ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠄ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠶᠠᠭᠠᠬᠢᠭᠰᠠᠨ ᠴᠤ ︽ᠲᠠᠩᠰᠤᠭ ᠯᠠᠮᠠ ᠶᠢᠨ ᠮᠢᠬ᠎ᠠ︾ ᠪᠣᠯᠭᠠᠬᠤ ᠦᠭᠡᠢ
ᠨᠡᠶᠢᠲᠡᠯᠡᠭᠰᠡᠨ ᠴᠠᠭ᠄
2023/6/21
      ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠪᠣᠳᠠᠲᠤ ᠪᠠᠶᠢᠳᠠᠯ ᠳᠤ ᠲᠤᠯᠭᠠᠷᠠᠵᠤ ᠪᠠᠶᠢᠭ᠎ᠠ ᠲᠣᠪᠣᠶᠢᠮ᠎ᠠ ᠬᠦᠴᠢᠷ‌ᠠᠰᠠᠭᠤᠳᠠᠯ ᠳᠤ ᠴᠢᠭᠯᠡᠭᠦᠯᠦᠨ ᠂ ᠲᠦᠷᠦᠭᠦᠬᠡᠨ ᠨᠡᠶᠢᠲᠡᠯᠡᠭᠰᠡᠨ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠪᠠᠶᠢᠩᠭᠤᠵᠢᠭᠰᠠᠨ ᠬᠢᠨᠠᠯᠲᠠ‌ᠬᠠᠮᠢᠶᠠᠷᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾ ᠳᠤ ᠠᠯᠢ ᠣᠯᠠᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ ᠃ ᠡᠭᠦᠨ ᠤ ᠵᠣᠷᠢᠯᠭ᠎ᠠ ᠨᠢ‌‍ᠴᠢᠩᠭ᠎ᠠ ᠬᠢᠨᠠᠨ ᠬᠠᠮᠢᠶᠠᠷᠴᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠵᠢᠨ‌‍ᠲ᠋ᠣᠣᠷ ᠢ ᠪᠠᠲᠤ ᠪᠠᠬᠢ ᠪᠥᠭᠡᠳ ᠨᠢᠭᠲᠠ ᠰᠦᠯᠵᠢᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠶᠠᠭᠠᠬᠢᠭᠰᠠᠨ ᠴᠤ ︽ᠲᠠᠩᠰᠤᠭ ᠯᠠᠮᠠ ᠶᠢᠨ ᠮᠢᠬ᠎ᠠ︾ᠪᠣᠯᠭᠠᠬᠤ ᠦᠭᠡᠢ ᠶᠢᠨ ᠲᠥᠯᠥᠭᠡ ᠶᠤᠮ᠃ ᠡᠭᠦᠨ ᠢ ᠰᠤᠷᠪᠤᠯᠵᠢᠯᠠᠭᠴᠢ 9 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠨᠡᠶᠢᠲᠡᠯᠡᠬᠦ ᠰᠣᠨᠢᠨ ᠮᠡᠳᠡᠭᠡᠨ ᠤ ᠵᠣᠷᠰᠢᠯᠲᠤ ᠬᠤᠷᠠᠯ ᠠᠴᠠ ᠣᠶᠢᠯᠠᠭᠠᠵᠠᠢ ᠃            ᠰᠠᠨᠠᠯ ᠳᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠡᠯ᠎ᠡ ᠲᠠᠯ᠎ᠠ ᠶᠢᠨ  ᠬᠢᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠤᠨ᠂ ᠰᠠᠭᠤᠷᠢ ᠮᠥᠩᠭᠦ ᠶᠢ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠵᠢ‌‍ᠴᠢᠩᠭᠠᠳᠬᠠᠵᠤ᠂ ᠣᠯᠠᠨ ᠵᠦᠢᠯ ᠤᠨ ᠬᠢᠨᠠᠨ ᠬᠠᠮᠢᠶᠠᠷᠬᠤ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠬᠢᠨᠠᠨ ᠬᠠᠮᠢᠶᠠᠷᠬᠤ ᠣᠷᠳᠣ ᠬᠤᠭᠤᠴᠠᠭᠠᠨ ᠤ ᠪᠦᠲᠦᠮᠵᠢᠲᠡᠶ‌‍ᠲ᠋ᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠡᠷᠬᠡ ᠬᠠᠷᠢᠭᠤᠴᠠᠯᠭ᠎ᠠ ᠲᠣᠳᠣᠷᠬᠠᠢ᠂ ᠴᠢᠩᠭ᠎ᠠ ᠬᠦᠴᠦᠲᠡᠢ᠂ ᠠᠮᠤᠷ ᠲᠦᠪᠰᠢᠨ ᠪᠥᠭᠡᠳ ᠵᠢᠷᠤᠮᠵᠢᠭᠤᠨ᠂ ᠬᠠᠤᠯᠢᠵᠢᠭᠰᠠᠨ ᠥᠨᠳᠥᠷ ᠪᠦᠲᠦᠮᠵᠢᠲᠡᠶ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠪᠠᠶᠢᠩᠭᠤᠵᠢᠭᠰᠠᠨ ᠬᠢᠨᠠᠨ ᠬᠠᠮᠢᠶᠠᠷᠬᠤ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ ᠭᠡᠵᠦ ᠲᠣᠳᠣᠷᠬᠠᠶᠢᠯᠠᠵᠠᠢ ᠃            ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠶᠠᠨ ᠴᠢᠩ ᠬᠤᠶ ᠲᠠᠨᠢᠯᠴᠠᠭᠤᠯᠬᠤ ᠳᠤ ᠪᠠᠨ ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠳᠣᠣᠷᠠᠬᠢ ᠳᠥᠷᠪᠡᠨ ᠲᠠᠯ᠎ᠠ ᠪᠠᠷ ᠰᠠᠨᠠᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠎ᠠ᠄            ᠨᠢᠭᠡ ᠳᠤ᠂ ᠣᠶᠤᠨᠴᠢ ᠬᠢᠨᠠᠨ ᠡᠵᠡᠮᠳᠡᠯ ᠢ ᠪᠣᠳᠠᠲᠠᠶᠢᠵᠢᠭᠤᠯᠤᠨ ᠨᠠᠷᠢᠯᠢᠭᠵᠢᠭᠤᠯᠬᠤ ᠶᠢ ᠠᠬᠢᠭᠤᠯᠤᠨ᠎ᠠ᠃ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ‌ᠮᠥ᠋ᠩᠭᠦ ᠶᠢᠨ ᠣᠶᠤᠨᠴᠢ ᠬᠢᠨᠠᠨ ᠬᠠᠷᠭᠤᠭᠤᠯᠤᠯᠲᠠ ᠪᠠ ᠬᠢᠨᠠᠨ ᠡᠵᠡᠮᠳᠡᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠮᠡᠳᠡᠭᠳᠡᠯ︾ ᠢ ᠰᠤᠳᠤᠯᠤᠨ ᠨᠡᠶᠢᠲᠡᠯᠡᠵᠦ᠂ 2023ᠣᠨ ᠤ ᠰᠡᠭᠦᠯᠴᠢ ᠠᠴᠠ ᠡᠮᠦᠨ᠎ᠡ ᠤᠶᠤᠨᠴᠢ ᠬᠢᠨᠠᠨ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ᠢ ᠪᠣᠶ ᠪᠦᠬᠦᠢ ᠨᠢᠭᠡᠳᠦᠯᠲᠡᠢ ᠲᠥᠯᠥᠪᠯᠡᠬᠦ ᠣᠷᠣᠨ ᠳᠤ ᠬᠠᠮᠤᠷᠤᠭᠤᠯᠬᠤ ᠶᠢ ᠪᠡᠶᠡᠯᠡᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠳ᠋ᠦᠩᠨᠡᠨ ᠪᠤᠳᠤᠭᠰᠠᠨ ᠲᠤᠭ᠎ᠠ ᠪᠠᠷᠢᠮᠲᠠ ᠳᠤ ᠪᠥᠬᠦ ᠲᠠᠯ᠎ᠠ ᠶᠢᠨ ᠤᠶᠤᠨᠴᠢ ᠬᠢᠨᠠᠨ‌ᠬᠠᠷᠭᠤᠭᠤᠯᠤᠯᠲᠠ ᠶᠢ ᠥᠷᠨᠢᠭᠦᠯᠵᠦ᠂ ᠪᠥᠬᠦ ᠤᠯᠤᠰ ᠤᠨ ᠤᠶᠤᠨᠴᠢ ᠬᠢᠨᠠᠨ ᠡᠵᠡᠮᠳᠡᠯ ᠤᠨ ︽ ᠪᠦᠷᠢᠨ ᠲᠣᠣᠷ ᠰᠦᠯᠵᠢᠶ᠎ᠡ︾ ᠶᠢ ᠠᠩᠬ᠎ᠠ ᠠᠯᠬᠤᠮ ᠪᠦᠷᠢᠯᠳᠦᠭᠦᠯᠵᠦ ᠂ᠲᠣᠮᠣ ᠳ᠋ᠠᠶᠢᠲ᠋ᠠ ᠶᠢᠨ ᠬᠡᠷᠡᠭᠯᠡᠭᠡᠨ ᠤ ᠲᠤᠷᠰᠢᠯᠲᠠ ᠶᠢᠨ ᠠᠵᠢᠯ ᠲᠠᠢ ᠤᠶᠠᠯᠳᠤᠭᠤᠯᠤᠨ᠂ ᠬᠡᠷᠡᠭ ᠤᠨ ᠡᠮᠦᠨ᠎ᠡ ᠰᠠᠨᠠᠭᠤᠯᠬᠤ᠂ ᠬᠡᠷᠡᠭ ᠤᠨ ᠳᠤᠮᠳᠠ ᠤᠷᠢᠳᠴᠢᠯᠠᠨ ᠰᠡᠷᠡᠮᠵᠢᠯᠡᠭᠦᠯᠬᠦ᠂ ᠬᠡᠷᠡᠭ ᠤᠨ ᠳᠠᠷᠠᠭ᠎ᠠ ᠬᠢᠨᠠᠨ ᠡᠵᠡᠮᠳᠡᠬᠦ ᠪᠥᠬᠦ ᠴᠣᠪᠣᠷᠠᠯ ᠤᠨ ᠬᠢᠨᠠᠯᠲᠠ ᠬᠠᠮᠢᠶᠠᠷᠤᠯᠲᠠ ᠶᠢᠨ ᠰᠠᠭᠤᠷᠢ ᠮᠥᠩᠭᠦᠨ ᠤ ᠠᠮᠤᠷ ᠲᠦᠪᠰᠢᠨ ᠤ ᠮᠡᠷᠭᠡᠵᠢᠯ ‍ᠦᠨ‌‍ᠰᠡᠷᠭᠡᠶᠢᠯᠡᠯᠲᠡ ᠶᠢᠨ ᠱᠤᠭᠤᠮ ᠢ ᠪᠠᠶᠢᠭᠤᠯᠤᠨ᠎ᠠ᠃           ᠬᠤᠶᠠᠷ ᠲᠤ ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠨ᠎ᠠ ᠃ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠵᠢᠨ‌‍ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠰᠲ᠋ᠧᠮ ᠲᠠᠢ ᠳ᠋ᠦᠩᠨᠡᠭᠰᠡᠨ ᠰᠠᠭᠤᠷᠢᠨ‌‍ᠲ᠋ᠡᠭᠡᠷ᠎ᠡ᠂ ᠳᠦᠷᠢᠮ ᠤᠨ ᠬᠡᠷᠡᠭᠵᠢᠭᠦᠯᠬᠦ ᠨᠠᠷᠢᠨ ᠳᠦᠷᠢᠮ ᠢ ᠰᠤᠳᠤᠯᠵᠤ᠂ ᠲᠡᠭᠦᠨ ᠤ ᠳᠣᠲᠣᠷᠠᠬᠢ ᠵᠠᠷᠢᠮ ᠵᠠᠷᠴᠢᠮ ᠤᠨ ᠴᠢᠨᠠᠷᠲᠠᠢ᠂ ᠡᠷᠬᠡ ᠣᠯᠭᠤᠬᠤ ᠴᠢᠨᠠᠷᠲᠠᠢ‌‍ᠲ᠋ᠣᠭᠲᠠᠭᠠᠯ ᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠷᠠᠭᠤᠯᠤᠨ᠂ ᠰᠠᠭᠤᠷᠢ ᠮᠥᠩᠭᠦ ᠶᠢᠨ ᠬᠢᠨᠠᠯᠲᠠ‌ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠦᠨᠳᠦᠰᠦ ᠪᠠᠷᠢᠮᠲᠠ ᠶᠢ ᠨᠠᠩ ᠪᠦᠷᠢᠨᠰᠢᠭᠦᠯᠬᠦ ᠶᠢ ᠠᠬᠢᠭᠤᠯᠵᠤ᠂ ᠬᠠᠤᠯᠢ ᠶᠣᠰᠣᠭᠠᠷ ᠡᠭᠦᠷᠭᠡ ᠲᠤᠰᠢᠶᠠᠯ ᠵᠶ᠋ᠠᠨ‌‍ᠭᠦ᠋ᠢᠴᠡᠳᠬᠡᠬᠦ ᠶᠢ ᠦᠨᠡᠨ ᠬᠦ ᠪᠠᠲᠤᠯᠠᠵᠤ᠂ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠨ᠎ᠠ᠃            ᠭᠤᠷᠪᠠ ᠳᠤ ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠨ ᠦᠨᠡᠯᠡᠬᠦ ᠳᠦᠷᠢᠮ ᠢ ᠰᠠᠶᠢᠲᠤᠷ ᠬᠡᠷᠡᠭᠯᠡᠨ᠎ᠡ ᠃ ᠰᠠᠨᠠᠯ ᠳᠤ ᠲᠣᠭᠲᠠᠭᠠᠭᠰᠠᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠨ‌ᠦᠨᠡᠯᠡᠬᠦ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠰᠠᠭᠤᠷᠢ ᠮᠥᠩᠭᠦ ᠵᠢᠨ‌‍ᠬᠢᠨᠠᠯᠲᠠ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠤᠲᠠᠲᠠᠶᠢᠵᠢᠭᠤᠯᠵᠤ ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠴᠤᠭ ᠢᠶᠠᠷ ᠠᠳᠬᠤᠵᠤ ᠬᠠᠮᠲᠤ ᠪᠠᠷ ᠬᠠᠮᠢᠶᠠᠷᠬᠤ ᠬᠢᠨᠠᠯᠲᠠ ᠬᠠᠮᠢᠶᠠᠷᠤᠯᠲᠠ ᠶᠢᠨ ᠪᠠᠶᠢᠷᠢᠯᠠᠭᠤᠯᠤᠯᠲᠠ ᠶᠢ ᠪᠠᠶᠢᠭᠤᠯᠬᠤ ᠶᠢ ᠠᠬᠢᠭᠤᠯᠵᠤ᠂ ᠶᠡᠷᠦᠩᠬᠡᠶᠢᠯᠡᠨ‌ᠦᠨᠡᠯᠡᠬᠦ ︽ᠳᠣᠬᠢᠭᠤᠷ︾ ᠤᠨ ᠦᠢᠯᠡᠳᠦᠯ ᠢ ᠪᠦᠲᠦᠮᠵᠢᠲᠡᠶ ᠪᠠᠳᠠᠷᠠᠭᠤᠯᠤᠨ᠎ᠠ᠃            ᠳᠥᠷᠪᠡ ᠳᠤ ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ᠃ ᠵᠥᠪ ᠪᠤᠷᠤᠭᠤ ᠬᠤᠶᠠᠷ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠰᠠᠶᠢᠲᠤᠷ‌‍ᠬᠡᠷᠡᠭᠯᠡᠵᠦ ᠠᠮᠢᠳᠤᠯᠢᠭ ᠬᠡᠷᠡᠭᠯᠡᠨ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠠᠤᠯᠢ ᠲᠣᠭᠲᠠᠭᠠᠯ ᠠᠴᠠ ᠵᠥᠷᠢᠴᠡᠨ ᠬᠡᠷᠡᠭᠯᠡᠭᠰᠡᠨ ᠡᠰᠡᠷᠭᠦ ᠲᠠᠯ᠎ᠠ ᠵᠢᠨ‌ᠨᠡᠶᠢᠲᠡᠯᠢᠭ ᠵᠢᠱᠢᠶ᠎ᠡ ᠶᠢ ᠴᠢᠩᠭ᠎ᠠ ᠵᠠᠯᠬᠠᠭᠠᠨ ᠰᠢᠢᠳᠬᠡᠵᠦ ᠂ ᠴᠠᠭ ᠲᠤᠬᠠᠢ ᠳᠤ  ᠨᠢ ᠢᠯᠡᠴᠢᠯᠡᠵᠦ᠂ ᠰᠡᠷᠡᠮᠵᠢᠯᠡᠭᠦᠯᠦᠨ ᠰᠦᠷᠳᠡᠭᠦᠯᠬᠦ ᠦᠢᠯᠡᠳᠦᠯ ᠢ ᠪᠠᠳᠠᠷᠠᠭᠤᠯᠬᠤ‌‍ᠬᠡᠷᠡᠭᠲᠡᠢ︔ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠲᠣᠭᠲᠠᠭᠠᠯ ᠳᠤ ᠨᠡᠶᠢᠴᠡᠭᠦᠯᠦᠨ ᠬᠡᠷᠡᠭᠯᠡᠭᠰᠡᠨ ᠲᠡᠷᠢᠭᠦᠨ ᠤ ᠨᠡᠶᠢᠲᠡᠯᠢᠭ ᠵᠢᠱᠢᠶ᠎ᠡ ᠳᠤ ᠵᠥᠪ ᠲᠠᠯ᠎ᠠ ᠵᠢᠨ‌ᠤᠬᠠᠭᠤᠯᠭ᠎ᠠ ᠬᠢᠬᠦ ᠶᠢ ᠴᠢᠩᠭᠠᠳᠬᠠᠵᠤ᠂ ᠵᠥᠪ ᠴᠢᠭᠯᠡᠯ ᠤᠨ ᠤᠷᠮᠠᠰᠢᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃      
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ