ᠬᠢᠶ᠎ᠠ ᠪᠠᠭᠰᠢ ᠲᠣᠭᠤᠷᠢᠭ ᠤᠨ ᠬᠡᠷ ᠲᠡᠭᠡᠨ ᠰᠠᠭᠤᠵᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠭᠦᠷᠳᠡᠬᠦ ᠦᠢᠯᠡᠴᠢᠯᠡᠭᠡᠨ ᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠣᠷᠳᠣᠰ ᠬᠤᠲᠠ ᠶᠢᠨ ᠬᠢᠶ᠎ᠡ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/6/26
        ᠤᠷᠳᠤᠰ ᠬᠢᠶ᠎ᠠ ᠵᠠᠰᠠᠭ ᠲᠠᠷᠬᠠᠭᠠᠭᠰᠠᠨ ︹2023︺ 36 ᠳ᠋ᠤᠭᠠᠷ ᠲᠣᠭᠠᠲᠤᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄            ︽ᠬᠢᠶ᠎ᠠ ᠪᠠᠭᠰᠢ ᠲᠣᠭᠤᠷᠢᠭ ᠤᠨ ᠬᠡᠷ ᠲᠡᠭᠡᠨ ᠰᠠᠭᠤᠵᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠭᠦᠷᠳᠡᠬᠦ ᠦᠢᠯᠡᠴᠢᠯᠡᠭᠡᠨ ᠤ ᠬᠡᠷᠡᠭᠵᠢᠭᠦᠯᠬᠦ ᠲᠥᠰᠦᠯ︾ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 8 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠪᠠᠲᠤᠯᠠᠵᠤ ᠂ ᠡᠳᠦᠭᠡ ᠲᠠᠨᠠᠷ ᠲᠤ ᠳᠠᠷᠤᠮᠠᠯᠯᠠᠨ ᠳᠠᠷᠬᠠᠭᠠᠯ᠎ᠠ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃                                              ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ                                               ᠠᠷᠠᠳ ᠤᠨ ᠵᠠᠰᠠᠭ ᠤᠨ ᠣᠷᠳᠣᠨ                                                     2023 ᠣᠨ ᠤ 5 ᠰᠠᠷ᠎ᠠ ᠶᠢᠨ 29 ᠤ ᠡᠳᠦᠷ                   ᠬᠢᠶ᠎ᠠ ᠪᠠᠭᠰᠢ ᠲᠣᠭᠤᠷᠢᠭ ᠤᠨ ᠬᠡᠷ ᠲᠡᠭᠡᠨ ᠰᠠᠭᠤᠵᠤ ᠨᠡᠶᠢᠭᠡᠮ ᠲᠣᠭᠤᠷᠢᠭ ᠤᠨ                   ᠨᠠᠰᠤᠵᠢᠯ ᠤᠨ ᠠᠰᠠᠷᠠᠮᠵᠢ ᠬᠦᠷᠳᠡᠬᠦ ᠦᠢᠯᠡᠴᠢᠯᠡᠭᠡᠨ ᠤ ᠬᠡᠷᠡᠭᠵᠢᠭᠦᠯᠬᠦ ᠲᠥᠰᠦᠯ          ᠬᠡᠷ ᠲᠡᠭᠡᠨ ᠰᠠᠭᠤᠵᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠭᠦᠷᠳᠡᠬᠦ ᠦᠢᠯᠡᠴᠢᠯᠡᠭᠡᠨ ᠤ ᠵᠢᠷᠤᠮᠵᠢᠭᠰᠠᠨ᠂ ᠲᠤᠰᠬᠠᠶᠢᠵᠢᠭᠰᠠᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠡᠷ ᠲᠡᠭᠡᠨ ᠰᠠᠭᠤᠵᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠬᠦᠷᠳᠡᠬᠦ ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠬᠤᠲᠠ ᠶᠢᠨ ᠠᠷᠠᠳ ᠤᠨ ᠵᠣᠯ ᠵᠢᠷᠭᠠᠯ ᠤᠨ ᠲᠥᠪ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠨᠠᠰᠤᠲᠠᠶᠢᠴᠤᠳ ᠤᠨ ᠠᠮᠢᠳᠤᠷᠠᠯ ᠤᠨ ᠵᠣᠯ ᠵᠢᠷᠭᠠᠯ ᠤᠨ ᠢᠯᠡᠳᠬᠡᠭᠴᠢ ᠶᠢ ᠳᠡᠭᠡᠭᠰᠢᠯᠡᠭᠦᠯᠬᠦ ᠶᠢᠨ ᠲᠥᠯᠥᠭᠡ᠂ ︽ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠮᠡᠳᠡᠭᠳᠡᠯ︾ ︵ᠥᠪᠥᠷ ᠠᠷᠠᠳ ᠤᠨ ᠶᠠᠪᠤᠳᠠᠯ ᠲᠠᠷᠬᠠᠭᠠᠭᠰᠠᠨ ︹2021︺ 75 ᠳ᠋ᠤᠭᠠᠷ ᠲᠣᠭᠠᠲᠤ︶᠂ ︽ᠣᠷᠳᠣᠰ ᠬᠤᠲᠠ ᠶᠢᠨ ᠵᠠᠰᠠᠭ ᠤᠨ ᠣᠷᠳᠣᠨ ᠤ ᠬᠡᠷ ᠲᠡᠭᠡᠨ ᠰᠠᠭᠤᠵᠤ ᠨᠡᠶᠢᠬᠡᠮ ᠲᠤᠭᠤᠷᠢᠭ ᠤᠨ ᠨᠠᠰᠤᠵᠢᠯ ᠤᠨ ᠠᠰᠠᠷᠠᠮᠵᠢ ᠬᠦᠷᠳᠡᠬᠦ ᠦᠢᠯᠡᠴᠢᠯᠡᠭᠡ ᠬᠤᠳᠠᠯᠳᠤᠨ ᠠᠪᠬᠤ ᠲᠦᠷᠢᠮ ᠢ ᠳᠠᠷᠤᠮᠠᠯᠯᠠᠨ ᠲᠠᠷᠬᠠᠭᠠᠬᠤ ᠲᠤᠬᠠᠶ ᠣᠷᠳᠣᠰ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ   ᠣᠷᠳᠣᠰ ᠬᠤᠲᠠ ᠶᠢᠨ ᠡᠳ᠋ ᠤᠨ ᠵᠠᠰᠠᠭ ᠤᠨ ᠳᠤᠪᠴᠢᠶᠠᠨ ᠤ ᠮᠡᠳᠡᠭᠳᠡᠯ︾ ︵ᠣᠷᠳᠣᠰ ᠠᠷᠠᠳ ᠲᠠᠷᠬᠠᠭᠠᠭᠰᠠᠨ ︹2021︺ 103 ᠳ᠋ᠤᠭᠠᠷ ᠲᠣᠭᠠᠲᠤ︶᠂ ︽ᠣᠷᠳᠣᠰ ᠬᠤᠲᠠ ᠶᠢᠨ ᠬᠡᠷ ᠲᠡᠭᠡᠨ ᠰᠠᠭᠤᠵᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠬᠦᠷᠳᠡᠬᠦ ᠦᠢᠯᠡᠴᠢᠯᠡᠭᠡᠨ ᠤ ᠬᠥᠭᠵᠢᠯᠲᠡ ᠶᠢᠨ ᠱᠠᠩᠨᠠᠵᠤ ᠨᠥᠬᠦᠪᠥᠷᠢᠯᠡᠬᠦ ᠲᠦᠷᠢᠮ ᠢ ᠳᠠᠷᠤᠮᠠᠯᠯᠠᠨ ᠲᠠᠷᠬᠠᠭᠠᠬᠤ ᠲᠤᠬᠠᠶ ᠣᠷᠳᠣᠰ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ  ᠣᠷᠳᠣᠰ ᠬᠤᠲᠠ ᠶᠢᠨ ᠡᠳ᠋ ᠤᠨ ᠵᠠᠰᠠᠭ ᠤᠨ ᠳᠤᠪᠴᠢᠶᠠᠨ ᠤ ᠮᠡᠳᠡᠭᠳᠡᠯ︾ ︵ᠣᠷᠳᠣᠰ ᠠᠷᠠᠳ ᠲᠠᠷᠬᠠᠭᠠᠭᠰᠠᠨ ︹2021︺ 104 ᠳ᠋ᠤᠭᠡᠷ ᠲᠣᠭᠠᠲᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃         ᠨᠢᠭᠡ᠂ ᠶᠡᠷᠦᠩᠬᠡᠶ ᠬᠠᠷᠠᠯᠲᠠ                 ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠦᠢᠯᠡᠴᠢᠯᠡᠭᠡ ᠬᠤᠳᠠᠯᠳᠤᠨ ᠠᠪᠬᠤ ᠪᠠ ᠬᠡᠷ ᠲᠡᠭᠡᠨ ᠰᠠᠭᠤᠵᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠬᠦᠷᠳᠡᠬᠦ ᠦᠢᠯᠡᠴᠢᠯᠡᠭᠡᠨ ᠤ ᠥᠷᠲᠡᠭᠡ ᠴᠡᠭ ᠤᠨ ᠡᠵᠡᠩᠨᠡᠯᠲᠡ ᠶᠢᠨ ᠨᠥᠬᠦᠪᠥᠷᠢ ᠶᠢᠨ ᠲᠣᠭᠲᠠᠴᠠ ᠶᠢ ᠪᠠᠶᠢᠭᠤᠯᠬᠤ ᠪᠠᠷ ᠳᠠᠮᠵᠢᠨ᠂ ᠡᠯ᠎ᠡ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠴᠡᠭ ᠤᠨ ᠡᠵᠡᠩᠨᠡᠯᠲᠡ ᠬᠠᠮᠢᠶᠠᠷᠤᠯᠲᠠ ᠶᠢ ᠵᠢᠷᠤᠮᠵᠢᠭᠤᠯᠵᠤ᠂ ᠬᠡᠷ ᠲᠡᠭᠡᠨ ᠰᠠᠭᠤᠵᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠬᠦᠷᠳᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠬᠥᠭᠵᠢᠯᠲᠡ ᠶᠢ ᠪᠤᠶᠢᠵᠢᠭᠤᠯᠬᠤ ᠪᠠ ᠲᠡᠳᠬᠦᠨ ᠳᠡᠮᠵᠢᠵᠦ᠂ ᠨᠠᠰᠣᠳᠠᠶᠢᠴᠤᠳ ᠤᠨ ᠦᠢᠯᠡᠰ ᠤᠨ ᠠᠵᠤ ᠠᠬᠤᠶ ᠶᠢᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠳᠠᠶᠢᠴᠢᠯᠠᠨ᠂ ᠬᠡᠷ ᠲᠡᠭᠡᠨ ᠰᠠᠭᠤᠵᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠬᠦᠷᠳᠡᠬᠦ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃             ᠬᠤᠶᠠᠷ᠂ ᠥᠢᠯᠡᠴᠢᠯᠡᠭᠡᠨ ᠤ ᠠᠭᠤᠯᠭ᠎ᠠ             ᠦᠢᠯᠡᠴᠢᠯᠡᠭᠡᠨ ᠤ ᠠᠭᠤᠯᠭ᠎ᠠ ᠳᠤ ᠠᠮᠢᠳᠤᠷᠠᠯ ᠢ ᠬᠠᠷᠠᠭᠠᠯᠵᠠᠬᠤ ᠦᠢᠯᠡᠴᠢᠯᠡᠭᠡ᠂ ᠭᠡᠷ ᠠᠬᠤᠢ ᠶᠢᠨ ᠦᠢᠯᠡᠴᠢᠯᠡᠭᠡ᠂ ᠤᠶᠤᠨ ᠤ ᠲᠠᠶᠢᠳᠬᠤᠷᠠᠭᠤᠯᠬᠤ ᠦᠢᠯᠡᠴᠢᠯᠡᠭᠡ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢᠨ ᠦᠢᠯᠡᠴᠢᠯᠡᠭᠡ᠂ ᠦᠨᠡᠯᠡᠨ ᠵᠢᠱᠢᠬᠦ ᠪᠠ ᠪᠤᠯᠪᠠᠰᠣᠷᠠᠯ ᠤᠨ ᠦᠢᠯᠡᠴᠢᠯᠡᠭᠡ ᠪᠠ ᠣᠶᠤᠨᠴᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠲᠠᠯ᠎ᠠ ᠶᠢ ᠪᠠᠭᠲᠠᠭᠠᠨ᠎ᠠ᠃ ᠬᠠᠩᠭᠠᠯᠭᠠᠬᠤ ᠪᠠᠷ ᠱᠠᠭᠠᠷᠳᠠᠭᠰᠠᠨ ᠦᠢᠯᠡᠴᠢᠯᠡᠭᠡᠨ ᠤ ᠠᠭᠤᠯᠭ᠎ᠠ ᠠᠴᠠ ᠭᠠᠳᠠᠨ᠎ᠠ᠂ ᠡᠯ᠎ᠡ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠴᠡᠭ ᠨᠢ ᠦᠢᠯᠡᠴᠢᠯᠡᠭᠡᠨ ᠤ ᠠᠭᠤᠯᠭ᠎ᠠ ᠶᠢᠨ ᠰᠢᠨ᠎ᠡ ᠶᠢ ᠡᠭᠦᠳᠴᠦ᠂ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠪᠣᠯᠤᠨ᠎ᠠ᠃         ᠭᠤᠷᠪᠠ᠂ ᠦᠢᠯᠡᠴᠢᠯᠡᠬᠦ ᠡᠲᠡᠭᠡᠳ ᠬᠢᠭᠡᠳ ᠨᠥᠬᠦᠪᠥᠷᠢ ᠶᠢᠨ ᠪᠠᠷᠢᠮᠵᠢᠶ᠎ᠠ         ︵ᠨᠢᠭᠡ︶ ᠵᠠᠰᠠᠭ ᠤᠨ ᠣᠷᠳᠣᠨ ᠤ ᠬᠤᠳᠠᠯᠳᠤᠨ ᠠᠪᠬᠤ ᠦᠢᠯᠡᠴᠢᠯᠡᠭᠡᠨ ᠤ ᠡᠲᠡᠭᠡᠳ᠄ ᠪᠦᠬᠦᠯᠢ 85 ᠨᠠᠰᠤᠨ ᠠᠴᠠ ᠳᠡᠭᠡᠭᠰᠢᠬᠢ ᠥᠨᠳᠥᠷ ᠨᠠᠰᠤᠲᠠᠶ ᠨᠠᠰᠤᠲᠠᠨ︔ ᠪᠦᠬᠦᠯᠢ 60 ᠨᠠᠰᠤ ᠬᠦᠷᠦᠭᠰᠡᠨ ᠣᠨᠴᠠ ᠬᠦᠴᠢᠷᠳᠡᠯ ᠲᠠᠢ᠂ ᠭᠤᠤᠨᠢ ᠨᠠᠰᠤᠲᠠᠨ︔ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠠᠰᠠᠷᠠᠨ ᠬᠠᠷᠠᠭᠠᠯᠵᠠᠬᠤ᠂ ᠲᠥᠯᠥᠪᠯᠡᠭᠡᠲᠦ ᠦᠷᠡᠵᠢᠯ ᠢ ᠣᠨᠴᠠ ᠲᠡᠳᠬᠦᠬᠦ ᠵᠡᠷᠭᠡ ᠳᠥᠷᠪᠡᠨ ᠲᠥᠷᠥᠯ ᠤᠨ ᠭᠡᠷ ᠪᠦᠯᠢ ᠶᠢᠨ ᠪᠦᠬᠦᠯᠢ 60 ᠨᠠᠰᠤ ᠬᠦᠷᠦᠭᠰᠡᠨ ᠨᠠᠰᠤᠲᠠᠨ︔ ᠪᠦᠬᠦᠯᠢ 60 ᠨᠠᠰᠤᠨ ᠤ ᠳᠤᠮᠳᠠ ᠵᠡᠷᠭᠡ ᠠᠴᠠ ᠳᠡᠭᠡᠭᠰᠢᠬᠢ ᠴᠢᠳᠠᠪᠤᠷᠢ ᠪᠠᠨ ᠠᠯᠳᠠᠭᠰᠠᠨ ᠨᠠᠰᠤᠲᠠᠨ᠃ ᠳᠡᠭᠡᠷ᠎ᠡ ᠳᠤᠷᠠᠳᠤᠭᠰᠠᠨ ᠡᠲᠡᠭᠡᠳ ᠴᠥᠮ ᠬᠢᠶ᠎ᠠ ᠪᠠᠭᠰᠢ ᠲᠣᠭᠤᠷᠢᠭ ᠤᠨ ᠡᠷᠦᠬᠡ ᠠᠮᠠ ᠶᠢᠨ ᠳᠠᠩᠰᠠ ᠲᠠᠢ ᠪᠠᠶᠢᠬᠤ ᠬᠡᠷᠡᠭᠲᠡᠢ᠃             ︵ᠬᠤᠶᠠᠷ︶ ᠨᠠᠰᠤᠲᠠᠶᠢᠴᠤᠳ ᠤᠨ ᠬᠤᠭᠤᠯᠠᠨ ᠭᠡᠷ ᠤᠨ ᠨᠥᠬᠦᠪᠥᠷᠢ ᠣᠯᠭᠤᠬᠤ ᠡᠲᠡᠭᠡᠳ᠄ ᠬᠢᠶ᠎ᠠ ᠪᠠᠭᠰᠢ ᠲᠣᠭᠤᠷᠢᠭ ᠲᠤ ᠪᠠᠶᠢᠩᠭᠤ ᠰᠠᠭᠤᠭ᠎ᠠ ᠪᠦᠬᠦᠯᠢ 60 ᠨᠠᠰᠤ ᠬᠦᠷᠦᠭᠰᠡᠨ ᠨᠠᠰᠤᠲᠠᠶᠢᠴᠤᠳ ᠤᠨ ᠨᠥᠬᠦᠪᠥᠷᠢ ᠶᠢᠨ ᠵᠣᠭᠤᠰ ᠤᠨ ᠲᠤᠭ᠎ᠠ ᠶᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠲᠣᠭᠲᠠᠭᠠᠬᠤ ᠶᠢᠨ ᠬᠠᠮᠲᠤ ᠴᠠᠭ ᠲᠤᠨᠢ ᠲᠣᠬᠢᠷᠠᠭᠤᠯᠤᠨ᠎ᠠ᠃         ︵ᠭᠤᠷᠪᠠ︶ ᠨᠠᠰᠣᠳᠠᠶᠢᠴᠤᠳ ᠤᠨ ᠴᠣᠮᠬᠠᠳᠬᠠᠯ ᠬᠤᠪᠢ ᠣᠯᠭᠤᠬᠤ ᠡᠲᠡᠭᠡᠳ᠄ ᠬᠢᠶ᠎ᠠ ᠪᠠᠭᠰᠢ ᠲᠣᠭᠤᠷᠢᠭ ᠤᠨ ᠡᠷᠦᠬᠡ ᠠᠮᠠ ᠲᠠᠢ ᠪᠦᠬᠦᠯᠢ 70 ᠨᠠᠰᠤ ᠬᠦᠷᠦᠭᠰᠡᠨ ᠨᠠᠰᠣᠳᠠᠨ᠂ 70 - 74 ᠪᠦᠬᠦᠯᠢ ᠨᠠᠰᠤᠨ ᠤ ᠨᠠᠰᠣᠳᠠᠨ ᠳᠤ ᠰᠠᠷ᠎ᠠ ᠪᠦᠷᠢ 10000 ᠬᠤᠪᠢ ᠶᠢᠨ ᠨᠠᠰᠣᠳᠠᠶᠢᠴᠤᠳ ᠤᠨ ᠴᠣᠮᠬᠠᠳᠬᠠᠯ ᠬᠤᠪᠢ ︵100 ᠲᠥᠭᠦᠷᠢᠭ︶ ᠬᠤᠪᠢᠶᠠᠵᠤ᠂ 75-79 ᠪᠦᠬᠦᠯᠢ ᠨᠠᠰᠤᠨ ᠤ ᠨᠠᠰᠣᠳᠠᠨ ᠳᠤ ᠰᠠᠷ᠎ᠠ ᠪᠦᠷᠢ 15000 ᠬᠤᠪᠢ ᠶᠢᠨ ᠨᠠᠰᠣᠳᠠᠶᠢᠴᠤᠳ ᠤᠨ ᠴᠣᠮᠬᠠᠳᠬᠠᠯ ᠬᠤᠪᠢ ︵150 ᠲᠥᠭᠦᠷᠢᠭ︶ ᠬᠤᠪᠢᠶᠠᠨ᠂ ᠪᠦᠬᠦᠯᠢ 80 ᠨᠠᠰᠤᠨ ᠠᠴᠠ ᠳᠡᠭᠡᠭᠰᠢᠬᠢ ᠨᠠᠰᠣᠳᠠᠨ ᠳᠤ ᠰᠠᠷ᠎ᠠ ᠪᠦᠷᠢ 20000 ᠬᠤᠪᠢ ᠶᠢᠨ ᠨᠠᠰᠣᠳᠠᠶᠢᠴᠤᠳ ᠤᠨ ᠴᠣᠮᠬᠠᠳᠬᠠᠯ ᠬᠤᠪᠢ ︵200 ᠲᠥᠭᠦᠷᠢᠭ︶ ᠬᠤᠪᠢᠶᠠᠨ᠎ᠠ᠃              ᠳᠥᠷᠪᠡ᠂ ᠦᠢᠯᠡᠴᠢᠯᠡᠭᠡᠨ ᠤ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠡᠵᠡᠩᠨᠡᠯᠲᠡ ᠬᠠᠮᠢᠶᠠᠷᠤᠯᠲᠠ         ︵ᠨᠢᠭᠡ︶ ᠭᠡᠷ ᠲᠡᠭᠡᠨ ᠰᠠᠭᠤᠵᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠬᠦᠷᠳᠡᠬᠦ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠬᠤ ᠪᠠ  ᠡᠵᠡᠩᠨᠡᠨ ᠬᠠᠮᠢᠶᠠᠷᠬᠤ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ︵ᠥᠷᠲᠡᠭᠡ︶ ᠢ ᠡᠯ᠎ᠡ ᠵᠡᠭᠡᠯᠢ ᠭᠤᠳᠤᠮᠵᠢ ᠠᠴᠠ ᠬᠠᠷᠢᠶ᠎ᠠ ᠣᠷᠣᠨ ᠤ ᠥᠷᠳᠡᠭᠡ ᠴᠡᠭ ᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ᠂ ᠣᠲᠣ ᠶᠢᠨ ᠪᠠᠶᠢᠭ᠎ᠠ ᠥᠷᠳᠡᠭᠡ ᠴᠡᠭ ᠯᠦᠭᠡ ᠬᠠᠮᠲᠤᠷᠠᠨ ᠪᠠᠶᠢᠭᠤᠯᠬᠤ ᠪᠤᠶᠤ ᠰᠢᠨ᠎ᠡ ᠪᠠᠷ ᠪᠠᠶᠢᠭᠤᠯᠵᠤ ᠪᠣᠯᠤᠨ᠎ᠠ᠃ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠲᠣᠭᠤᠷᠢᠭ ᠤᠨ ᠳᠡᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠣᠶᠤᠨᠴᠢ ᠲᠣᠬᠢᠷᠠᠭᠤᠯᠤᠯᠲᠠ ᠶᠢᠨ ᠲᠥᠪ ᠤᠨ ᠪᠠᠶᠢᠭᠤᠯᠤᠯᠲᠠ ᠶᠢ ᠬᠠᠷᠢᠭᠤᠴᠠᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠪᠡᠯᠡᠳᠬᠡᠮᠵᠢ ᠲᠥᠬᠦᠭᠡᠷᠦᠮᠵᠢ ᠶᠢ ᠡᠯ᠎ᠡ ᠬᠠᠮᠢᠶ᠎ᠠ ᠪᠥᠬᠦᠶ ᠵᠡᠭᠡᠯᠢ ᠭᠤᠳᠤᠮᠵᠢ ᠶᠢᠨ ᠲᠣᠭᠲᠠᠮᠠᠯ ᠡᠳ᠋ ᠬᠥᠷᠥᠩᠭᠡ ᠶᠢᠨ ᠬᠠᠮᠢᠶᠠᠷᠤᠯᠲᠠ ᠳᠤ ᠣᠷᠣᠭᠤᠯᠬᠤ ᠶᠢᠨ ᠬᠠᠮᠲᠤ᠂ ᠨᠠᠶᠢᠳᠠᠨ ᠡᠵᠡᠩᠨᠡᠬᠦ ᠶᠢ ᠳᠠᠭᠠᠭᠠᠨ ᠠᠪᠤᠭᠰᠠᠨ ᠡᠲᠡᠭᠡᠳ ᠯᠦᠭᠡ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠡᠳ᠋ ᠬᠥᠷᠥᠩᠭᠡ ᠶᠢ ᠰᠢᠯᠵᠢᠭᠦᠯᠦᠨ ᠲᠤᠰᠢᠶᠠᠵᠤ ᠬᠡᠷᠡᠭᠯᠡᠬᠦ ᠨᠡᠷᠡᠰ ᠤᠨ ᠵᠢᠭᠰᠠᠭᠠᠯᠲᠠ ᠶᠢ ᠲᠣᠭᠲᠠᠭᠠᠵᠤ᠂ ᠲᠣᠭᠲᠠᠮᠠᠯ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠡᠬᠡ ᠲᠠᠩᠰᠠ ᠶᠢ ᠪᠣᠶ ᠪᠣᠯᠭᠠᠨ᠎ᠠ᠃         ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠪᠤᠶᠤ ᠵᠡᠭᠡᠯᠢ ᠭᠤᠳᠤᠮᠵᠢ ᠶᠢᠨ ᠬᠢᠨ ᠭᠤᠷᠪᠠᠳᠠᠬᠢ ᠡᠲᠡᠭᠡᠳ ᠲᠤ ᠨᠠᠶᠢᠳᠠᠵᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠪᠠ ᠨᠠᠰᠤᠳᠠᠶᠢᠴᠣᠳ ᠬᠤᠭᠤᠯᠠ ᠢᠳᠡᠬᠦ ᠳᠤ  ᠳᠣᠰᠠᠯᠠᠮᠵᠢ ᠪᠤᠯᠬᠤ ᠭᠠᠵᠠᠷ ᠢ ᠡᠵᠡᠩᠨᠡᠬᠦ ᠶᠢ ᠬᠠᠷᠢᠭᠤᠴᠠᠭᠤᠯᠤᠨ᠎ᠠ᠃ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠰᠢᠯᠭᠠᠨ ᠬᠢᠨᠠᠬᠤ ᠪᠠᠷᠢᠮᠵᠢᠶ᠎ᠠ ᠶᠢ ᠳᠣᠭᠳᠠᠭᠠᠨ᠂ ᠡᠳᠦᠷ ᠲᠤᠲᠤᠮ ᠤᠨ ᠠᠵᠢᠯ ᠲᠥᠷᠥᠯ ᠶᠢ ᠬᠢᠨᠠᠨ ᠬᠠᠮᠢᠶᠠᠷᠴᠤ᠂ ᠰᠢᠯᠭᠠᠨ ᠬᠢᠨᠠᠭᠰᠠᠨ ᠦᠷ᠎ᠡ ᠳ᠋ᠦᠩ ᠢ ᠦᠨᠳᠦᠰᠦᠯᠡᠨ ᠡᠵᠡᠩᠨᠡᠯᠲᠡ ᠶᠢᠨ ᠪᠠ ᠬᠤᠭᠤᠯᠠᠨ ᠤ ᠨᠥᠬᠦᠪᠦᠷᠢ ᠮᠥᠩᠬᠦ ᠥᠭᠭᠦᠨ᠎ᠡ᠃ ᠶᠡᠷᠦᠩᠬᠡᠶᠢᠯᠡᠭᠰᠡᠨ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ︵ᠥᠷᠲᠡᠭᠡ︶  ᠲᠤ ᠵᠢᠯ ᠪᠦᠷᠢ 20 - 30 ᠲᠦᠮᠡᠨ ᠲᠥᠭᠦᠷᠢᠭ ᠤᠨ ᠡᠵᠡᠩᠨᠡᠯᠲᠡ ᠶᠢᠨ ᠨᠥᠬᠦᠪᠥᠷᠢ ᠦᠭᠴᠦ᠂ ᠭᠠᠭᠴᠠ ᠲᠥᠷᠥᠯ ᠵᠦᠢᠯ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ︵ᠥᠷᠲᠡᠭᠡ︶ ᠲᠤ ᠵᠢᠯ ᠪᠦᠷᠢ 10 - 20 ᠲᠦᠮᠡᠨ ᠲᠥᠭᠦᠷᠢᠭ ᠤᠨ ᠡᠵᠡᠩᠨᠡᠯᠲᠡ ᠶᠢᠨ ᠨᠥᠬᠦᠪᠥᠷᠢ ᠦᠭᠭᠦᠨ᠂ ᠬᠡᠷᠡᠭᠰᠡᠬᠦ ᠪᠠᠯᠠ ᠮᠥᠩᠭᠦ ᠨᠢ ᠲᠣᠰ ᠱᠠᠲᠤᠨ ᠤ ᠡᠳ᠋ ᠤᠨ ᠵᠠᠰᠠᠭ ᠤᠨ ᠪᠠᠯᠠ ᠮᠥᠩᠭᠦ ᠪᠣᠯᠤᠨ᠎ᠠ᠃         ᠭᠤᠷᠪᠠᠳᠠᠬᠢ ᠡᠲᠡᠭᠡᠳ ᠨᠢ ᠵᠡᠭᠡᠯᠢ ᠭᠤᠳᠤᠮᠵᠢ ᠲᠠᠢ ᠬᠠᠮᠵᠢᠯᠴᠠᠨ ᠪᠡᠯᠡᠳᠬᠡᠮᠵᠢ ᠲᠥᠬᠦᠭᠡᠷᠦᠮᠵᠢ ᠶᠢ ᠬᠠᠮᠢᠶᠠᠷᠬᠤ ᠪᠠ ᠬᠠᠮᠠᠭᠠᠯᠠᠬᠤ ᠠᠵᠢᠯ ᠢ ᠰᠠᠶᠢᠲᠤᠷ ᠬᠢᠨ ᠂ ᠲᠠᠯᠠᠪᠤᠷ ᠭᠠᠵᠠᠷ ᠤᠨ ᠡᠵᠡᠩᠨᠡᠯᠲᠡ ᠶᠢᠨ ᠬᠤᠭᠤᠴᠠᠭᠠᠨ ᠳᠠᠬᠢ ᠤᠰᠤ ᠴᠠᠬᠢᠯᠭᠠᠨ ᠬᠡᠢ ᠳᠤᠯᠠᠭᠠᠯᠠᠭ᠎ᠠ ᠵᠡᠷᠭᠡ ᠵᠠᠷᠤᠳᠠᠯ ᠢ ᠡᠭᠦᠷᠭᠡᠯᠡᠵᠦ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠠᠴᠠ ᠬᠡᠷ ᠲᠡᠭᠡᠨ ᠰᠠᠭᠤᠵᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠬᠦᠷᠳᠡᠬᠦ ᠦᠢᠯᠡᠴᠢᠯᠡᠭᠡᠨ ᠤ ᠥᠷᠲᠡᠭᠡ ᠶᠢ ᠡᠵᠡᠩᠨᠡᠭᠰᠡᠨ ᠪᠠᠶᠢᠪᠠᠯ᠂ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠶ ᠬᠡᠷᠡᠭᠯᠡᠬᠦ᠂ ᠢᠯᠴᠢ ᠬᠡᠷᠡᠭᠯᠡᠬᠦ ᠳᠤ ᠰᠠᠭᠤᠭᠠᠯᠢ ᠠᠷᠠᠳ ᠤᠨ ᠦᠨ᠎ᠡ ᠬᠠᠩᠰᠢ ᠶᠢᠨ ᠬᠠᠷᠠᠭᠠᠯᠵᠠᠯ ᠢ ᠬᠦᠷᠲᠡᠭᠡᠨ᠎ᠡ᠃ ᠨᠠᠰᠤᠳᠠᠶᠢᠴᠣᠳ ᠬᠤᠭᠤᠯᠠ ᠢᠳᠡᠬᠦ ᠳᠤ ᠳᠣᠰᠠᠯᠠᠮᠵᠢ ᠪᠤᠯᠬᠤ ᠭᠠᠵᠠᠷ ᠲᠤ ᠬᠤᠭᠤᠯᠠ ᠤ ᠨᠥᠬᠦᠪᠥᠷᠢ ᠮᠥᠩᠬᠦ ᠶᠢᠨ ᠪᠠᠷᠢᠮᠵᠢᠶ᠎ᠠ ᠶᠣᠰᠣᠭᠠᠷ ᠣᠨᠴᠠᠭᠠᠶ ᠬᠥᠮᠦᠰ ᠤᠨ ᠬᠤᠭᠤᠯᠠᠯᠠᠬᠤ ᠶᠢ ᠪᠠᠲᠤᠯᠠᠬᠤ ᠶᠢᠨ ᠬᠠᠮᠲᠤ ᠨᠡᠶᠢᠭᠡᠮ ᠳᠤ ᠴᠢᠯᠥᠭᠡᠲᠡᠶ ᠨᠡᠭᠡᠭᠡᠵᠦ ᠪᠣᠯᠤᠨ᠎ᠠ᠃ ᠡᠯ᠎ᠡ ᠵᠡᠭᠡᠯᠢ ᠭᠤᠳᠤᠮᠵᠢ ᠨᠢ ᠨᠠᠰᠤᠲᠠᠨ ᠳᠤ ᠦᠢᠯᠡᠴᠢᠯᠡᠬᠦ ᠶᠢ ᠳᠠᠭᠠᠭᠠᠨ ᠠᠪᠤᠭᠰᠠᠨ ᠭᠤᠷᠪᠠᠳᠠᠬᠢ ᠡᠲᠡᠭᠡᠳ ᠠᠴᠠ ᠬᠠᠮᠢᠶ᠎ᠠ ᠪᠦᠬᠦᠢ ᠦᠢᠯᠡᠴᠢᠯᠡᠭᠡ ᠬᠤᠳᠠᠯᠳᠤᠨ ᠠᠪᠬᠤ ᠶᠢ ᠵᠣᠷᠢᠭᠵᠢᠭᠤᠯᠵᠤ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠨᠢ ᠵᠡᠭᠡᠯᠢ ᠭᠤᠳᠤᠮᠵᠢ ᠶᠢᠨ ᠪᠤᠰᠤᠳ ᠦᠢᠯᠡᠴᠢᠯᠡᠭᠡᠨ ᠤ ᠠᠭᠤᠯᠭ᠎ᠠ ᠶᠢ ᠳᠠᠭᠠᠭᠠᠨ ᠠᠪᠴᠤ ᠪᠣᠯᠤᠨ᠎ᠠ᠃ ᠭᠡᠷ ᠠᠬᠤᠶ ᠶᠢᠨ ᠦᠢᠯᠡᠴᠢᠯᠡᠭᠡ᠂ ᠢᠳᠡᠭᠡᠨ ᠤᠮᠳᠠᠭᠠᠨ ᠲᠣᠬᠢᠷᠠᠭᠤᠯᠤᠨ ᠬᠦᠷᠭᠡᠬᠦ᠂ ᠠᠳᠠᠯ ᠠᠬᠤᠶ ᠶᠢᠨ ᠠᠵᠤ ᠠᠬᠤᠶᠢᠯᠠᠯ᠂ ᠮᠡᠳᠡᠭᠡ ᠵᠠᠩᠭᠢ ᠶᠢᠨ ᠮᠡᠷᠭᠡᠵᠢᠯ ᠵᠡᠷᠭᠡ ᠨᠠᠷᠠᠲᠤ ᠲᠡᠮᠳᠡᠭᠵᠢᠭᠰᠡᠨ᠂ ᠬᠤᠯᠪᠤᠭᠠᠵᠢᠭᠰᠠᠨ᠂ ᠬᠡᠪᠴᠢᠶᠡᠵᠢᠭᠰᠡᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ ᠠᠵᠤ ᠠᠬᠤᠶᠢᠯᠠᠯ ᠤᠨ ᠬᠡᠷ ᠲᠡᠭᠡᠨ ᠰᠠᠭᠤᠵᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠬᠦᠷᠳᠡᠬᠦ ᠦᠢᠯᠡᠴᠢᠯᠡᠭᠡᠨ ᠤ ᠲᠦᠬᠦᠭᠡᠷᠦᠮᠵᠢ ᠶᠢ ᠬᠠᠮᠢᠶᠠᠷᠤᠨ ᠡᠵᠡᠩᠨᠡᠬᠦ ᠶᠢ ᠵᠣᠷᠢᠭᠵᠢᠭᠤᠯᠵᠤ᠂ ᠬᠡᠷ ᠲᠡᠭᠡᠨ ᠰᠠᠭᠤᠵᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠬᠦᠷᠳᠡᠬᠦ ᠦᠢᠯᠡᠴᠢᠯᠡᠭᠡ ᠶᠢ ᠳᠠᠭᠠᠭᠠᠨ ᠠᠪᠤᠨ᠎ᠠ᠃         ︵ᠬᠤᠶᠠᠷ︶ ᠭᠡᠷ ᠲᠡᠭᠡᠨ ᠰᠠᠭᠤᠵᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠬᠦᠷᠳᠡᠬᠦ ᠦᠢᠯᠡᠴᠢᠯᠡᠭᠡᠨ ᠤ ᠲᠣᠭᠲᠠᠭᠰᠠᠨ ᠪᠠᠶᠢᠭᠤᠯᠤᠮᠵᠢ ᠶᠢ ᠰᠣᠩᠭᠤᠬᠤ ᠪᠠ ᠡᠵᠡᠩᠨᠡᠨ ᠬᠠᠮᠢᠶᠠᠷᠬᠤ᠃ ᠨᠠᠰᠤᠲᠠᠶᠢᠴᠤᠳ ᠤᠨ ᠬᠤᠭᠤᠯᠠ ᠢᠳᠡᠬᠦ᠂ ᠭᠡᠷ ᠤᠨ ᠶᠠᠪᠤᠳᠠᠯ ᠤᠨ ᠦᠢᠯᠡᠴᠢᠯᠡᠭᠡ᠂ ᠡᠳᠦᠷ ᠲᠤᠲᠤᠮ ᠤᠨ ᠬᠠᠷᠠᠭᠠᠯᠵᠠᠯ᠂ ᠡᠷᠡᠭᠦᠯᠵᠢᠬᠦᠯᠬᠦ ᠢᠯᠢᠯᠭᠡ᠂ ᠡᠪᠡᠳᠴᠢᠨ ᠦᠵᠡᠭᠦᠯᠵᠦ ᠡᠮᠨᠡᠭᠦᠯᠬᠦ᠂ ᠡᠷᠡᠭᠦᠯᠵᠢᠭᠦᠯᠬᠦ ᠰᠤᠪᠢᠯᠠᠯᠲᠠ᠂ ᠣᠶᠤᠨ ᠰᠠᠨᠠᠭ᠎ᠠ ᠲᠠᠶᠢᠳᠬᠤᠷᠠᠭᠤᠯᠬᠤ᠂ ᠭᠡᠷ ᠲᠤᠨᠢ ᠬᠦᠷᠴᠦ ᠰᠡᠯᠪᠢᠨ ᠵᠠᠰᠠᠬᠤ ᠵᠡᠷᠭᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠪᠦᠬᠦᠨ ᠢ ᠴᠥᠮ ᠭᠡᠷ ᠲᠡᠭᠡᠨ ᠰᠠᠭᠤᠵᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠬᠦᠷᠳᠡᠬᠦ ᠦᠢᠯᠡᠴᠢᠯᠡᠭᠡᠨ ᠤ ᠲᠣᠭᠲᠠᠭᠰᠠᠨ ᠪᠠᠶᠢᠭᠤᠯᠤᠮᠵᠢ ᠳᠤ ᠣᠷᠣᠭᠤᠯᠵᠤ ᠪᠣᠯᠤᠨ᠎ᠠ᠃ ᠨᠠᠰᠣᠳᠠᠶᠢᠴᠤᠳ ᠤᠨ ᠴᠣᠮᠬᠠᠳᠬᠠᠯ ᠬᠤᠪᠢ ᠬᠦᠷᠳᠡᠵᠦ ᠪᠠᠶᠢᠭ᠎ᠠ ᠨᠠᠰᠤᠲᠠᠶᠢᠴᠤᠳ ᠲᠣᠭᠲᠠᠭᠰᠠᠨ ᠪᠠᠶᠢᠭᠤᠯᠤᠮᠵᠢ ᠳᠤ ᠣᠴᠢᠵᠤ ᠬᠡᠷᠡᠭᠯᠡᠵᠦ ᠪᠤᠯᠤᠨ᠎ᠠ᠂ ᠨᠠᠰᠣᠳᠠᠶᠢᠴᠤᠳ ᠤᠨ ᠴᠣᠮᠬᠠᠳᠬᠠᠯ ᠬᠤᠪᠢ ᠳᠤ ᠬᠡᠷᠡᠭᠰᠡᠬᠦ ᠪᠡᠯᠡ ᠮᠥᠩᠭᠦ ᠨᠢ ᠲᠤᠰ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠪᠣᠯᠤᠨ᠎ᠠ᠃        ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠬᠡᠷ ᠲᠡᠭᠡᠨ ᠰᠠᠭᠤᠵᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠬᠦᠷᠳᠡᠬᠦ ᠦᠢᠯᠡᠴᠢᠯᠡᠭᠡᠨ ᠤ ᠲᠣᠭᠲᠠᠭᠰᠠᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ ᠶᠢ ᠪᠠᠶᠢᠭᠤᠯᠵᠤ᠂ᠲᠣᠭᠲᠠᠭᠰᠠᠨ ᠪᠠᠶᠢᠭᠤᠯᠤᠮᠵᠢ ᠳᠤ ᠦᠨᠡᠯᠡᠨ ᠵᠢᠱᠢᠯᠲᠡ ᠬᠢᠵᠦ᠂ ᠭᠡᠷ᠎ᠡ ᠲᠣᠭᠲᠠᠵᠤ᠂ ᠬᠠᠮᠢᠶᠠᠷᠤᠨ᠎ᠠ᠃ ᠵᠠᠬ᠎ᠠ ᠳᠡᠯᠭᠡᠭᠦᠷ ᠢ ᠡᠮᠬᠢ ᠵᠢᠷᠤᠮ ᠲᠠᠢ ᠪᠠᠷ ᠨᠡᠭᠡᠭᠡᠬᠦ᠂ ᠰᠠᠶᠢᠨ ᠥᠷᠢᠰᠥᠯᠳᠦᠭᠡᠨ ᠢ ᠠᠬᠢᠭᠤᠯᠬᠤ ᠵᠠᠷᠴᠢᠮ ᠤᠨ ᠶᠣᠰᠣᠭᠠᠷ᠂ ᠲᠣᠭᠲᠠᠭᠰᠠᠨ ᠦᠢᠯᠡᠴᠢᠯᠡᠭᠡᠨ ᠤ ᠪᠠᠶᠢᠭᠤᠯᠤᠮᠵᠢ ᠳᠤ ᠶᠡᠷᠦᠩᠬᠡᠶ ᠬᠡᠮᠵᠢᠶ᠎ᠡ ᠶᠢᠨ ᠡᠵᠡᠮᠳᠡᠯ ᠢ ᠬᠡᠷᠡᠭᠵᠢᠭᠦᠯᠵᠦ᠂ ᠦᠨᠡᠯᠡᠨ ᠵᠢᠱᠢᠭᠰᠡᠨ ᠪᠠᠶᠢᠳᠠᠯ ᠢ ᠦᠨᠳᠦᠰᠦᠯᠡᠨ ᠨᠥᠬᠦᠴᠡᠯ ᠳᠤ ᠨᠡᠶᠢᠴᠡᠭᠰᠡᠨ ᠭᠤᠶᠤᠴᠢᠯᠠᠭᠰᠠᠨ ᠪᠠᠶᠢᠭᠤᠯᠤᠮᠵᠢ ᠶᠢ ᠲᠣᠭᠲᠠᠭᠰᠠᠨ ᠪᠠᠶᠢᠭᠤᠯᠤᠮᠵᠢ ᠪᠣᠯᠭᠠᠬᠤ ᠶᠢᠨ ᠬᠠᠮᠲᠤ᠂ ᠵᠠᠬ᠎ᠠ ᠳᠡᠯᠭᠡᠭᠦᠷ ᠤᠨ ᠬᠥᠭᠵᠢᠯᠲᠡ ᠶᠢ ᠦᠨᠳᠦᠰᠦᠯᠡᠨ ᠲᠣᠭᠲᠠᠭᠰᠠᠨ ᠪᠠᠶᠢᠭᠤᠯᠤᠮᠵᠢ ᠶᠢᠨ ᠲᠤᠭ᠎ᠠ ᠬᠡᠮᠵᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠎ᠡ᠃ ᠲᠣᠭᠲᠠᠭᠰᠠᠨ ᠪᠠᠶᠢᠭᠤᠯᠤᠮᠵᠢ ᠳᠤ ᠬᠥᠳᠡᠯᠦᠩᠭᠦᠶ ᠲᠣᠬᠢᠷᠠᠭᠤᠯᠤᠯᠲᠠ ᠬᠢᠵᠦ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠬᠥᠮᠦᠰ ᠪᠤᠶᠤ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠲᠣᠭᠲᠠᠭᠰᠠᠨ ᠦᠢᠯᠡᠴᠢᠯᠡᠭᠡᠨ ᠤ ᠪᠠᠶᠢᠭᠤᠯᠤᠮᠵᠢ ᠳᠤ ᠳᠠᠬᠢᠨ ᠪᠠᠶᠢᠴᠠᠭᠠᠵᠤ ᠦᠨᠡᠯᠡᠨ ᠵᠢᠱᠢᠯᠲᠡ ᠬᠢᠵᠦ᠂ ᠨᠥᠬᠦᠴᠡᠯ ᠳᠤ ᠨᠡᠶᠢᠴᠡᠬᠦ ᠥᠬᠡᠶ ᠪᠣᠯ ᠦᠢᠯᠡᠴᠢᠯᠡᠭᠡᠨ ᠤ ᠬᠡᠯᠡᠯᠴᠡᠭᠡᠷ ᠢ ᠬᠦᠴᠦᠨ ᠥᠬᠡᠶ ᠪᠣᠯᠭᠠᠨ᠎ᠠ᠃         ᠲᠣᠭᠲᠠᠭᠰᠠᠨ ᠪᠠᠶᠢᠭᠤᠯᠤᠮᠵᠢ ᠨᠢ ᠪᠣᠳᠠᠳᠤ ᠪᠠᠶᠢᠳᠠᠯ ᠢᠶᠠᠨ ᠦᠨᠳᠦᠰᠦᠯᠡᠨ᠂ ᠲᠠᠯᠠᠪᠤᠷ ᠭᠠᠵᠠᠷ ᠤᠨ ᠣᠷᠴᠢᠨ ᠲᠣᠭᠤᠷᠢᠨ ᠢ ᠨᠠᠰᠣᠳᠠᠨ ᠳᠤ ᠲᠣᠬᠢᠷᠠᠭᠤᠯᠤᠨ ᠥᠭᠡᠷᠡᠴᠢᠯᠡᠬᠦ ᠶᠢᠨ ᠬᠠᠮᠲᠤ᠂ ᠨᠠᠰᠣᠳᠠᠨ ᠳᠤ ᠲᠣᠬᠢᠷᠠᠬᠤ ᠵᠣᠬᠢᠬᠤ ᠲᠤᠭ᠎ᠠ ᠬᠡᠮᠵᠢᠶᠡᠨ ᠤ ᠪᠡᠯᠡᠳᠬᠡᠮᠵᠢ ᠲᠥᠬᠦᠭᠡᠷᠦᠮᠵᠢ ᠲᠣᠬᠢᠷᠠᠭᠤᠯᠵᠤ᠂ ᠨᠠᠰᠤᠲᠠᠳ ᠤᠨ ᠬᠡᠷᠡᠭᠯᠡᠬᠦ ᠳᠤ ᠳᠥᠭᠦᠮ ᠪᠣᠯᠭᠠᠬᠤ ᠬᠡᠷᠡᠭᠲᠡᠶ᠃             ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ         ︵ᠨᠢᠭᠡ︶ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠠᠵᠢᠯ ᠢ ᠴᠢᠩᠭᠠᠳᠬᠠᠨ᠎ᠠ᠃ ᠬᠡᠷ ᠲᠡᠭᠡᠨ ᠰᠠᠭᠤᠵᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠬᠦᠷᠳᠡᠬᠦ ᠦᠢᠯᠡᠴᠢᠯᠡᠭᠡᠨ ᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠳᠣᠭᠢᠷᠠᠭᠤᠯᠤᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠥᠬᠦ ᠲᠣᠭᠤᠷᠢᠭ ᠤᠨ ᠬᠡᠷ ᠲᠡᠭᠡᠨ ᠰᠠᠭᠤᠵᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠬᠦᠷᠳᠡᠬᠦ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠬᠡᠷ ᠲᠡᠭᠡᠨ ᠰᠠᠭᠤᠵᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠬᠦᠷᠳᠡᠬᠦ ᠦᠢᠯᠡᠴᠢᠯᠡᠭᠡᠨ ᠤ ᠠᠵᠢᠯ ᠢ ᠲᠤᠭᠤᠷᠢᠭ ᠤᠨ ᠵᠠᠰᠠᠭ ᠤᠨ ᠣᠷᠳᠣᠨ ᠠᠴᠠ ᠡᠯ᠎ᠡ ᠰᠠᠯᠠᠭ᠎ᠠ ᠮᠥᠴᠢᠷ ᠢ ᠬᠢᠨᠠᠨ ᠰᠢᠯᠭᠠᠬᠤ ᠠᠭᠤᠯᠭ᠎ᠠ ᠳᠤ ᠣᠷᠣᠭᠤᠯᠵᠤ᠂ ᠦᠨᠡᠨ ᠬᠦ ᠠᠬᠢᠭᠤᠯᠤᠨ᠎ᠠ᠃         ︵ᠬᠤᠶᠠᠷ︶ ᠪᠡᠯᠡ ᠮᠥᠩᠭᠦᠨ ᠤ ᠪᠠᠲᠤᠯᠠᠭ᠎ᠠ ᠶᠢ ᠴᠢᠩᠭᠠᠳᠬᠠᠨ᠎ᠠ᠃ ᠬᠡᠷ ᠲᠡᠭᠡᠨ ᠰᠠᠭᠤᠵᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠬᠦᠷᠳᠡᠬᠦ ᠦᠢᠯᠡᠴᠢᠯᠡᠭᠡᠨ ᠤ ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠲᠣᠭᠤᠷᠢᠭ ᠤᠨ ᠡᠳ᠋ ᠤᠨ ᠵᠠᠰᠠᠭ ᠨᠢ ᠵᠢᠯ ᠪᠦᠷᠢ ᠪᠡᠯᠡ ᠮᠥᠩᠭᠦ ᠲᠣᠬᠢᠷᠠᠭᠤᠯᠵᠤ ᠵᠠᠰᠠᠭ ᠤᠨ ᠣᠷᠳᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠤᠳᠠᠯᠳᠤᠨ ᠠᠪᠬᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠵᠡᠩᠨᠡᠯᠲᠡ ᠶᠢᠨ ᠨᠥᠬᠦᠪᠥᠷᠢ ᠪᠣᠯᠤᠨ ᠨᠠᠰᠣᠳᠠᠶᠢᠴᠤᠳ ᠤᠨ ᠴᠣᠮᠬᠠᠳᠬᠠᠯ ᠬᠤᠪᠢ ᠬᠤᠪᠢᠶᠠᠬᠤ ᠳᠤ ᠬᠡᠷᠡᠭᠯᠡᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠪᠡᠯᠡ ᠮᠥᠩᠭᠦ ᠳᠤ ᠬᠢᠨᠠᠯᠲᠠ ᠲᠠᠯᠪᠢᠨ᠂ ᠬᠢᠨᠠᠨ ᠪᠤᠳᠤᠵᠣ᠂ ᠪᠡᠯᠡ ᠮᠥᠩᠭᠦ ᠶᠢ ᠳᠤᠮᠳᠠ ᠠᠴᠠ ᠨᠢ ᠦᠯᠡᠳᠡᠭᠡᠬᠦ᠂ ᠨᠡᠭᠦᠯᠭᠡᠨ ᠬᠡᠷᠡᠭᠯᠡᠬᠦ ᠪᠠ ᠰᠠᠭᠠᠳᠠᠬᠤ ᠵᠢᠴᠢ ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾᠂ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠣᠷᠭᠠᠵᠤ ᠰᠢᠳᠬᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠠᠬᠡᠮᠵᠢᠯᠡᠨ᠎ᠡ᠃         ︵ᠭᠤᠷᠪᠠ︶ ᠬᠢᠨᠠᠨ ᠰᠢᠯᠭᠠᠵᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠬᠡᠷ ᠲᠡᠭᠡᠨ ᠰᠠᠭᠤᠵᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠬᠦᠷᠳᠡᠬᠦ ᠦᠢᠯᠡᠴᠢᠯᠡᠭᠡᠨ ᠤ ᠪᠣᠳᠠᠲᠤ ᠴᠣᠭᠴᠠ ᠶᠢ ᠦᠨᠡᠯᠡᠨ ᠵᠢᠱᠢᠬᠦ ᠲᠣᠭᠲᠠᠴᠠ ᠶᠢ ᠳᠡᠭᠦᠯᠳᠡᠷᠵᠢᠭᠦᠯᠵᠦ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠵᠢᠯ ᠪᠦᠷᠢ ᠲᠤᠰᠬᠠᠶ ᠬᠥᠮᠦᠨ ᠪᠤᠶᠤ ᠭᠤᠷᠪᠠᠳᠠᠬᠢ ᠡᠲᠡᠭᠡᠳ ᠢ ᠵᠣᠬᠢᠶᠠᠨ ᠪᠠᠶᠢᠭᠤᠯᠤᠨ ᠬᠡᠷ ᠲᠡᠭᠡᠨ ᠰᠠᠭᠤᠵᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠬᠦᠷᠳᠡᠬᠦ ᠦᠢᠯᠡᠴᠢᠯᠡᠭᠡᠨ ᠤ ᠪᠣᠳᠠᠲᠤ ᠴᠣᠭᠴᠠ ᠶᠢᠨ ᠡᠳ᠋ ᠤᠨ ᠶᠠᠪᠤᠳᠠᠯ ᠤᠨ ᠠᠵᠢᠯᠯᠠᠭ᠎ᠠ᠂ ᠦᠢᠯᠡᠴᠢᠯᠡᠭᠡᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠦᠨᠡᠯᠡᠬᠦ ᠬᠡᠷᠡᠭᠲᠡᠶ᠃ ᠦᠨᠡᠯᠡᠨ ᠵᠢᠱᠢᠬᠦ ᠠᠭᠤᠯᠭ᠎ᠠ ᠳᠤ ᠲᠥᠷᠥᠯ ᠵᠦᠢᠯ ᠤᠨ ᠪᠠᠯᠠ ᠮᠥᠩᠭᠦ ᠶᠢᠨ ᠵᠢᠷᠤᠮᠵᠢᠯ ᠤᠨ ᠴᠢᠨᠠᠷᠲᠠᠶ ᠬᠡᠷᠡᠭᠯᠡᠯᠲᠡ ᠪᠠ ᠲᠤᠰᠬᠠᠶ ᠦᠢᠯᠡᠴᠢᠯᠡᠭᠡᠨ ᠤ ᠶᠠᠰᠤ ᠴᠢᠨᠠᠷ ᠢ ᠦᠨᠡᠯᠡᠨ ᠵᠢᠱᠢᠬᠦ ᠪᠠᠭᠲᠠᠨ᠎ᠠ᠂ ᠦᠨᠡᠯᠡᠨ ᠵᠢᠱᠢᠭᠰᠡᠨ ᠦᠷ᠎ᠡ ᠳ᠋ᠦᠩ ᠨᠢ ᠬᠡᠷ ᠲᠡᠭᠡᠨ ᠰᠠᠭᠤᠵᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠬᠦᠷᠳᠡᠬᠦ ᠦᠢᠯᠡᠴᠢᠯᠡᠭᠡᠨ ᠤ ᠨᠢᠭᠡ ᠵᠢᠯ ᠤᠨ ᠲᠥᠰᠦᠪ ᠤᠨ ᠲᠣᠬᠢᠷᠠᠭᠤᠯᠤᠯᠲᠠ ᠶᠢ ᠨᠠᠶᠢᠷᠠᠭᠤᠯᠤᠨ ᠵᠣᠬᠢᠶᠠᠬᠤ ᠵᠢᠴᠢ ᠳᠠᠭᠠᠭᠠᠨ ᠠᠪᠬᠤ ᠭᠤᠤᠯ ᠴᠣᠭᠴᠠ ᠶᠢ ᠰᠣᠩᠭᠤᠬᠤ ᠴᠢᠬᠤᠯᠠ ᠦᠨᠳᠦᠰᠦᠯᠡᠯ ᠪᠣᠯᠭᠠᠨ᠎ᠠ᠃ 
ᠢᠷᠡᠯᠲᠡ᠄ ᠳᠣᠰ ᠰᠦᠯᠵᠢᠶ᠎ᠡ