︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠠᠤᠯᠢ︾
ᠨᠡᠶᠢᠲᠡᠯᠡᠭᠰᠡᠨ ᠴᠠᠭ᠄
2023/6/27
ᠬᠤᠶᠠᠳᠤᠭᠠᠷ ᠪᠦᠯᠦᠭ   ᠰᠠᠭᠠᠳ ᠦᠭᠡᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ             ᠠᠷᠪᠠᠨ ᠬᠤᠶᠠᠳᠤᠭᠠᠷ ᠵᠦᠢᠯ᠄ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ ᠣᠷᠣᠨ ᠰᠠᠭᠤᠴᠠ ᠶᠢᠨ ᠪᠠᠷᠢᠯᠭ᠎ᠠ᠂  ᠬᠤᠷᠢᠶᠠᠯᠠᠯ᠂ ᠤᠯᠠᠨ ᠨᠡᠶᠢᠲᠡ ᠶᠢᠨ ᠪᠠᠷᠢᠯᠭ᠎ᠠ᠂ ᠤᠯᠠᠨ ᠨᠡᠶᠢᠲᠡ ᠶᠢᠨ ᠲᠠᠯᠠᠪᠤᠷ᠂ ᠵᠠᠮ ᠲᠡᠭᠡᠭᠡᠪᠦᠷᠢ ᠶᠢᠨ ᠲᠥᠬᠦᠭᠡᠷᠦᠮᠵᠢ᠂ ᠬᠤᠳᠠ ᠬᠥᠳᠡᠭᠡ ᠶᠢᠨ ᠵᠠᠮ ᠵᠡᠷᠭᠡ  ᠨᠢ ᠰᠠᠭᠠᠳ ᠦᠭᠡᠢ ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃             ᠰᠠᠭᠠᠳ ᠦᠭᠡᠢ ᠲᠥᠬᠦᠭᠡᠷᠦᠮᠵᠢ ᠶᠢ ᠭᠤᠣᠯ ᠴᠣᠭᠴᠠ ᠪᠠᠷᠢᠯᠭ᠎ᠠ ᠯᠤᠭ᠎ᠠ ᠵᠡᠷᠭᠡ ᠪᠠᠷ ᠲᠥᠯᠥᠪᠵᠢᠭᠦᠯᠵᠦ᠂ ᠵᠡᠷᠭᠡ  ᠪᠠᠷ ᠵᠢᠷᠤᠭᠯᠠᠨ ᠲᠥᠯᠥᠪᠯᠡᠵᠦ᠂  ᠵᠡᠷᠭᠡ ᠪᠠᠷ ᠪᠠᠷᠢᠵᠤ᠂ ᠵᠡᠷᠭᠡ  ᠪᠠᠷ ᠰᠢᠯᠭᠠᠨ ᠠᠪᠴᠤ᠂ ᠵᠡᠷᠭᠡ ᠪᠠᠷ ᠲᠤᠰᠢᠶᠠᠨ ᠥᠭᠴᠦ ᠬᠡᠷᠡᠭᠯᠡᠭᠦᠯᠬᠦ ᠶᠢᠨ ᠬᠠᠮᠲᠤ ᠡᠷᠬᠢᠨ ᠲᠣᠭᠤᠷᠢᠨ ᠤ ᠰᠠᠭᠠᠳ ᠦᠭᠡᠢ ᠲᠥᠬᠦᠭᠡᠷᠦᠮᠵᠢ ᠯᠦᠭᠡ ᠪᠦᠲᠦᠮᠵᠢᠲᠡᠶ ᠵᠣᠯᠭᠠᠭᠤᠯᠵᠤ᠂ ᠨᠡᠪᠲᠡᠷᠡᠭᠦᠯᠬᠦ ᠬᠡᠷᠡᠭᠲᠡᠢ᠃           ᠰᠠᠭᠠᠳ ᠦᠭᠡᠢ ᠲᠥᠬᠦᠭᠡᠷᠦᠮᠵᠢ ᠳᠤ ᠪᠠᠷᠢᠮᠵᠢᠶ᠎ᠠ ᠳᠤ ᠨᠡᠶᠢᠴᠡᠭᠰᠡᠨ ᠰᠠᠭᠠᠳ ᠦᠭᠡᠢ ᠵᠠᠮ ᠤᠨ ᠢᠯᠡᠳᠬᠡᠮᠵᠢ ᠲᠡᠮᠳᠡᠭ ᠲᠠᠯᠪᠢᠬᠤ ᠬᠡᠷᠡᠭᠲᠡᠢ ᠪᠥᠭᠡᠳ ᠡᠷᠬᠢᠨ ᠲᠣᠭᠤᠷᠢᠨ ᠤ ᠪᠠᠷᠢᠯᠭ᠎ᠠ ᠶᠢᠨ ᠳᠣᠲᠣᠭᠠᠳᠤ ᠶᠢᠨ ᠵᠢᠯᠤᠭᠤᠳᠬᠤ ᠢᠯᠡᠳᠬᠡᠮᠵᠢ ᠲᠡᠮᠳᠡᠭ ᠤᠨ ᠰᠢᠰᠲ᠋ᠧᠮ ᠳᠤ ᠣᠷᠣᠭᠤᠯᠬᠤ ᠬᠡᠷᠡᠭᠲᠡᠢ᠃           ᠠᠷᠪᠠᠨ ᠭᠤᠷᠪᠠᠳᠤᠭᠠᠷ ᠵᠦᠢᠯ᠄ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠵᠢᠯ ᠵᠡᠷᠭᠡ ᠨᠢᠭᠡᠴᠢ ᠶᠢᠨ ᠲᠡᠷᠢᠭᠦᠨ ᠤ ᠣᠶᠢᠯᠠᠭᠠᠭᠳᠠᠬᠤᠨ ᠪᠠ ᠮᠡᠷᠭᠡᠵᠢᠯ ᠢ ᠬᠡᠷᠡᠭᠯᠡᠵᠦ᠂ ᠬᠥᠮᠥᠨᠴᠢᠯᠡᠭᠰᠡᠨ᠂ ᠰᠢᠰᠲ᠋ᠧᠮᠵᠢᠭᠰᠡᠨ᠂ ᠣᠶᠤᠨᠴᠢᠯᠠᠭᠰᠠᠨ ᠪᠥᠭᠡᠳ ᠡᠷᠬᠢᠨ ᠲᠣᠭᠤᠷᠢᠨ ᠤ ᠣᠷᠴᠢᠨ ᠲᠣᠭᠤᠷᠢᠨ ᠲᠠᠢ ᠵᠣᠬᠢᠴᠠᠯᠳᠤᠭᠰᠠᠨ ᠰᠠᠭᠠᠳ ᠦᠭᠡᠢ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠶᠢ ᠤᠯᠤᠰ ᠠᠴᠠ ᠵᠣᠷᠢᠭᠵᠢᠭᠤᠯᠤᠨ᠎ᠠ ᠃       ᠠᠷᠪᠠᠨ ᠳᠥᠷᠪᠡᠳᠦᠭᠡᠷ ᠵᠦᠢᠯ᠄ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠦᠭᠦᠳ ᠰᠠᠭᠠᠳ ᠦᠭᠡᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ  ᠤᠨ ᠲᠣᠶᠢᠮᠣ ᠲᠥᠰᠥᠪ ᠲᠤ ᠪᠠᠨ ᠣᠷᠣᠭᠤᠯᠬᠤ ᠬᠡᠷᠡᠭᠲᠡᠢ᠃            ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ ᠨᠢᠭᠡᠴᠢ ᠬᠢᠨ ᠤ ᠰᠠᠭᠠᠳ ᠦᠭᠡᠢ ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠠᠴᠠ ᠵᠥᠷᠢᠴᠡᠭᠰᠡᠨ ᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ᠬᠢᠨ ᠢᠯᠡ ᠪᠠᠷ ᠪᠤᠶᠤ ᠳᠠᠯᠳᠠ ᠪᠠᠷ ᠮᠡᠳᠡᠭᠳᠡᠵᠦ ᠪᠣᠯᠬᠤ ᠦᠭᠡᠢ᠃ ᠰᠢᠯᠭᠠᠵᠤ ᠬᠦᠯᠢᠶᠡᠨ ᠠᠪᠤᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠰᠠᠭᠠᠳ ᠦᠭᠡᠢ ᠲᠥᠬᠦᠭᠡᠷᠦᠮᠵᠢ ᠶᠢ ᠳᠤᠷ᠎ᠠ ᠪᠠᠷ ᠢᠶᠠᠨ ᠲᠤᠰᠢᠶᠠᠨ ᠥᠭᠴᠦ ᠬᠡᠷᠡᠭᠯᠡᠭᠦᠯᠵᠦ ᠪᠣᠯᠬᠤ ᠦᠭᠡᠢ᠃          ᠠᠷᠪᠠᠨ ᠲᠠᠪᠤᠳᠤᠭᠠᠷ ᠵᠦᠢᠯ᠄ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠨᠢᠭᠡᠴᠢ ᠶᠢᠨ ᠬᠢᠨ ᠰᠠᠭᠠᠳ ᠦᠭᠡᠢ ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠵᠢᠷᠤᠭ ᠲᠥᠯᠥᠪᠯᠡᠭᠡ ᠬᠢᠬᠦ ᠬᠡᠷᠡᠭᠲᠡᠢ᠃           ᠪᠠᠷᠢᠯᠭ᠎ᠠ ᠶᠢᠨ ᠵᠢᠷᠤᠭ ᠢ ᠵᠢᠷᠤᠵᠤ ᠲᠥᠯᠥᠪᠯᠡᠭᠰᠡᠨ ᠪᠢᠴᠢᠭ ᠮᠠᠲ᠋ᠧᠷᠢᠶᠠᠯ ᠢ ᠬᠠᠤᠯᠢ ᠶᠣᠰᠣᠭᠠᠷ ᠬᠢᠨᠠᠨ ᠪᠠᠶᠢᠴᠠᠭᠠᠬᠤ ᠴᠢᠬᠤᠯᠠᠲᠠᠢ ᠪᠣᠯ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠪᠠᠶᠢᠭᠤᠯᠤᠮᠵᠢ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠰᠠᠭᠠᠳ ᠦᠭᠡᠢ ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠰᠠᠭᠠᠳ ᠦᠭᠡᠢ  ᠲᠥᠬᠦᠭᠡᠷᠦᠮᠵᠢ ᠶᠢᠨ ᠵᠢᠷᠤᠵᠤ ᠲᠥᠯᠥᠪᠯᠡᠭᠰᠡᠨ ᠠᠭᠤᠯᠭ᠎ᠠ ᠶᠢ ᠬᠢᠨᠠᠨ ᠪᠠᠶᠢᠴᠠᠭᠠᠬᠤ ᠬᠡᠷᠡᠭᠲᠡᠢ᠃ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠦᠭᠡᠢ ᠪᠣᠯ ᠬᠢᠨᠠᠯᠲᠠ ᠶᠢ ᠥᠩᠭᠡᠷᠡᠭᠦᠯᠵᠦ ᠪᠤᠯᠬᠤ ᠦᠭᠡᠢ᠃          ᠠᠷᠪᠠᠨ ᠵᠢᠷᠭᠤᠳᠤᠭᠠᠷ ᠵᠦᠢᠯ᠄ ᠪᠠᠷᠢᠯᠭ᠎ᠠ ᠪᠠᠷᠢᠬᠤ ᠳᠤ ᠬᠢᠨᠠᠨ ᠬᠠᠮᠢᠶᠠᠷᠬᠤ ᠨᠢᠭᠡᠴᠢ ᠨᠦᠭᠦᠳ ᠪᠠᠷᠢᠯᠭ᠎ᠠ ᠶᠢᠨ ᠵᠢᠷᠤᠭ ᠲᠥᠯᠥᠪᠯᠡᠭᠡ ᠪᠢᠴᠢᠭ ᠮᠠᠲ᠋ᠧᠷᠢᠶᠠᠯ ᠪᠠ ᠬᠠᠮᠢᠶ᠎ᠠ ᠪᠦᠬᠦᠢ ᠪᠠᠷᠢᠮᠵᠢᠶ᠎ᠠ ᠶᠣᠰᠣᠭᠠᠷ ᠰᠠᠭᠠᠳ ᠦᠭᠡᠢ ᠲᠥᠬᠦᠭᠡᠷᠦᠮᠵᠢ ᠶᠢᠨ ᠪᠠᠷᠢᠯᠭ᠎ᠠ ᠪᠠᠷᠢᠬᠤ ᠶᠢ ᠬᠢᠨᠠᠨ ᠬᠠᠮᠢᠶᠠᠷᠬᠤ ᠬᠡᠷᠡᠭᠲᠡᠢ᠃          ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠰᠠᠭᠠᠳ ᠦᠭᠡᠢ ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠰᠠᠭᠠᠳ ᠦᠭᠡᠢ ᠲᠥᠬᠦᠭᠡᠷᠦᠮᠵᠢ ᠶᠢ ᠰᠢᠯᠭᠠᠨ ᠠᠪᠬᠤ ᠠᠵᠢᠯ ᠥᠷᠨᠢᠭᠦᠯᠦᠭᠰᠡᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠣᠯ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠭᠰᠠᠨ ᠭᠠᠷᠳᠠᠮ ᠢ ᠭᠦᠢᠴᠡᠳᠬᠡᠵᠦ ᠥᠭᠬᠦ ᠦᠭᠡᠢ᠃          ᠠᠷᠪᠠᠨ ᠳᠣᠯᠣᠳᠤᠭᠠᠷ ᠵᠦᠢᠯ᠄ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠲᠥᠯᠦᠪᠵᠢᠭᠦᠯᠭᠡ᠂ ᠵᠢᠷᠤᠭ ᠲᠥᠯᠥᠪᠯᠡᠭᠡ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ ᠵᠠᠩᠭᠢᠯᠠᠭ᠎ᠠ ᠳᠤ ᠵᠡᠮᠳᠡᠭᠴᠦᠳ᠂ ᠨᠠᠰᠤᠲᠠᠶᠢᠴᠤᠳ ᠤᠨ ᠲᠥᠯᠥᠭᠡᠯᠡᠭᠴᠢ ᠪᠣᠯᠣᠨ ᠵᠡᠮᠳᠡᠭᠴᠦᠳ ᠤᠨ ᠬᠤᠯᠪᠤᠭ᠎ᠠ᠂ ᠨᠠᠰᠤᠲᠠᠶᠢᠴᠤᠳ ᠤᠨ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠶᠢ ᠤᠷᠢᠵᠤ ᠰᠠᠨᠠᠯ ᠬᠤᠷᠢᠶᠠᠬᠤ ᠪᠠ ᠪᠡᠶᠡᠴᠢᠯᠡᠨ ᠣᠶᠢᠯᠠᠭᠠᠵᠤ ᠲᠤᠷᠰᠢᠨ ᠬᠡᠷᠡᠭᠯᠡᠬᠦ ᠵᠡᠷᠭᠡ ᠠᠵᠢᠯᠯᠠᠭ᠎ᠠ ᠳᠤ ᠣᠷᠣᠯᠴᠠᠭᠤᠯᠬᠤ ᠶᠢ  ᠤᠯᠤᠰ ᠠᠴᠠ ᠵᠣᠷᠢᠭᠵᠢᠭᠤᠯᠤᠨ᠎ᠠ᠃           ᠠᠷᠪᠠᠨ ᠨᠠᠢᠮᠠᠳᠤᠭᠠᠷ ᠵᠦᠢᠯ᠄ ᠨᠢᠭᠡᠨᠲᠡ ᠪᠠᠶᠢᠭ᠎ᠠ ᠰᠠᠭᠠᠳ ᠦᠭᠡᠢ ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠦᠯᠦ ᠨᠡᠶᠢᠴᠡᠬᠦ ᠣᠷᠣᠨ ᠰᠠᠭᠤᠴᠠ ᠶᠢᠨ ᠪᠠᠷᠢᠯᠭ᠎ᠠ᠂  ᠬᠤᠷᠢᠶᠠᠯᠠᠯ᠂ ᠤᠯᠠᠨ ᠨᠡᠶᠢᠲᠡ ᠶᠢᠨ ᠪᠠᠷᠢᠯᠭ᠎ᠠ᠂ ᠤᠯᠠᠨ ᠨᠡᠶᠢᠲᠡ ᠶᠢᠨ ᠲᠠᠯᠠᠪᠤᠷ᠂ ᠵᠠᠮ ᠲᠡᠭᠡᠭᠡᠪᠦᠷᠢ ᠶᠢᠨ ᠲᠥᠬᠦᠭᠡᠷᠦᠮᠵᠢ᠂ ᠬᠤᠳᠠ ᠬᠥᠳᠡᠭᠡ ᠶᠢᠨ ᠵᠠᠮ ᠵᠡᠷᠭᠡ ᠳᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠰᠠᠭᠠᠳ ᠦᠭᠡᠢ ᠲᠥᠬᠦᠭᠡᠷᠦᠮᠵᠢ ᠶᠢ ᠥᠭᠡᠷᠡᠴᠢᠯᠡᠨ ᠵᠠᠰᠠᠬᠤ ᠬᠠᠨᠳᠤᠯᠭᠠᠲᠤ ᠴᠢᠨᠠᠷᠲᠠᠢ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃           ᠰᠠᠭᠠᠳ ᠦᠭᠡᠢ ᠲᠥᠬᠦᠭᠡᠷᠦᠮᠵᠢ ᠶᠢ ᠥᠭᠡᠷᠡᠴᠢᠯᠡᠬᠦ ᠠᠵᠢᠯ ᠢ ᠥᠮᠴᠢᠯᠡᠯ ᠤᠨ ᠡᠷᠬᠡᠲᠦ ᠬᠥᠮᠥᠨ ᠪᠤᠶᠤ ᠬᠠᠮᠢᠶᠠᠷᠤᠭᠴᠢ ᠨᠢ ᠬᠠᠷᠢᠭᠤᠴᠠᠨ᠎ᠠ᠃ ᠥᠮᠴᠢᠯᠡᠯ ᠤᠨ ᠡᠷᠬᠡᠲᠦ ᠬᠥᠮᠥᠨ᠂ ᠬᠠᠮᠢᠶᠠᠷᠤᠭᠴᠢ ᠪᠣᠯᠣᠨ ᠬᠡᠷᠡᠭᠯᠡᠭᠴᠢ ᠶᠢᠨ ᠬᠤᠭᠤᠷᠣᠨᠳᠤ ᠪᠠᠨ ᠥᠭᠡᠷᠡᠴᠢᠯᠡᠬᠦ ᠬᠠᠷᠢᠭᠤᠴᠠᠯᠭ᠎ᠠ ᠶᠢ ᠪᠣᠯᠵᠣᠨ ᠲᠣᠭᠲᠠᠭᠰᠠᠨ ᠪᠣᠯ ᠪᠣᠯᠵᠣᠨ ᠲᠣᠭᠲᠠᠭᠰᠠᠨ ᠬᠠᠷᠢᠭᠤᠴᠠᠯᠭ᠎ᠠ ᠲᠠᠢ ᠬᠥᠮᠥᠨ ᠨᠢ ᠬᠠᠷᠢᠭᠤᠴᠠᠨ᠎ᠠ᠃           ᠰᠠᠭᠠᠳ ᠦᠭᠡᠢ ᠲᠥᠬᠦᠭᠡᠷᠦᠮᠵᠢ ᠶᠢ ᠥᠭᠡᠷᠡᠴᠢᠯᠡᠬᠦ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠣᠯ ᠬᠠᠷᠢᠭᠤᠴᠠᠯᠭ᠎ᠠ ᠲᠠᠢ ᠬᠥᠮᠥᠨ ᠴᠢᠬᠤᠯᠠ ᠪᠦᠬᠦᠢ ᠣᠷᠣᠯᠠᠭᠤᠯᠬᠤ ᠠᠷᠭ᠎ᠠ ᠠᠪᠬᠤ ᠬᠡᠷᠡᠭᠲᠡᠢ᠃           ᠠᠷᠪᠠ ᠶᠢᠰᠦᠳᠦᠭᠡᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠭᠡᠷ ᠪᠦᠯᠢ ᠶᠢᠨ ᠰᠠᠭᠠᠳ ᠦᠭᠡᠢ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠲᠠᠮᠵᠢᠨ ᠵᠢᠯᠤᠭᠤᠳᠬᠤ ᠬᠡᠷᠡᠭᠲᠡᠢ᠃ ᠨᠥᠬᠦᠴᠡᠯ ᠳᠤ ᠨᠡᠶᠢᠴᠡᠬᠦ ᠵᠡᠮᠳᠡᠭᠴᠦᠳ᠂ ᠨᠠᠰᠤᠲᠠᠶᠢᠴᠤᠳ ᠤᠨ ᠭᠡᠷ ᠪᠦᠯᠢ ᠳᠤ ᠵᠣᠬᠢᠬᠤ ᠨᠥᠬᠦᠪᠦᠷᠢ ᠥᠭᠬᠦ ᠬᠡᠷᠡᠭᠲᠡᠢ ᠃           ᠰᠠᠭᠤᠭᠠᠯᠢ ᠠᠷᠠᠳ ᠤᠨ ᠵᠥᠪᠯᠡᠯ᠂ ᠭᠠᠴᠠᠭᠠᠨ ᠤ ᠠᠷᠠᠳ ᠤᠨ ᠵᠥᠪᠯᠡᠯ᠂ ᠣᠷᠣᠨ ᠰᠠᠭᠤᠴᠠ ᠶᠢᠨ ᠲᠣᠭᠤᠷᠢᠭ ᠤᠨ ᠬᠠᠮᠢᠶᠠᠷᠤᠯᠲᠠ ᠦᠢᠯᠡᠴᠢᠯᠡᠭᠡᠨ ᠤ ᠨᠢᠭᠡᠴᠢ ᠪᠣᠯᠣᠨ ᠥᠮᠴᠢᠲᠡᠨ ᠤ ᠵᠥᠪᠯᠡᠯ ︵业主委员会︶ ᠤᠨ ᠬᠢᠨ ᠭᠡᠷ ᠪᠦᠯᠢ ᠶᠢᠨ ᠰᠠᠭᠠᠳ ᠦᠭᠡᠢ ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠬᠤ ᠶᠢ ᠳᠡᠮᠵᠢᠬᠦ ᠶᠢᠨ ᠬᠠᠮᠲᠤ ᠬᠠᠮᠵᠢᠯᠴᠠᠬᠤ ᠬᠡᠷᠡᠭᠲᠡᠢ᠃          ᠬᠤᠷᠢᠳᠤᠭᠠᠷ ᠵᠦᠢᠯ᠄ ᠵᠡᠮᠳᠡᠭᠴᠦᠳ ᠲᠤ ᠲᠥᠪᠯᠡᠷᠡᠭᠦᠯᠦᠨ ᠠᠵᠢᠯ ᠣᠯᠭᠤᠬᠤ ᠨᠢᠭᠡᠴᠢ ᠨᠦᠭᠦᠳ ᠬᠤᠯᠪᠣᠭᠳᠠᠯ ᠪᠦᠬᠦᠢ ᠪᠠᠷᠢᠮᠵᠢᠶ᠎ᠠ ᠪᠠ ᠱᠠᠭᠠᠷᠳᠠᠯᠭ᠎ᠠ ᠶᠣᠰᠣᠭᠠᠷ ᠰᠠᠭᠠᠳ ᠦᠭᠡᠢ ᠲᠥᠬᠦᠭᠡᠷᠦᠮᠵᠢ ᠶᠢ ᠪᠠᠶᠢᠭᠤᠯᠬᠤ ᠪᠠ ᠥᠭᠡᠷᠡᠴᠢᠯᠡᠬᠦ ᠬᠡᠷᠡᠭᠲᠡᠢ᠃           ᠬᠥᠮᠥᠨ ᠬᠡᠷᠡᠭᠯᠡᠬᠦ ᠨᠢᠭᠡᠴᠢ ᠶᠢᠨ ᠠᠵᠢᠯ ᠣᠯᠬᠤ ᠲᠠᠯᠠᠪᠤᠷ ᠤᠨ ᠰᠠᠭᠠᠳ ᠦᠭᠡᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠬᠢᠬᠦ ᠶᠢ ᠤᠯᠤᠰ ᠠᠴᠠ ᠵᠣᠷᠢᠭᠵᠢᠭᠤᠯᠤᠨ ᠲᠡᠮᠵᠢᠵᠤ᠂ ᠵᠡᠮᠳᠡᠭ ᠠᠵᠢᠯᠲᠠᠨ ᠠᠵᠢᠯᠴᠢᠨ ᠳᠤ ᠴᠢᠬᠤᠯᠠ ᠪᠦᠬᠦᠢ ᠬᠥᠳᠡᠯᠮᠦᠷᠢ ᠶᠢᠨ ᠨᠥᠬᠦᠴᠡᠯ ᠪᠠ ᠲᠦᠬᠦᠮ ᠦᠵᠡᠭᠦᠯᠦᠨ᠎ᠡ᠃           ᠬᠤᠷᠢᠨ ᠨᠢᠭᠡᠳᠦᠭᠡᠷ ᠵᠦᠢᠯ᠄ ᠤᠯᠠᠨ ᠨᠡᠶᠢᠲᠡ ᠶᠢᠨ ᠪᠠᠷᠢᠯᠭ᠎ᠠ᠂ ᠤᠯᠠᠨ ᠨᠡᠶᠢᠲᠡ ᠶᠢᠨ ᠲᠠᠯᠠᠪᠤᠷ᠂ ᠵᠠᠮ ᠲᠡᠭᠡᠭᠡᠪᠦᠷᠢ ᠶᠢᠨ ᠲᠥᠬᠦᠭᠡᠷᠦᠮᠵᠢ ᠪᠠ ᠬᠤᠷᠢᠶᠠᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ ᠰᠠᠭᠠᠳ ᠦᠭᠡᠢ ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠰᠠᠭᠠᠳ ᠦᠭᠡᠢ ᠲᠥᠬᠦᠭᠡᠷᠦᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠬᠡᠷᠡᠭᠲᠡᠢ᠃ ᠡᠮᠦᠨ᠎ᠡ ᠥᠭᠦᠯᠡᠭᠰᠡᠨ ᠨᠢᠭᠡᠨᠲᠡ ᠪᠠᠶᠢᠭ᠎ᠠ ᠪᠠᠷᠢᠯᠭ᠎ᠠ᠂ ᠲᠠᠯᠠᠪᠤᠷ ᠭᠠᠵᠠᠷ ᠪᠠ ᠲᠥᠬᠦᠭᠡᠷᠦᠮᠵᠢ ᠨᠢ ᠰᠠᠭᠠᠳ ᠦᠭᠡᠢ ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠦᠯᠤ ᠨᠡᠶᠢᠴᠡᠪᠡᠯ ᠴᠢᠬᠤᠯᠠ ᠪᠦᠬᠦᠢ ᠥᠭᠡᠷᠡᠴᠢᠯᠡᠯᠲᠡ ᠬᠢᠬᠦ ᠬᠡᠷᠡᠭᠲᠡᠢ ᠃           ᠬᠤᠷᠢᠨ ᠬᠤᠶᠠᠳᠤᠭᠠᠷ ᠵᠦᠢᠯ᠄  ᠬᠤᠳᠠ ᠪᠠᠯᠭᠠᠰᠤᠨ ᠤ ᠬᠠᠭᠤᠴᠢᠨ ᠬᠤᠷᠢᠶᠠᠯᠠᠯ ᠤᠨ ᠤᠯᠠᠨ ᠳᠠᠪᠬᠤᠷᠭᠠᠲᠤ ᠣᠷᠣᠨ ᠰᠠᠭᠤᠴᠠ ᠳᠤ ᠴᠠᠬᠢᠯᠭᠠᠨ ᠱᠠᠲᠤ ᠪᠤᠶᠤ ᠪᠤᠰᠤᠳ ᠰᠠᠭᠠᠳ ᠦᠭᠡᠢ ᠲᠥᠬᠦᠭᠡᠷᠦᠮᠵᠢ ᠨᠡᠮᠡᠵᠦ ᠤᠭᠰᠠᠷᠠᠬᠤ ᠶᠢ ᠤᠯᠤᠰ ᠠᠴᠠ ᠲᠡᠮᠵᠢᠵᠤ᠂ ᠵᠡᠮᠳᠡᠭᠴᠦᠳ᠂ ᠨᠠᠰᠤᠲᠠᠶᠢᠴᠤᠳ ᠲᠤ ᠲᠦᠬᠦᠮ ᠦᠵᠡᠭᠦᠯᠦᠨ᠎ᠡ᠃           ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠣᠯᠣᠨ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠷᠭ᠎ᠠ ᠠᠪᠴᠤ ᠪᠠᠶᠢᠭᠠᠳ ᠨᠥᠬᠦᠴᠡᠯ ᠪᠦᠷᠢᠯᠳᠦᠭᠦᠯᠵᠦ ᠥᠭᠬᠦ ᠶᠢᠨ ᠬᠠᠮᠲᠤ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ ᠨᠢᠭᠡᠨᠲᠡ ᠪᠠᠶᠢᠭ᠎ᠠ ᠤᠯᠠᠨ ᠳᠠᠪᠬᠤᠷᠭᠠᠲᠤ ᠣᠷᠣᠨ ᠰᠠᠭᠤᠴᠠ ᠳᠤ ᠴᠠᠬᠢᠯᠭᠠᠨ ᠱᠠᠲᠤ ᠪᠤᠶᠤ ᠰᠠᠭᠠᠳ ᠦᠭᠡᠢ ᠪᠤᠰᠤᠳ ᠲᠥᠬᠦᠭᠡᠷᠦᠮᠵᠢ ᠨᠡᠮᠡᠵᠦ ᠤᠭᠰᠠᠷᠠᠬᠤ ᠶᠢ ᠠᠬᠢᠭᠤᠯᠬᠤ ᠬᠡᠷᠡᠭᠲᠡᠢ᠃          ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠥᠨ ᠬᠥᠷᠰᠢ ᠬᠤᠭᠤᠷᠣᠨᠳᠤ ᠪᠠᠨ ᠰᠠᠶᠢᠬᠠᠨ ᠶᠠᠪᠤᠯᠴᠠᠬᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠵᠡᠷᠭᠡ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠨᠡᠪᠲᠡᠷᠡᠯᠴᠡᠨ ᠵᠥᠪᠳᠡᠯᠴᠡᠬᠦ ᠪᠠᠨ ᠴᠢᠩᠭᠠᠳᠬᠠᠵᠤ᠂ ᠨᠢᠭᠡᠨᠲᠡ ᠪᠠᠶᠢᠭ᠎ᠠ ᠤᠯᠠᠨ ᠳᠠᠪᠬᠤᠷᠭᠠᠲᠤ ᠣᠷᠣᠨ ᠰᠠᠭᠤᠴᠠ ᠳᠤ ᠴᠠᠬᠢᠯᠭᠠᠨ ᠱᠠᠲᠤ ᠪᠤᠶᠤ ᠪᠤᠰᠤᠳ ᠰᠠᠭᠠᠳ ᠦᠭᠡᠢ ᠲᠥᠬᠦᠭᠡᠷᠦᠮᠵᠢ ᠨᠡᠮᠡᠵᠦ ᠤᠭᠰᠠᠷᠠᠬᠤ ᠳᠤ ᠬᠠᠤᠯᠢ ᠶᠣᠰᠣᠭᠠᠷ ᠬᠠᠮᠵᠢᠯᠴᠠᠬᠤ ᠬᠡᠷᠡᠭᠲᠡᠢ᠃          ᠬᠤᠷᠢᠨ ᠭᠤᠷᠪᠠᠳᠤᠭᠠᠷ ᠵᠦᠢᠯ᠄ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠨᠥᠬᠦᠴᠡᠯ ᠢ ᠪᠦᠷᠢᠯᠳᠦᠭᠦᠯᠦᠭᠰᠡᠨ ᠬᠤᠳᠠ ᠶᠢᠨ ᠭᠤᠣᠯ ᠵᠠᠮ᠂ ᠭᠤᠣᠯ ᠬᠤᠳᠠᠯᠳᠤᠭᠠᠨ ᠤ ᠲᠣᠭᠤᠷᠢᠭ ᠪᠠ ᠲᠣᠮᠣ ᠬᠡᠯᠪᠡᠷᠢ ᠶᠢᠨ  ᠬᠤᠷᠢᠶᠠᠯᠠᠯ ᠤᠨ ᠶᠠᠪᠠᠭᠠᠨ ᠤ ᠬᠥᠭᠦᠷᠭᠡ ᠪᠠ ᠶᠠᠪᠠᠭᠠᠨ ᠤ ᠨᠦᠬᠡᠨ ᠵᠠᠮ ᠢ ᠪᠠᠶᠢᠭᠤᠯᠬᠤ ᠳᠤ ᠰᠠᠭᠠᠳ ᠦᠭᠡᠢ  ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠰᠠᠭᠠᠳ ᠦᠭᠡᠢ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠬᠤ ᠬᠡᠷᠡᠭᠲᠡᠢ᠃          ᠬᠤᠳᠠ ᠶᠢᠨ ᠭᠤᠣᠯ ᠵᠠᠮ᠂ ᠭᠤᠣᠯ ᠬᠤᠳᠠᠯᠳᠤᠭᠠᠨ ᠤ ᠲᠣᠭᠤᠷᠢᠭ ᠵᠡᠷᠭᠡ ᠰᠠᠭᠠᠳ ᠦᠭᠡᠢ ᠲᠥᠬᠦᠭᠡᠷᠦᠮᠵᠢ ᠶᠢᠨ ᠬᠡᠷᠡᠭᠴᠡᠭᠡ ᠨᠡᠯᠢᠶᠡᠳ ᠲᠥᠪᠯᠡᠷᠡᠭᠰᠡᠨ ᠣᠷᠣᠨ ᠤ ᠶᠠᠪᠠᠭᠠᠨ ᠤ ᠵᠠᠮ ᠳᠤ ᠪᠠᠷᠢᠮᠵᠢᠶ᠎ᠠ ᠶᠣᠰᠣᠭᠠᠷ ᠰᠣᠬᠤᠷ ᠬᠥᠮᠥᠨ ᠤ ᠵᠠᠮ ᠭᠠᠷᠭᠠᠬᠤ ᠬᠡᠷᠡᠭᠲᠡᠢ᠃ ᠬᠤᠳᠠ ᠶᠢᠨ ᠲᠥᠪ ᠲᠣᠭᠤᠷᠢᠭ᠂ ᠵᠡᠮᠳᠡᠭᠴᠦᠳ ᠲᠤ ᠲᠥᠪᠯᠡᠷᠡᠭᠦᠯᠦᠨ ᠠᠵᠢᠯ ᠣᠯᠭᠤᠬᠤ ᠨᠢᠭᠡᠴᠢ ᠪᠣᠯᠣᠨ ᠲᠥᠪᠯᠡᠷᠡᠭᠦᠯᠦᠨ ᠰᠤᠷᠤᠯᠴᠠᠵᠤ ᠪᠠᠶᠢᠭ᠎ᠠ ᠰᠤᠷᠭᠠᠭᠤᠯᠢ ᠶᠢᠨ ᠡᠷᠬᠢᠨ ᠲᠣᠭᠤᠷᠢᠨ ᠤ ᠶᠠᠪᠠᠭᠠᠨ ᠤ ᠬᠥᠨᠳᠡᠯᠡᠨ ᠵᠠᠮ ᠤᠨ ᠳᠤᠬᠢᠶᠠᠨ ᠤ ᠲᠥᠬᠦᠭᠡᠷᠦᠮᠵᠢ ᠳᠤ ᠵᠠᠮ ᠣᠭᠲᠣᠯᠬᠤ ᠳᠠᠭᠤ ᠴᠢᠮᠡᠭᠡᠨ ᠤ ᠰᠠᠨᠠᠭᠤᠯᠤᠮᠵᠢ ᠶᠢᠨ ᠲᠥᠬᠦᠭᠡᠷᠦᠮᠵᠢ ᠶᠢ ᠪᠠᠷᠢᠮᠵᠢᠶ᠎ᠠ ᠶᠣᠰᠣᠭᠠᠷ ᠤᠭᠰᠠᠷᠠᠬᠤ ᠬᠡᠷᠡᠭᠲᠡᠢ᠃       ᠬᠤᠷᠢᠨ ᠳᠥᠷᠪᠡᠳᠦᠭᠡᠷ ᠵᠦᠢᠯ᠄  ᠰᠠᠭᠠᠳ ᠦᠭᠡᠢ ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠲᠡᠷᠭᠡᠨ ᠵᠣᠭᠰᠣᠭᠠᠯ ᠳᠡᠭᠡᠷ᠎ᠡ ᠲᠡᠷᠭᠡ ᠵᠣᠭᠰᠤᠭᠠᠬᠤ ᠰᠠᠭᠠᠳ ᠦᠭᠡᠢ ᠪᠠᠶᠢᠷᠢ ᠪᠠᠶᠢᠷᠢᠯᠠᠭᠤᠯᠬᠤ ᠶᠢᠨ ᠬᠠᠮᠲᠤ ᠢᠯᠡᠷᠬᠡᠢ ᠲᠡᠮᠳᠡᠭ ᠭᠠᠷᠭᠠᠬᠤ ᠬᠡᠷᠡᠭᠲᠡᠢ᠃           ᠲᠡᠷᠭᠡ ᠵᠣᠭᠰᠣᠬᠤ ᠰᠠᠭᠠᠳ ᠦᠭᠡᠢ  ᠪᠠᠶᠢᠷᠢ ᠶᠢ ᠵᠡᠮᠳᠡᠭᠴᠦᠳ ᠤᠨ ᠵᠢᠯᠤᠭᠤᠳᠴᠤ ᠪᠠᠶᠢᠭ᠎ᠠ ᠪᠤᠶᠤ ᠰᠠᠭᠤᠵᠤ ᠪᠠᠶᠢᠭ᠎ᠠ ᠪᠠᠶᠢᠭ᠎ᠠ ᠮᠠᠰᠢᠨ ᠲᠡᠷᠭᠡᠨᠴᠢᠷ ᠳᠤ ᠤᠷᠢᠳ ᠢᠶᠠᠷ ᠬᠡᠷᠡᠭᠯᠡᠭᠦᠯᠦᠨ᠎ᠡ᠃        ᠲᠡᠷᠭᠡ ᠵᠣᠭᠰᠤᠭᠠᠬᠤ ᠰᠠᠭᠠᠳ ᠦᠭᠡᠢ ᠪᠠᠶᠢᠷᠢ ᠶᠢ ᠤᠷᠢᠳ ᠢᠶᠠᠷ ᠬᠡᠷᠡᠭᠯᠡᠭᠴᠢᠳ ᠲᠤ ᠵᠡᠮᠳᠡᠭᠴᠦᠳ ᠤᠨ ᠲᠡᠷᠭᠡ ᠬᠥᠰᠬᠡ ᠶᠢᠨ ᠲᠤᠰᠬᠠᠢ ᠬᠡᠷᠡᠭᠯᠡᠬᠦ ᠲᠡᠮᠳᠡᠭ ᠲᠠᠯᠪᠢᠬᠤ ᠪᠤᠶᠤ ᠵᠡᠮᠳᠡᠭᠴᠦᠳ  ᠤᠨ ᠦᠨᠡᠮᠯᠡᠯ ᠬᠠᠩᠭᠠᠬᠤ ᠬᠡᠷᠡᠭᠲᠡᠢ᠃      ᠲᠡᠷᠭᠡ ᠵᠣᠭᠰᠣᠬᠤ ᠰᠠᠭᠠᠳ ᠦᠭᠡᠢ  ᠪᠠᠶᠢᠷᠢ ᠭᠦᠢᠴᠡᠳ ᠪᠠᠶᠢᠬᠤ ᠪᠠᠶᠢᠳᠠᠯ ᠳᠤ ᠬᠥᠳᠡᠯᠵᠦ ᠪᠠᠷᠢᠬᠤ ᠳᠤ ᠪᠠᠨ ᠲᠦᠬᠦᠮ ᠦᠭᠡᠢ ᠪᠤᠰᠤᠳ ᠵᠡᠮᠳᠡᠭᠴᠦᠳ᠂ ᠨᠠᠰᠤᠲᠠᠶᠢᠴᠤᠳ᠂ ᠵᠢᠷᠮᠦᠰᠦᠨ ᠪᠦᠰᠡᠭᠦᠢ᠂ ᠨᠢᠯᠬ᠎ᠠ ᠪᠠᠯᠴᠢᠷ ᠬᠡᠦᠬᠡᠳ  ᠤᠨ ᠵᠢᠯᠤᠭᠤᠳᠬᠤ ᠪᠤᠶᠤ ᠰᠠᠭᠤᠬᠤ ᠮᠠᠰᠢᠨ ᠢ ᠴᠦ ᠵᠣᠭᠰᠣᠭᠠᠵᠤ ᠪᠣᠯᠣᠨ᠎ᠠ᠃          ᠬᠤᠷᠢᠨ ᠲᠠᠪᠤᠳᠤᠭᠠᠷ ᠵᠦᠢᠯ᠄ ᠡᠵᠡᠩᠨᠡᠯᠲᠡ ᠳᠤ ᠰᠢᠨ᠎ᠡ ᠪᠠᠷ ᠣᠷᠣᠭᠤᠯᠤᠭᠰᠠᠨ ᠠᠶᠠᠨᠴᠢᠨ ᠤ ᠨᠢᠰᠬᠡᠯ᠂ ᠠᠶᠠᠨᠴᠢᠳ ᠤᠨ ᠭᠠᠯᠲᠤ ᠲᠡᠷᠭᠡ᠂ ᠠᠶᠠᠨᠴᠢᠳ ᠤᠨ ᠲᠡᠭᠡᠭᠡᠪᠦᠷᠢ ᠶᠢᠨ ᠣᠩᠭᠤᠴᠠ ᠰᠠᠯ᠂ ᠤᠯᠠᠨ ᠨᠡᠶᠢᠲᠡ ᠶᠢᠨ ᠮᠠᠰᠢᠨ ᠲᠡᠷᠭᠡ ᠴᠠᠬᠢᠯᠭᠠᠨ ᠲᠡᠷᠭᠡ᠂ ᠬᠤᠳᠠ ᠶᠢᠨ ᠵᠠᠮ ᠬᠠᠷᠢᠯᠴᠠᠭᠠᠨ ᠤ ᠲᠡᠷᠭᠡ ᠬᠥᠰᠬᠡ ᠵᠡᠷᠭᠡ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠪᠠᠭᠠᠵᠢ ᠬᠡᠷᠡᠭᠰᠡᠯ ᠢ ᠵᠣᠬᠢᠬᠤ ᠬᠠᠷᠢᠴᠠᠯ ᠢᠶᠠᠷ ᠰᠠᠭᠠᠳ ᠦᠭᠡᠢ ᠪᠠᠷᠢᠮᠵᠢᠶ᠎ᠠ ᠳᠤ ᠨᠡᠶᠢᠴᠡᠭᠦᠯᠬᠦ ᠬᠡᠷᠡᠭᠲᠡᠢ᠃           ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠪᠠᠭᠠᠵᠢ ᠨᠢ ᠥᠭᠡᠷᠡᠴᠢᠯᠡᠬᠦ ᠨᠥᠬᠦᠴᠡᠯ ᠢ ᠪᠦᠷᠢᠯᠳᠦᠭᠦᠯᠪᠡᠯ  ᠰᠠᠭᠠᠳ ᠦᠭᠡᠢ ᠶᠢᠨ ᠥᠭᠡᠷᠡᠴᠢᠯᠡᠯᠲᠡ ᠬᠢᠵᠦ᠂ ᠠᠯᠬᠤᠮ ᠠᠯᠬᠤᠮ ᠢᠶᠠᠷ ᠰᠠᠭᠠᠳ ᠦᠭᠡᠢ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠢ᠃ ᠥᠭᠡᠷᠡᠴᠢᠯᠡᠬᠦ ᠨᠥᠬᠦᠴᠡᠯ ᠢ ᠪᠦᠷᠢᠳᠦᠭᠦᠯᠦᠭᠰᠡᠨ ᠦᠭᠡᠢ ᠪᠣᠯ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠪᠠᠭᠠᠵᠢ ᠶᠢᠨ ᠡᠵᠡᠩᠨᠡᠯᠲᠡ ᠶᠢᠨ ᠨᠢᠭᠡᠴᠢ ᠨᠦᠭᠦᠳ ᠴᠢᠬᠤᠯᠠ ᠪᠦᠬᠦᠢ ᠤᠷᠤᠭᠠᠤᠯᠬᠤ ᠠᠷᠭ᠎ᠠ  ᠠᠪᠬᠤ ᠬᠡᠷᠡᠭᠲᠡᠢ᠃           ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠲᠤᠬᠠᠢ ᠶᠢᠨ ᠭᠠᠵᠠᠷ ᠤᠨ ᠪᠠᠶᠢᠳᠠᠯ ᠢᠶᠠᠨ ᠦᠨᠳᠦᠰᠦᠯᠡᠨ ᠬᠤᠳᠠ ᠶᠢᠨ ᠰᠠᠭᠠᠳ ᠤᠶᠢᠭᠡᠢ ᠨᠡᠶᠢᠲᠡ ᠶᠢᠨ ᠮᠠᠰᠢᠨ ᠲᠡᠷᠭᠡᠨ ᠤ ᠵᠠᠮᠴᠢᠯᠠᠬᠤ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠤ᠂ ᠰᠠᠭᠠᠳ ᠦᠭᠡᠢ ᠲᠦᠷᠢᠶᠡᠰᠦᠨ ᠮᠠᠰᠢᠨ ᠲᠡᠷᠭᠡ ᠶᠢ ᠵᠣᠬᠢᠬᠤ ᠬᠡᠮᠵᠢᠶ᠎ᠡ ᠪᠠᠷ  ᠲᠣᠬᠢᠷᠠᠭᠤᠯᠬᠤ ᠬᠡᠷᠡᠭᠲᠡᠢ᠃           ᠬᠤᠷᠢᠨ ᠵᠢᠷᠭᠤᠳᠤᠭᠠᠷ ᠵᠦᠢᠯ᠄ ᠬᠠᠷᠰᠢ ᠦᠭᠡᠢ ᠲᠥᠬᠦᠭᠡᠷᠦᠮᠵᠢ ᠶᠢᠨ ᠥᠮᠴᠢᠯᠡᠬᠦ ᠡᠷᠬᠡᠲᠦ ᠬᠥᠮᠥᠨ ᠪᠤᠶᠤ ᠬᠠᠮᠢᠶᠠᠷᠤᠭᠴᠢ ᠨᠢ ᠰᠠᠭᠠᠳ ᠦᠭᠡᠢ ᠲᠥᠬᠦᠭᠡᠷᠦᠮᠵᠢ ᠳᠤ ᠳᠠᠷᠠᠭᠠᠬᠢ ᠮᠡᠲᠦ ᠬᠠᠮᠠᠭᠠᠯᠠᠬᠤ ᠪᠠ ᠬᠠᠮᠢᠶᠠᠷᠬᠤ ᠬᠠᠷᠢᠭᠤᠴᠠᠯᠭ᠎ᠠ ᠶᠢ ᠭᠦᠢᠴᠡᠳᠬᠡᠵᠦ᠂ ᠰᠠᠭᠠᠳ ᠦᠭᠡᠢ ᠲᠥᠬᠦᠭᠡᠷᠦᠮᠵᠢ ᠶᠢᠨ ᠴᠢᠳᠠᠮᠵᠢ ᠶᠢᠨ ᠬᠡᠪ ᠤᠨ ᠪᠠᠶᠢᠬᠤ ᠪᠠ ᠬᠡᠷᠡᠭᠯᠡᠯᠲᠡ ᠶᠢᠨ ᠠᠮᠤᠷ ᠲᠦᠪᠰᠢᠨ ᠪᠠᠶᠢᠬᠤ ᠶᠢ ᠪᠠᠲᠤᠯᠠᠬᠤ ᠬᠡᠷᠡᠭᠲᠡᠢ᠄           ︵ᠨᠢᠭᠡ︶ ᠡᠪᠳᠡᠷᠡᠵᠦ ᠰᠦᠢᠳᠦᠭᠰᠡᠨ ᠰᠠᠭᠠᠳ ᠦᠭᠡᠢ ᠲᠥᠬᠦᠭᠡᠷᠦᠮᠵᠢ ᠪᠠ ᠢᠯᠡᠳᠬᠡᠭᠴᠢ ᠲᠡᠮᠳᠡᠭ ᠢ ᠰᠡᠯᠪᠢᠨ ᠵᠠᠰᠠᠬᠤ ᠪᠤᠶᠤ ᠰᠣᠯᠢᠬᠤ᠃           ︵ᠬᠤᠶᠠᠷ︶ ᠥᠭᠡᠷᠡᠴᠢᠯᠡᠬᠦ ᠴᠢᠬᠤᠯᠠᠲᠠᠢ ᠰᠠᠭᠠᠳ ᠦᠭᠡᠢ ᠲᠥᠬᠦᠭᠡᠷᠦᠮᠵᠢ ᠶᠢ ᠥᠭᠡᠷᠡᠴᠢᠯᠡᠬᠦ᠃           ︵ᠭᠤᠷᠪᠠ︶ ᠰᠠᠭᠠᠳ ᠦᠭᠡᠢ ᠲᠥᠬᠦᠭᠡᠷᠦᠮᠵᠢ ᠶᠢ ᠡᠵᠡᠯᠡᠨ ᠬᠡᠷᠡᠭᠯᠡᠭᠰᠡᠨ ᠦᠢᠯᠡ ᠠᠵᠢᠯᠯᠠᠭ᠎ᠠ ᠶᠢ ᠵᠠᠯᠠᠷᠠᠭᠤᠯᠬᠤ᠃            ︵ᠳᠥᠷᠪᠡ︶ ᠪᠤᠰᠤᠳ ᠴᠢᠬᠤᠯᠠ ᠪᠦᠬᠦᠢ ᠬᠠᠮᠠᠭᠠᠯᠠᠯᠲᠠ ᠪᠠ ᠠᠷᠠᠴᠢᠯᠠᠯᠲᠠ ᠬᠢᠬᠦ᠃           ᠥᠮᠴᠢᠯᠡᠯ ᠤᠨ ᠡᠷᠬᠡᠲᠦ ᠬᠥᠮᠥᠨ᠂ ᠬᠠᠮᠢᠶᠠᠷᠤᠭᠴᠢ ᠪᠣᠯᠣᠨ ᠬᠡᠷᠡᠭᠯᠡᠭᠴᠢ ᠬᠤᠭᠤᠷᠣᠨᠳᠤ ᠪᠠᠨ ᠪᠣᠯᠵᠣᠭᠰᠠᠨ ᠦᠭᠡᠢ ᠪᠣᠯ‌ᠪᠣᠯᠵᠣᠨ ᠲᠣᠭᠲᠠᠭᠰᠠᠨ ᠬᠠᠷᠢᠭᠤᠴᠠᠯᠭ᠎ᠠ ᠲᠠᠢ ᠬᠥᠮᠥᠨ ᠬᠠᠷᠢᠭᠤᠴᠠᠨ ᠬᠠᠮᠠᠭᠠᠯᠠᠵᠤ ᠬᠠᠮᠢᠶᠠᠷᠤᠨ᠎ᠠ᠃            ᠬᠤᠷᠢᠨ ᠳᠣᠯᠣᠳᠤᠭᠠᠷ ᠵᠦᠢᠯ᠄ ᠤᠨᠴᠠᠭᠠᠢ ᠪᠠᠶᠢᠳᠠᠯ ᠠᠴᠠ ᠪᠣᠯᠵᠤ ᠲᠣᠬᠢᠷᠠᠭᠤᠯᠤᠭᠰᠠᠨ ᠲᠦᠷ ᠴᠠᠭ ᠤᠨ ᠰᠠᠭᠠᠳ ᠦᠭᠡᠢ ᠲᠥᠬᠦᠭᠡᠷᠦᠮᠵᠢ ᠨᠢ ᠰᠠᠭᠠᠳ ᠦᠭᠡᠢ ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃           ᠬᠤᠷᠢᠨ ᠨᠠᠢᠮᠠᠳᠤᠭᠠᠷ ᠵᠦᠢᠯ᠄ ᠶᠠᠮᠠᠷᠪᠠ ᠨᠢᠭᠡᠴᠢ ᠪᠠ ᠬᠤᠪᠢ ᠬᠥᠮᠥᠨ ᠰᠠᠭᠠᠳ ᠦᠭᠡᠢ ᠲᠥᠬᠦᠭᠡᠷᠦᠮᠵᠢ ᠶᠢᠨ ᠬᠡᠷᠡᠭᠯᠡᠯᠲᠡ ᠶᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠰᠠᠭᠠᠳ ᠦᠭᠡᠢ ᠲᠥᠬᠦᠭᠡᠷᠦᠮᠵᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠡᠪᠳᠡᠨ ᠰᠦᠢᠳᠬᠡᠵᠦ ᠪᠣᠯᠬᠤ ᠦᠭᠡᠢ᠃            ᠣᠨᠴᠠᠭᠠᠶ ᠪᠠᠶᠢᠳᠠᠯ ᠠᠴᠠ ᠪᠣᠯᠵᠤ ᠰᠠᠭᠠᠳ ᠦᠭᠡᠢ ᠲᠥᠬᠦᠭᠡᠷᠦᠮᠵᠢ ᠶᠢ ᠲᠦᠢᠷ ᠴᠠᠭ ᠡᠵᠡᠯᠡᠨ ᠬᠡᠷᠡᠭᠯᠡᠭᠰᠡᠨ ᠪᠣᠯ ᠠᠯᠪᠠᠨ ᠵᠡᠷ ᠨᠡᠶᠢᠲᠡᠯᠡᠬᠦ ᠶᠢᠨ ᠬᠠᠮᠲᠤ ᠬᠠᠯᠬᠠᠪᠴᠢ ᠬᠡᠷᠡᠰᠬᠡ᠂ ᠰᠡᠷᠡᠮᠵᠢ ᠶᠢᠨ ᠲᠡᠮᠳᠡᠭ ᠪᠤᠶᠤ ᠲᠤᠬᠢᠶᠡᠠ ᠤ ᠲᠥᠬᠦᠭᠡᠷᠦᠮᠵᠢ ᠶᠢ ᠪᠠᠶᠢᠷᠢᠯᠠᠭᠤᠯᠬᠤ ᠶᠢᠨ ᠬᠠᠮᠲᠤ ᠴᠢᠬᠤᠯᠠ ᠪᠦᠬᠦᠢ ᠤᠷᠤᠭᠤᠯᠬᠤ ᠠᠷᠭ᠎ᠠ ᠠᠪᠬᠤ ᠬᠡᠷᠡᠭᠲᠡᠢ᠃ ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ ᠨᠢ ᠲᠤᠯᠪᠠᠯ  ᠤᠤᠯ ᠤᠨ ᠪᠠᠶᠢᠳᠠᠯ ᠳᠤ  ᠨᠢ ᠳᠠᠷᠤᠢ ᠤᠷᠤᠭᠤᠯᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠣᠩᠭᠤᠯ ᠰᠦᠯᠵᠢᠶ᠎ᠡ