ᠣᠷᠳᠣᠰ ᠬᠤᠲᠠ ᠶᠢᠨ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠬᠤ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠵᠠᠳᠠᠯᠬᠤ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/6/21
ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠳᠤ᠄         ︽ᠣᠷᠳᠣᠰ ᠬᠤᠲᠠ ᠶᠢᠨ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠬᠤ ᠶᠢ ᠵᠥᠪᠰᠢᠶᠡᠷᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠴᠣᠬᠤᠯᠠᠪᠤᠷᠢ︾ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠰᠤᠳᠤᠯᠬᠤ ᠪᠠᠷ ᠳᠡᠮᠵᠢᠨ᠂ ︽ᠣᠷᠳᠣᠰ ᠬᠤᠲᠠ ᠶᠢᠨ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢᠨ ᠵᠠᠳᠠᠯᠤᠯᠲᠠ ᠶᠢᠨ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                          ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                              2023 ᠣᠨ ᠤ 3 ᠰᠠᠷ᠎ᠠ ᠶᠢᠨ 29  ᠤ ᠡᠳᠦᠷ                                     ᠣᠷᠳᠣᠰ ᠬᠤᠲᠠ ᠶᠢᠨ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ                       ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠬᠤ ᠲᠤᠬᠠᠶ                            ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠵᠠᠳᠠᠯᠬᠤ ᠲᠥᠰᠦᠯ︽ᠣᠷᠳᠣᠰ ᠬᠤᠲᠠ ᠶᠢᠨ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠬᠤ ᠶᠢ ᠵᠥᠪᠰᠢᠶᠡᠷᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠴᠣᠬᠤᠯᠠᠪᠤᠷᠢ︾ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠥᠨᠳᠥᠷ ᠵᠣᠭᠰᠣᠴᠠ᠂ ᠥᠨᠳᠥᠷ ᠪᠠᠷᠢᠮᠵᠢᠶ᠎ᠠ ᠲᠠᠢ᠂ ᠴᠢᠨᠠᠷ ᠰᠠᠶᠢᠲᠠᠶ ᠠᠬᠢᠭᠤᠯᠬᠤ ᠶᠢᠨ ᠲᠥᠯᠥᠭᠡ᠂ ︽ᠳᠤᠮᠳᠠᠳᠤ ᠤᠯᠤᠰ ᠤᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠤᠯᠤᠰ ᠤᠨ ᠢᠯᠭᠠᠯ ᠢ ᠨᠠᠶᠢᠳᠠᠪᠤᠷᠢᠵᠢᠭᠤᠯᠬᠤ ᠲᠥᠰᠦᠯ︾᠂ ︽ᠣᠷᠳᠣᠰ ᠬᠤᠲᠠ ᠶᠢᠨ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ︾ ᠤᠨ ᠶᠡᠷᠦᠩᠬᠡᠶ ᠪᠠᠶᠢᠷᠢᠯᠠᠭᠤᠯᠤᠯᠲᠠ ᠪᠠ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠢᠶ᠎ᠠ ᠪᠠᠭᠰᠢ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃           ᠨᠢᠭᠡ᠂ ᠦᠨᠳᠦᠰᠦᠨ ᠵᠠᠷᠴᠢᠮ           ᠬᠥᠮᠦᠨ ᠢᠶᠠᠷ ᠦᠨᠳᠦᠰᠦ ᠪᠣᠯᠭᠠᠵᠤ᠂ ᠪᠥᠬᠦ ᠲᠠᠯ᠎ᠠ ᠪᠠᠷ ᠬᠥᠭᠵᠢᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠪᠦᠬᠦ ᠲᠠᠯ᠎ᠠ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠲᠤᠪᠤᠶᠢᠯᠭᠠᠨ᠂ ᠠᠷᠠᠳ ᠲᠦᠮᠡᠨ ᠤ ᠡᠷᠬᠡ ᠲᠡᠭᠰᠢ ᠪᠠᠷ ᠣᠷᠣᠯᠴᠠᠬᠤ᠂ ᠡᠷᠬᠡ ᠲᠡᠭᠰᠢ ᠪᠠᠷ ᠬᠥᠭᠵᠢᠬᠦ ᠡᠷᠬᠡ ᠶᠢ ᠪᠠᠲᠤᠯᠠᠵᠤ᠂ ᠠᠷᠠᠳ ᠲᠦᠮᠡᠨ ᠳᠤ ᠠᠮᠤᠷ ᠲᠦᠪᠰᠢᠨ ᠴᠢᠨᠠᠷ ᠰᠠᠶᠢᠲᠠᠢ ᠠᠮᠢ ᠠᠬᠤᠢ ᠶᠢᠨ ᠦᠢᠯᠡᠳᠬᠦᠨ ᠢ ᠬᠠᠩᠭᠠᠨ᠂ ᠨᠡᠩ ᠤᠯᠠᠨ ᠠᠵᠢᠯ ᠣᠯᠭᠤᠯᠲᠠ ᠶᠢᠨ ᠠᠵᠠ ᠲᠣᠬᠢᠶᠠᠯ ᠢ ᠡᠭᠦᠳᠴᠦ᠂ ᠨᠡᠶᠢᠭᠡᠮ ᠤᠨ ᠪᠤᠶᠠᠨ ᠵᠢᠷᠭᠠᠯ ᠢ ᠨᠡᠮᠡᠭᠳᠡᠭᠦᠯᠦᠨ᠂ ᠦᠷᠭᠦᠯᠵᠢᠯᠡᠬᠦ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠠᠷᠠᠳ ᠲᠦᠮᠡᠨ ᠳᠤ ᠬᠦᠷᠲᠡᠭᠡᠬᠦ ᠶᠢ ᠪᠠᠲᠤᠯᠠᠬᠤ ᠬᠡᠷᠡᠭᠲᠡᠢ᠃           ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠲᠦᠷᠦ ᠶᠢᠨ ᠪᠤᠳᠤᠯᠭ᠎ᠠ ᠶᠢ ᠤᠨᠢᠨ ᠳᠡᠭᠡᠷ᠎ᠡ ᠨᠢ ᠬᠡᠷᠡᠭᠵᠢᠭᠦᠯᠦᠨ᠎ᠡ᠃ ᠴᠦᠯᠯᠡᠷᠬᠡᠭᠵᠢᠭᠰᠡᠨ ᠭᠠᠵᠠᠷ ᠣᠷᠣᠨ ᠤ ᠦᠷᠭᠦᠯᠵᠢᠯᠡᠬᠦ ᠬᠥᠭᠵᠢᠯᠲᠡ ᠶᠢᠨ ᠬᠠᠷᠠᠯᠲᠠ ᠲᠠᠢ ᠬᠠᠷᠢᠴᠠᠭᠤᠯᠤᠨ᠂ ᠳᠤᠲᠠᠭᠤᠳᠠᠯ ᠪᠠ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠠᠮᠢ ᠠᠬᠤᠶ ᠶᠢᠨ ᠰᠢᠰᠲ᠋ᠧᠮ ᠤᠨ ᠳᠣᠲᠣᠭᠠᠳᠤ ᠶᠢᠨ ᠵᠢᠮ᠎ᠡ ᠶᠣᠰᠣ ᠶᠢ ᠵᠢᠷᠤᠮᠯᠠᠨ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠠᠷᠢᠯᠢᠭ ᠣᠨᠣᠴᠠᠲᠠᠶ ᠪᠠᠷ ᠬᠦᠴᠦᠯᠡᠵᠦ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠲᠠᠢ ᠵᠣᠬᠢᠴᠠᠬᠤ᠂ ᠪᠠᠶᠢᠭᠠᠯᠢ ᠶᠢ ᠬᠠᠮᠠᠭᠠᠯᠠᠬᠤ ᠣᠨᠣᠯᠵᠢᠬᠤᠨ ᠢ ᠪᠠᠳᠠᠷᠠᠭᠤᠯᠵᠤ᠂ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠵᠤ᠂ ᠴᠦᠯᠯᠡᠷᠭᠡᠭ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠵᠠᠰᠠᠯᠲᠠ ᠶᠢ ᠠᠬᠢᠭᠤᠯᠬᠤ ᠬᠡᠷᠡᠭᠲᠡᠢ᠃           ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠣᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠭᠤᠣᠯ ᠪᠣᠯᠭᠠᠵᠤ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠵᠠᠩᠭᠢᠯᠠᠭ᠎ᠠ ᠪᠣᠯᠭᠠᠵᠤ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠪᠠ ᠪᠣᠬᠢᠷᠲᠤᠯ ᠦᠭᠡᠢ ᠬᠥᠭᠵᠢᠯᠲᠡ ᠳᠤ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠢ ᠰᠢᠨ᠎ᠡ ᠶᠢ ᠡᠭᠦᠳᠬᠦ ᠳᠤ ᠲᠦᠰᠢᠭᠯᠡᠨ ᠰᠢᠢᠳᠪᠦᠷᠢᠯᠡᠵᠦ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠪᠠ ᠡᠨᠧᠷᠭᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠠᠷᠢᠯᠴᠠᠨ ᠲᠤᠯᠭᠠᠭᠤᠷᠢᠯᠠᠭᠰᠠᠨ ᠰᠢᠨ᠎ᠡ ᠲᠣᠭᠲᠠᠴᠠ ᠰᠢᠨ᠎ᠡ ᠵᠠᠭᠪᠤᠷ ᠢ ᠰᠦᠪᠡᠭᠴᠢᠯᠡᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃           ᠠᠮᠢ ᠠᠬᠤᠢ ᠶᠢ ᠲᠡᠷᠢᠭᠦᠨ ᠳᠤ ᠲᠠᠯᠪᠢᠵᠤ ᠪᠣᠬᠢᠷᠲᠤᠯ ᠥᠬᠡᠢ ᠭᠦᠭᠵᠢᠭᠦᠯᠦᠨ᠎ᠡ᠃ ︽ᠬᠥᠬᠡᠮᠳᠦᠭ ᠠᠭᠤᠯᠠ ᠴᠡᠩᠭᠡᠷ ᠤᠰᠤ ᠪᠣᠯ ᠠᠯᠲᠠ ᠮᠥᠩᠭᠦᠨ ᠠᠭᠤᠯᠠ︾ ᠭᠡᠬᠦ ᠣᠨᠣᠯᠵᠢᠬᠤᠨ ᠢ ᠪᠠᠷᠢᠮᠲᠠᠯᠠᠨ᠂ ᠴᠦᠯᠯᠡᠷᠭᠡᠭᠵᠢᠯ ᠢ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠲᠩᠷᠢ ᠨᠢ ᠴᠡᠯᠮᠡᠭ᠂ ᠤᠰᠤ ᠨᠢ ᠲᠤᠩᠭᠠᠯᠠᠭ᠂ ᠭᠠᠵᠠᠷ ᠨᠢ ᠨᠣᠭᠤᠭᠠᠨ᠂ ᠬᠥᠷᠥᠰᠥ ᠨᠢ ᠴᠡᠪᠡᠷ︾ ᠣᠷᠳᠣᠰ ᠢ ᠪᠣᠶ ᠪᠣᠯᠭᠠᠨ᠎ᠠ᠃ᠴᠢᠯᠦᠬᠡᠳᠡᠢ ᠬᠠᠮᠳᠤᠷᠠᠯᠴᠠᠵᠦ᠂ ᠤᠯᠠᠨ ᠡᠰᠢᠵᠢᠬᠦᠯᠥᠨ ᠤᠷᠤᠯᠴᠠᠭᠤᠯᠤᠨ᠎ᠠ᠃ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ ᠵᠠᠷᠴᠢᠮ ᠢ ᠵᠢᠷᠤᠮᠯᠠᠨ᠂ ︽ᠣᠷᠣᠭᠤᠯᠤᠨ ᠠᠪᠴᠢᠷᠠᠬᠤ︾ ᠪᠠ ︽ᠭᠠᠳᠠᠭᠰᠢ ᠭᠠᠷᠬᠤ︾ ᠶᠢ ᠵᠡᠷᠭᠡ ᠪᠠᠷ ᠴᠢᠬᠤᠯᠠᠴᠢᠯᠠᠬᠤ᠂ ᠪᠠᠯᠠ ᠣᠷᠣᠭᠤᠯᠵᠤ ᠮᠡᠷᠭᠡᠵᠢᠯ ᠣᠷᠣᠭᠤᠯᠤᠨ ᠠᠪᠴᠢᠷᠠᠬᠤ ᠪᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠪᠥᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ᠂ ᠥᠷᠲᠡᠭ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠣᠯᠠᠨ ᠤᠯᠤᠰ ᠪᠠ ᠤᠯᠤᠰ ᠤᠨ ᠳᠣᠲᠣᠭᠠᠳᠤ ᠶᠢᠨ ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ ᠢ ᠭᠦᠢᠴᠡᠳ ᠠᠰᠢᠭᠯᠠᠨ᠂ ᠣᠯᠠᠨ ᠲᠠᠰ ᠳᠠᠪᠬᠤᠷᠭ᠎ᠠ ᠶᠢᠨ ᠰᠣᠶᠣᠯ ᠢᠷᠭᠡᠨᠰᠢᠯ ᠤᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠨᠠᠩ ᠣᠯᠠᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠤᠨ᠂ ᠨᠠᠩ ᠣᠯᠠᠨ ᠬᠠᠮᠲᠤᠷᠠᠯᠴᠠᠭᠠᠨ ᠤ ᠠᠷᠭ᠎ᠠ ᠵᠠᠮ ᠢ ᠨᠡᠭᠡᠭᠡᠵᠦ᠂ ᠣᠯᠠᠨ ᠡᠰᠢᠲᠦ ᠭᠤᠤᠯ ᠴᠣᠭᠴᠠ ᠶᠢᠨ ᠣᠷᠣᠯᠴᠠᠭᠰᠠᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠵᠠᠰᠠᠭ ᠤᠨ ᠣᠷᠳᠣᠨ᠂ ᠠᠵᠤ ᠠᠬᠤᠶᠢᠯᠠᠯ᠂ ᠨᠡᠶᠢᠭᠡᠮ ᠤᠨ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠪᠠᠶᠢᠳᠠᠯ ᠢ ᠪᠣᠶ ᠪᠣᠯᠭᠠᠨ᠎ᠠ᠃          ᠴᠢᠯᠦᠬᠡᠳᠡᠢ ᠬᠠᠮᠳᠤᠷᠠᠯᠴᠠᠵᠦ᠂ ᠤᠯᠠᠨ ᠡᠰᠢᠵᠢᠬᠦᠯᠥᠨ ᠤᠷᠤᠯᠴᠠᠭᠤᠯᠤᠨ᠎ᠠ᠃ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ ᠵᠠᠷᠴᠢᠮ ᠢ ᠵᠢᠷᠤᠮᠯᠠᠨ᠂ ︽ᠣᠷᠣᠭᠤᠯᠤᠨ ᠠᠪᠴᠢᠷᠠᠬᠤ︾ ᠪᠠ ︽ᠭᠠᠳᠠᠭᠰᠢ ᠭᠠᠷᠬᠤ︾ ᠶᠢ ᠵᠡᠷᠭᠡ ᠪᠠᠷ ᠴᠢᠬᠤᠯᠠᠴᠢᠯᠠᠬᠤ᠂ ᠪᠠᠯᠠ ᠣᠷᠣᠭᠤᠯᠵᠤ ᠮᠡᠷᠭᠡᠵᠢᠯ ᠣᠷᠣᠭᠤᠯᠤᠨ ᠠᠪᠴᠢᠷᠠᠬᠤ ᠪᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠪᠥᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ᠂ ᠥᠷᠲᠡᠭ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠣᠯᠠᠨ ᠤᠯᠤᠰ ᠪᠠ ᠤᠯᠤᠰ ᠤᠨ ᠳᠣᠲᠣᠭᠠᠳᠤ ᠶᠢᠨ ᠬᠤᠶᠠᠷ ᠵᠠᠬ᠎ᠠ ᠳᠡᠯᠭᠡᠭᠦᠷ᠂ ᠬᠤᠶᠠᠷ  ᠵᠦᠢᠯ ᠤᠨ ᠡᠬᠢ ᠪᠠᠶᠠᠯᠢᠭ ᠢ ᠭᠦᠢᠴᠡᠳ ᠠᠰᠢᠭᠯᠠᠨ᠂ ᠣᠯᠠᠨ ᠲᠠᠰ ᠳᠠᠪᠬᠤᠷᠭ᠎ᠠ ᠶᠢᠨ ᠰᠣᠶᠣᠯ ᠢᠷᠭᠡᠨᠰᠢᠯ ᠤᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠨᠠᠩ ᠣᠯᠠᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠤᠨ᠂ ᠨᠠᠩ ᠣᠯᠠᠨ ᠬᠠᠮᠲᠤᠷᠠᠯᠴᠠᠭᠠᠨ ᠤ ᠠᠷᠭ᠎ᠠ ᠵᠠᠮ ᠢ ᠨᠡᠭᠡᠭᠡᠵᠦ᠂ ᠣᠯᠠᠨ ᠡᠰᠢᠲᠦ ᠭᠤᠤᠯ ᠴᠣᠭᠴᠠ ᠶᠢᠨ ᠣᠷᠣᠯᠴᠠᠭᠰᠠᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠵᠠᠰᠠᠭ ᠤᠨ ᠣᠷᠳᠣᠨ᠂ ᠠᠵᠤ ᠠᠬᠤᠶᠢᠯᠠᠯ᠂ ᠨᠡᠶᠢᠭᠡᠮ ᠤᠨ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠪᠠᠶᠢᠳᠠᠯ ᠢ ᠪᠣᠶ ᠪᠣᠯᠭᠠᠨ᠎ᠠ᠃             ᠬᠤᠶᠠᠷ᠂ ᠭᠤᠣᠯ ᠡᠭᠦᠷᠭᠡ           ︵ᠨᠢᠭᠡ︶ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ           1.ᠲᠠᠴᠢᠷᠳᠠᠭᠰᠠᠨ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠢᠨᠵᠧᠨᠧᠷᠢᠩ᠂ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ᠃ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠡᠷᠴᠢᠮ ᠢᠶᠠᠨ ᠴᠢᠩᠭᠠᠷᠠᠭᠤᠯᠣᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠴᠢᠨᠠᠷ ᠰᠠᠶᠢᠲᠠᠶ ᠡᠪᠡᠰᠦᠨ ᠤ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠲᠦᠷᠭᠡᠳᠬᠡᠨ ᠳᠡᠭᠡᠭᠰᠢᠯᠡᠭᠦᠯᠬᠦ᠂ ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠬᠦ᠂ ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠨᠡᠮᠡᠭᠳᠡᠯ ᠤᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠪᠠᠷ ᠴᠢᠬᠤᠯᠠ ᠬᠠᠷᠠᠯᠲᠠ ᠪᠣᠯᠭᠠᠵᠤ᠂ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠬᠢᠭᠡᠳ ᠣᠶ ᠰᠢᠭᠤᠶ ᠶᠢᠨ ᠡᠬᠢ ᠪᠠᠶᠠᠯᠢᠭ ᠢ ᠬᠠᠮᠢᠶᠠᠷᠤᠨ ᠬᠠᠮᠠᠭᠠᠯᠠᠬᠤ ᠲᠥᠷᠥᠯ ᠵᠦᠢᠯ ᠢ ᠬᠡᠷᠡᠭᠵᠢᠭᠦᠯᠦᠨ᠂ ᠮᠠᠭᠤᠳᠠᠭᠰᠠᠨ ᠣᠶ ᠶᠢ ᠰᠠᠯᠭᠠᠨ ᠰᠡᠷᠭᠦᠭᠡᠬᠦ᠂ ᠣᠶ ᠰᠢᠭᠤᠶ ᠶᠢ ᠠᠷᠠᠴᠢᠯᠠᠨ ᠪᠤᠶᠢᠵᠢᠭᠤᠯᠬᠤ᠂ ᠴᠢᠨᠠᠷ ᠮᠠᠭᠤ ᠦᠷ᠎ᠡ ᠠᠰᠢᠭ ᠢᠶᠠᠷ ᠳᠣᠤᠷ᠎ᠠ ᠣᠶ ᠶᠢ ᠥᠭᠡᠷᠡᠴᠢᠯᠡᠬᠦ᠂ ᠪᠣᠲᠠ ᠮᠣᠳᠣ ᠶᠢ ᠲᠡᠭᠰᠢᠯᠡᠨ ᠵᠠᠰᠠᠬᠤ᠂ ᠲᠠᠴᠢᠷᠳᠠᠭᠰᠠᠨ ᠬᠠᠳᠤᠯᠠᠩ ᠪᠡᠯᠴᠢᠭᠡᠷ ᠢ ᠰᠠᠶᠢᠵᠢᠷᠠᠭᠤᠯᠬᠤ ᠵᠡᠷᠭᠡ ᠢᠨᠵᠧᠨᠧᠷᠢᠩ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠪᠠ ᠣᠶ ᠰᠢᠭᠤᠶ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠥᠷᠥᠯ ᠵᠦᠢᠯ᠂ ᠣᠶ ᠰᠢᠭᠤᠶ ᠶᠢᠨ ᠠᠮᠢ ᠠᠬᠤᠶ ᠶᠢ ᠰᠡᠷᠭᠦᠭᠡᠬᠦ ᠢᠨᠵᠧᠨᠧᠷᠢᠩ᠂ ᠠᠮᠢ ᠠᠬᠤᠶ ᠶᠢ ᠬᠠᠮᠠᠭᠠᠯᠠᠬᠤ ᠲᠤᠯᠭᠠᠭᠤᠷᠢᠯᠠᠬᠤ ᠰᠢᠰᠲ᠋ᠧᠮᠵᠢ ᠶᠢᠨ ᠲᠥᠷᠥᠯ ᠵᠦᠢᠯ ᠢ ᠬᠡᠷᠡᠭᠵᠢᠭᠦᠯᠵᠦ᠂ ᠰᠡᠶᠢᠷᠡᠭᠵᠢᠭᠰᠡᠨ ᠣᠶ ᠶᠢ ᠬᠤᠪᠢᠶᠠᠨ ᠰᠡᠷᠭᠦᠭᠡᠬᠦ  ᠢᠨᠵᠧᠨᠧᠷᠢᠩ ᠢ 2800ᠮᠥ ᠬᠡᠷᠡᠭᠵᠢᠭᠦᠯᠦᠨ᠂ ᠲᠠᠴᠢᠷᠳᠠᠭᠰᠠᠨ ᠣᠶ ᠶᠢ ᠬᠤᠪᠢᠶᠠᠷᠢᠯᠠᠨ ᠨᠥᠬᠦᠵᠦ ᠳᠠᠷᠢᠬᠤ ᠪᠠ ᠨᠥᠬᠦᠵᠦ ᠳᠠᠷᠢᠬᠤ ᠵᠡᠷᠭᠡ 1200 ᠮᠥ ᠶᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ  ᠤᠨ ᠣᠶ ᠰᠢᠭᠤᠶ ᠪᠠ ᠨᠤᠳᠤᠭ ᠪᠡᠯᠴᠢᠭᠡᠷ ᠤᠨ ᠬᠤᠪᠢᠶᠠᠷᠢ ᠲᠣᠪᠴᠢᠶ᠎ᠠ︶         2.ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠢᠨᠵᠧᠨᠧᠷᠢᠩ᠃ ᠠᠮᠢ ᠠᠬᠤᠢ ᠶᠢᠨ ᠬᠠᠮᠠᠭᠠᠯᠠᠯᠲᠠ ᠶᠢᠨ ᠲᠤᠯᠭᠠᠭᠤᠷᠢᠯᠠᠬᠤ ᠰᠢᠰᠲ᠋ᠧᠮ ᠢ ᠴᠢᠩᠭᠠᠷᠠᠭᠤᠯᠣᠨ᠂ ᠠᠮᠢ ᠠᠬᠤᠶ ᠶᠢᠨ ᠬᠠᠮᠠᠭᠠᠯᠠᠯᠲᠠ ᠶᠢᠨ ᠲᠤᠯᠭᠠᠭᠤᠷᠢᠯᠠᠬᠤ ᠰᠢᠰᠲ᠋ᠧᠮ ᠢ ᠴᠢᠩᠭᠠᠷᠠᠭᠤᠯᠤᠨ᠂ ᠭᠠᠯ ᠰᠡᠷᠭᠡᠶᠢᠯᠡᠬᠦ ᠰᠠᠭᠤᠷᠢᠨ ᠭᠠᠵᠠᠷ᠂ ᠭᠠᠯ ᠰᠡᠷᠭᠡᠶᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠪᠡᠰᠦᠲᠦ ᠭᠠᠵᠠᠷ ᠤᠨ ᠬᠥᠨᠥᠭᠡᠯᠲᠡᠶ ᠠᠮᠢᠳᠤ ᠪᠣᠳᠠᠰ ᠢ ᠪᠠᠶᠢᠴᠠᠭᠠᠨ ᠬᠡᠮᠵᠢᠬᠦ ᠲᠣᠤᠷ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ  ᠤᠨ ᠣᠶ ᠰᠢᠭᠤᠶ ᠪᠠ ᠨᠤᠳᠤᠭ ᠪᠡᠯᠴᠢᠭᠡᠷ ᠤᠨ ᠬᠤᠪᠢᠶᠠᠷᠢ ᠲᠣᠪᠴᠢᠶ᠎ᠠ︶          ︵ᠬᠤᠶᠠᠷ︶ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠬᠦ ᠠᠵᠢᠯᠯᠠᠭ᠎ᠠ         3.ᠭᠤᠤᠯᠳᠠᠯᠭ᠎ᠠ ᠲᠠᠢ ᠡᠨᠧᠷᠭᠢ ᠶᠡᠭᠡ ᠬᠤᠷᠣᠭᠳᠠᠭᠤᠯᠬᠤ ᠠᠵᠢᠯ ᠲᠥᠷᠥᠯ  ᠤᠨ ᠡᠨᠧᠷᠭᠢ ᠠᠷᠪᠢᠯᠠᠵᠤ ᠬᠤᠷᠣᠭᠳᠠᠭᠤᠯᠭ᠎ᠠ ᠶᠢ ᠪᠠᠭᠤᠷᠠᠭᠤᠯᠬᠤ ᠢᠨᠵᠧᠨᠧᠷᠢᠩ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ᠬᠤᠤᠰ ᠡᠵᠡᠮᠳᠡᠯ ᠢ ᠴᠢᠩᠭᠠᠳᠬᠠᠵᠤ᠂ ᠦᠢᠯᠡᠳᠪᠦᠷᠢᠯᠡᠬᠦ ᠴᠢᠳᠠᠪᠤᠷᠢ ᠦᠯᠡᠭᠦᠳᠡᠵᠦ ᠪᠠᠶᠢᠭ᠎ᠠ ᠠᠵᠢᠯ ᠲᠥᠷᠥᠯ ᠢ ᠬᠥᠲᠥᠯᠥᠨ ᠵᠢᠯᠣᠭᠤᠳᠴᠤ ᠪᠠᠶᠢᠭᠠᠳ ᠠᠵᠤ ᠦᠢᠯᠡᠰ ︵ᠲᠣᠨᠤᠭ ᠲᠥᠬᠦᠭᠡᠷᠦᠮᠵᠢ︶ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠦᠢᠯᠡᠳᠪᠦᠷᠢᠯᠡᠬᠦ ᠴᠢᠳᠠᠪᠤᠷᠢ ᠦᠯᠡᠭᠦᠳᠡᠵᠦ ᠪᠠᠶᠢᠭ᠎ᠠ ᠠᠵᠢᠯ ᠲᠥᠷᠥᠯ  ᠤᠨ ᠡᠮᠬᠢ ᠵᠢᠷᠤᠮ ᠲᠠᠢ ᠪᠠᠷ ᠪᠤᠴᠠᠭᠠᠨ ᠭᠠᠷᠭᠠᠬᠤ ᠶᠢ ᠬᠥᠲᠥᠯᠥᠨ ᠵᠢᠯᠣᠭᠤᠳᠤᠨ᠎ᠠ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶         ︵ᠭᠤᠷᠪᠠ︶ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢ ᠳᠡᠭᠡᠭᠰᠢᠯᠡᠭᠦᠯᠬᠦ ᠠᠵᠢᠯᠯᠠᠭ᠎ᠠ         4. ᠲᠠᠷᠢᠶᠠᠯᠠᠬᠤ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠢᠨᠵᠧᠨᠧᠷᠢᠩ᠃ ᠬᠤᠳᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠬᠦ ᠭᠠᠵᠠᠷ ᠣᠷᠣᠨ ᠳᠤ ᠠᠩᠬᠠᠷᠤᠯ ᠢᠶᠠᠨ ᠲᠣᠪᠯᠡᠷᠡᠭᠦᠯᠦᠨ᠂ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠤᠬᠠᠭᠤᠯᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠬᠥᠳᠡᠭᠡ ᠲᠣᠰᠬᠤᠨ ᠤ ᠭᠠᠵᠠᠷ ᠣᠷᠣᠨ ᠤ ᠬᠥᠮᠦᠨ ᠠᠮᠠ ᠶᠢᠨ ᠡᠷᠡᠭᠦᠯ ᠴᠢᠭᠢᠷᠠᠭ ᠠᠮᠢᠳᠤᠷᠠᠯ ᠤᠨ ᠳᠠᠳᠬᠠᠯ ᠢ ᠤᠯᠠᠮ ᠨᠢᠭᠡ ᠠᠯᠬᠤᠮ ᠬᠥᠲᠥᠯᠥᠨ ᠵᠢᠯᠣᠭᠤᠳᠴᠤ᠂ ᠬᠥᠳᠡᠭᠡ ᠲᠣᠰᠬᠤᠨ ᠤ ᠣᠷᠣᠨ ᠪᠦᠰᠡ ᠶᠢᠨ ᠣᠷᠴᠢᠨ ᠠᠬᠤᠶ ᠶᠢᠨ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠢ ᠤᠬᠠᠮᠰᠠᠷ ᠠᠴᠠ ᠪᠠᠨ  ᠬᠠᠮᠠᠭᠠᠯᠠᠨ᠎ᠠ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠤ ︽ᠭᠤᠷᠪᠠᠨ ᠵᠢᠯ ᠤᠨ ᠪᠣᠭᠤᠮᠲᠠ ᠰᠢᠪᠲᠤᠯᠬᠤ︾ ᠪᠠ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠲᠤᠰᠬᠠᠶ ᠠᠵᠢᠯᠯᠠᠭ᠎ᠠ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠬᠠᠷᠢᠶ᠎ᠠ ᠣᠷᠣᠨ ᠤ ᠨᠡᠭᠦᠳᠡᠯ ᠠᠷᠠᠳ ᠤᠨ ᠲᠠᠲᠠᠪᠤᠷᠢᠯᠠᠨ ᠨᠤᠷᠠᠭᠠᠭᠰᠠᠨ ᠤ ᠳᠠᠷᠠᠭᠠᠬᠢ ᠦᠯᠡᠳᠡᠭᠳᠡᠯ ᠪᠠᠷᠢᠯᠭ᠎ᠠ ᠶᠢᠨ ᠬᠤᠭ ᠨᠣᠪᠰᠢ᠂ ᠬᠤᠪᠠᠭ᠋ᠠᠶ ᠮᠣᠳᠣ ᠵᠡᠷᠭᠡ ᠶᠢ ᠲᠥᠪᠯᠡᠷᠡᠭᠦᠯᠦᠨ ᠴᠡᠪᠡᠷᠯᠡᠵᠦ᠂ ᠬᠥᠳᠡᠭᠡ ᠲᠣᠰᠬᠤᠨ ᠤ ᠰᠠᠭᠤᠭᠠᠯᠢ ᠡᠷᠦᠬᠡ ᠶᠢᠨ ᠭᠡᠷ ᠪᠠᠶᠢᠰᠢᠩ ᠤᠨ ᠡᠮᠦᠨ᠎ᠡ ᠬᠤᠶᠢᠨ᠎ᠠ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ᠂ ᠳᠤᠷ᠎ᠠ ᠪᠠᠷ ᠢᠶᠠᠨ ᠭᠡᠭᠡᠵᠦ ᠬᠠᠶᠠᠬᠤ ᠵᠡᠷᠭᠡ ᠪᠠᠶᠢᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃ ᠭᠤᠣᠯ ᠤᠨ ᠵᠠᠮ ᠤᠨ ︽ᠳᠥᠷᠪᠡᠨ ᠰᠠᠮᠠᠭᠤᠨ ᠢ ᠴᠡᠪᠡᠷᠯᠡᠬᠦ︾ ᠠᠵᠢᠯ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠬᠠᠷᠢᠶ᠎ᠠ ᠣᠷᠣᠨ ᠤ ᠭᠤᠤᠯ ᠤᠨ ᠵᠠᠮ ᠤᠨ ᠪᠠᠷᠢᠯᠭ᠎ᠠ ᠶᠢᠨ ᠠᠮᠢᠳᠤᠷᠠᠯ ᠤᠨ ᠬᠤᠭ ᠨᠣᠪᠰᠢ ᠶᠢ ᠴᠡᠪᠡᠷᠯᠡᠵᠦ᠂ ᠬᠥᠳᠡᠭᠡ ᠲᠣᠰᠬᠤᠨ ᠤ ᠬᠦᠷᠢᠶᠡᠯᠡᠨ ᠬᠠᠭᠠᠯᠪᠤᠷᠢᠯᠠᠭᠰᠠᠨ ᠭᠤᠤᠯ ᠤᠨ ᠵᠠᠮ᠂ ᠰᠢᠭᠤᠳ ᠨᠡᠪᠴᠢᠬᠦ ᠴᠥᠭᠦᠷᠥᠮ᠂ ᠲᠣᠮᠣ ᠬᠤᠳᠳᠤᠭ᠂ ᠬᠠᠤᠯᠢ ᠠᠴᠠ ᠵᠥᠷᠢᠴᠡᠭᠰᠡᠨ ᠨᠦᠬᠡ ᠶᠢ ᠴᠡᠭᠴᠡᠯᠡᠨ ᠵᠠᠰᠠᠨ᠎ᠠ᠃ ᠬᠥᠳᠡᠭᠡ ᠲᠣᠰᠬᠤᠨ ᠤ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠳᠤᠷ᠎ᠠ ᠪᠠᠷ ᠭᠡᠭᠡᠵᠦ ᠣᠷᠬᠢᠬᠤ ᠦᠵᠡᠭᠳᠡᠯ ᠢ ᠴᠡᠭᠴᠡᠯᠡᠨ ᠵᠠᠰᠠᠵᠤ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠤᠷ ᠦᠭᠡᠶ ᠪᠣᠯᠭᠠᠨ   ᠰᠢᠢᠳᠪᠦᠷᠢᠯᠡᠨ ᠬᠤᠷᠢᠶᠠᠬᠤ ᠴᠢᠭ ᠢ ᠪᠠᠶᠢᠭᠤᠯᠣᠨ᠎ᠠ᠃ ︵ᠬᠠᠷᠢᠭᠤᠴᠠᠯᠭᠠᠲᠤ ᠨᠢᠭᠡᠴᠡ᠄  ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠶᠢᠨ ᠲᠣᠪᠴᠢᠶ᠎ᠠ︶᠃        5. ᠠᠮᠢ ᠠᠬᠤᠶ ᠪᠠᠷ ᠠᠷᠠᠳ ᠢ ᠪᠠᠶᠠᠵᠢᠭᠤᠯᠬᠤ ᠢᠨᠵᠧᠨᠧᠷᠢᠩ᠃ ᠲᠠᠷᠢᠶᠠᠯᠠᠩ ᠮᠠᠯ ᠠᠵᠤ ᠠᠬᠤᠶ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠦᠪᠯᠡᠷᠡᠯ ᠤᠨ ᠣᠷᠣᠨ ᠢ ᠪᠠᠶᠢᠭᠤᠯᠵᠤ᠂ ︽ᠳ᠋ᠥᠸᠧ ᠳ᠋ᠥᠸᠧ ᠭᠦ᠋︾ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠢ ᠪᠠᠶᠢᠭᠤᠯᠤᠨ᠎ᠠ᠃ ᠭᠤᠤᠯ ᠬᠤᠲᠠ ᠲᠣᠭᠤᠷᠢᠭ ᠤᠨ ᠬᠤᠲᠠ ᠶᠢᠨ ᠠᠷᠠᠳ ᠤᠨ ︽ᠢᠳᠡᠰᠢᠨ ᠨᠣᠭᠤᠭ᠎ᠠ︾᠂ ︽ᠵᠢᠮᠢᠰ ᠤᠨ ᠫᠢᠯᠠ︾ ᠶᠢ ᠪᠠᠶᠠᠯᠢᠭᠵᠢᠭᠤᠯᠬᠤ ᠶᠢᠨ ᠲᠣᠭᠤᠷᠢᠨ ᠳᠤ᠂ ᠬᠤᠲᠠ ᠶᠢᠨ ᠲᠡᠭᠦᠷᠭᠡ ᠶᠢᠨ ᠰᠤᠯᠠ ᠪᠠᠶᠢᠬᠤ ᠭᠠᠵᠠᠷ ᠰᠢᠷᠣᠶ ᠶᠢ ᠠᠰᠢᠭᠯᠠᠨ᠂ ᠣᠲᠣ ᠦᠶ᠎ᠡ ᠶᠢᠨ ᠲᠠᠷᠢᠶᠠᠯᠠᠩ᠂ ᠰᠤᠷᠭᠠᠨ ᠬᠥᠮᠦᠵᠢᠯ ᠤᠨ ᠰᠤᠳᠤᠯᠭᠠᠨ᠂ ᠰᠡᠯᠡᠭᠦᠴᠡᠯ ᠵᠢᠭᠤᠯᠴᠢᠯᠠᠯ ᠢ ᠨᠢᠭᠡ ᠴᠤᠭᠴᠠᠵᠢᠭᠤᠯᠤᠭᠰᠠᠨ ︽ᠳ᠋ᠥᠸᠧ ᠳ᠋ᠥᠸᠧ ᠭᠦ᠋︾ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠢ ᠡᠬᠢᠯᠡᠭᠦᠯᠦᠨ ᠪᠥᠲᠥᠭᠡᠨ ᠪᠠᠶᠢᠭᠤᠯᠤᠨ᠎ᠠ᠃ ︽ᠳ᠋ᠥᠸᠧ ᠳ᠋ᠥᠸᠧ ᠫᠢᠨ︾ ᠲᠠᠷᠢᠶᠠᠯᠠᠩ ᠤᠨ ᠠᠷᠠᠳ ᠲᠤ ᠠᠰᠢᠭ ᠬᠦᠷᠲᠡᠭᠡᠬᠦ ᠰᠦᠯᠵᠢᠶᠡᠨ ᠳᠡᠭᠡᠷᠡᠬᠢ ᠪᠦᠬᠦ ᠣᠷᠣᠨ ᠪᠦᠰᠡ ᠶᠢᠨ ᠠᠷᠠᠯᠵᠢᠶᠠᠨ ᠤ ᠲᠠᠪᠴᠠᠩ ᠢ ᠪᠠᠶᠢᠭᠤᠯᠤᠨ᠎ᠠ᠃ ᠬᠤᠲᠠ ᠶᠢᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠪᠠ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠳᠠᠪᠠᠭᠤᠯᠢᠭ ᠲᠤ ᠰᠠᠭᠤᠷᠢᠯᠠᠨ᠂ ᠡᠯ᠎ᠡ ᠬᠤᠰᠢᠭᠤ ᠲᠣᠭᠤᠷᠢᠭ ᠤᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠤ ᠡᠬᠢ ᠪᠠᠶᠠᠯᠢᠭ ᠬᠢᠭᠡᠳ ᠬᠠᠩᠭᠠᠯᠭ᠎ᠠ ᠶᠢᠨ ᠬᠡᠯᠬᠢᠶ᠎ᠡ ᠶᠢᠨ ᠡᠵᠡᠮᠳᠡᠬᠦ ᠴᠢᠳᠠᠪᠤᠷᠢ ᠳᠤ ᠲᠦᠰᠢᠭᠯᠡᠨ᠂ ᠨᠢᠭᠡᠳᠦᠯᠲᠡᠶ ᠬᠠᠮᠢᠶᠠᠷᠤᠯᠲᠠ ᠶᠢᠨ ᠲᠠᠪᠴᠠᠩ ᠤᠨ ᠨᠢᠭᠡᠳᠦᠯᠲᠡᠶ ᠪᠤᠷᠤᠯᠠᠭᠤᠯᠭ᠎ᠠ ᠶᠢᠨ ᠳᠠᠷᠠᠭᠠᠬᠢ ᠦᠢᠯᠡᠴᠢᠯᠡᠭᠡ ᠵᠢᠴᠢ ᠬᠤᠳᠠᠯᠳᠤᠭᠠᠴᠢᠨ ᠤ ᠦᠢᠯᠡᠴᠢᠯᠡᠭᠡᠨ ᠤ ᠲᠠᠪᠴᠠᠩ ᠤᠨ ᠬᠤᠪᠢᠶᠠᠨ ᠪᠣᠷᠣᠯᠠᠭᠤᠯᠬᠤ ᠠᠷᠭ᠎ᠠ ᠵᠠᠮ ᠲᠠᠢ ᠤᠶᠠᠯᠳᠤᠭᠤᠯᠤᠨ᠂ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠳ᠋ᠥᠸᠧ ᠳ᠋ᠥᠸᠧ ᠫᠢᠨ︾ ᠠᠷᠠᠳ ᠲᠤ ᠠᠰᠢᠭ ᠬᠦᠷᠲᠡᠭᠡᠬᠦ ᠰᠦᠯᠵᠢᠶᠡᠨ ᠳᠡᠭᠡᠷᠡᠬᠢ ᠪᠥᠬᠦ ᠣᠷᠣᠨ ᠪᠦᠰᠡ ᠶᠢᠨ ᠠᠷᠠᠯᠵᠢᠶᠠᠨ ᠤ ᠲᠠᠪᠴᠠᠩ ᠢ ᠪᠠᠶᠢᠭᠤᠯᠣᠨ᠂ ᠲᠣᠰ ᠭᠠᠵᠠᠷ ᠤᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ᠂ ᠠᠷᠠᠯᠵᠢᠶᠠᠨ ᠤ ᠪᠠᠯᠠ ᠮᠥᠩᠭᠦ᠂ ᠠᠷᠠᠯᠵᠢᠶᠠᠨ ᠤ ᠲᠤᠭ᠎ᠠ ᠪᠠᠷᠢᠮᠲᠠ ᠶᠢᠨ ᠲᠣᠰ ᠭᠠᠵᠠᠷᠴᠢᠯᠠᠬᠤ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠤᠮᠤ ᠬᠡᠯᠪᠡᠷᠢ ᠶᠢᠨ ᠠᠵᠢᠯᠯᠠᠭ᠎ᠠ ᠶᠢ  ᠡᠷᠭᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠶᠢᠨ ᠲᠣᠪᠴᠢᠶ᠎ᠠ︶᠃        6. ᠣᠨᠴᠠᠯᠢᠭᠲᠤ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠢᠨᠵᠧᠨᠧᠷᠢᠩ᠃ ᠰᠣᠶᠣᠯ ᠤᠨ ᠥᠪ ᠢ ᠬᠠᠮᠠᠭᠠᠯᠠᠬᠤ ᠢᠨᠵᠧᠨᠧᠷᠢᠩ ᠤᠨ ᠲᠣᠭᠤᠷᠢᠨ ᠳᠤ᠂ ᠭᠤᠷᠪᠠᠳᠤᠭᠠᠷ ᠨᠣᠮᠧᠷᠲᠤ ᠬᠥᠭᠦᠷᠭᠡ ᠠᠴᠠ ᠪᠠᠷᠠᠭᠤᠨᠰᠢᠬᠢ ᠰᠦᠯᠵᠢᠶᠡᠨ ᠤ ᠨᠡᠷᠡᠲᠦ ᠭᠠᠵᠠᠷ ᠢ ᠪᠠᠶᠢᠭᠤᠯᠵᠤ᠂  ᠭᠤᠣᠯ ᠰᠡᠳᠦᠪᠲᠦ ᠦᠵᠡᠮᠦᠷᠢ ᠶᠢᠨ ᠦᠵᠡᠭᠳᠡᠯ ᠢ ᠪᠦᠲᠦᠭᠡᠨ ᠪᠠᠶᠢᠭᠤᠯᠤᠨ᠎ᠠ᠃ ᠰᠣᠶᠣᠯ ᠵᠢᠭᠤᠯᠴᠢᠯᠠᠯ ᠤᠨ ᠪᠦᠰᠡ ᠶᠢ ᠪᠦᠲᠦᠭᠡᠨ ᠪᠠᠶᠢᠭᠤᠯᠵᠤ᠂ ᠹᠧᠩ ᠮᠧᠶ ᠶᠦᠨ ᠳ᠋ᠢᠩ ᠠᠮᠠᠷᠠᠯᠲᠠ ᠶᠢᠨ ᠪᠠᠭᠤᠳᠠᠯ ᠤᠨ ᠰᠦᠷᠦᠭᠵᠢᠯ ᠢ ᠪᠣᠶ ᠪᠣᠯᠭᠠᠨ᠂ ᠺᠠᠩ ᠵᠧᠨ ᠪᠠᠯᠭᠠᠰᠤᠨ ᠤ ᠪᠦᠬᠦᠶᠢᠯᠡ ᠦᠵᠡᠮᠵᠢ ᠶᠢᠨ ᠣᠷᠣᠨ ᠤ ᠪᠠᠷᠢᠯᠭ᠎ᠠ ᠶᠢᠨ ᠬᠡᠪ ᠨᠠᠮᠪᠠ ᠶᠢ ᠳᠣᠪᠤᠶᠢᠯᠭᠠᠨ᠎ᠠ᠃ᠪᠦᠬᠦ ᠤᠯᠤᠰ ᠲᠤ ᠨᠠᠷᠠᠲᠠᠢ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠴᠢᠨᠠᠷᠲᠠᠢ ᠰᠣᠶᠣᠯ ᠵᠢᠭᠤᠯᠴᠢᠯᠠᠯ ᠤᠨ ᠵᠡᠭᠡᠯᠢ ᠲᠣᠭᠤᠷᠢᠭ ᠢ ᠪᠦᠲᠦᠭᠡᠨ ᠪᠠᠶᠢᠭᠤᠯᠤᠨ᠎ᠠ᠃ ᠬᠤᠳᠠᠯᠳᠤᠭ᠎ᠠ ᠪᠠᠷ ᠭᠤᠣᠯ ᠡᠭᠦᠷᠭᠡ ᠴᠢᠳᠠᠪᠤᠷᠢ ᠪᠠᠨ ᠪᠣᠯᠭᠠᠵᠤ᠂ ᠬᠤᠳᠠᠯᠳᠤᠭ᠎ᠠ᠂ ᠣᠷᠣᠨ ᠰᠠᠭᠤᠴᠠ᠂ ᠵᠢᠭᠤᠯᠴᠢᠯᠠᠯ᠂ ᠦᠵᠡᠰᠬᠦᠯᠡᠩ᠂ ᠰᠣᠶᠣᠯ ᠴᠡᠩᠭᠡᠯ ᠵᠡᠷᠭᠡ ᠤᠯᠠᠨ ᠵᠦᠢᠯ ᠤᠨ ᠠᠵᠤ ᠦᠢᠯᠡᠰ ᠬᠢᠭᠡᠳ ᠠᠮᠢᠳᠤᠷᠠᠯ ᠢ ᠬᠠᠮᠤᠷᠤᠭᠰᠠᠨ ᠣᠷᠣᠨ ᠵᠠᠢ ᠶᠢ ᠪᠤᠢ ᠪᠣᠯᠭᠠᠨ᠂ ᠬᠠᠷᠢᠯᠴᠠᠨ ᠲᠦᠰᠢᠭᠯᠡᠯᠴᠡᠨ ᠣᠷᠣᠰᠢᠬᠤ ᠴᠢᠳᠠᠮᠠᠭᠠᠢ ᠬᠠᠷᠢᠴᠠᠭ᠎ᠠ ᠲᠠᠢ ᠨᠡᠶᠢᠯᠡᠮᠡᠯ ᠬᠡᠯᠪᠡᠷᠢ ᠶᠢᠨ ᠵᠡᠭᠡᠯᠢ ᠶᠢ ᠪᠠᠶᠢᠭᠤᠯᠵᠤ᠂ ᠤᠯᠠᠨ ᠴᠢᠳᠠᠮᠵᠢ ᠲᠠᠢ᠂ ᠥᠨᠳᠥᠷ ᠦᠷ᠎ᠡ ᠪᠦᠲᠦᠮᠵᠢ ᠲᠠᠢ᠂ ᠪᠤᠳᠤᠯᠢᠶᠠᠨᠲᠠᠢ ᠪᠥᠭᠡᠳ ᠨᠢᠭᠡᠳᠦᠯᠲᠡᠢ ᠪᠦᠬᠦᠯᠢ ᠴᠣᠭᠴᠠᠲᠤ ᠵᠡᠭᠡᠯᠢ ᠲᠣᠭᠤᠷᠢᠭ ᠢ ᠪᠤᠢ ᠪᠣᠯᠭᠠᠨ᠂ ᠶᠠᠪᠠᠭᠠᠨ ᠵᠡᠭᠡᠯᠢ ᠶᠢᠨ ᠪᠦᠬᠦᠯᠢ ᠴᠣᠭᠴᠠ ᠶᠢᠨ ᠴᠢᠳᠠᠮᠵᠢ ᠶᠢ ᠪᠠᠶᠠᠯᠢᠭᠵᠢᠭᠤᠯᠤᠨ᠎ᠠ᠃ ᠴᠢᠨᠠᠷ ᠰᠠᠶᠢᠲᠠᠢ ᠦᠵᠡᠮᠵᠢ ᠶᠢᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠯᠧ ᠺᠠᠩ ᠪᠠᠭᠠᠷ᠂ ᠺᠠᠩ ᠵᠧᠨ ᠪᠠᠯᠭᠠᠰᠤᠨ ᠳᠠᠬᠢ ᠠᠶᠢᠯ ᠭᠡᠷ ᠤᠨ ᠬᠤᠨᠣᠭᠯᠠᠯ  ᠢ ᠲᠠᠰ ᠲᠡᠪᠰᠢᠭᠦᠯᠦᠨ᠂ ᠬᠤᠳᠠᠯᠳᠤᠭᠠᠨ ᠤ ᠵᠡᠭᠡᠯᠢ᠂ ᠣᠯᠠᠨ ᠣᠯᠣᠰ ᠤᠨ ᠲᠡᠷᠭᠡᠨ ᠣᠷᠣᠯᠳᠣᠭᠠᠨ ᠤ ᠬᠤᠲᠠ᠂ ᠬᠤᠪᠢ ᠶᠢᠨ ᠮᠠᠰᠢᠨ ᠲᠡᠷᠭᠡ ᠪᠠᠷ ᠵᠢᠭᠤᠯᠴᠢᠯᠠᠨ ᠰᠠᠭᠤᠬᠤ ᠪᠠ ᠪᠠᠭᠤᠳᠠᠯᠯᠠᠬᠤ ᠭᠠᠵᠠᠷ ᠢ ᠥᠭᠡᠷᠡᠴᠢᠯᠡᠨ ᠰᠠᠶᠢᠵᠢᠷᠠᠭᠤᠯᠤᠨ᠎ᠠ᠃ ᠥᠪᠡᠷᠮᠢᠴᠡ ᠣᠨᠴᠠᠯᠢᠭ ᠲᠠᠢ ᠰᠣᠶᠣᠯ ᠤᠨ ᠵᠣᠬᠢᠶᠠᠨ ᠪᠦᠲᠦᠭᠡᠬᠦ ᠲᠥᠷᠥᠯ ᠵᠦᠢᠯ ᠢ ᠬᠡᠷᠡᠭᠵᠢᠭᠦᠯᠵᠦ᠂ ᠤᠷᠠᠯᠢᠭ ᠢ ᠦᠵᠡᠮᠵᠢ ᠶᠢᠨ ᠣᠷᠣᠨ ᠳᠤ ᠣᠷᠣᠭᠤᠯᠬᠤ ᠠᠵᠢᠯᠯᠠᠭ᠎ᠠ ᠶᠢ ᠠᠬᠢᠭᠤᠯᠤᠨ᠎ᠠ᠃ ᠤᠷᠠᠯᠢᠭ ᠤᠨ ᠵᠣᠬᠢᠶᠠᠨ ᠪᠦᠲᠦᠭᠡᠯᠭᠡ  ᠶᠢᠨ ᠳᠠᠭᠠᠭᠤᠯᠤᠭᠴᠢ ᠶᠢ ᠠᠭᠤᠳᠠᠯᠵᠤ᠂ ᠲᠤᠰᠬᠠᠢ ᠮᠡᠷᠭᠡᠵᠢᠯ ᠤᠨ ᠤᠷᠠᠯᠢᠭ ᠤᠨ ᠬᠦᠷᠢᠶᠡᠯᠡᠩ ᠪᠦᠯᠬᠦᠮ᠂ ᠳᠡᠭᠡᠳᠦ ᠰᠤᠷᠭᠠᠭᠤᠯᠢ ᠶᠢᠨ ᠤᠷᠠᠯᠢᠭ ᠤᠨ ᠨᠡᠶᠢᠭᠡᠮᠯᠢᠭ᠂ ᠤᠷᠠᠯᠢᠭ ᠤᠨ ᠲᠥᠷᠥᠯ ᠤᠨ ᠪᠠᠭᠰᠢ ᠶᠢᠨ ᠠᠮᠢᠳᠤᠯᠢᠭ ᠴᠢᠨᠠᠷ ᠢ ᠬᠦᠭᠵᠢᠭᠡᠨ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ᠂ ᠬᠤᠲᠠ ᠶᠢᠨ ᠵᠣᠷᠢᠭ ᠰᠠᠨᠠᠭ᠎ᠠ ᠶᠢ ᠲᠤᠰᠬᠠᠭᠰᠠᠨ ᠤᠳᠬ᠎ᠠ ᠤᠷᠠᠯᠢᠭ ᠤᠨ ᠠᠩᠬᠠᠨ ᠤ ᠵᠣᠬᠢᠶᠠᠨ ᠪᠦᠲᠦᠭᠡᠯᠭᠡ ᠶᠢᠨ ᠰᠣᠳᠣᠨ ᠪᠦᠲᠦᠭᠡᠯ ᠢ ᠡᠭᠦᠳᠦᠨ ᠪᠦᠲᠦᠭᠡᠨ᠎ᠡ᠃ ᠬᠤᠳᠠ ᠶᠢᠨ ᠪᠣᠳᠠᠲᠤ ᠦᠵᠡᠮᠵᠢ ᠶᠢᠨ ᠵᠦᠴᠦᠭᠡ᠂ ᠬᠢᠶ᠎ᠠ ᠪᠠᠭᠰᠢ ᠲᠣᠭᠤᠷᠢᠭ ᠤᠨ ︽Museum100︾ ᠳ᠋ᠥᠸᠧ ᠳ᠋ᠥᠸᠧ ᠭᠤᠸᠠᠨ ᠢ ᠴᠣᠭᠴᠠᠯᠠᠨ᠎ᠠ᠃ ︵ᠬᠠᠷᠢᠭᠤᠴᠠᠬᠤ ᠨᠢᠭᠡᠴᠡ᠄ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ︶         ︵ᠲᠦᠷᠪᠡ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ        7. ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠨᠧᠷᠭᠢ ᠶᠢᠨ ᠲᠠᠰ ᠤᠨ ᠳᠡᠭᠡᠭᠰᠢᠯᠡᠭᠦᠯᠬᠦ ᠢᠨᠵᠧᠨᠧᠷᠢᠩ᠃ ᠥᠨᠳᠥᠷ ᠡᠨᠧᠷᠭᠢ ᠶᠢᠨ ᠲᠡᠰ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠂ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ ᠬᠤᠷᠠᠮᠳᠤᠭᠤᠯᠤᠨ᠎ᠠ᠃ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠰᠤᠳᠤᠯᠭᠠᠨ ᠤ ᠬᠦᠷᠢᠶᠡᠯᠡᠩ ᠢ ᠬᠠᠪᠰᠤᠷᠤᠨ ᠪᠡᠭᠡᠵᠢᠩ ᠶᠡᠭᠡ ᠰᠤᠷᠭᠠᠭᠤᠯᠢ --- ᠣᠷᠳᠣᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠬᠠᠮᠲᠤᠷᠠᠭᠰᠠᠨ ᠲᠤᠷᠰᠢᠯᠲᠠ ᠶᠢᠨ ᠲᠠᠰᠤᠭ ᠢ ᠪᠠᠶᠢᠭᠤᠯᠣᠨ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠪᠠᠶᠢᠴᠠᠭᠠᠨ ᠰᠢᠯᠭᠠᠬᠤ ᠲᠥᠪ᠂ ᠰᠢᠨ᠎ᠡ ᠡᠨᠧᠷᠭᠢ ᠶᠢᠨ ᠤᠶᠤᠨᠲᠤ ᠰᠦᠯᠵᠢᠶᠡᠨ ᠤ ᠬᠤᠯᠪᠣᠭᠠᠯᠠᠨ ᠰᠢᠨ᠎ᠡ ᠶᠢ ᠡᠭᠦᠳᠬᠦ ᠲᠥᠪ ᠵᠡᠷᠭᠡ ᠲᠠᠪᠴᠠᠩ ᠢ ᠪᠠᠶᠢᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ᠬᠤᠶᠠᠷ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠦᠷᠭᠦᠯᠵᠢᠯᠡᠨ ᠬᠢᠨ᠎ᠡ᠃ 2024 ᠣᠨ ᠤ ᠰᠡᠭᠦᠯᠴᠢ ᠪᠣᠯᠬᠤ ᠳᠤ᠂ ᠠᠳᠠᠭ ᠲᠠᠭᠠᠨ ᠬᠤᠶᠠᠷ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ  ᠨᠡᠮᠡᠭᠳᠡᠭᠦᠯᠵᠦ᠂ ᠲᠠᠪᠣᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠬᠥᠮᠥᠷᠭᠡ ᠳᠤ ᠣᠷᠣᠭᠤᠯᠣᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ︽ᠭᠤᠷᠪᠠ ᠶᠢ ᠴᠡᠪᠡᠷᠯᠡᠨ ᠠᠷᠢᠯᠭᠠᠬᠤ︾ ᠠᠵᠢᠯᠯᠠᠭ᠎ᠠ ᠶᠢ ᠬᠡᠷᠡᠭᠵᠢᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠡᠯᠡᠳᠬᠡᠯ ᠮᠥᠩᠭᠦ ᠶᠢᠨ ᠳᠦᠷᠢᠮ ᠪᠠᠶᠢᠭᠤᠯᠬᠤ ᠶᠢ ᠠᠬᠢᠭᠤᠯᠵᠤ᠂ ᠰᠤᠳᠤᠯᠤᠨ ᠨᠡᠭᠡᠭᠡᠬᠦ ᠵᠠᠷᠤᠳᠠᠯ ᠤᠨ ᠲᠣᠭᠠᠴᠠᠭ᠎ᠠ ᠬᠢᠬᠦ ᠶᠢ ᠵᠢᠷᠤᠮᠵᠢᠭᠤᠯᠤᠨ᠎ᠠ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢᠨ ᠬᠤᠯᠪᠣᠭᠳᠠᠯ ᠪᠥᠬᠦᠶ ᠳᠡᠮᠵᠢᠬᠦ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠣᠷᠣᠯᠭ᠎ᠠ ᠳᠠᠬᠢ ᠰᠤᠳᠤᠯᠤᠨ ᠨᠡᠭᠡᠭᠡᠬᠦ ᠣᠷᠣᠭᠤᠯᠤᠯᠲᠠ ᠤᠨ ᠡᠵᠡᠯᠡᠬᠦ ᠬᠠᠷᠢᠴᠠᠯ ᠢ 3% ᠠᠴᠠ ᠳᠡᠭᠡᠭᠰᠢ ᠳᠤ ᠬᠦᠷᠦᠭᠰᠡᠨ ᠪᠤᠶᠤ ᠰᠤᠳᠤᠯᠤᠨ ᠨᠡᠭᠡᠭᠡᠬᠦ ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢ ᠳᠤ ᠬᠦᠷᠦᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ ᠲᠠᠰ ᠬᠤᠪᠢᠶᠠᠨ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠵᠤ᠂ ᠱᠠᠭᠠᠷᠳᠠᠯᠭ᠎ᠠ ᠳᠤ ᠬᠦᠷᠦᠭᠰᠡᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠳᠠᠬᠢᠨ ᠢᠶᠠᠷ ᠱᠠᠩᠨᠠᠯ ᠨᠥᠬᠦᠪᠥᠷᠢ ᠣᠯᠭᠤᠬᠤ ᠪᠠᠷ ᠢᠳᠡᠪᠬᠢᠲᠡᠶ ᠴᠢᠷᠮᠠᠶᠢᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ︽ᠭᠤᠷᠪᠠ ᠶᠢ ᠴᠡᠪᠡᠷᠯᠡᠨ ᠠᠷᠢᠯᠭᠠᠬᠤ︾ ᠶᠢ ᠬᠡᠷᠡᠭᠵᠢᠭᠦᠯᠦᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠨᠢᠭᠡ ᠯᠡ ᠤᠳᠠᠭ᠎ᠠ ᠳᠤ 10 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶       8᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠢᠨᠵᠧᠨᠧᠷᠢᠩ᠃ ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠪᠠ ᠪᠣᠬᠢᠷᠲᠤᠯ ᠦᠭᠡᠢ ᠪᠠᠷ ᠬᠥᠭᠵᠢᠭᠦᠯᠬᠦ ᠠᠵᠤ ᠦᠢᠯᠡᠰ ᠤᠨ ᠬᠤᠰᠢᠭᠤᠷᠠᠯ ᠤᠨ ᠬᠦᠳᠦᠯᠦᠨ ᠳᠠᠭᠠᠭᠤᠯᠬᠤ ᠮᠡᠷᠭᠡᠵᠢᠯ ᠪᠠ ᠨᠡᠶᠢᠲᠡᠯᠢᠭ ᠴᠢᠨᠠᠷᠲᠠᠢ ᠵᠠᠩᠭᠢᠯᠠᠭ᠎ᠠ ᠶᠢᠨ ᠮᠡᠷᠭᠡᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠮᠡᠷᠭᠡᠵᠢᠯ᠂ ᠤᠰᠤᠨ ᠡᠬᠢ ᠪᠠᠶᠠᠯᠢᠭ ᠤᠨ ︽ᠤᠰᠤ ᠪᠠᠷ ᠲᠦᠷᠪᠡ ᠶᠢ ᠲᠣᠭᠲᠠᠭᠠᠬᠤ︾ ᠮᠡᠷᠭᠡᠵᠢᠯ ᠢ ᠰᠤᠳᠤᠯᠤᠨ ᠨᠡᠭᠡᠭᠡᠨ᠎ᠡ᠃ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠠᠵᠢᠯ ᠢ ᠭᠤᠣᠯᠳᠠᠯᠭ᠎ᠠ ᠲᠠᠢ ᠰᠢᠪᠲᠤᠯᠤᠨ᠎ᠠ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠴᠢᠬᠤᠯᠠ ᠶᠡᠭᠡ ᠲᠤᠰᠬᠠᠶ ᠲᠥᠷᠥᠯ ᠵᠦᠢᠯ ᠢ ᠬᠡᠷᠡᠭᠵᠢᠭᠦᠯᠦᠨ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠴᠢᠩᠭᠠᠳᠬᠠᠨ᠎ᠠ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶      9᠂ ᠴᠢᠳᠠᠪᠤᠷᠢᠲᠠᠨ ᠣᠷᠣᠭᠤᠯᠵᠤ ᠢᠷᠡᠬᠦ ᠪᠠ ᠬᠥᠮᠦᠵᠢᠭᠦᠯᠬᠦ ᠢᠨᠵᠧᠨᠧᠷᠢᠩ᠃       ︽30 ᠵᠤᠷᠪᠤᠰ ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠳᠣᠰ ᠬᠤᠲᠠ ᠶᠢᠨ ᠴᠢᠳᠠᠪᠤᠷᠢᠲᠠᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠭᠦᠨᠵᠡᠭᠡᠶ ᠬᠡᠷᠡᠭᠵᠢᠭᠦᠯᠦᠨ ᠂ ᠰᠢᠨ᠎ᠡ ᠶᠢ ᠡᠭᠦᠳᠬᠦ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠣ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ᠂ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠬᠦᠷᠢᠶᠡᠨ ᠳᠠᠬᠢ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠳᠡᠭᠡᠳᠦ ᠲᠠᠰ ᠤᠨ ᠴᠢᠳᠠᠪᠤᠷᠢᠲᠠᠨ ᠢ ᠶᠡᠭᠡ ᠪᠠᠷ ᠣᠷᠣᠭᠤᠯᠤᠨ ᠠᠪᠴᠢᠷᠠᠨ᠎ᠠ᠃ ᠰᠢᠨ᠎ᠡ ᠶᠢ ᠡᠭᠦᠳᠬᠦ ᠴᠢᠳᠠᠪᠤᠷᠢᠲᠠᠨ ᠪᠠ ᠣᠷᠣᠨ ᠨᠤᠲᠤᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠷᠠᠭᠤᠯᠵᠤ᠂ ᠬᠢᠶ᠎ᠠ ᠪᠠᠭᠰᠢ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠳᠤ ᠴᠢᠬᠤᠯᠠ ᠲᠤᠯᠭᠠᠭᠤᠷᠢᠯᠠᠬᠤ ᠦᠢᠯᠡᠳᠦᠯ ᠦᠵᠡᠭᠦᠯᠵᠦ ᠳᠡᠶᠢᠯᠬᠦ‍ ᠨᠢᠭᠡ ᠪᠦᠯᠦᠭ ᠳᠡᠭᠡᠳᠦ ᠳᠡᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠰᠢᠯᠢᠨ ᠰᠣᠩᠭᠤᠵᠤ ᠪᠤᠶᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶   
ᠢᠷᠡᠯᠲᠡ᠄ ᠲᠣᠰ ᠰᠥᠯᠵᠢᠶ᠎ᠡ