ᠪᠦᠬᠦ ᠣᠷᠣᠨ ᠤ ᠵᠠᠳᠠᠭᠠᠢ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/6/2
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ                                                                        ᠥᠪᠥᠷ ᠵᠠᠰᠠᠭ ᠲᠠᠷᠬᠠᠭᠠᠭᠰᠠᠨ ﹇2023﹈ 11 ᠳ᠋ᠦ᠋ᠭᠡᠷ ᠲᠣᠭᠠᠲᠤ              ᠪᠦᠬᠦ ᠣᠷᠣᠨ ᠤ ᠵᠠᠳᠠᠭᠠᠢ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ   ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂  ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄             ᠠᠯᠠᠱᠠ ᠶᠢᠨ ᠰᠢᠨ ᠵᠢᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠵᠠᠳᠠᠭᠠᠢ ᠨᠡᠭᠦᠷᠡᠰᠦᠨ ᠠᠭᠤᠷᠬᠠᠢ ᠶᠢᠨ ︽2 · 22︾· ᠤᠨ ᠣᠨᠴᠠ ᠬᠦᠨᠳᠦ ᠶᠡᠭᠡ ᠶᠡᠭᠦᠷᠡᠭᠰᠡᠨ ᠠᠳᠡᠯ ᠤᠨ ᠰᠤᠷᠭᠠᠮᠵᠢ ᠶᠢ ᠭᠦᠨᠵᠡᠭᠡᠢ ᠲᠣᠭᠲᠠᠭᠠᠵᠤ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠂ ᠵᠠᠳᠠᠭᠠᠢ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠡᠳᠦᠭᠡ ᠪᠦᠬᠦ ᠣᠷᠣᠨ ᠤ ᠵᠠᠳᠠᠭᠠᠢ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ ᠢ ᠳᠣᠣᠷᠠᠬᠢ ᠮᠡᠲᠦ ᠮᠡᠳᠡᠭᠳᠡᠶ᠎ᠡ᠃             ᠨᠢᠭᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠠᠭᠠᠬᠢᠭᠰᠠᠨ ᠴᠤ ᠠᠮᠤᠷ ᠲᠦᠪᠰᠢᠨ ᠢ ᠦᠷᠡᠭᠳᠡᠭᠦᠯᠬᠦ ᠪᠠᠷ ᠦᠨ᠎ᠡ ᠦᠷᠲᠡᠭ ᠪᠣᠯᠭᠠᠵᠤ ᠪᠣᠯᠬᠤ ᠦᠭᠡᠢ ᠤᠯᠠᠭᠠᠨ ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠨ᠂ ︽ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾ ᠢ ᠴᠢᠩᠭ᠎ᠠ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠢ ᠭᠦᠢᠴᠡᠳ ᠴᠢᠩᠭ᠎ᠠ ᠲᠣᠬᠢᠷᠠᠭᠤᠯᠵᠤ᠂ ᠬᠠᠷᠢᠶ᠎ᠠ ᠭᠠᠵᠠᠷ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠵᠠᠳᠠᠭᠠᠢ ᠨᠡᠭᠦᠷᠡᠰᠦᠨ ᠠᠭᠤᠷᠬᠠᠢ ᠳᠤ ᠬᠡᠷᠡᠭᠯᠡᠬᠦ ᠭᠠᠵᠠᠷ ᠢ ᠵᠦᠢ ᠵᠣᠬᠢᠰᠲᠠᠢ ᠲᠥᠬᠦᠷᠵᠢᠭᠦᠯᠦᠨ ᠲᠣᠬᠢᠷᠠᠭᠤᠯᠵᠤ᠂ ᠨᠡᠭᠦᠷᠡᠰᠦᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠶᠢᠷᠢᠰᠢᠯ ᠢ ᠰᠢᠯᠢᠳᠡᠭᠵᠢᠭᠦᠯᠦᠨ᠂ ᠵᠠᠳᠠᠭᠠᠢ ᠨᠡᠭᠦᠷᠡᠰᠦᠨ ᠠᠭᠤᠷᠬᠠᠢ ᠶᠢᠨ ᠬᠤᠯᠪᠤᠭᠠᠯᠠᠨ ᠳᠠᠬᠢᠨ ᠵᠣᠬᠢᠶᠠᠨ ᠪᠠᠶᠢᠭᠤᠯᠬᠤ ᠶᠢ ᠳᠡᠮᠵᠢᠵᠦ᠂ ᠵᠠᠳᠠᠭᠠᠢ ᠨᠡᠭᠦᠷᠡᠰᠦᠨ ᠠᠭᠤᠷᠬᠠᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃             ᠬᠤᠶᠠᠷ᠂ ᠡᠯ᠎ᠡ ᠱᠠᠲᠤᠨ ᠤ ᠠᠶᠤᠯ ᠦᠭᠡᠢ ᠦᠢᠯᠡᠳᠪᠦᠷᠢᠯᠡᠯ ᠤᠨ ᠺᠣᠮᠢᠰ᠂ ᠡᠨᠧᠷᠭᠢ ᠶᠢᠨ ᠠᠶᠤᠯ ᠦᠭᠡᠢ ᠦᠢᠯᠡᠳᠪᠦᠷᠢᠯᠡᠯ ᠤᠨ ᠺᠣᠮᠢᠰ ᠨᠢ ᠲᠦᠷᠦᠭᠦᠯᠡᠨ ᠠᠵᠢᠯᠯᠠᠵᠤ ᠶᠡᠷᠦᠩᠬᠡᠢ ᠳᠤ  ᠨᠢ ᠠᠳᠬᠤᠬᠤ ᠦᠢᠯᠡᠳᠦᠯ ᠢᠶᠠᠨ ᠪᠠᠳᠠᠷᠠᠭᠤᠯᠤᠨ᠂ ᠡᠯ᠎ᠡ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠠᠵᠠᠷ ᠬᠥᠳᠡᠯᠦᠯᠲᠡ᠂ ᠴᠠᠭ ᠠᠭᠤᠷ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠬᠢᠭᠡᠳ  ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠯᠦᠭᠡ ᠶᠢᠨ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠲᠡᠷᠢᠭᠦᠨ ᠤ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠨ᠂ ᠵᠠᠳᠠᠭᠠᠢ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠲᠦᠭᠰᠢᠭᠦᠷᠢ ᠶᠢ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠵᠤ᠂ ᠭᠠᠵᠠᠷ ᠬᠥᠳᠡᠯᠦᠯᠲᠡ᠂ ᠲᠤᠶᠢᠯ ᠤᠨ ᠭᠠᠢ ᠭᠠᠮᠰᠢᠭᠲᠤ ᠴᠠᠭ ᠠᠭᠤᠷ᠂ ᠭᠠᠵᠠᠷ ᠰᠢᠨᠵᠢᠯᠡᠭᠡᠨ ᠤ ᠭᠠᠢ ᠭᠠᠮᠰᠢᠭ᠂ ᠳᠠᠭᠠᠭᠤᠯᠢ ᠣᠳᠣᠨ ᠤ ᠵᠢᠷᠤᠭ ᠳᠦᠷᠰᠦ ᠵᠡᠷᠭᠡ ᠶᠢᠨ ᠬᠢᠨᠠᠨ ᠰᠢᠨᠵᠢᠭᠰᠡᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠯᠴᠡᠵᠦ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠬᠦ ᠬᠡᠷᠡᠭᠲᠡᠢ᠃             ᠭᠤᠷᠪᠠ᠂ ᠡᠯ᠎ᠡ ᠱᠠᠲᠤᠨ ᠤ ᠨᠡᠭᠦᠷᠡᠰᠦᠨ ᠤ ᠠᠵᠢᠯ ᠲᠥᠷᠥᠯ ᠤᠨ ᠬᠠᠮᠢᠶᠠᠷᠤᠯᠲᠠ᠂ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠠᠭᠤᠷᠬᠠᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠵᠡᠷᠭᠡ ᠰᠠᠯᠠᠭ᠎ᠠ ᠮᠥᠴᠢᠷ  ᠨᠢ ᠱᠠᠲᠤ ᠬᠤᠪᠢᠶᠠᠨ ᠬᠢᠨᠠᠨ ᠬᠠᠮᠢᠶᠠᠷᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠶᠢ ᠴᠢᠩᠭ᠎ᠠ ᠬᠡᠷᠡᠭᠵᠢᠭᠦᠯᠦᠨ᠂ ᠬᠢᠨᠠᠯᠲᠠ ᠬᠠᠮᠢᠶᠠᠷᠤᠯᠲᠠ ᠬᠢᠨᠠᠨ ᠪᠠᠶᠢᠴᠠᠭᠠᠯᠲᠠ ᠬᠢᠬᠦ ᠪᠠ ᠬᠠᠤᠯᠢ ᠬᠡᠷᠡᠭᠵᠢᠭᠦᠯᠬᠦ ᠦᠷ᠎ᠡ ᠴᠢᠳᠠᠮᠵᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ︔ ᠵᠠᠳᠠᠭᠠᠢ ᠨᠡᠭᠦᠷᠡᠰᠦᠨ ᠠᠭᠤᠷᠬᠠᠢ ᠶᠢᠨ ᠬᠦᠨᠳᠦ ᠶᠡᠭᠡ ᠭᠠᠢ ᠭᠠᠮᠰᠢᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠢᠯᠡᠳᠪᠦᠷᠢᠯᠡᠯ ᠤᠨ ᠪᠠᠶᠢᠳᠠᠯ ᠪᠠ ᠠᠮᠤᠷ ᠲᠦᠪᠰᠢᠨ ᠤ ᠪᠠᠶᠢᠳᠠᠯ ᠢ ᠴᠠᠭ ᠲᠤᠬᠠᠢ ᠳᠤ ᠨᠢ ᠬᠢᠨᠠᠨ ᠡᠵᠡᠮᠳᠡᠬᠦ ᠬᠡᠷᠡᠭᠲᠡᠢ︔  ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠠᠴᠠ ᠵᠥᠷᠢᠴᠡᠭᠰᠡᠨ ᠢ ᠵᠠᠰᠠᠬᠤ ᠥᠨᠳᠥᠷ ᠳᠠᠷᠤᠯᠲᠠᠲᠤ ᠪᠠᠶᠢᠳᠠᠯ ᠢ ᠢᠮᠠᠭᠲᠠ ᠪᠠᠲᠤᠯᠠᠵᠤ᠂ ᠵᠠᠳᠠᠭᠠᠢ ᠨᠡᠭᠦᠷᠡᠰᠦᠨ ᠠᠭᠤᠷᠬᠠᠢ ᠶᠢᠨ ᠪᠣᠳᠠᠲᠠᠢ ᠡᠵᠡᠮᠳᠡᠭᠴᠢ ᠪᠠ ᠪᠣᠳᠠᠲᠠᠢ ᠪᠡᠯᠡ ᠭᠠᠷᠭᠠᠭᠴᠢ ᠵᠡᠷᠭᠡ ︽ᠵᠠᠩᠭᠢᠯᠠᠭ᠎ᠠ ᠶᠢᠨ ᠬᠥᠮᠥᠨ︾ ᠪᠠ ᠠᠭᠤᠷᠬᠠᠢ ᠶᠢᠨ ᠳᠠᠷᠤᠭ᠎ᠠ᠂ ᠶᠡᠷᠦᠩᠬᠡᠢ ᠢᠨᠵᠧᠨᠧᠷ ᠵᠡᠷᠭᠡ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠴᠢᠩᠭ᠎ᠠ ᠠᠩᠬᠠᠷᠤᠨ᠂ ᠬᠠᠷᠢᠭᠤᠴᠠᠯᠭ᠎ᠠ ᠨᠡᠬᠡᠮᠵᠢᠯᠡᠬᠦ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠵᠤ᠂ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠬᠡᠷᠡᠭ ᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ  ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷ᠎ᠠ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠨ᠎ᠡ᠃ ᠡᠯ᠎ᠡ ᠱᠠᠲᠤᠨ ᠤ ᠠᠶᠤᠯ ᠦᠭᠡᠢ ᠦᠢᠯᠡᠳᠪᠦᠷᠢᠯᠡᠯ ᠤᠨ ᠺᠣᠮᠢᠰ ᠤᠨ ᠠᠯᠪᠠᠨ ᠭᠡᠷ ᠨᠢ ᠬᠢᠨᠠᠯᠲᠠ ᠲᠠᠯᠪᠢᠨ ᠵᠢᠯᠤᠭᠤᠳᠴᠤ ᠵᠣᠬᠢᠴᠠᠭᠤᠯᠬᠤ ᠠᠵᠢᠯ ᠢᠶᠠᠨ ᠴᠢᠩᠭᠠᠳᠬᠠᠬᠤ ᠬᠡᠷᠡᠭᠲᠡᠢ᠃             ᠳᠥᠷᠪᠡ᠂ ᠵᠠᠳᠠᠭᠠᠢ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠪᠣᠳᠠᠲᠠᠢ ᠡᠵᠡᠮᠳᠡᠭᠴᠢ᠂ ᠪᠣᠳᠠᠲᠠᠢ ᠬᠠᠷᠢᠭᠤᠴᠠᠯᠭᠠᠲᠠᠨ ᠨᠢ ᠡᠷᠬᠡᠪᠰᠢ ᠠᠶᠤᠯ ᠦᠭᠡᠢ ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠲᠤᠰ ᠨᠢᠭᠡᠴᠢ ᠶᠢᠨ ᠢᠶᠠᠨ ᠠᠶᠤᠯ ᠦᠭᠡᠢ ᠦᠢᠯᠡᠳᠪᠦᠷᠢᠯᠡᠯ ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ︽ᠠᠭᠤᠷᠬᠠᠢ ᠶᠢᠨ ᠲᠠᠪᠤᠨ ᠳᠠᠷᠤᠭ᠎ᠠ︾ ᠨᠢ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠠᠭᠤᠷᠬᠠᠢ ᠶᠢᠨ ᠳᠠᠷᠤᠭ᠎ᠠ ᠵᠢᠵᠢᠭᠦᠷ ᠳᠠᠭᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠦᠨ᠂ ᠨᠡᠷ᠎ᠡ ᠶᠢᠨ ᠲᠡᠳᠦᠢ ᠵᠢᠵᠢᠭᠦᠷᠯᠡᠬᠦ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠵᠠᠳᠠᠭᠠᠢ ᠨᠡᠭᠦᠷᠡᠰᠦᠨ ᠠᠭᠤᠷᠬᠠᠢ ᠨᠤᠭᠤᠳ ᠵᠥᠪᠰᠢᠶᠡᠷᠡᠭᠰᠡᠨ ᠵᠢᠷᠤᠭ ᠲᠥᠯᠥᠪᠯᠡᠭᠡ ᠶᠢ ᠴᠢᠩᠭ᠎ᠠ ᠵᠢᠷᠤᠮᠯᠠᠨ ᠪᠠᠷᠢᠯᠭ᠎ᠠ ᠪᠠᠷᠢᠵᠤ᠂ ᠬᠢᠨᠠᠨ ᠰᠢᠨᠵᠢᠬᠦ ᠲᠥᠬᠦᠭᠡᠷᠦᠮᠵᠢ  ᠶᠢ ᠭᠦᠢᠴᠡᠳ ᠲᠡᠭᠦᠯᠳᠡᠷ ᠪᠦᠷᠢᠨ ᠰᠠᠶᠢᠨ ᠪᠠᠶᠢᠯᠭᠠᠵᠤ᠂ ᠠᠶᠤᠯ ᠦᠭᠡᠢ ᠦᠢᠯᠡᠳᠪᠦᠷᠢᠯᠡᠯ ᠤᠨ ᠳᠦᠷᠢᠮ ᠢ ᠪᠦᠷᠢᠨᠰᠢᠭᠦᠯᠬᠦ ᠶᠢᠨ ᠬᠠᠮᠲᠤ ᠪᠣᠳᠠᠲᠠᠶᠢᠵᠢᠭᠤᠯᠤᠨ ᠬᠡᠷᠡᠭᠵᠢᠭᠦᠯᠬᠦ ᠬᠡᠷᠡᠭᠲᠡᠢ᠃             ᠲᠠᠪᠤ᠂ ᠰᠢᠯᠭᠠᠨ ᠪᠠᠶᠢᠴᠠᠭᠠᠵᠤ ᠬᠡᠮᠵᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ᠂ ᠦᠨᠡᠯᠡᠬᠦ᠂ ᠭᠠᠵᠠᠷ ᠰᠢᠨᠵᠢᠯᠡᠭᠡᠨ ᠤ ᠬᠠᠶᠢᠨ ᠰᠢᠨᠵᠢᠬᠦ ᠵᠡᠷᠭᠡ ᠵᠠᠭᠤᠴᠢ ᠪᠠᠶᠢᠭᠤᠯᠤᠮᠵᠢ ᠨᠤᠭᠤᠳ ᠪᠣᠳᠠᠲᠤ ᠪᠠᠶᠢᠳᠠᠯ ᠢᠶᠠᠨ ᠦᠨᠳᠦᠰᠦᠯᠡᠨ ᠮᠡᠳᠡᠭᠦᠯᠦᠯᠲᠡ ᠭᠠᠷᠭᠠᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠪᠣᠳᠠᠲᠤ ᠪᠠᠶᠢᠳᠠᠯ ᠢ ᠦᠨᠳᠦᠰᠦᠯᠡᠭᠰᠡᠨ ᠦᠭᠡᠢ ᠪᠤᠶᠤ ᠬᠤᠳᠠᠯ ᠬᠠᠭᠤᠷᠮᠠᠭ ᠮᠡᠳᠡᠭᠦᠯᠦᠯᠲᠡ ᠭᠠᠷᠭᠠᠭᠰᠠᠨ ᠪᠠᠶᠢᠪᠠᠯ᠂ ︽ᠬᠠᠷ᠎ᠠ ᠲᠠᠩᠰᠠ︾ ᠶᠢᠨ ᠬᠠᠮᠢᠶᠠᠷᠤᠯᠲᠠ ᠳᠤ ᠣᠷᠣᠭᠤᠯᠵᠤ᠂ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ ᠬᠡᠷᠡᠭᠲᠡᠢ᠃             ᠵᠢᠷᠭᠤᠭ᠎ᠠ᠂ ᠤᠯᠤᠰ ᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠲᠠᠢ ᠬᠠᠮᠲᠤᠷᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢ ᠲᠥᠷᠥᠯ ᠬᠤᠪᠢᠶᠠᠨ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠶᠢᠨ ᠬᠡᠷᠡᠭᠵᠢᠭᠦᠯᠬᠦ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠤᠯᠠᠷᠢᠯ ᠪᠦᠷᠢ ᠵᠠᠳᠠᠭᠠᠢ ᠨᠡᠭᠦᠷᠡᠰᠦᠨ ᠠᠭᠤᠷᠬᠠᠢ ᠶᠢᠨ ᠲᠥᠷᠥᠯ ᠬᠤᠪᠢᠶᠠᠨ ᠲᠠᠰ ᠦᠨᠡᠯᠡᠬᠦ ᠳᠤ ᠬᠥᠳᠡᠯᠦᠩᠭᠦᠢ ᠪᠠᠷ ᠲᠣᠬᠢᠷᠠᠭᠤᠯᠤᠯᠲᠠ ᠬᠢᠵᠦ᠂ ᠲᠥᠷᠥᠯ ᠬᠤᠪᠢᠶᠠᠨ ᠲᠠᠰ ᠦᠨᠡᠯᠡᠭᠰᠡᠨ ᠪᠠᠶᠢᠳᠠᠯ ᠢ ᠨᠡᠶᠢᠭᠡᠮ ᠳᠤ ᠨᠡᠶᠢᠲᠡᠯᠡᠨ᠎ᠡ᠃  ᠵᠠᠳᠠᠭᠠᠢ ᠨᠡᠭᠦᠷᠡᠰᠦᠨ ᠠᠭᠤᠷᠬᠠᠢ ᠶᠢᠨ ᠲᠥᠷᠥᠯ ᠬᠤᠪᠢᠶᠠᠨ ᠳᠡᠰ ᠦᠨᠡᠯᠡᠭᠰᠡᠨ ᠦᠷ᠎ᠡ ᠳ᠋ᠦᠩ ᠤᠨ ᠰᠢᠨᠵᠢᠯᠡᠬᠦ ᠤᠬᠠᠭᠠᠨᠴᠢ ᠬᠡᠷᠡᠭᠯᠡᠯᠲᠡ ᠶᠢ ᠴᠢᠩᠭᠠᠳᠬᠠᠵᠤ᠂ C ᠲᠥᠷᠥᠯ ᠤᠨ ᠵᠠᠳᠠᠭᠠᠢ ᠨᠡᠭᠦᠷᠡᠰᠦᠨ ᠠᠭᠤᠷᠬᠠᠢ ᠶᠢ ᠭᠤᠣᠯᠳᠠᠯᠭ᠎ᠠ ᠲᠠᠢ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠡᠲᠡᠭᠡᠳ ᠲᠤ ᠵᠢᠭᠰᠠᠭᠠᠨ ᠣᠷᠣᠭᠤᠯᠵᠤ᠂ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ᠂ ᠬᠦᠨᠳᠦ ᠶᠡᠭᠡ ᠠᠳᠡᠯ ᠤᠨ ᠳᠠᠯᠳᠠ ᠭᠡᠮ ᠣᠷᠣᠰᠢᠵᠤ ᠪᠠᠶᠢᠭ᠎ᠠ ᠶᠢ ᠨᠢ ᠴᠥᠮ ᠬᠠᠤᠯᠢ ᠲᠣᠭᠲᠠᠭᠠᠯ ᠶᠣᠰᠣᠭᠠᠷ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠵᠤ ᠴᠡᠭᠴᠡᠯᠡᠨ ᠰᠠᠶᠢᠵᠢᠷᠠᠭᠤᠯᠵᠤ᠂  ᠡᠳᠦᠷ ᠲᠤᠲᠤᠮ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤᠰᠬᠠᠢ ᠬᠥᠮᠥᠨ ᠲᠣᠮᠢᠯᠠᠨ ᠬᠠᠷᠠᠭᠤᠯᠤᠨ ᠰᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠤᠭᠰᠠᠨ ᠤ ᠬᠠᠮᠲᠤ ᠠᠮᠤᠷ ᠲᠦᠪᠰᠢᠨ ᠤ ᠲᠠᠯ᠎ᠠ ᠪᠠᠷ ᠰᠢᠯᠭᠠᠨ ᠬᠤᠷᠢᠶᠠᠵᠤ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢ ᠨᠢ ᠰᠡᠷᠭᠦᠭᠡᠵᠦ ᠪᠣᠯᠣᠨ᠎ᠠ᠃ ᠡᠯ᠎ᠡ ᠱᠠᠲᠤᠨ ᠤ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠠᠭᠤᠷᠬᠠᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠰᠠᠯᠠᠭ᠎ᠠ ᠮᠥᠴᠢᠷ ᠨᠢ C ᠲᠥᠷᠥᠯ ᠤᠨ ᠨᠡᠭᠦᠷᠡᠰᠦᠨ ᠠᠭᠤᠷᠬᠠᠢ ᠶᠢᠨ ᠪᠠᠶᠢᠴᠠᠭᠠᠯᠲᠠ ᠶᠢᠨ ᠳᠠᠪᠲᠠᠮᠵᠢ ᠪᠠᠨ ᠨᠡᠮᠡᠭᠳᠡᠭᠦᠯᠬᠦ ᠬᠡᠷᠡᠭᠲᠡᠢ᠃ ︽ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢᠨ ᠬᠠᠮᠢᠶᠠᠷᠤᠯᠲᠠ ᠶᠢᠨ ᠠᠷᠭ᠎ᠠ︾  ᠶᠢ ᠴᠢᠩᠭ᠎ᠠ ᠵᠢᠷᠤᠮᠯᠠᠨ C ᠲᠥᠷᠥᠯ ᠤᠨ ᠨᠡᠭᠦᠷᠡᠰᠦᠨ ᠠᠭᠤᠷᠬᠠᠢ ᠳᠤ ᠦᠢᠯᠡᠳᠪᠦᠷᠢᠯᠡᠬᠦ ᠴᠢᠳᠠᠮᠵᠢ ᠶᠢ ᠨᠢ ᠬᠠᠷᠭᠤᠭᠤᠯᠤᠨ ᠲᠣᠭᠲᠠᠭᠠᠬᠤ ᠠᠵᠢᠯ ᠢ ᠥᠷᠨᠢᠭᠦᠯᠬᠦ ᠬᠡᠷᠡᠭᠲᠡᠢ᠃             ᠳᠣᠯᠤᠭ᠎ᠠ᠂ ᠵᠠᠳᠠᠭᠠᠢ ᠨᠡᠭᠦᠷᠡᠰᠦᠨ ᠠᠭᠤᠷᠬᠠᠢ ᠳᠤ ︽ᠨᠡᠭᠦᠷᠡᠰᠦᠨ ᠠᠭᠤᠷᠬᠠᠢ ᠶᠢᠨ ᠬᠦᠨᠳᠦ ᠶᠡᠭᠡ ᠠᠳᠡᠯ ᠤᠨ ᠲᠠᠯᠲᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ︾ ᠳᠤ ᠲᠣᠳᠣᠷᠬᠠᠶᠢᠯᠠᠭᠰᠠᠨ ᠬᠦᠨᠳᠦ ᠶᠡᠭᠡ ᠠᠳᠡᠯ ᠤᠨ ᠳᠠᠯᠳᠠ ᠭᠡᠮ ᠤᠨ ᠪᠠᠶᠢᠳᠠᠯ ᠤᠨ ᠨᠢᠭᠡ  ᠨᠢ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠵᠤ ᠴᠡᠭᠴᠡᠯᠡᠭᠦᠯᠦᠨ᠎ᠡ︔ ︽ᠨᠡᠭᠦᠷᠡᠰᠦᠨ ᠠᠭᠤᠷᠬᠠᠢ ᠶᠢᠨ ᠬᠦᠨᠳᠦ ᠶᠡᠭᠡ ᠠᠳᠡᠯ ᠤᠨ ᠳᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ︾ ᠠᠴᠠ ᠭᠠᠳᠠᠨᠠᠬᠢ ᠡᠩ ᠤᠨ ᠳᠠᠯᠳᠠ ᠭᠡᠮ ᠣᠷᠣᠰᠢᠵᠤ ᠪᠠᠶᠢᠪᠠᠯ᠂ ᠵᠠᠷᠯᠢᠭᠳᠠᠵᠤ ᠪᠠᠶᠢᠭᠠᠳ ᠳᠠᠯᠳᠠ ᠭᠡᠮ ᠢ ᠲᠡᠷᠡ ᠳᠠᠷᠤᠢ ᠳᠤ  ᠨᠢ ᠠᠷᠢᠯᠭᠠᠬᠤ ᠪᠤᠶᠤ ᠬᠤᠭᠤᠴᠠᠭ᠎ᠠ ᠬᠢᠵᠠᠭᠠᠷᠯᠠᠨ ᠠᠷᠢᠯᠭᠠᠭᠤᠯᠬᠤ ᠬᠡᠷᠡᠭᠲᠡᠢ᠂ ᠬᠡᠷᠡᠭᠵᠢᠭᠦᠯᠬᠦ  ᠶᠢ ᠲᠡᠪᠴᠢᠪᠡᠯ᠂ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃             ᠨᠠᠢᠮᠠ᠂ ᠵᠠᠳᠠᠭᠠᠢ ᠨᠡᠭᠦᠷᠡᠰᠦᠨ ᠠᠭᠤᠷᠬᠠᠢ  ᠨᠢ ᠰᠠᠷ᠎ᠠ ᠪᠦᠷᠢ ᠳᠤ ᠬᠠᠷᠢᠶ᠎ᠠ ᠭᠠᠵᠠᠷ ᠤᠨ ᠢᠶᠠᠨ ᠨᠡᠭᠦᠷᠡᠰᠦᠨ ᠠᠭᠤᠷᠬᠠᠢ ᠶᠢᠨ ᠡᠳᠦᠷ ᠲᠤᠲᠤᠮ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠶᠢ ᠬᠠᠷᠢᠭᠤᠴᠠᠬᠤ ᠰᠠᠯᠠᠭ᠎ᠠ ᠮᠥᠴᠢᠷ ᠲᠤ ᠳᠡᠭᠲᠡᠷ ᠤᠨ ᠥᠨᠳᠥᠷ ᠤᠨ ᠬᠡᠮᠵᠢᠶ᠎ᠡ ᠵᠡᠷᠭᠡ ᠠᠶᠤᠯ ᠦᠭᠡᠢ ᠦᠢᠯᠡᠳᠪᠦᠷᠢᠯᠡᠯ ᠤᠨ ᠬᠦᠴᠦᠨ ᠵᠦᠢᠯ ᠢ ᠮᠡᠳᠡᠭᠦᠯᠵᠦ᠂ ᠪᠠᠶᠢᠭ᠎ᠠ ᠭᠠᠵᠠᠷ ᠤᠨ ᠠᠶᠢᠮᠠᠭ ᠬᠤᠲᠠ ᠶᠢᠨ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠠᠭᠤᠷᠬᠠᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠳᠤ ᠨᠡᠶᠢᠲᠡᠯᠡᠬᠦ ᠬᠡᠷᠡᠭᠲᠡᠢ᠃ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠢ ᠣᠯᠵᠤ ᠮᠡᠳᠡᠪᠡᠯ᠂ ᠬᠠᠤᠯᠢ ᠲᠣᠭᠲᠠᠭᠠᠯ ᠶᠣᠰᠣᠭᠠᠷ ᠰᠢᠢᠳᠬᠡᠯ ᠲᠣᠷᠭᠠᠭᠤᠯᠢ ᠥᠭᠬᠦ ᠶᠢᠨ ᠬᠠᠮᠲᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ ᠬᠡᠷᠡᠭᠲᠡᠢ᠃            ᠶᠢᠰᠦ᠂ ᠵᠠᠳᠠᠭᠠᠢ ᠨᠡᠭᠦᠷᠡᠰᠦᠨ ᠠᠭᠤᠷᠬᠠᠢ ᠳᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠵᠠᠷ ᠬᠥᠳᠡᠯᠦᠯᠲᠡ ᠶᠢ ᠬᠢᠨᠠᠨ ᠰᠢᠨᠵᠢᠬᠦ ᠲᠤᠰᠬᠠᠢ ᠥᠷᠲᠡᠭᠡ ᠰᠦᠯᠵᠢᠶ᠎ᠡ᠂ ᠬᠠᠵᠠᠭᠤ ᠪᠡᠯ ᠤᠨ ᠷᠠᠳᠠᠷ ᠢ ᠪᠠᠭᠲᠠᠭᠠᠭᠰᠠᠨ ᠬᠠᠵᠠᠭᠤ ᠪᠡᠯ ᠤᠨ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ᠂ ᠲᠡᠷᠭᠡ ᠬᠥᠰᠬᠡ ᠲᠣᠬᠢᠷᠠᠭᠤᠯᠬᠤ ᠰᠢᠰᠲ᠋ᠧᠮ ᠢ ᠪᠠᠶᠢᠭᠤᠯᠵᠤ᠂ 24 ᠴᠠᠭ ᠤᠨ ᠰᠦᠯᠵᠢᠶᠡᠨ ᠳᠡᠭᠡᠷ᠎ᠡ ᠬᠢᠨᠠᠨ ᠰᠢᠨᠵᠢᠬᠦ ᠶᠢ ᠬᠡᠷᠡᠭᠵᠢᠭᠦᠯᠬᠦ ᠶᠢᠨ ᠬᠠᠮᠲᠤ ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠤᠨ ᠲᠦᠭᠰᠢᠭᠦᠷᠢ ᠶᠢ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ ᠯᠦᠭᠡ ᠰᠦᠯᠵᠢᠶ᠎ᠡ ᠪᠠᠨ ᠬᠤᠯᠪᠣᠬᠤ ᠬᠡᠷᠡᠭᠲᠡᠢ᠃ ᠬᠠᠵᠠᠭᠤ ᠪᠡᠯ ᠤᠨ ᠵᠥᠷᠢᠭᠳᠡᠯ᠂ ᠮᠠᠯᠲᠠᠵᠤ ᠬᠤᠭᠤᠰᠤᠷᠠᠭᠤᠯᠤᠭᠰᠠᠨ ᠣᠷᠣᠨ᠂ ᠬᠠᠶᠠᠭᠳᠠᠮᠠᠯ ᠭᠤᠳᠤᠮᠵᠢᠨ ᠵᠠᠮ ᠵᠡᠷᠭᠡ ᠭᠠᠮᠰᠢᠭ ᠤᠴᠠᠷᠠᠭᠤᠯᠬᠤ ᠨᠢᠭᠤᠭᠳᠠᠮᠠᠯ ᠬᠦᠴᠦᠨ ᠵᠦᠢᠯ ᠢ ᠪᠥᠬᠦ ᠲᠠᠯ᠎ᠠ ᠪᠠᠷ ᠪᠠᠶᠢᠴᠠᠭᠠᠨ ᠲᠣᠳᠣᠯᠠᠵᠤ᠂ ᠵᠠᠰᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠵᠠᠰᠠᠯᠲᠠ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠭᠤᠷᠬᠠᠢ ᠮᠠᠯᠲᠠᠬᠤ ᠲᠠᠯᠠᠪᠤᠷ ᠤᠨ ᠣᠷᠣᠵᠤ ᠭᠠᠷᠬᠤ ᠭᠠᠵᠠᠷ ᠵᠡᠷᠭᠡ ᠢᠯᠡ ᠭᠠᠵᠠᠷ ᠲᠤ ᠡᠷᠬᠡᠪᠰᠢ ᠵᠠᠷᠯᠠᠨ ᠮᠡᠳᠡᠭᠳᠡᠬᠦ ᠫᠠᠶᠢᠰᠠ ᠲᠠᠯᠪᠢᠵᠤ᠂ ᠲᠤᠬᠠᠢ ᠶᠢᠨ ᠲᠠᠯᠠᠪᠤᠷ ᠤᠨ ᠠᠮᠤᠷ ᠲᠦᠪᠰᠢᠨ ᠤ ᠲᠦᠭᠰᠢᠭᠦᠷᠢ ᠶᠢ ᠲᠣᠳᠣᠷᠬᠠᠢ ᠪᠢᠴᠢᠵᠦ᠂ ᠠᠵᠢᠯᠯᠠᠬᠤ ᠬᠥᠮᠥᠰ ᠲᠤ ᠠᠶᠤᠯ ᠠᠴᠠ ᠪᠠᠴᠢᠮ ᠵᠠᠶᠢᠯᠠᠬᠤ ᠪᠠᠶᠢᠳᠠᠯ ᠪᠠ ᠡᠷᠬᠡ ᠶᠢ ᠲᠣᠳᠣᠷᠬᠠᠢ ᠬᠡᠯᠡᠵᠦ ᠥᠭᠬᠦ ᠬᠡᠷᠡᠭᠲᠡᠢ︔  ᠪᠡᠯ ᠶᠡᠭᠦᠷᠡᠬᠦ ᠪᠠ ᠨᠤᠷᠠᠵᠤ ᠴᠥᠮᠥᠷᠡᠬᠦ ᠵᠡᠷᠭᠡ ᠠᠳᠡᠯ ᠭᠠᠷᠬᠤ ᠰᠢᠨᠵᠢ ᠮᠠᠶ᠋ᠢᠭ ᠲᠠᠢ ᠪᠠᠶᠢᠪᠠᠯ᠂ ᠡᠷᠬᠡᠪᠰᠢ ᠲᠡᠷᠡ ᠳᠠᠷᠤᠢ ᠳᠤ ᠨᠢ ᠠᠵᠢᠯᠯᠠᠬᠤ ᠪᠠᠨ ᠪᠠᠶᠢᠵᠤ᠂ ᠬᠥᠮᠥᠰ ᠢ ᠵᠠᠶᠢᠯᠠᠭᠤᠯᠤᠨ ᠶᠠᠪᠤᠭᠤᠯᠬᠤ ᠬᠡᠷᠡᠭᠲᠡᠢ᠃             ᠠᠷᠪᠠ᠂ ᠵᠠᠳᠠᠭᠠᠢ ᠨᠡᠭᠦᠷᠡᠰᠦᠨ ᠠᠭᠤᠷᠬᠠᠢ ᠶᠢᠨ ᠪᠠᠷᠢᠯᠭ᠎ᠠ ᠳᠠᠭᠠᠭᠠᠴᠢᠯᠠᠭᠰᠠᠨ ᠨᠢᠭᠡᠴᠢ ᠳᠠᠬᠢ ᠠᠶᠤᠯ ᠦᠭᠡᠢ ᠶᠢᠨ ᠬᠠᠮᠢᠶᠠᠷᠤᠯᠲᠠ ᠪᠠᠨ ᠡᠷᠬᠡᠪᠰᠢ ᠴᠢᠩᠭᠠᠳᠬᠠᠬᠤ ᠬᠡᠷᠡᠭᠲᠡᠢ᠃ ᠨᠡᠭᠦᠷᠡᠰᠦ ᠮᠠᠯᠲᠠᠬᠤ ᠪᠠᠷᠢᠯᠭ᠎ᠠ ᠶᠢ ᠭᠠᠳᠠᠭᠰᠢ ᠳᠠᠭᠠᠭᠠᠴᠢᠯᠠᠭᠤᠯᠵᠤ ᠪᠣᠯᠬᠤ ᠦᠭᠡᠢ︔ ᠦᠢᠯᠡᠳᠪᠦᠷᠢᠯᠡᠯ ᠤᠨ ᠴᠢᠳᠠᠪᠤᠷᠢ ᠨᠢ 500 ᠲᠦᠮᠡᠨ ᠲᠣᠨ / ᠵᠢᠯ ᠠᠴᠠ ᠳᠣᠷᠣᠭᠰᠢᠬᠢ ᠵᠠᠳᠠᠭᠠᠢ ᠨᠡᠭᠦᠷᠡᠰᠦᠨ ᠠᠭᠤᠷᠬᠠᠢ ᠶᠢᠨ ᠱᠠᠭᠠᠯᠬᠤ ᠪᠠᠷᠢᠯᠭ᠎ᠠ ᠶᠢ ᠳᠠᠭᠠᠭᠠᠴᠢᠯᠠᠬᠤ ᠨᠢᠭᠡᠴᠢ ᠨᠢ 1 ᠠᠴᠠ ᠬᠡᠲᠦᠷᠡᠵᠦ ᠪᠣᠯᠬᠤ ᠦᠭᠡᠢ᠂  ᠦᠢᠯᠡᠳᠪᠦᠷᠢᠯᠡᠯ ᠤᠨ ᠴᠢᠳᠠᠪᠤᠷᠢ ᠨᠢ 500 ᠲᠦᠮᠡᠨ ᠲᠣᠨ / ᠵᠢᠯ ᠵᠢᠴᠢ ᠲᠡᠭᠦᠨ ᠠᠴᠠ ᠳᠡᠭᠡᠭᠰᠢᠬᠢ ᠵᠠᠳᠠᠭᠠᠢ ᠨᠡᠭᠦᠷᠡᠰᠦᠨ ᠠᠭᠤᠷᠬᠠᠢ ᠶᠢᠨ ᠱᠠᠭᠠᠯᠬᠤ ᠪᠠᠷᠢᠯᠭ᠎ᠠ ᠶᠢ ᠳᠠᠭᠠᠭᠠᠴᠢᠯᠠᠬᠤ ᠨᠢᠭᠡᠴᠢ ᠨᠢ 2 ᠠᠴᠠ ᠬᠡᠲᠦᠷᠡᠵᠦ ᠪᠣᠯᠬᠤ ᠦᠭᠡᠢ᠃ ᠳᠠᠭᠠᠭᠠᠴᠢᠯᠠᠭᠰᠠᠨ ᠨᠢᠭᠡᠴᠢ ᠨᠦᠭᠦᠳ ᠨᠢ ᠲᠤᠰ ᠠᠭᠤᠷᠬᠠᠢ ᠶᠢᠨ ᠡᠩᠨᠡᠭᠡ ᠯᠦᠭᠡ ᠪᠠᠷᠢᠮᠵᠢᠶ᠎ᠠ ᠪᠠᠨ ᠨᠢᠭᠡᠳᠦᠯᠲᠡᠢ ᠪᠣᠯᠭᠠᠵᠤ᠂ ᠨᠢᠭᠡᠳᠦᠯᠲᠡᠢ ᠬᠠᠮᠢᠶᠠᠷᠬᠤ ᠬᠡᠷᠡᠭᠲᠡᠢ᠃ ᠵᠠᠳᠠᠭᠠᠢ ᠨᠡᠭᠦᠷᠡᠰᠦᠨ ᠠᠭᠤᠷᠬᠠᠢ ᠶᠢᠨ ᠳᠠᠭᠠᠭᠠᠴᠢᠯᠠᠯᠲᠠ ᠵᠠᠷᠯᠠᠬᠤ ᠳᠤ ᠲᠣᠰ ᠠᠭᠤᠷᠬᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠦᠨᠳᠦᠰᠦᠯᠡᠨ᠂ ᠪᠠᠷᠢᠯᠭ᠎ᠠ ᠳᠠᠭᠠᠭᠠᠴᠢᠯᠠᠬᠤ ᠨᠢᠭᠡᠴᠢ ᠶᠢᠨ ᠬᠢᠷᠢ ᠬᠡᠮ ᠤᠨ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠢ︔  ᠳᠠᠭᠠᠭᠠᠴᠢᠯᠠᠯᠲᠠ ᠵᠠᠷᠯᠠᠯᠲᠠ ᠶᠢᠨ ᠳᠣᠣᠷ᠎ᠠ ᠬᠢᠵᠠᠭᠠᠷ ᠦᠨ᠎ᠡ ᠶᠢ ᠲᠣᠭᠲᠠᠭᠠᠬᠤ ᠶᠢᠨ ᠬᠠᠮᠲᠤ ᠳᠠᠭᠠᠭᠠᠴᠢᠯᠠᠯᠲᠠ ᠬᠦᠯᠢᠶᠡᠬᠦ ᠨᠢᠭᠡᠴᠢ ᠶᠢᠨ ᠠᠵᠢᠯ ᠤᠨ ᠠᠮᠵᠢᠯᠲᠠ ᠪᠦᠲᠦᠮᠵᠢ᠂ ᠴᠢᠳᠠᠪᠤᠷᠢ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ ᠳᠠᠭᠠᠭᠠᠴᠢᠯᠠᠯᠲᠠ ᠣᠨᠣᠬᠤ ᠠᠵᠤ ᠠᠬᠤᠶᠢᠯᠠᠯ ᠢ ᠲᠣᠭᠲᠠᠭᠠᠬᠤ ᠬᠡᠷᠡᠭᠲᠡᠢ᠂  ᠳᠥᠭᠦᠮᠬᠡᠨ ᠢᠶᠠᠷ ᠬᠠᠮᠤᠭ ᠤᠨ ᠳᠣᠣᠷ᠎ᠠ ᠦᠨ᠎ᠡ ᠪᠠᠷ ᠳᠠᠭᠠᠭᠠᠴᠢᠯᠠᠯᠲᠠ ᠣᠨᠣᠭᠠᠵᠤ ᠪᠣᠯᠬᠤ ᠦᠭᠡᠢ᠃ ᠳᠠᠭᠠᠭᠠᠴᠢᠯᠠᠬᠤ ᠨᠢᠭᠡᠴᠢ ᠶᠢᠨ ᠬᠢᠨ ᠳᠠᠭᠠᠭᠠᠴᠢᠯᠠᠭᠰᠠᠨ ᠪᠠᠷᠢᠯᠭ᠎ᠠ ᠶᠢᠨ ᠭᠤᠣᠯ ᠴᠣᠭᠴᠠ ᠶᠢ ᠬᠤᠪᠢᠶᠠᠨ ᠳᠠᠭᠠᠭᠠᠴᠢᠯᠠᠭᠤᠯᠬᠤ ᠶᠢ ᠨᠢ ᠴᠠᠭᠠᠵᠠᠯᠠᠵᠤ᠂ ᠳᠠᠭᠠᠭᠠᠴᠢᠯᠠᠭᠰᠠᠨ ᠨᠢᠭᠡᠴᠢ ᠲᠡᠭᠦᠨ ᠤ ᠥᠪᠡᠷ ᠤᠨ ᠳᠠᠭᠠᠭᠠᠨ ᠠᠪᠤᠭᠰᠠᠨ ᠪᠠᠷᠢᠯᠭ᠎ᠠ ᠪᠠᠨ ᠰᠢᠯᠵᠢᠭᠦᠯᠦᠨ ᠳᠠᠭᠠᠭᠠᠴᠢᠯᠠᠭᠤᠯᠬᠤ ᠶᠢ ᠴᠠᠭᠠᠵᠠᠯᠠᠬᠤ ᠬᠡᠷᠡᠭᠲᠡᠢ᠃             ᠠᠷᠪᠠᠨ ᠨᠢᠭᠡ᠂ ᠵᠠᠳᠠᠭᠠᠢ ᠨᠡᠭᠦᠷᠡᠰᠦᠨ ᠠᠭᠤᠷᠬᠠᠢ ᠪᠣᠯ ᠬᠠᠤᠯᠢ ᠲᠣᠭᠲᠠᠭᠠᠯ ᠶᠣᠰᠣᠭᠠᠷ ᠪᠦᠬᠦ ᠠᠵᠢᠯᠯᠠᠭᠰᠠᠳ ᠲᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠲᠤᠰᠢᠶᠠᠨ ᠥᠭᠴᠦ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠳᠤ ᠤᠷᠤᠭᠤᠯᠬᠤ ᠬᠡᠷᠡᠭᠲᠡᠢ᠃             ᠠᠷᠪᠠᠨ ᠬᠤᠶᠠᠷ᠂ ᠵᠠᠳᠠᠭᠠᠢ ᠨᠡᠭᠦᠷᠡᠰᠦᠨ ᠠᠭᠤᠷᠬᠠᠢ ᠶᠢᠨ ᠠᠳᠠᠯᠢ ᠨᠢᠭᠡ ᠨᠡᠭᠡᠭᠡᠨ ᠮᠠᠯᠲᠠᠬᠤ ᠲᠡᠭᠰᠢ ᠲᠠᠪᠴᠠᠩ᠂ ᠠᠳᠠᠯᠢ ᠨᠢᠭᠡ ᠤᠬᠤᠵᠤ ᠮᠠᠯᠲᠠᠬᠤ ᠪᠦᠰᠡ᠂  ᠮᠠᠯᠲᠠᠵᠤ ᠱᠠᠭᠠᠯᠬᠤ ᠲᠥᠬᠦᠭᠡᠷᠦᠮᠵᠢ ᠶᠢᠨ ᠬᠤᠭᠤᠷᠣᠨᠳᠤᠬᠢ ᠠᠮᠤᠷ ᠲᠦᠪᠰᠢᠨ ᠤ ᠵᠠᠢ ᠨᠢ 50 ᠮᠧᠲᠷ ᠠᠴᠠ ᠣᠶᠢᠷ᠎ᠠ ᠪᠠᠶᠢᠵᠤ ᠪᠣᠯᠬᠤ ᠦᠭᠡᠢ᠂ ᠲᠡᠭᠡᠭᠡᠪᠦᠷᠢ ᠶᠢᠨ ᠲᠥᠬᠦᠭᠡᠷᠦᠮᠵᠢ ᠶᠢᠨ ᠬᠤᠭᠤᠷᠣᠨᠳᠤᠬᠢ ᠠᠮᠤᠷ ᠲᠦᠪᠰᠢᠨ ᠤ ᠵᠠᠢ ᠨᠢ 30 ᠮᠧᠲᠷ ᠠᠴᠠ ᠪᠠᠭ᠎ᠠ ᠪᠠᠶᠢᠵᠤ ᠪᠣᠯᠬᠤ ᠦᠭᠡᠢ᠃ 300 ᠮᠧᠲᠷ ᠤᠨ ᠠᠵᠢᠯᠯᠠᠬᠤ ᠱᠤᠭᠤᠮ ᠤᠨ ᠬᠡᠪᠴᠢᠶᠡᠨ ᠳᠣᠲᠣᠷ᠎ᠠ᠂ ᠳᠡᠭᠡᠷ᠎ᠡ ᠠᠴᠠ ᠳᠣᠷᠣᠭᠰᠢ ᠪᠦᠬᠦ ᠳᠡᠭᠲᠡᠷ ᠲᠤ ᠳᠠᠩ ᠡᠭᠡᠯᠵᠢ ᠶᠢᠨ ᠠᠵᠢᠯᠯᠠᠬᠤ ᠬᠥᠮᠥᠨ ᠤ ᠲᠤᠭ᠎ᠠ ᠨᠢ 29 ᠬᠥᠮᠥᠨ ᠠᠴᠠ ᠢᠯᠡᠭᠦᠦ ᠪᠠᠶᠢᠵᠤ ᠪᠣᠯᠬᠤ ᠦᠭᠡᠢ᠃             ᠠᠷᠪᠠᠨ ᠭᠤᠷᠪᠠ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠤᠯᠤᠰ ᠤᠨ ᠠᠭᠤᠷᠬᠠᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠲᠠᠢ ᠬᠠᠮᠲᠤᠷᠠᠨ᠂ ᠵᠠᠳᠠᠭᠠᠢ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠦᠢᠯᠡᠳᠪᠦᠷᠢᠯᠡᠯ ᠪᠠ ᠠᠵᠢᠯ ᠢᠶᠠᠨ ᠵᠣᠭᠰᠣᠭᠠᠭᠰᠠᠨ ᠰᠢᠯᠲᠠᠭᠠᠨ᠂ ᠦᠢᠯᠡᠳᠪᠦᠷᠢᠯᠡᠯ ᠪᠠ ᠠᠵᠢᠯ ᠢᠶᠠᠨ ᠰᠡᠷᠭᠦᠭᠡᠭᠰᠡᠨ ᠴᠣᠬᠤᠯᠠᠪᠤᠷᠢ ᠵᠡᠷᠭᠡ ᠪᠠᠶᠢᠳᠠᠯ ᠢ ᠴᠠᠭ ᠲᠤᠬᠠᠢ ᠳᠤ ᠨᠢ ᠨᠡᠶᠢᠭᠡᠮ ᠳᠤ ᠢᠯᠡ ᠪᠣᠯᠭᠠᠵᠤ᠂ ᠨᠡᠶᠢᠭᠡᠮ ᠤᠨ ᠬᠢᠨ ᠤ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠢ᠃             ᠠᠷᠪᠠᠨ ᠳᠥᠷᠪᠡ᠂ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠨᠡᠭᠦᠷᠡᠰᠦᠨ ᠤ ᠠᠵᠢᠯ ᠲᠥᠷᠥᠯ ᠤᠨ ᠬᠠᠮᠢᠶᠠᠷᠤᠯᠲᠠ᠂ ᠨᠡᠭᠦᠷᠡᠰᠦᠨ ᠠᠭᠤᠷᠬᠠᠢ ᠶᠢᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ᠂ ᠠᠭᠤᠷᠬᠠᠢ ᠶᠢᠨ ᠠᠶᠤᠯ ᠦᠭᠡᠢ ᠶᠢᠨ ᠬᠢᠨᠠᠨ ᠪᠠᠶᠢᠴᠠᠭᠠᠬᠤ ᠵᠡᠷᠭᠡ ᠰᠠᠯᠠᠭ᠎ᠠ ᠮᠥᠴᠢᠷ ᠤᠳ ᠨᠡᠭᠦᠷᠡᠰᠦᠨ ᠠᠭᠤᠷᠬᠠᠢ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠂  ᠨᠡᠶᠢᠭᠡᠮ ᠳᠤ ᠢᠯᠡᠴᠢᠯᠡᠨ ᠮᠡᠳᠡᠭᠦᠯᠬᠦ ᠤᠲᠠᠰᠤ ᠪᠠᠨ ᠢᠯᠡ ᠪᠣᠯᠭᠠᠵᠤ᠂ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠵᠠᠷᠤᠳᠠᠯ ᠢ ᠨᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠬᠤ ᠬᠡᠷᠡᠭᠲᠡᠢ᠃             ᠠᠷᠪᠠᠨ ᠲᠠᠪᠤ᠂ ᠵᠠᠳᠠᠭᠠᠢ ᠨᠡᠭᠦᠷᠡᠰᠦᠨ ᠠᠭᠤᠷᠬᠠᠢ ᠳᠤ ︽ᠳᠥᠷᠪᠡᠨ ᠨᠢᠭᠡ ᠪᠦᠯᠦᠭ︾ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ᠃             ︵ᠨᠢᠭᠡ︶ ᠨᠢᠭᠡ ᠪᠦᠯᠦᠭ ᠢ ᠬᠠᠭᠠᠯᠭᠠᠨ ᠵᠣᠭᠰᠣᠭᠠᠵᠤ ᠪᠤᠴᠠᠭᠠᠨ ᠭᠠᠷᠭᠠᠨ᠎ᠠ᠃ ᠬᠦᠨᠳᠦ ᠶᠡᠭᠡ ᠠᠳᠡᠯ ᠤᠨ ᠳᠠᠯᠳᠠ ᠭᠡᠮ ᠣᠷᠣᠰᠢᠵᠤ᠂ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠮᠥᠨ ᠬᠦ ᠠᠮᠤᠷ ᠲᠦᠪᠰᠢᠨ ᠤ ᠨᠥᠬᠦᠴᠡᠯ ᠳᠤ ᠬᠦᠷᠴᠦ ᠳᠡᠶᠢᠯᠬᠦ ᠦᠭᠡᠢ ᠵᠠᠳᠠᠭᠠᠢ ᠨᠡᠭᠦᠷᠡᠰᠦᠨ ᠠᠭᠤᠷᠬᠠᠢ ᠶᠢ ᠬᠠᠤᠯᠢ ᠲᠣᠭᠲᠠᠭᠠᠯ ᠶᠣᠰᠣᠭᠠᠷ ᠬᠠᠭᠠᠯᠭᠠᠨ ᠵᠣᠭᠰᠣᠭᠠᠵᠤ ᠪᠤᠴᠠᠭᠠᠨ ᠭᠠᠷᠭᠠᠬᠤ ᠬᠡᠷᠡᠭᠲᠡᠢ᠃             ︵ᠬᠤᠶᠠᠷ︶ ᠨᠢᠭᠡ ᠪᠦᠯᠦᠭ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠤᠨ᠎ᠠ᠃ ᠡᠬᠢ ᠪᠠᠶᠠᠯᠢᠭ ᠤᠨ ᠬᠤᠪᠢᠶᠠᠷᠢᠯᠠᠯᠲᠠ ᠨᠢ ᠰᠢᠨᠵᠢᠯᠡᠬᠦ ᠤᠬᠠᠭᠠᠨᠴᠢ ᠪᠤᠰᠤ᠂ ᠵᠦᠢ ᠵᠣᠬᠢᠰ ᠦᠭᠡᠢ ᠪᠠᠶᠢᠵᠤ᠂ ᠠᠭᠤᠷᠬᠠᠢ ᠶᠢᠨ ᠰᠠᠪᠠ ᠶᠢᠨ ᠲᠠᠯᠠᠪᠠᠢ  ᠨᠢ ᠪᠠᠭ᠎ᠠ᠂ ᠬᠡᠪ ᠤᠨ ᠮᠠᠯᠲᠠᠵᠤ ᠴᠡᠪᠡᠷᠯᠡᠬᠦ ᠠᠵᠢᠯ ᠢ ᠪᠡᠶᠡᠯᠡᠭᠦᠯᠬᠦ ᠶᠢᠨ ᠠᠷᠭ᠎ᠠ ᠦᠭᠡᠢ᠂  ᠡᠰᠡᠬᠦᠯ᠎ᠡ ᠬᠠᠵᠠᠭᠤ ᠬᠠᠪᠢ ᠪᠠᠷ ᠬᠢ ᠨᠡᠭᠦᠷᠡᠰᠦᠨ ᠠᠭᠤᠷᠬᠠᠢ ᠠᠶᠤᠯ ᠦᠭᠡᠢ ᠦᠢᠯᠡᠳᠪᠦᠷᠢᠯᠡᠯ ᠢ ᠨᠢ ᠨᠥᠯᠥᠭᠡᠯᠡᠵᠦ ᠪᠠᠶᠢᠭ᠎ᠠ ᠵᠠᠳᠠᠭᠠᠢ ᠨᠡᠭᠦᠷᠡᠰᠦᠨ ᠠᠭᠤᠷᠬᠠᠢ ᠶᠢ ᠬᠠᠤᠯᠢ ᠲᠣᠭᠲᠠᠭᠠᠯ ᠶᠣᠰᠣᠭᠠᠷ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠵᠤ᠂ ᠵᠢᠵᠢᠭ ᠬᠡᠯᠪᠡᠷᠢ ᠶᠢᠨ ᠵᠠᠳᠠᠭᠠᠢ ᠨᠡᠭᠦᠷᠡᠰᠦᠨ ᠠᠭᠤᠷᠬᠠᠢ ᠶᠢ ᠲᠣᠮᠣ ᠬᠡᠯᠪᠡᠷᠢ ᠶᠢᠨ ᠠᠭᠤᠷᠬᠠᠢ ᠲᠡᠶᠢᠰᠢ ᠬᠡᠯᠪᠡᠷᠢ ᠶᠢ ᠨᠢ ᠬᠤᠪᠢᠷᠠᠭᠤᠯᠬᠤ ᠶᠢ ᠠᠬᠢᠭᠤᠯᠤᠨ᠂ ᠬᠠᠮᠢᠶᠠᠷᠤᠨ ᠡᠵᠡᠮᠳᠡᠬᠦ ᠶᠢ ᠨᠢᠭᠡ ᠴᠣᠭᠴᠠᠵᠢᠭᠤᠯᠬᠤ᠂ ᠨᠡᠭᠡᠭᠡᠨ ᠮᠠᠯᠲᠠᠬᠤ ᠶᠢ ᠣᠶᠤᠨᠴᠢᠯᠠᠬᠤ᠂ ᠲᠣᠨᠤᠭ ᠲᠥᠬᠦᠭᠡᠷᠦᠮᠵᠢ ᠶᠢ ᠬᠦᠨᠳᠦ ᠬᠡᠯᠪᠡᠷᠢᠵᠢᠭᠦᠯᠬᠦ᠂ ᠡᠩᠨᠡᠭᠡ ᠶᠢ ᠲᠤᠰᠬᠠᠶᠢᠵᠢᠭᠤᠯᠬᠤ᠂ ᠬᠠᠮᠢᠶᠠᠷᠤᠯᠲᠠ ᠶᠢ ᠨᠠᠷᠢᠯᠢᠭᠵᠢᠭᠤᠯᠬᠤ ᠪᠠ ᠠᠮᠢ ᠠᠬᠤᠢ ᠶᠢ ᠡᠬᠢ ᠪᠠᠶᠠᠯᠢᠭᠵᠢᠭᠤᠯᠬᠤ ᠶᠢ ᠪᠡᠶᠡᠯᠡᠭᠦᠯᠬᠦ ᠬᠡᠷᠡᠭᠲᠡᠢ᠃             ︵ᠭᠤᠷᠪᠠ︶ ᠨᠢᠭᠡ ᠪᠦᠯᠦᠭ ᠢ ᠥᠭᠡᠷᠡᠴᠢᠯᠡᠨ ᠰᠠᠶᠢᠵᠢᠷᠠᠭᠤᠯᠤᠨ᠎ᠠ᠃ ᠣᠲᠣ ᠶᠢᠨ ᠪᠠᠶᠢᠭ᠎ᠠ ᠬᠠᠳᠠᠭᠠᠯᠠᠭᠳᠠᠴᠠ ᠪᠠᠷ ᠠᠷᠪᠢᠨ᠂ ᠲᠤᠬᠠᠢ ᠶᠢᠨ ᠲᠠᠯᠠᠪᠤᠷ ᠢ ᠰᠠᠶᠢᠲᠤᠷ ᠬᠠᠮᠢᠶᠠᠷᠤᠭᠰᠠᠨ᠂ ᠮᠡᠷᠭᠡᠵᠢᠯ ᠤᠨ ᠠᠵᠢᠯᠲᠠᠨ ᠤ ᠲᠣᠬᠢᠷᠠᠭᠤᠯᠤᠯᠲᠠ ᠨᠢ ᠰᠠᠶᠢᠨ ᠪᠠᠶᠢᠬᠤ ᠵᠠᠳᠠᠭᠠᠢ ᠨᠡᠭᠦᠷᠡᠰᠦᠨ ᠠᠭᠤᠷᠬᠠᠢ ᠳᠤ ᠵᠢᠯᠣᠭᠤᠴᠢ ᠦᠭᠡᠢ᠂ ᠬᠠᠵᠠᠭᠤ ᠪᠠᠯ ᠤᠨ ᠷᠠᠳᠠᠷ ᠤᠨ ᠬᠢᠨᠠᠨ ᠰᠢᠨᠵᠢᠯᠲᠡ ᠵᠡᠷᠭᠡ ᠲᠡᠷᠢᠭᠦᠨ ᠤ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠵᠤ᠂ ᠣᠶᠤᠨᠴᠢᠯᠠᠯᠲᠠ᠂ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠪᠠᠷ ᠳᠠᠮᠵᠢᠭᠤᠯᠤᠨ᠂ ᠠᠶᠤᠯ ᠦᠭᠡᠢ ᠦᠢᠯᠡᠳᠪᠦᠷᠢᠯᠡᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠃          ︵ᠳᠥᠷᠪᠡ︶ ᠨᠢᠭᠡ ᠪᠦᠯᠦᠭ ᠢ ᠰᠢᠨ᠎ᠡ ᠪᠠᠷ ᠪᠠᠶᠢᠭᠤᠯᠬᠤ ᠪᠠᠷ ᠲᠥᠯᠥᠪᠵᠢᠭᠦᠯᠦᠨ᠎ᠡ᠃ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠣᠯᠣᠨ ᠨᠡᠭᠦᠷᠡᠰᠦᠨ ᠤ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠲᠠᠢ ᠭᠦᠢᠴᠡᠳ ᠤᠶᠠᠯᠳᠤᠭᠤᠯᠤᠨ᠂ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠮᠵᠢ ᠶᠢ ᠦᠷᠭᠦᠯᠵᠢᠯᠡᠭᠦᠯᠬᠦ ᠶᠢ ᠯᠠᠪᠳᠠᠭᠤᠨ ᠢᠶᠠᠷ ᠠᠬᠢᠭᠤᠯᠵᠤ᠂ ᠣᠳᠣᠬᠢᠴᠢᠯᠠᠭᠰᠠᠨ ᠲᠣᠮᠣ ᠬᠡᠯᠪᠡᠷᠢ ᠶᠢᠨ ᠵᠠᠳᠠᠭᠠᠢ ᠨᠡᠭᠦᠷᠡᠰᠦᠨ ᠠᠭᠤᠷᠬᠠᠢ ᠶᠢ ᠰᠢᠨ᠎ᠡ ᠪᠠᠷ ᠪᠠᠶᠢᠭᠤᠯᠬᠤ ᠬᠡᠷᠡᠭᠲᠡᠢ᠃            ᠠᠷᠪᠠᠨ ᠵᠢᠷᠭᠤᠭ᠎ᠠ᠂ ᠡᠯ᠎ᠡ ᠭᠠᠵᠠᠷ ᠣᠷᠣᠨ  ᠨᠢ ᠵᠠᠳᠠᠭᠠᠢ ᠨᠡᠭᠦᠷᠡᠰᠦᠨ ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠤᠨ ᠶᠠᠪᠤᠴᠠ ᠳᠤ ᠣᠷᠣᠰᠢᠵᠤ ᠪᠠᠶᠢᠭ᠎ᠠ ᠭᠠᠵᠠᠷ ᠰᠢᠷᠣᠢ ᠶᠢᠨ ᠠᠰᠢᠭᠯᠠᠯᠲᠠ᠂ ᠠᠭᠤᠷᠬᠠᠢ ᠶᠢᠨ ᠠᠵᠢᠯ ᠲᠦᠷᠦᠯ ᠤᠨ ᠡᠷᠬᠡ ᠳᠠᠪᠬᠤᠴᠠᠭᠰᠠᠨ ᠵᠡᠷᠭᠡ ᠲᠣᠪᠣᠶᠢᠮ᠎ᠠ ᠠᠰᠠᠭᠤᠳᠠᠯ  ᠢ ᠴᠠᠭ ᠲᠤᠬᠠᠢ ᠳᠤ  ᠨᠢ ᠰᠤᠳᠤᠯᠤᠨ ᠰᠢᠢᠳᠪᠦᠷᠢᠯᠡᠵᠦ᠂ ᠬᠠᠵᠠᠭᠤ ᠬᠠᠪᠢ ᠪᠠᠷ ᠬᠢ ᠵᠠᠳᠠᠭᠠᠢ ᠨᠡᠭᠦᠷᠡᠰᠦᠨ ᠠᠭᠤᠷᠬᠠᠢ ᠶᠢᠨ ᠳᠠᠷᠤᠭᠳᠠᠵᠤ ᠪᠠᠶᠢᠭ᠎ᠠ ᠮᠠᠯᠲᠠᠭ᠎ᠠ ᠦᠭᠡᠢ ᠨᠡᠭᠦᠷᠡᠰᠦᠨ ᠤ ᠠᠰᠠᠭᠤᠳᠠᠯ  ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃             ᠠᠷᠪᠠᠨ ᠳᠣᠯᠤᠭ᠎ᠠ᠂ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠲᠣᠬᠢᠷᠠᠭᠤᠯᠤᠯᠲᠠ᠂ ᠮᠠᠯᠲᠠᠵᠤ ᠪᠣᠯᠬᠤ ᠬᠦᠷᠢᠶ᠎ᠡ ᠬᠡᠪᠴᠢᠶ᠎ᠡ᠂ ᠭᠠᠢ ᠭᠠᠮᠰᠢᠭ ᠤᠨ ᠲᠦᠭᠰᠢᠭᠦᠷᠢ ᠵᠡᠷᠭᠡ ᠬᠦᠴᠦᠨ ᠵᠦᠢᠯ  ᠤᠳ ᠢ ᠶᠡᠷᠦᠩᠬᠡᠶᠢᠯᠡᠨ ᠪᠣᠳᠣᠯᠬᠢᠯᠠᠵᠤ᠂ ᠰᠢᠨᠵᠢᠯᠡᠬᠦ ᠤᠬᠠᠭᠠᠨᠴᠢ ᠪᠠᠷ ᠨᠤᠲᠠᠯᠠᠨ᠂ ᠵᠠᠳᠠᠭᠠᠢ ᠨᠡᠭᠦᠷᠡᠰᠦᠨ ᠠᠭᠤᠷᠬᠠᠢ ᠠᠴᠠ ᠠᠭᠤᠷᠬᠠᠢ ᠶᠢᠨ ᠬᠤᠳᠳᠤᠭ ᠲᠤ᠂ ᠠᠭᠤᠷᠬᠠᠢ ᠶᠢᠨ ᠬᠤᠳᠳᠤᠭ ᠠᠴᠠ ᠵᠠᠳᠠᠭᠠᠢ ᠨᠡᠭᠦᠷᠡᠰᠦᠨ ᠠᠭᠤᠷᠬᠠᠢ ᠳᠤ ᠮᠠᠯᠲᠠᠬᠤ ᠪᠣᠯᠭᠠᠨ ᠬᠤᠪᠢᠷᠠᠭᠠᠬᠤ ᠨᠡᠭᠦᠷᠡᠰᠦᠨ ᠠᠭᠤᠷᠬᠠᠢ ᠶᠢᠨ ᠲᠥᠷᠥᠯ ᠵᠦᠢᠯ  ᠢ ᠬᠢᠨᠠᠨ ᠵᠥᠪᠰᠢᠶᠡᠷᠡᠬᠦ ᠭᠤᠭᠴᠤᠭ᠎ᠠ ᠶᠢ ᠴᠢᠩᠭ᠎ᠠ ᠠᠳᠬᠤᠬᠤ ᠬᠡᠷᠡᠭᠲᠡᠢ᠃             ᠠᠷᠪᠠᠨ ᠨᠠᠢᠮᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠠᠵᠢᠯᠲᠠᠳ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠲᠡᠮᠡᠴᠡᠵᠦ ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠵᠠᠳᠠᠭᠠᠢ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠶᠠᠪᠤᠴᠠ ᠳᠤ ᠠᠮᠵᠢᠯᠲᠠ ᠪᠦᠲᠦᠮᠵᠢ ᠪᠠᠷ ᠳᠣᠪᠤᠶᠢᠭᠰᠠᠨ ᠢ ᠬᠠᠮᠢᠶ᠎ᠠ ᠪᠦᠬᠦᠢ ᠬᠥᠬᠢᠭᠦᠯᠦᠨ ᠱᠠᠩᠨᠠᠬᠤ ᠶᠢᠨ ᠦᠶ᠎ᠡ ᠳᠤ ᠢᠳᠡᠪᠬᠢᠲᠡᠢ ᠪᠠᠷ ᠲᠠᠨᠢᠯᠴᠠᠭᠤᠯᠤᠨ ᠳᠡᠪᠰᠢᠭᠦᠯᠬᠦ ᠬᠡᠷᠡᠭᠲᠡᠢ︔  ᠬᠠᠷᠢᠭᠤᠴᠠᠯᠭ᠎ᠠ ᠠᠯᠳᠠᠵᠤ ᠲᠤᠰᠢᠶᠠᠯ ᠳᠤ ᠪᠠᠨ ᠣᠰᠣᠯᠳᠠᠭᠰᠠᠨ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃                                                                                  2023 ᠣᠨ ᠤ 4 ᠳ᠋ᠦ᠋ᠭᠡᠷ ᠰᠠᠷ᠎ᠠ ᠶᠢᠨ 27 ᠤ ᠡᠳᠦᠷ                                              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                                                                              2023 ᠣᠨ ᠤ 4 ᠳ᠋ᠦ᠋ᠭᠡᠷ ᠰᠠᠷ᠎ᠠ ᠶᠢᠨ 28 ᠤ ᠡᠳᠦᠷ ᠳᠠᠷᠤᠮᠠᠯᠯᠠᠨ ᠲᠠᠷᠬᠠᠭᠠᠪᠠ         ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ