ᠳ᠋ᠦ᠋ ᠬᠤᠢ ᠯᠢᠶᠠᠩ ᠬᠢᠶ᠎ᠠ ᠪᠠᠭᠰᠢ ᠲᠣᠭᠤᠷᠢᠭ ᠳ᠋ᠦᠩᠱᠧᠩ ᠲᠣᠭᠤᠷᠢᠭ ᠲᠤ ᠲᠣᠬᠤᠨᠢᠭᠤᠯᠭ᠎ᠠ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/6/2
    5 ᠰᠠᠷ᠎ᠠ ᠶᠢᠨ 30 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ ᠬᠢᠶ᠎ᠠ ᠪᠠᠭᠰᠢ ᠲᠣᠭᠤᠷᠢᠭ᠂ ᠳ᠋ᠦᠩᠱᠧᠩ ᠲᠣᠭᠤᠷᠢᠭ ᠲᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠰᠠᠭᠤᠳᠠᠯ ᠢ ᠬᠠᠯᠠᠨ ᠰᠠᠶᠢᠵᠢᠷᠠᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠵᠠᠢ᠃    5 ᠰᠠᠷ᠎ᠠ ᠶᠢᠨ 30 ᠤ ᠡᠳᠦᠷ ᠪᠣᠯ ᠳᠣᠯᠣᠭᠠᠳᠠᠬᠢ ︽ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠡᠳᠦᠷ︾ ᠪᠣᠯᠤᠨ᠎ᠠ᠂ ᠳ᠋ᠦ᠋ ᠬᠤᠢ ᠯᠢᠶᠠᠩ ᠤᠷᠳᠤᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠦᠷᠴᠤ᠂ ᠲᠤᠰ ᠰᠤᠷᠭᠠᠭᠤᠯᠢ ᠶᠢᠨ ᠢᠨᠵᠧᠨᠧᠷᠢᠩ ᠤᠨ ᠰᠠᠯᠪᠤᠷᠢ ᠶᠢᠨ ᠫᠷᠤᠹᠧᠰᠰᠤᠷ ᠦ᠋ ᠵᠧᠨ ᠢ ᠪᠣᠯᠭᠤᠭᠠᠨ ᠲᠣᠬᠤᠨᠢᠭᠤᠯᠵᠤ᠂ ᠲᠡᠬᠦᠨ ᠳᠤ ᠵᠢᠴᠢ ᠪᠦᠬᠦ ᠬᠤᠳᠠ ᠶᠢᠨ ᠥᠷᠭᠡᠨ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠵᠡᠢ᠃ ᠲᠡᠷᠡ᠂ ᠣᠳᠣᠬᠠᠨ ᠳᠤ ᠤᠷᠳᠤᠰ ᠶᠠᠭ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠰᠢᠨ᠎ᠡ ᠶᠢ ᠡᠭᠦᠳᠬᠦ ᠬᠥᠭᠵᠢᠯᠲᠡ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠥᠷᠭᠡᠨ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠨᠢᠭᠡ ᠰᠡᠳᠭᠢᠯ ᠢᠶᠠᠷ ᠰᠢᠮᠳᠠᠨ ᠰᠤᠳᠤᠯᠵᠤ᠂ ᠲᠠᠰᠤᠷᠠᠯᠳᠡ ᠦᠭᠡᠢ ᠤᠷᠤᠭᠰᠢᠯᠠᠨ ᠲᠠᠪᠰᠢᠵᠤ᠂ ᠨᠡᠩ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠲᠦᠷᠭᠡᠳᠬᠡᠨ ᠤᠯᠠᠷᠢᠭᠤᠯᠤᠨ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠢ ᠦᠨᠡᠨ ᠰᠡᠳᠭᠢᠯ ᠠᠴᠠ ᠪᠠᠨ ᠬᠠᠯᠠᠮᠵᠢᠯᠠᠵᠤ᠂ ᠲᠡᠳᠡᠨ ᠳᠤ ᠦᠨᠡᠨ ᠰᠡᠳᠭᠢᠯ ᠠᠴᠠ ᠪᠠᠨ ᠦᠢᠯᠡᠴᠢᠯᠡᠨ᠂ ᠪᠦᠬᠦ ᠨᠡᠶᠢᠭᠡᠮ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠵᠦ ᠵᠣᠷᠢᠭᠵᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠪᠡ᠃    ᠬᠢᠶ᠎ᠠ ᠪᠠᠭᠰᠢ ᠲᠣᠭᠤᠷᠢᠭ ᠤᠨ ᠳ᠋ᠦᠩ ᠹᠠᠩ ᠨᠢᠦ ᠯᠠᠨ ᠳ᠋ᠢ ᠤᠶᠤᠨᠴᠢ ᠬᠤᠭ ᠨᠣᠪᠰᠢ ᠶᠢ ᠰᠶᠢᠳᠪᠤᠷᠢᠯᠡᠭᠦ ᠲᠠᠭᠤᠷᠢᠶᠠᠯ ᠦᠵᠡᠭᠦᠯᠬᠦ ᠴᠡᠭ᠂ ᠪᠡᠶ᠎ᠡ ᠶᠢᠨ ᠲᠠᠮᠢᠷ ᠤᠨ ᠴᠡᠴᠡᠷᠯᠢᠭ ᠪᠣᠯᠤᠨ ᠳ᠋ᠦᠩᠱᠧᠩ ᠲᠣᠭᠤᠷᠢᠭ ᠤᠨ ᠢᠦᠢ ᠶᠢᠩ ᠨᠡᠶᠢᠭᠡᠮ ᠲᠣᠭᠤᠷᠢᠭ ᠲᠤ᠂ ᠳ᠋ᠦ᠋ ᠬᠤᠢ ᠯᠢᠶᠠᠩ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ᠂ ᠰᠢᠢᠳᠪᠦᠷᠢᠯᠡᠬᠦ᠂ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠵᠡᠷᠭᠡ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠯᠢᠭ ᠣᠶᠢᠯᠠᠭᠠᠪᠠ᠃ ᠲᠡᠷᠡ᠂ ︽ᠠᠷᠠᠳ ᠲᠦᠮᠡᠨ ᠤ ᠬᠤᠳᠠ ᠶᠢ ᠠᠷᠠᠳ ᠲᠦᠮᠡᠨ ᠪᠠᠶᠢᠭᠤᠯᠵᠦ᠂ ᠠᠷᠠᠳ ᠲᠦᠮᠡᠨ ᠤ ᠬᠤᠳᠠ ᠠᠷᠠᠳ ᠲᠦᠮᠡᠨ ᠳᠤ ᠦᠢᠯᠡᠴᠢᠯᠡᠬᠦ︾ ᠤᠢᠢᠯᠠᠭᠠᠭᠳᠠᠬᠤᠨ ᠢ ᠪᠠᠲᠤᠳᠬᠠᠵᠤ᠂ ᠬᠤᠳᠠ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠤᠨ᠂ ᠬᠤᠳᠠ ᠶᠢᠨ ᠴᠢᠳᠠᠪᠬᠢ ᠶᠢ ᠲᠡᠭᠦᠯᠳᠡᠷᠵᠢᠭᠦᠯᠵᠦ᠂ ᠬᠤᠳᠠ ᠶᠢᠨ ᠴᠢᠨᠠᠷᠵᠢᠯ ᠢ ᠳᠡᠭᠡᠭᠰᠢᠯᠡᠭᠦᠯᠣᠨ᠂ ᠬᠤᠳᠠ ᠶᠢ ᠨᠡᠩ ᠬᠠᠶᠢᠷ᠎ᠠ ᠬᠠᠯᠠᠮᠵᠢᠲᠠᠢ᠂ ᠤᠯᠠᠨ ᠲᠦᠮᠡᠨ ᠢ ᠨᠡᠩ ᠬᠦᠷᠲᠡᠮᠵᠢ ᠶᠢᠨ ᠲᠦᠷᠦᠭᠳᠡᠯ ᠲᠠᠢ ᠪᠣᠯᠭᠠᠬᠤ ᠬᠡᠷᠡᠭᠲᠡᠢ ᠭᠡᠪᠡ᠃ᠳ᠋ᠦᠩᠱᠧᠩ ᠲᠣᠭᠤᠷᠢᠭ ᠤᠨ ᠵᠢᠶᠠᠨ ᠱᠧ ᠵᠡᠭᠡᠯᠢ ᠭᠤᠳᠤᠮᠵᠢ᠂ ᠲᠦᠩ ᠮᠧᠢ ᠤᠷᠳᠤᠰ ᠤᠨ ᠠᠭᠤᠷᠬᠠᠢ ᠶᠢᠨ ᠦᠢᠯᠡᠰ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠳᠤ᠂ ᠳ᠋ᠦ᠋ ᠬᠤᠢ ᠯᠢᠶᠠᠩ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ᠃ ᠲᠡᠷᠡ᠂ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠤᠨ ᠭᠡᠮ ᠰᠣᠭᠤᠭ ᠢ ᠳᠠᠷᠠᠭᠠᠯᠠᠨ ᠪᠠᠶᠢᠴᠠᠭᠠᠵᠤ ᠵᠠᠰᠠᠬᠤ ᠶᠢ ᠴᠢᠩᠭᠠᠳᠬᠠᠵᠤ᠂ ᠨᠠᠷᠢᠨ ᠲᠠᠩᠰᠠᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠪᠠᠶᠢᠩᠭᠤ ᠶᠢᠨ ᠲᠣᠭᠤᠷᠢᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠡᠯ᠎ᠡ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠠᠬᠢᠭᠤᠯᠵᠤ᠂ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠬᠠᠯᠠᠨ ᠰᠠᠶᠢᠵᠢᠷᠠᠭᠤᠯᠵᠤ᠂ ᠴᠢᠨᠠᠷ ᠰᠠᠶᠢᠲᠠᠢ ᠬᠠᠯᠠᠨ ᠰᠠᠶᠢᠵᠢᠷᠠᠭᠤᠯᠬᠤ ᠪᠠᠷ ᠴᠢᠨᠠᠷ ᠰᠠᠶᠢᠲᠠᠢ ᠬᠥᠭᠵᠢᠯᠲᠡ ᠳᠤ ᠬᠦᠴᠦ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃   ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠳ᠋ᠦ᠋ ᠬᠤᠢ ᠯᠢᠶᠠᠩ ᠪᠠᠰᠠ ︽ᠲᠤᠰᠢᠶᠠᠬᠤ ᠳᠤ ᠪᠠᠳᠤᠯᠠᠭ᠎ᠠ ᠲᠠᠢ ᠠᠰᠠᠷ︾ ᠤᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ᠬᠤᠳᠠ ᠶᠢᠨ ᠳᠡᠳ᠋ ᠳᠠᠷᠤᠭ᠎ᠠ ᠵᠢᠷᠮᠤᠳᠤ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠤᠷᠳᠤᠰ ᠤᠨ ᠡᠳᠦᠷ ᠤᠨ ᠰᠤᠨᠢᠨ