ ᠲᠠᠢ ᠪᠠᠷ  ᠡᠯᠰᠡᠬᠦ  ᠲᠥᠯᠥᠪᠯᠡᠭᠡ ᠶᠢ  ᠬᠤᠯᠪᠣᠭᠳᠠᠯ  ᠪᠦᠬᠦᠢ‌‍ᠰᠤᠷᠭᠠᠭᠤᠯᠢ ᠶᠢᠨ ᠵᠢᠩᠬᠢᠨᠢ ᠠᠩᠭᠢ ᠶᠢᠨ ᠳᠡᠰ ᠳᠠᠪᠬᠤᠷᠭ᠎ᠠ ᠶᠢᠨ ᠰᠤᠷᠤᠭᠴᠢ ᠡᠯᠰᠡᠬᠦ ᠢᠷᠡᠯᠲᠡ ᠶᠢᠨ ᠲᠥᠯᠥᠪᠯᠡᠭᠡ ᠳᠤ ᠠᠰ ᠲᠤᠨᠢ ᠤᠷᠤᠨ ᠲᠤᠭ᠎ᠠ ᠭᠠᠷᠭᠠᠨ᠎ᠠ᠂  ᠲᠥᠯᠥᠪᠯᠡᠭᠡ ᠶᠢᠨ  ᠰᠢᠨᠵᠢ  ᠴᠢᠨᠠᠷ ᠢ  ︽ᠤᠯᠤᠰ ᠤᠨ  ᠰᠦᠢᠳᠬᠡᠯ  ᠬᠤᠷᠢᠶᠠᠬᠤ  ᠦᠭᠡᠶ  ᠪᠡᠷ‌‍ᠬᠦ᠋ᠮᠦᠵᠢᠬᠦᠯᠬᠦ ᠠᠨᠠᠭᠠᠬᠤ ᠤᠬᠠᠭᠠᠨ ᠤ ᠰᠤᠷᠤᠭᠴᠢ︾ ᠭᠡᠨ᠎ᠡ᠃ ᠠᠨᠠᠭᠠᠬᠤ ᠤᠬᠠᠭᠠᠨ ᠤ  ᠰᠦᠢᠳᠬᠡᠯ  ᠬᠤᠷᠢᠶᠠᠬᠤ  ᠦᠭᠡᠶ  ᠪᠡᠷ‌‍ᠬᠦ᠋ᠮᠦᠵᠢᠬᠦᠯᠬᠦ ᠬᠠᠨᠳᠤᠯᠭ᠎ᠠ ᠲᠠᠢ ᠪᠠᠷ  ᠰᠣᠷᠣᠭᠴᠢ  ᠡᠯᠰᠡᠬᠦ  ᠲᠥᠯᠥᠪᠯᠡᠭᠡ ᠳᠤ  ᠨᠡᠷ᠎ᠡ  ᠮᠡᠳᠡᠭᠦᠯᠬᠦ  ᠰᠢᠯᠭᠠᠭᠤᠯᠤᠭᠴᠢ  ᠡᠷᠬᠡᠪᠰᠢ ᠲᠤᠬᠠᠶ ᠶᠢᠨ ᠵᠢᠯ ᠤᠨ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠳᠤ  ᠰᠣᠷᠣᠭᠴᠢ  ᠡᠯᠰᠡᠬᠦ  ᠨᠢᠭᠡᠳᠦᠯᠲᠡᠶ  ᠰᠢᠯᠭᠠᠯᠲᠠ ᠳ᠋ᠤ᠋‌ᠣᠷᠣᠯᠴᠠᠵᠤ᠂  ᠲᠤᠰᠠᠭᠠᠷ  ᠡᠷᠡᠮᠡᠯᠵᠡᠯ  ᠭᠠᠷᠭᠠᠵᠤ᠂  ᠲᠤᠰᠠᠭᠠᠷ  ᠪᠦᠯᠦᠭ  ᠤᠳᠠᠭ᠎ᠠ  ᠲᠣᠬᠢᠷᠠᠭᠤᠯᠵᠤ᠂  ᠲᠤᠰᠠᠭᠠᠷ  ᠱᠤᠭᠤᠮ ᠲᠣᠭᠲᠠᠭᠠᠵᠤ᠂ ᠵᠥᠪᠬᠡᠨ ᠬᠥᠳᠡᠭᠡ ᠲᠣᠰᠬᠤᠨ ᠤ ᠰᠣᠷᠣᠭᠴᠢ ᠶᠢ ᠡᠯᠰᠡᠵᠦ᠂ ᠵᠢᠩᠬᠢᠨᠢ ᠠᠩᠭᠢ ᠳᠤ ᠤᠷᠢᠳᠴᠢᠯᠠᠨ ᠡᠯᠰᠡᠬᠦ ᠪᠦᠯᠦᠭ‌ᠤᠳᠠᠭ᠎ᠠ ᠳᠤ  ᠲᠤᠬᠢᠷᠠᠭᠤᠯᠤᠨ  ᠡᠯᠰᠡᠨ᠎ᠡ᠃  ᠰᠣᠷᠣᠭᠴᠢ ᠶᠢᠨ  ᠢᠷᠡᠯᠲᠡ  ᠬᠦᠷᠦᠯᠴᠡᠬᠦ  ᠥᠬᠡᠶ  ᠦᠶ᠎ᠡ ᠳᠤ᠂  ᠪᠡᠶᠡᠯᠡᠭᠦᠯᠵᠦ ᠳᠡᠶᠢᠯᠦᠭᠰᠡᠨ ᠥᠬᠡᠶ ᠲᠥᠯᠥᠪᠯᠡᠭᠡ ᠳᠤ ᠡᠷᠡᠮᠡᠯᠵᠡᠯ ᠨᠥᠬᠦᠨ ᠲᠠᠬᠯᠠᠭᠤᠯᠵᠤ ᠡᠯᠰᠡᠬᠦ ᠠᠷᠭ᠎ᠠ ᠮᠠᠶ᠋ᠢᠭ ᠢᠶᠠᠷ ᠥᠨᠳᠥᠷ  ᠬᠤᠪᠢ ᠠᠴᠠ ᠳᠤᠤᠷ᠎ᠠ ᠬᠤᠪᠢ ᠬᠦᠷᠲᠡᠯᠡᠬᠢ ᠲᠠᠰ ᠳᠠᠷᠠᠭᠠᠯᠠᠯ ᠢᠶᠠᠷ ᠡᠯᠰᠡᠨ ᠠᠪᠴᠤ᠂ ᠲᠥᠯᠥᠪᠯᠡᠭᠡ ᠪᠠᠨ ᠪᠡᠶᠡᠯᠡᠭᠦᠯᠲᠡᠯ᠎ᠡ ᠡᠯᠰᠡᠨ᠎ᠡ᠃        ᠰᠦᠢᠳᠬᠡᠯ ᠬᠤᠷᠢᠶᠠᠬᠤ ᠦᠭᠡᠶ ᠪᠠᠷ ᠬᠦᠮᠦᠵᠢᠬᠦᠯᠬᠦ ᠬᠠᠨᠳᠤᠯᠭ᠎ᠠ ᠲᠠᠢ ᠪᠠᠷ ᠡᠯᠰᠡᠬᠦ  ᠵᠢᠩᠬᠢᠨᠢ  ᠠᠩᠭᠢ ᠶᠢᠨ ᠠᠨᠠᠭᠠᠬᠤ‌ᠤᠬᠠᠭᠠᠨ ᠤ ᠰᠤᠷᠤᠭᠴᠢ ᠪᠠᠷ ᠡᠯᠰᠡᠭᠳᠡᠭᠰᠡᠨ ᠤ ᠳᠠᠷᠠᠭ᠎ᠠ᠂ ᠰᠤᠷᠭᠠᠭᠤᠯᠢ ᠳᠤ ᠣᠷᠣᠬᠤ ᠮᠡᠳᠡᠭᠳᠡᠯ ᠤᠨ ᠪᠢᠴᠢᠭ ᠢᠶᠠᠨ ᠣᠯᠬᠤ ᠠᠴᠠ ᠡᠮᠦᠨ᠎ᠡ᠂ ᠬᠥᠮᠦᠵᠢᠭᠦᠯᠬᠦ ᠶᠡᠭᠡ ᠳᠡᠭᠡᠳᠦ ᠰᠤᠷᠭᠠᠭᠤᠯᠢ ᠪᠣᠯᠤᠨ ᠬᠠᠨᠳᠤᠯᠭ᠎ᠠ ᠲᠠᠢ ᠪᠠᠷ ᠠᠵᠢᠯ ᠣᠯᠭᠤᠬᠤ  ᠭᠠᠵᠠᠷ ᠤᠨ  ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ  ᠪᠠᠲᠤᠯᠠᠭ᠎ᠠ ᠶᠢᠨ  ᠵᠠᠰᠠᠭ‌ᠵᠠᠬᠢᠷᠭᠠᠨ ᠤ ᠰᠠᠯᠠᠭ᠎ᠠ ᠮᠥᠴᠢᠷ ᠯᠦᠭᠡ  ᠬᠠᠨᠳᠤᠯᠭ᠎ᠠ ᠲᠠᠢ  ᠬᠥᠮᠦᠵᠢᠭᠦᠯᠬᠦ  ᠪᠠ  ᠠᠵᠢᠯ  ᠣᠯᠭᠤᠬᠤ  ᠵᠥᠪᠯᠡᠯᠴᠡᠭᠡᠷ  ᠲᠣᠭᠲᠠᠬᠤ ᠬᠡᠷᠡᠭᠲᠡᠶ᠃ ᠰᠦᠢᠳᠭᠡᠯ ᠬᠤᠷᠢᠶᠠᠬᠤ ᠥᠬᠡᠶ ᠪᠠᠷ ᠬᠦᠮᠦᠵᠢᠬᠦᠯᠬᠦ ᠬᠠᠨᠳᠤᠯᠭ᠎ᠠ ᠲᠠᠢ ᠪᠠᠷ ᠡᠯᠰᠡᠭᠰᠡᠨ ᠵᠢᠩᠬᠢᠨᠢ ᠠᠩᠭᠢ ᠶᠢᠨ ᠠᠨᠠᠭᠠᠬᠤ‌ᠤᠬᠠᠭᠠᠨ ᠤ ᠰᠣᠷᠣᠭᠴᠢ ᠨᠢ ᠰᠤᠷᠭᠠᠭᠤᠯᠢ ᠳᠤ  ᠪᠠᠶᠢᠬᠤ  ᠬᠤᠭᠤᠴᠠᠭᠠᠨ ᠳᠠᠭᠠᠨ ᠡᠷᠦᠬᠡ ᠠᠮᠠ ᠶᠢᠨ  ᠲᠠᠩᠰᠠ  ᠪᠠᠨ  ᠮᠥᠨ‌ᠤᠤᠯ ᠤᠨ ᠡᠷᠦᠬᠡ ᠠᠮᠠ ᠶᠢᠨ ᠲᠠᠩᠰᠠ ᠪᠠᠶᠢᠭᠰᠠᠨ ᠭᠠᠵᠠᠷ  ᠲᠠᠭᠠᠨ  ᠦᠯᠡᠳᠡᠭᠡᠵᠦ᠂ ᠲᠡᠭᠦᠰᠦᠭᠰᠡᠨ ᠤ ᠳᠠᠷᠠᠭ᠎ᠠ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠠᠨᠳᠤᠯᠭ᠎ᠠ ᠲᠠᠢ ᠪᠠᠷ ᠠᠵᠢᠯ ᠤᠯᠤᠬᠰᠠᠨ ᠭᠠᠵᠠᠷ ᠲᠠᠭᠠᠨ ᠰᠢᠯᠵᠢᠬᠦᠯᠦᠨ ᠠᠪᠠᠴᠢᠵᠦ ᠪᠣᠯᠤᠨ᠎ᠠ᠃
ᠢᠷᠡᠯᠲᠡ᠄ ᠠᠷᠠᠳ ᠤᠨ ᠰᠥᠯᠵᠢᠶ᠎ᠡ