ᠬᠢᠶ᠎ᠠ ᠪᠠᠭᠰᠢ ᠲᠣᠭᠤᠷᠢᠭ ᠤᠨ ᠪᠦᠬᠦᠯᠢ 70 ᠨᠠᠰᠤᠨ  ᠠᠴᠠ ᠳᠡᠭᠡᠭᠰᠢᠬᠢ ᠨᠠᠰᠤᠲᠠᠶᠢᠴᠤᠳ  ᠤᠨ ᠥᠨᠳᠥᠷ ᠨᠠᠰᠤᠨ ᠤ ᠨᠡᠮᠡᠭᠦᠷᠢ ᠣᠯᠭᠤᠬᠤ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/6/30
                ᠤᠷᠳᠤᠰ  ᠬᠢᠶ᠎ᠠ ᠵᠠᠰᠠᠭ  ᠲᠠᠷᠬᠠᠭᠠᠭᠰᠠᠨ〔2023〕 33 ᠳ᠋ᠤᠭᠠᠷ ᠲᠣᠭᠠᠲᠤ    ᠥᠨᠳᠥᠷ ᠨᠠᠰᠤᠨ  ᠤ ᠨᠡᠮᠡᠭᠦᠷᠢ ᠣᠯᠭᠤᠬᠤ ᠬᠠᠮᠢᠶᠠᠷᠤᠯᠲᠠ ᠶᠢ ᠵᠢᠷᠤᠮᠵᠢᠭᠤᠯᠵᠤ᠂  ᠨᠠᠰᠤᠲᠠᠨ ᠢ ᠠᠰᠠᠷᠠᠬᠤ ᠦᠢᠯᠡᠴᠢᠯᠡᠭᠡᠨ ᠤ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ︽ᠣᠷᠳᠣᠰ ᠬᠤᠳᠠ ᠶᠢᠨ ᠨᠠᠰᠤᠲᠠᠨ ᠢ ᠠᠰᠠᠷᠠᠬᠤ  ᠦᠢᠯᠡᠴᠢᠯᠡᠭᠡᠨ  ᠤ ᠳᠦᠷᠢᠮ︾ ︽ᠪᠦᠬᠦᠯᠢ 75 ᠨᠠᠰᠤᠨ ᠠᠴᠠ ᠳᠡᠭᠡᠭᠰᠢᠬᠢ ᠨᠠᠰᠤᠲᠠᠶᠢᠴᠤᠳ  ᠤᠨ ᠥᠨᠳᠥᠷ ᠨᠠᠰᠤᠨ ᠤ ᠨᠡᠮᠡᠭᠦᠷᠢ ᠣᠯᠭᠤᠬᠤ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠳᠠ ᠶᠢᠨ ᠠᠷᠠᠳ   ᠤᠨ ᠵᠠᠰᠠᠭ  ᠤᠨ ᠣᠷᠳᠣᠨ  ᠤ ᠮᠡᠳᠡᠭᠳᠡᠯ︾ ᠵᠡᠷᠭᠡ ᠬᠤᠯᠪᠣᠭᠳᠠᠯ ᠪᠦᠬᠦᠢ ᠲᠣᠭᠲᠠᠭᠠᠯ  ᠢ ᠦᠨᠳᠦᠰᠦᠯᠡᠨ᠂ ᠲᠤᠰ ᠠᠷᠭ᠎ᠠ ᠶᠢ ᠲᠣᠭᠲᠠᠭᠠᠪᠠ᠃    ᠨᠢᠭᠡ᠂ ᠦᠨᠳᠦᠰᠦᠨ ᠵᠠᠷᠴᠢᠮ    — ᠴᠢᠩᠭ᠎ᠠ ᠨᠢᠮᠪᠠᠢ᠂ ᠵᠢᠷᠤᠮᠵᠢᠯ ᠲᠠᠢ᠂ ᠥᠨᠳᠥᠷ ᠪᠦᠲᠦᠮᠵᠢᠲᠡᠶ ᠪᠠᠶᠢᠬᠤ ᠵᠠᠷᠴᠢᠮ ᠢ ᠪᠠᠷᠢᠮᠲᠠᠯᠠᠨ᠎ᠠ᠃ ᠰᠢᠯᠭᠠᠨ ᠲᠣᠭᠲᠠᠭᠠᠬᠤ ᠪᠠᠷᠢᠮᠵᠢᠶ᠎ᠠ ᠪᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠢᠨᠠᠨ ᠵᠥᠪᠰᠢᠶᠡᠷᠡᠵᠦ᠂ ᠬᠢᠨᠠᠨ ᠵᠥᠪᠰᠢᠶᠡᠷᠡᠬᠦ ᠰᠠᠬᠢᠯᠭ᠎ᠠ ᠪᠠᠲᠤ ᠶᠢ ᠴᠢᠩᠳᠠᠯᠠᠨ᠂ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠵᠢᠷᠤᠮᠵᠢᠭᠤᠯᠵᠤ᠂ ᠬᠢᠨᠠᠨ ᠵᠥᠪᠰᠢᠶᠡᠷᠡᠬᠦ ᠶᠠᠪᠤᠴᠠ ᠪᠠ  ᠮᠡᠳᠡᠭᠦᠯᠬᠦ ᠮᠠᠲ᠋ᠧᠷᠢᠶᠠᠯ ᠢ ᠳᠥᠭᠦᠮᠴᠢᠯᠡᠵᠦ᠂ ᠬᠢᠨᠠᠨ ᠵᠥᠪᠰᠢᠶᠡᠷᠡᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃    — ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠪᠠᠶᠢᠬᠤ ᠵᠠᠷᠴᠢᠮ ᠢ ᠪᠠᠷᠢᠮᠲᠠᠯᠠᠨ᠎ᠠ᠃ ᠮᠡᠳᠡᠭᠦᠯᠬᠦ᠂ ᠬᠢᠨᠠᠨ ᠵᠥᠪᠰᠢᠶᠡᠷᠡᠬᠦ ᠳᠠᠷᠠᠭᠠᠯᠠᠯ ᠨᠢ ᠢᠯᠡ ᠲᠤᠳᠤ᠂ ᠡᠷᠬᠡ ᠲᠡᠭᠰᠢ᠂ ᠲᠥᠪ ᠭᠤᠥᠯᠴᠢ ᠪᠠᠶᠢᠵᠤ᠂ ᠣᠯᠠᠨ ᠲᠦᠮᠡᠨ ᠤ ᠬᠢᠨᠠᠯᠲᠠ ᠶᠢ ᠬᠦᠯᠢᠶᠡᠬᠦ ᠬᠡᠷᠡᠭᠲᠡᠢ᠃    ᠬᠤᠶᠠᠷ᠂ ᠣᠯᠭᠤᠬᠤ ᠡᠲᠡᠭᠡᠳ    ᠬᠢᠶ᠎ᠠ ᠪᠠᠭᠰᠢ ᠲᠣᠭᠤᠷᠢᠭ ᠤᠨ ᠡᠷᠦᠬᠡ ᠠᠮᠠ ᠶᠢᠨ ᠲᠠᠩᠰᠠ ᠲᠠᠢ ᠪᠥᠭᠡᠳ ᠪᠦᠬᠦᠯᠢ 70 ᠨᠠᠰᠤ ︵ᠪᠠᠭᠲᠠᠨ᠎ᠠ︶  ᠠᠴᠠ ᠳᠡᠭᠡᠭᠰᠢᠬᠢ ᠨᠠᠰᠤᠲᠠᠶᠢᠴᠤᠳ᠃    ᠭᠤᠷᠪᠠ᠂ ᠣᠯᠭᠤᠬᠤ ᠪᠠᠷᠢᠮᠵᠢᠶ᠎ᠠ    ᠨᠠᠰᠤᠨ ᠤ ᠱᠠᠲᠤ ᠪᠠᠷ ᠲᠠᠰ ᠬᠤᠪᠢᠶᠠᠨ ᠤᠯᠭᠤᠨ᠎ᠠ ᠂ 70 ︱ 74 ᠪᠦᠬᠦᠯᠢ ᠨᠠᠰᠤᠨ ᠤ ᠨᠠᠰᠤᠲᠠᠶᠢᠴᠤᠳ ᠲᠤ ᠬᠥᠮᠥᠨ ᠪᠦᠷᠢ  ᠰᠠᠷ᠎ᠠ ᠳᠤ 50 ᠲᠥᠭᠦᠷᠢᠭ ᠣᠯᠭᠤᠨ᠎ᠠ᠃ 75-79 ᠪᠦᠬᠦᠯᠢ ᠨᠠᠰᠤᠨ ᠤ ᠨᠠᠰᠤᠲᠠᠶᠢᠴᠤᠳ ᠲᠤ ᠬᠥᠮᠥᠨ ᠪᠦᠷᠢ  ᠰᠠᠷ᠎ᠠ ᠪᠦᠷᠢ 100 ᠲᠥᠭᠦᠷᠢᠭ ᠣᠯᠭᠤᠨ᠎ᠠ᠃ 80 ︱ 99  ᠪᠦᠬᠦᠯᠢ ᠨᠠᠰᠤᠨ ᠤ ᠨᠠᠰᠤᠲᠠᠶᠢᠴᠤᠳ ᠲᠤ ᠬᠥᠮᠥᠨ ᠪᠦᠷᠢ ᠰᠠᠷ᠎ᠠ ᠳᠤ 150 ᠲᠥᠭᠦᠷᠢᠭ ᠣᠯᠭᠤᠨ᠎ᠠ ᠃ ᠪᠦᠬᠦᠯᠢ 100 ᠨᠠᠰᠤᠨ  ᠠᠴᠠ ᠳᠡᠭᠡᠭᠰᠢᠬᠢ ᠨᠠᠰᠤᠲᠠᠶᠢᠴᠤᠳ ᠲᠤ ᠬᠥᠮᠥᠨ ᠪᠦᠷᠢ ᠰᠠᠷ᠎ᠠ ᠪᠦᠷᠢ 600 ᠲᠥᠭᠦᠷᠢᠭ ᠣᠯᠭᠤᠨ᠎ᠠ᠃    ᠥᠨᠳᠥᠷ ᠨᠠᠰᠤᠨ  ᠤ ᠨᠡᠮᠡᠭᠦᠷᠢ ᠶᠢᠨ ᠬᠡᠷᠡᠭᠰᠡᠬᠦ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠱᠠᠲᠤᠨ ᠟ ᠤ ᠡᠭᠦᠷᠭᠡᠯᠡᠬᠦ ᠬᠡᠰᠡᠭ ᠠᠴᠠ ᠭᠠᠳᠠᠨ᠎ᠠ᠂  ᠲᠤᠭᠤᠷᠢᠭ ᠤᠨ ᠲᠤᠰ ᠱᠠᠲᠤᠨ  ᠤ ᠬᠢᠨ ᠬᠠᠷᠢᠴᠠᠯ ᠶᠣᠰᠣᠭᠠᠷ ᠲᠥᠰᠥᠪ ᠲᠤ ᠣᠷᠣᠭᠤᠯᠤᠨ ᠪᠠᠲᠤᠯᠠᠨ᠎ᠠ᠃    ᠥᠨᠳᠥᠷ ᠨᠠᠰᠤᠨ ᠤ ᠨᠡᠮᠡᠭᠦᠷᠢ ᠶᠢ ᠭᠤᠶᠤᠴᠢᠯᠠᠬᠤ᠂ ᠬᠢᠨᠠᠨ ᠬᠠᠷᠭᠤᠭᠤᠯᠬᠤ᠂ ᠲᠠᠷᠬᠠᠭᠠᠨ ᠬᠠᠮᠢᠶᠠᠷᠬᠤ ᠵᠡᠷᠭᠡ ᠬᠡᠷᠡᠭ ᠶᠠᠪᠤᠳᠠᠯ ᠢ ᠣᠷᠳᠣᠰ ᠬᠤᠲᠠ ᠶᠢᠨ ᠣᠶᠤᠨᠲᠤ ᠨᠠᠰᠤᠵᠢᠯ ᠤᠨ ᠬᠢᠨᠠᠯᠲᠠ ᠲᠠᠯᠪᠢᠵᠤ ᠲᠣᠬᠢᠷᠠᠭᠤᠯᠬᠤ ᠰᠢᠰᠲ᠋ᠧᠮ ᠳᠤ ᠲᠦᠰᠢᠭᠯᠡᠨ ᠪᠡᠶᠡᠯᠡᠭᠦᠯᠵᠦ ᠪᠣᠯᠣᠨ᠎ᠠ ︵ᠳᠣᠷᠣᠭᠰᠢ ᠬᠤᠲᠠ ᠶᠢᠨ ᠣᠶᠤᠨᠲᠤ ᠨᠠᠰᠤᠵᠢᠯ ᠤᠨ ᠠᠰᠠᠷᠠᠮᠵᠢ ᠶᠢᠨ ᠰᠢᠰᠲ᠋ᠧᠮ ᠭᠡᠵᠦ ᠨᠡᠷᠡᠶᠢᠳᠦᠨ᠎ᠡ︶᠃    ᠳᠥᠷᠪᠡ᠂ ᠭᠦᠢᠴᠡᠳᠬᠡᠬᠦ  ᠳᠠᠷᠠᠭᠠᠯᠠᠯ    ᠥᠨᠳᠥᠷ ᠨᠠᠰᠤᠨ  ᠤ ᠨᠡᠮᠡᠭᠦᠷᠢ ᠣᠯᠭᠤᠬᠤ ᠶᠢ ᠬᠤᠪᠢ ᠬᠥᠮᠥᠨ  ᠤ ᠰᠠᠶᠢᠨ ᠳᠤᠷ᠎ᠠ ᠠᠴᠠ ᠪᠠᠨ ᠭᠤᠶᠤᠴᠢᠯᠠᠬᠤ᠂ ᠨᠡᠶᠢᠭᠡᠮ ᠲᠣᠭᠤᠷᠢᠭ  ᠤᠨ ᠰᠠᠭᠤᠭᠠᠯᠢ ᠠᠷᠠᠳ ᠤᠨ ᠵᠥᠪᠯᠡᠯ ᠬᠢᠨᠠᠨ ᠬᠠᠷᠭᠤᠭᠤᠯᠬᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠢᠨᠠᠨ ᠵᠥᠪᠰᠢᠶᠡᠷᠡᠬᠦ ᠳᠠᠷᠠᠭᠠᠯᠠᠯ  ᠤᠨ ᠶᠣᠰᠣᠭᠠᠷ ᠬᠢᠨᠠᠨ ᠵᠥᠪᠰᠢᠶᠡᠷᠡᠭᠦᠯᠬᠦ ᠬᠡᠷᠡᠭᠲᠡᠢ᠃ ᠬᠢᠨᠠᠨ ᠵᠥᠪᠰᠢᠶᠡᠷᠡᠵᠦ ᠳᠠᠭᠤᠰᠤᠭᠰᠠᠨ ᠤ ᠳᠠᠷᠠᠭ᠎ᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠤᠶᠤ ᠸᠢᠴᠠᠲ ᠤᠨ ᠨᠡᠶᠢᠲᠡ ᠶᠢᠨ ᠳ᠋ᠤᠭᠠᠷ ᠲᠤ ᠵᠠᠷᠯᠠᠨ ᠨᠡᠶᠢᠲᠡᠯᠡᠵᠦ᠂ ᠣᠯᠠᠨ ᠲᠦᠮᠡᠨ ᠤ ᠬᠢᠨᠠᠯᠲᠠ  ᠶᠢ ᠬᠦᠯᠢᠶᠡᠵᠦ᠂ ᠢᠯᠡ᠂ ᠭᠤᠥᠯᠴᠢ᠂  ᠲᠤᠲᠤᠷᠬᠠᠢ  ᠪᠠᠶᠢᠯᠭᠠᠬᠤ ᠶᠢ ᠪᠡᠶᠡᠯᠡᠭᠦᠯᠬᠦ ᠬᠡᠷᠡᠭᠲᠡᠢ᠃    ︵ᠨᠢᠭᠡ︶ ᠰᠠᠶᠢᠨ ᠳᠤᠷ᠎ᠠ ᠠᠴᠠ ᠪᠠᠨ ᠭᠤᠶᠤᠴᠢᠯᠠᠬᠤ    ᠨᠥᠬᠦᠴᠡᠯ ᠳᠤ ᠨᠡᠶᠢᠴᠡᠬᠦ ᠨᠠᠰᠤᠲᠠᠶᠢᠴᠤᠳ ᠪᠦᠬᠦᠨ ᠰᠠᠶᠢᠨ ᠳᠤᠷ᠎ᠠ  ᠠᠴᠠ ᠪᠠᠨ ᠭᠤᠶᠤᠴᠢᠯᠠᠬᠤ ᠵᠠᠷᠴᠢᠮ ᠶᠣᠰᠣᠭᠠᠷ᠂ ᠲᠣᠰ ᠬᠥᠮᠥᠨ ᠤ ᠪᠡᠶ᠎ᠡ ᠶᠢᠨ ᠦᠨᠡᠮᠯᠡᠯ ᠪᠤᠶᠤ ᠡᠷᠦᠬᠡ ᠠᠮᠠ ᠶᠢᠨ ᠳᠡᠪᠲᠡᠷ ᠤᠨ ᠤᠭ ᠮᠠᠲ᠋ᠧᠷᠢᠶᠠᠯ ᠵᠢᠴᠢ ᠬᠠᠭᠤᠯᠪᠤᠷᠢ ︵3 ᠬᠤᠪᠢ︶᠂ ᠣᠶᠢᠷ᠎ᠠ ᠶᠢᠨ ᠬᠤᠭᠤᠴᠠᠭᠠᠨ ᠤ ᠮᠠᠯᠠᠭᠠᠢ ᠦᠭᠡᠢ 2 ᠢᠮᠠᠬᠤ ᠶᠢᠨ ᠬᠡᠷᠡᠯ ᠵᠢᠷᠤᠭ ︵3 ᠬᠤᠪᠢ︶ ᠢ ᠠᠪᠴᠤ᠂ ᠡᠷᠦᠬᠡ ᠠᠮᠠ ᠶᠢᠨ ᠪᠠᠶᠢᠭ᠎ᠠ ᠭᠠᠵᠠᠷ ᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠳᠤ ᠪᠢᠴᠢᠭ ᠢᠶᠠᠷ ᠭᠤᠶᠤᠴᠢᠯᠠᠨ᠎ᠠ ︵ᠨᠢᠭᠡ ᠬᠡᠯᠪᠡᠷᠢ ᠶᠢᠨ ᠭᠤᠷᠪᠠᠨ ᠬᠤᠪᠢ︶᠃ ᠬᠡᠷᠪᠡ  ᠤᠨᠴᠠᠭᠠᠢ  ᠪᠠᠶᠢᠳᠠᠯ ᠲᠠᠢ ᠪᠣᠯ ᠰᠠᠭᠤᠭ᠎ᠠ ᠭᠠᠵᠠᠷ ᠲᠠᠭᠠᠨ ᠭᠤᠶᠤᠴᠢᠯᠠᠯ ᠭᠠᠷᠭᠠᠵᠤ  ᠪᠤᠯᠤᠨ᠎ᠠ ᠂ ᠡᠷᠦᠬᠡ ᠠᠮᠠ ᠶᠢᠨ ᠪᠠᠶᠢᠭ᠎ᠠ ᠭᠠᠵᠠᠷ ᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠠᠴᠠ  ᠭᠠᠷᠭᠠᠭᠰᠠᠨ ᠥᠨᠳᠥᠷ ᠨᠠᠰᠤᠨ ᠤ ᠨᠡᠮᠡᠭᠦᠷᠢ ᠣᠯᠭᠤᠭᠰᠠᠨ ᠦᠭᠡᠢ ᠦᠨᠡᠮᠯᠡᠯ  ᠳᠡᠪᠰᠢᠬᠦᠯᠬᠦ ᠬᠡᠷᠡᠭᠲᠡᠢ᠃    ᠪᠡᠶ᠎ᠡ ᠶᠢᠨ ᠦᠨᠡᠮᠯᠡᠯ ᠤᠨ ᠨᠣᠮᠧᠷ ᠦᠭᠡᠢ ᠪᠤᠶᠤ ᠨᠠᠰᠤ ᠵᠢᠯ ᠤᠨ ᠮᠡᠳᠡᠭᠡ ᠵᠠᠩᠭᠢ ᠳᠤ ᠣᠨᠳᠣᠣ ᠰᠠᠨᠠᠯ ᠲᠠᠢ ᠭᠤᠶᠤᠴᠢᠯᠠᠭᠴᠢ ᠶᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠬᠠᠷᠢᠯᠴᠠᠵᠤ ᠬᠢᠨᠠᠨ ᠪᠠᠶᠢᠴᠠᠭᠠᠨ᠎ᠠ᠃ ᠣᠶᠢᠷ᠎ᠠ ᠲᠥᠷᠥᠯ ᠰᠠᠳᠤᠨ ᠪᠤᠶᠤ ᠪᠤᠰᠤᠳ ᠬᠥᠮᠥᠨ ᠳᠤ ᠨᠠᠶᠢᠳᠠᠵᠤ ᠭᠤᠶᠤᠴᠢᠯᠠᠯ ᠤᠨ ᠭᠠᠷ ᠭᠦᠢᠴᠡᠳᠬᠡᠯ ᠬᠢᠯᠭᠡᠪᠡᠯ᠂ ᠲᠤᠰ ᠬᠥᠮᠥᠨ ᠤ ᠨᠠᠶᠢᠳᠠᠯᠭ᠎ᠠ ᠶᠢᠨ ᠪᠢᠴᠢᠭ ᠵᠢᠴᠢ ᠨᠠᠶᠢᠳᠠᠯᠭ᠎ᠠ ᠬᠦᠯᠢᠶᠡᠭᠴᠢ ᠶᠢᠨ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠵᠢᠴᠢ ᠬᠠᠭᠤᠯᠪᠤᠷᠢ ︵3 ᠬᠤᠪᠢ︶  ᠶᠢ ᠬᠠᠩᠭᠠᠬᠤ ᠬᠡᠷᠡᠭᠲᠡᠢ᠃    ︵ᠬᠤᠶᠠᠷ︶ ᠨᠡᠶᠢᠭᠡᠮ ᠲᠣᠭᠤᠷᠢᠭ  ᠤᠨ ᠬᠢᠨᠠᠨ ᠬᠠᠷᠭᠤᠭᠤᠯᠬᠤ    ᠨᠡᠶᠢᠭᠡᠮ ᠲᠣᠭᠤᠷᠢᠭ  ᠤᠨ ᠰᠠᠭᠤᠭᠠᠯᠢ ᠠᠷᠠᠳ  ᠤᠨ ᠵᠥᠪᠯᠡᠯ ᠭᠤᠶᠤᠴᠢᠯᠠᠯ  ᠢ ᠣᠯᠣᠭᠰᠠᠨ  ᠤ ᠲᠠᠷᠠᠭ᠎ᠠ᠂ ᠬᠢᠨᠠᠮᠠᠭᠠᠢ ᠬᠢᠨᠠᠨ ᠪᠠᠶᠢᠴᠠᠭᠠᠵᠤ ᠬᠢᠨᠠᠨ ᠬᠠᠷᠭᠤᠭᠤᠯᠬᠤ ᠶᠢᠨ ᠬᠠᠮᠲᠤ 5 ᠠᠵᠢᠯᠯᠠᠬᠤ ᠡᠳᠦᠷ  ᠤᠨ ᠳᠣᠲᠣᠷ᠎ᠠ ᠭᠤᠶᠤᠴᠢᠯᠠᠭᠰᠠᠨ   ᠮᠠᠲ᠋ᠧᠷᠢᠶᠠᠯ  ᠢ  ᠬᠢᠨᠠᠨ ᠬᠠᠷᠭᠤᠭᠤᠯᠵᠤ᠂ ᠰᠠᠨᠠᠯ  ᠳᠤ ᠭᠠᠷ ᠤᠨ ᠥᠰᠥᠭ ᠵᠢᠷᠤᠬᠤ ᠶᠢᠨ ᠬᠠᠮᠲᠤ ᠠᠯᠪᠠᠨ ᠲᠠᠮᠠᠭ᠎ᠠ ᠳᠠᠷᠤᠭᠰᠠᠨ ᠤ ᠲᠠᠷᠠᠭ᠎ᠠ᠂ ᠭᠤᠶᠤᠴᠢᠯᠠᠭᠰᠠᠨ ᠮᠠᠲ᠋ᠧᠷᠢᠶᠠᠯ ᠢᠶᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠢ᠃    ︵ᠭᠤᠷᠪᠠ︶ ᠵᠡᠭᠡᠯᠢ ᠭᠤᠳᠤᠮᠵᠢ ᠬᠢᠨᠠᠨ ᠵᠦᠪᠰᠢᠶᠡᠷᠡᠬᠦ    ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠨᠡᠶᠢᠭᠡᠮ ᠲᠣᠭᠤᠷᠢᠭ ᠤᠨ ᠲᠤᠰᠢᠶᠠᠭᠰᠠᠨ ᠭᠤᠶᠤᠴᠢᠯᠠᠯ ᠤᠨ ᠮᠠᠲ᠋ᠧᠷᠢᠶᠠᠯ ᠢ ᠣᠯᠣᠭᠰᠠᠨ ᠤ ᠳᠠᠷᠠᠭ᠎ᠠ᠂ 5 ᠠᠵᠢᠯᠯᠠᠬᠤ ᠡᠳᠦᠷ ᠤᠨ ᠳᠣᠲᠣᠷ᠎ᠠ ᠬᠢᠨᠠᠨ ᠵᠥᠪᠰᠢᠶᠡᠷᠡᠬᠦ᠂ ᠳᠠᠩᠰᠠᠯᠠᠬᠤ ᠶᠢ ᠪᠡᠶᠡᠯᠡᠭᠦᠯᠵᠦ᠂ ᠨᠥᠬᠦᠴᠡᠯ ᠳᠤ ᠨᠡᠶᠢᠴᠡᠬᠦ  ᠭᠤᠶᠤᠴᠢᠯᠠᠭᠰᠠᠳ  ᠢ ᠨᠢᠭᠡᠳᠦᠯᠲᠡᠢ ᠳᠡᠩᠰᠡᠯᠡᠨ ᠲᠡᠮᠳᠡᠭᠯᠡᠵᠦ᠂ ᠥᠨᠳᠥᠷ ᠨᠠᠰᠤᠨ ᠤ ᠨᠡᠮᠡᠭᠦᠷᠢ ᠣᠯᠭᠤᠬᠤ ᠬᠡᠪᠴᠢᠶᠡᠨ ᠳᠤ ᠣᠷᠣᠭᠤᠯᠬᠤ ᠬᠡᠷᠡᠭᠲᠡᠢ᠃ ᠨᠥᠬᠦᠴᠡᠯ ᠳᠤ ᠨᠡᠶᠢᠴᠡᠬᠦ ᠦᠭᠡᠢ ᠮᠥᠨ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠨᠢ ᠴᠥᠮ ᠭᠤᠶᠤᠴᠢᠯᠠᠭᠴᠢ ᠶᠢᠨ ᠮᠡᠳᠡᠭᠡ ᠵᠠᠩᠭᠢ ᠶᠢ ᠲᠥᠷᠥᠯ ᠬᠤᠪᠢᠶᠠᠨ ᠳᠡᠩᠰᠡᠯᠡᠵᠦ᠂ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠪᠠᠶᠢᠭᠤᠯᠬᠤ ᠶᠢᠨ ᠬᠠᠮᠲᠤ᠂ ᠭᠤᠶᠤᠴᠢᠯᠠᠭᠴᠢ ᠶᠢᠨ ᠮᠡᠳᠡᠭᠡ ᠵᠠᠩᠭᠢ ᠶᠢ ᠥᠪᠡᠷᠲᠡᠭᠡᠨ ᠵᠠᠰᠠᠬᠤ ᠣᠷᠣᠨ ᠤ ᠥᠨᠳᠥᠷ ᠨᠠᠰᠤᠨ ᠤ ᠨᠡᠮᠡᠭᠦᠷᠢ ᠶᠢᠨ ᠰᠢᠰᠲ᠋ᠧᠮ ᠪᠠ ᠬᠤᠲᠠ ᠶᠢᠨ ᠣᠶᠤᠨᠲᠤ ᠨᠠᠰᠤᠵᠢᠯ ᠤᠨ ᠠᠰᠠᠷᠠᠮᠵᠢ ᠶᠢᠨ ᠰᠢᠰᠲ᠋ᠧᠮ ᠳᠤ ᠪᠢᠴᠢᠵᠦ ᠣᠷᠣᠭᠤᠯᠬᠤ ᠬᠡᠷᠡᠭᠲᠡᠢ᠃    ︵ᠳᠥᠷᠪᠡ︶ ᠣᠯᠭᠤᠬᠤ    ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢᠶᠠᠷ ᠬᠢᠨᠠᠨ ᠵᠥᠪᠰᠢᠶᠡᠷᠡᠭᠦᠯᠵᠦ ᠪᠠᠲᠤᠯᠠᠭᠤᠯᠤᠭᠰᠠᠨ ᠤ ᠲᠠᠷᠠᠭ᠎ᠠ᠂ ᠨᠥᠬᠦᠴᠡᠯ ᠳᠤ ᠨᠡᠶᠢᠴᠡᠬᠦ ᠨᠠᠰᠤᠲᠠᠶᠢᠴᠤᠳ ᠭᠤᠶᠤᠴᠢᠯᠠᠯ ᠤᠨ ᠬᠦᠰᠦᠨᠦᠭᠲᠦ ᠲᠤᠰᠢᠶᠠᠭᠰᠠᠨ ᠲᠤᠰ ᠰᠠᠷ᠎ᠠ ᠠᠴᠠ ᠡᠬᠢᠯᠡᠨ ᠥᠨᠳᠥᠷ ᠨᠠᠰᠤᠨ ᠤ ᠨᠡᠮᠡᠭᠦᠷᠢ ᠶᠢ ᠪᠤᠳᠤᠵᠤ ᠠᠪᠤᠨ᠎ᠠ᠃    ᠥᠨᠳᠥᠷ ᠨᠠᠰᠤᠨ  ᠤ ᠨᠡᠮᠡᠭᠦᠷᠢ ᠶᠢᠨ  ᠡᠳ᠋ ᠤᠨ ᠵᠠᠰᠠᠭ  ᠤᠨ ᠲᠥᠰᠥᠪ  ᠤᠨ ᠨᠥᠬᠦᠪᠦᠷᠢ ᠶᠢᠨ ᠪᠡᠯᠡ ᠮᠥᠩᠭᠦ ᠶᠢ ᠣᠨ ᠢᠶᠠᠷ ᠮᠡᠳᠡᠭᠦᠯᠵᠦ ᠰᠠᠯᠭᠠᠨ ᠥᠭᠭᠦᠨ᠎ᠡ᠃    ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠵᠢᠯ ᠪᠦᠷᠢ ᠶᠢᠨ 10 ᠳ᠋ᠤᠭᠠᠷ ᠰᠠᠷ᠎ᠠ ᠶᠢᠨ ᠡᠬᠢ ᠪᠠᠷ᠂ 9  ᠳ᠋ᠤᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ᠲᠣᠭᠲᠠᠭᠠᠭᠰᠠᠨ ᠨᠥᠬᠦᠴᠡᠯ ᠳᠤ ᠨᠡᠶᠢᠴᠡᠬᠦ᠂ ᠥᠨᠳᠥᠷ ᠨᠠᠰᠤᠨ ᠤ ᠨᠡᠮᠡᠭᠦᠷᠢ ᠭᠥᠷᠳᠡᠬᠦ ᠪᠣᠳᠠᠲᠠᠢ ᠪᠠᠶᠢᠭ᠎ᠠ ᠬᠥᠮᠥᠨ ᠤ ᠲᠤᠭ᠎ᠠ ᠶᠢ ᠨᠠᠷᠢᠨ ᠪᠦᠷᠢᠳᠬᠡᠬᠦ ᠶᠢᠨ ᠬᠠᠮᠲᠤ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠮᠡᠳᠡᠭᠦᠯᠬᠦ ᠬᠡᠷᠡᠭᠲᠡᠢ᠃    ᠥᠨᠳᠥᠷ ᠨᠠᠰᠤᠨ  ᠤ ᠨᠡᠮᠡᠭᠦᠷᠢ ᠶᠢ ᠨᠡᠶᠢᠭᠡᠮᠴᠢᠯᠡᠭᠰᠡᠨ ᠠᠷᠭ᠎ᠠ  ᠮᠠᠶ᠋ᠢᠭ  ᠢᠶᠠᠷ ᠳᠠᠮᠵᠢᠭᠤᠯᠤᠨ ᠥᠨᠳᠥᠷ ᠨᠠᠰᠤᠨ  ᠤ ᠨᠠᠰᠤᠲᠠᠶᠢᠴᠤᠳ  ᠲᠤᠰ ᠬᠥᠮᠥᠨ ᠪᠤᠶᠤ ᠲᠡᠭᠦᠨ ᠤ  ᠬᠠᠷᠠᠭᠠᠯᠵᠠᠨ ᠬᠠᠮᠠᠭᠠᠯᠠᠭᠴᠢ ᠶᠢᠨ ᠬᠤᠪᠢ ᠬᠥᠮᠥᠨ  ᠤ ᠲᠠᠩᠰᠠᠨ ᠡᠷᠥᠭᠡ ᠲᠤ ᠥᠭᠴᠦ᠂ ᠥᠨᠳᠥᠷ ᠨᠠᠰᠤᠨ  ᠤ ᠨᠠᠰᠤᠲᠠᠳ  ᠢ ᠬᠠᠪᠰᠤᠷᠤᠨ ᠮᠥᠩᠭᠦᠨ ᠭᠦᠢᠯᠭᠡᠭᠡᠨ  ᠤ  ᠪᠠᠶᠢᠭᠤᠯᠤᠮᠵᠢ ᠶᠢ ᠣᠷᠣᠯᠠᠨ    ᠲᠤᠰᠠᠯᠠᠮᠵᠢ ᠶᠢᠨ ᠪᠡᠯᠡ ᠮᠥᠩᠭᠦ ᠭᠥᠯᠢᠶᠡᠨ ᠠᠪᠬᠤ ᠲᠠᠩᠰᠠᠨ ᠡᠷᠥᠭᠡ ᠭᠦᠢᠴᠡᠳᠬᠡᠬᠦ ᠶᠢᠨ ᠬᠠᠮᠲᠤ ︽  ᠪᠦᠷᠢᠨ ᠴᠢᠳᠠᠮᠵᠢᠲᠤ ᠺᠠᠷᠲ︾  ᠤᠨ ᠠᠷᠭ᠎ᠠ ᠵᠠᠮ ᠢᠶᠠᠷ ᠣᠯᠭᠤᠬᠤ ᠬᠡᠷᠡᠭᠲᠡᠢ᠃    ᠥᠨᠳᠥᠷ ᠨᠠᠰᠤᠨ  ᠤ ᠨᠡᠮᠡᠭᠦᠷᠢ ᠶᠢ ᠰᠠᠷ᠎ᠠ ᠪᠠᠷ ᠣᠯᠭᠤᠨ᠎ᠠ᠂ ᠣᠯᠭᠤᠬᠤ ᠴᠠᠭ ᠨᠢ ᠰᠠᠷ᠎ᠠ ᠪᠦᠷᠢ ᠶᠢᠨ 10  ᠤ ᠡᠳᠦᠷ ᠠᠴᠠ ᠡᠮᠦᠨ᠎ᠡ ᠪᠣᠯᠣᠨ᠎ᠠ᠃    ᠥᠨᠳᠥᠷ ᠨᠠᠰᠤᠨ ᠤ ᠨᠡᠮᠡᠭᠦᠷᠢ ᠶᠢ ᠨᠢᠭᠡᠨᠲᠡ ᠭᠥᠷᠳᠡᠭᠰᠡᠨ ᠨᠠᠰᠤᠲᠠᠶᠢᠴᠤᠳ ᠤᠨ ᠨᠠᠰᠤ ᠵᠢᠯ ᠤᠨ ᠬᠤᠪᠢᠷᠠᠯᠲᠠ  ᠠᠴᠠ ᠪᠣᠯᠵᠤ ᠣᠯᠭᠤᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠴᠢᠬᠤᠯᠠᠲᠠᠢ ᠪᠣᠯ ᠤᠤᠯ ᠤᠨ ᠭᠥᠯᠢᠶᠡᠨ ᠠᠪᠤᠭᠰᠠᠨ ᠪᠠᠶᠢᠭᠤᠯᠤᠮᠵᠢ ᠨᠢ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠠᠦ᠋ᠲ᠋ᠣ᠋ ᠬᠢᠨᠠᠨ ᠬᠠᠷᠭᠤᠭᠤᠯᠵᠤ ᠲᠣᠬᠢᠷᠠᠭᠤᠯᠤᠯᠲᠠ ᠬᠢᠨ᠎ᠡ᠂ ᠲᠣᠰ ᠬᠥᠮᠥᠨ ᠨᠢ ᠳᠠᠭᠢᠵᠤ ᠭᠤᠶᠤᠴᠢᠯᠠᠨ ᠮᠡᠳᠡᠭᠦᠯᠬᠦ ᠴᠢᠬᠤᠯᠠ ᠦᠭᠡᠢ᠃    ᠥᠨᠳᠥᠷ ᠨᠠᠰᠤᠨ ᠤ ᠨᠡᠮᠡᠭᠦᠷᠢ ᠭᠥᠷᠳᠡᠵᠦ ᠪᠠᠶᠢᠭ᠎ᠠ ᠨᠠᠰᠤᠲᠠᠶᠢᠴᠤᠳ ᠤᠨ ᠮᠡᠳᠡᠭᠡ ᠵᠠᠩᠭᠢ ᠳᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠨᠢ ᠰᠠᠷ᠎ᠠ ᠪᠦᠷᠢ ᠣᠶᠤᠨᠲᠤ ᠨᠠᠰᠤᠵᠢᠯ ᠤᠨ ᠲᠠᠪᠴᠠᠩ ᠢᠶᠠᠷ ᠳᠡᠮᠵᠢᠨ ᠲᠤᠭ᠎ᠠ ᠪᠠᠷᠢᠮᠲᠠ ᠶᠢᠨ ᠬᠠᠷᠢᠴᠠᠭᠤᠯᠤᠯ ᠬᠢᠵᠦ᠂ ᠥᠨᠳᠥᠷ ᠨᠠᠰᠤᠨ ᠤ ᠨᠡᠮᠡᠭᠦᠷᠢ ᠣᠯᠭᠤᠬᠤ ᠨᠡᠷᠡᠰ ᠢ ᠬᠢᠨᠠᠨ  ᠪᠠᠶᠢᠴᠠᠭᠠᠵᠤ ᠲᠣᠭᠲᠠᠭᠠᠬᠤ ᠬᠡᠷᠡᠭᠲᠡᠢ᠃    ᠠᠩᠬ᠎ᠠ ᠤᠳᠠᠭ᠎ᠠ ᠰᠢᠨ᠎ᠡ ᠪᠠᠷ ᠬᠢᠨᠠᠨ ᠪᠠᠶᠢᠴᠠᠭᠠᠵᠤ  ᠪᠠᠲᠤᠯᠠᠭᠰᠠᠨ  ᠨᠠᠰᠤᠲᠠᠶᠢᠴᠤᠳ ᠲᠤ ᠥᠨᠳᠥᠷ ᠨᠠᠰᠤᠨ ᠤ ᠨᠡᠮᠡᠭᠦᠷᠢ ᠶᠢ ᠣᠯᠭᠤᠬᠤ ᠳᠤ᠂ ᠡᠭᠦᠨ ᠠᠴᠠ ᠡᠮᠦᠨ᠎ᠡ ᠬᠢᠨᠠᠨ ᠪᠠᠶᠢᠴᠠᠭᠠᠬᠤ ᠶᠠᠪᠤᠴᠠ ᠳᠤ ᠣᠯᠭᠤᠭᠰᠠᠨ ᠦᠭᠡᠢ ᠬᠡᠰᠡᠭ ᠢ ᠨᠢᠭᠡ ᠯᠠ ᠤᠳᠠᠭ᠎ᠠ ᠶᠢᠨ ᠴᠢᠨᠠᠷᠲᠠᠢ ᠪᠠᠷ ᠨᠥᠬᠦᠵᠦ ᠣᠯᠭᠤᠬᠤ ᠬᠡᠷᠡᠭᠲᠡᠢ᠃    ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠥᠨᠳᠥᠷ ᠨᠠᠰᠤᠲᠠᠢ ᠨᠠᠰᠤᠲᠠᠶᠢᠴᠤᠳ ᠢ ᠬᠠᠪᠰᠤᠷᠤᠨ ᠥᠨᠳᠥᠷ ᠨᠠᠰᠤᠨ ᠤ ᠨᠡᠮᠡᠭᠦᠷᠢ ᠭᠤᠶᠤᠴᠢᠯᠠᠨ ᠠᠪᠤᠭᠤᠯᠵᠤ᠂ ᠥᠨᠳᠥᠷ ᠨᠠᠰᠤᠨ ᠤ ᠨᠡᠮᠡᠭᠦᠷᠢ ᠶᠢᠨ ᠳᠦᠷᠢᠮ ᠨᠥᠬᠦᠴᠡᠯ ᠳᠤ ᠨᠡᠶᠢᠴᠡᠬᠦ ᠨᠠᠰᠤᠲᠠᠶᠢᠴᠤᠳ ᠲᠤ ᠠᠰᠢᠭ ᠬᠦᠷᠲᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠢ᠃    ᠲᠠᠪᠤ᠂ ᠮᠡᠳᠡᠭᠡ ᠵᠠᠩᠭᠢ ᠶᠢ ᠬᠤᠪᠢᠷᠠᠭᠤᠯᠬᠤ    ︵ᠨᠢᠭᠡ︶ ᠥᠨᠳᠥᠷ ᠨᠠᠰᠤᠨ ᠤ ᠨᠡᠮᠡᠭᠦᠷᠢ ᠶᠢ ᠭᠤᠶᠤᠴᠢᠯᠠᠬᠤ ᠬᠢᠷᠢ ᠬᠡᠮ ᠳᠤ ᠨᠡᠶᠢᠴᠡᠬᠦ ᠪᠠ ᠥᠨᠳᠥᠷ ᠨᠠᠰᠤᠨ ᠤ ᠨᠡᠮᠡᠭᠦᠷᠢ ᠶᠢ ᠨᠢᠭᠡᠨᠲᠡ ᠭᠥᠷᠳᠡᠭᠰᠡᠨ ᠨᠠᠰᠤᠲᠠᠶᠢᠴᠤᠳ ᠤᠨ ᠭᠠᠷ ᠤᠲᠠᠰᠤᠨ ᠤ ᠨᠣᠮᠧᠷ ᠢ ᠰᠣᠯᠢᠬᠤ ᠵᠡᠷᠭᠡ ᠬᠠᠷᠢᠯᠴᠠᠬᠤ ᠠᠷᠭ᠎ᠠ ᠮᠠᠶ᠋ᠢᠭ  ᠢᠶᠠᠨ  ᠬᠤᠪᠢᠷᠠᠭᠤᠯᠪᠠᠯ᠂ 15 ᠡᠳᠦᠷ ᠤᠨ ᠳᠣᠲᠣᠷ᠎ᠠ ᠮᠡᠳᠡᠭᠦᠯᠦᠭᠰᠡᠨ ᠭᠠᠵᠠᠷ ᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠳᠤ ᠮᠡᠳᠡᠭᠦᠯᠵᠦ ᠰᠢᠨᠡᠳᠬᠡᠬᠦ ᠬᠡᠷᠡᠭᠲᠡᠢ᠂ ᠥᠨᠳᠥᠷ ᠨᠠᠰᠤᠨ ᠤ ᠨᠡᠮᠡᠭᠦᠷᠢ ᠶᠢ ᠭᠤᠶᠤᠴᠢᠯᠠᠬᠤ ᠪᠠ ᠣᠯᠭᠤᠬᠤ ᠵᠡᠷᠭᠡ ᠮᠡᠳᠡᠭᠡ ᠵᠠᠩᠭᠢ ᠶᠢᠨ ᠮᠡᠳᠡᠭᠳᠡᠯ ᠢ ᠭᠥᠯᠢᠶᠡᠨ ᠠᠪᠬᠤ ᠶᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠢ᠃    ︵ᠬᠤᠶᠠᠷ︶ ᠥᠨᠳᠥᠷ ᠨᠠᠰᠤᠨ ᠤ ᠨᠡᠮᠡᠭᠦᠷᠢ ᠭᠥᠷᠳᠡᠵᠦ ᠪᠠᠶᠢᠭ᠎ᠠ ᠨᠠᠰᠤᠲᠠᠶᠢᠴᠤᠳ ᠤᠨ ᠡᠷᠦᠬᠡ ᠠᠮᠠ ᠶᠢᠨ ᠲᠠᠩᠰᠠ ᠶᠢ ᠬᠢᠶ᠎ᠠ ᠪᠠᠭᠰᠢ ᠲᠣᠭᠤᠷᠢᠭ  ᠠᠴᠠ ᠰᠢᠯᠵᠢᠭᠦᠯᠵᠦ ᠭᠠᠷᠭᠠᠭᠰᠠᠨ ᠪᠠᠶᠢᠪᠠᠯ᠂ ᠳᠠᠷᠠᠭ᠎ᠠ ᠰᠠᠷ᠎ᠠ  ᠠᠴᠠ ᠨᠢ ᠡᠬᠢᠯᠡᠨ ᠥᠨᠳᠥᠷ ᠨᠠᠰᠤᠨ ᠤ ᠨᠡᠮᠡᠭᠦᠷᠢ ᠣᠯᠭᠤᠬᠤ ᠶᠢ ᠵᠣᠭᠰᠣᠭᠠᠨ᠎ᠠ᠃ ᠲᠡᠭᠦᠨ ᠤ ᠡᠷᠦᠬᠡ ᠠᠮᠠ ᠶᠢᠨ ᠲᠠᠩᠰᠠ ᠨᠢ ᠬᠤᠲᠠ ᠶᠢᠨ ᠬᠤᠰᠢᠭᠤ ᠲᠣᠭᠤᠷᠢᠭ ᠠᠯᠤᠰᠯᠠᠨ ᠬᠢᠶ᠎ᠠ  ᠪᠠᠭᠰᠢ  ᠳᠤ ᠨᠡᠭᠦᠵᠦ ᠣᠷᠣᠭᠰᠠᠨ ᠪᠠᠶᠢᠪᠠᠯ᠂ ᠳᠠᠷᠠᠭ᠎ᠠ ᠰᠠᠷ᠎ᠠ  ᠠᠴᠠ ᠨᠢ ᠡᠬᠢᠯᠡᠨ ᠥᠨᠳᠥᠷ ᠨᠠᠰᠤᠨ ᠤ ᠨᠡᠮᠡᠭᠦᠷᠢ ᠣᠯᠭᠤᠨ᠎ᠠ᠃ ᠨᠠᠰᠤᠲᠠᠶᠢᠴᠤᠳ ᠡᠷᠦᠬᠡ ᠠᠮᠠ ᠶᠢᠨ ᠲᠠᠩᠰᠠ ᠪᠠᠨ ᠰᠢᠯᠵᠢᠭᠦᠯᠦᠭᠰᠡᠨ ᠤ ᠳᠠᠷᠠᠭ᠎ᠠ ᠬᠢᠶ᠎ᠠ ᠪᠠᠭᠰᠢ ᠲᠣᠭᠤᠷᠢᠭ ᠲᠤ ᠳᠠᠭᠢᠵᠤ ᠨᠡᠭᠦᠵᠦ  ᠤᠷᠤᠬᠤ ᠪᠠᠶᠢᠪᠠᠯ᠂  ᠳᠠᠷᠠᠭᠠᠯᠠᠯ ᠶᠣᠰᠣᠭᠠᠷ ᠥᠨᠳᠥᠷ ᠨᠠᠰᠤᠨ ᠤ ᠨᠡᠮᠡᠭᠦᠷᠢ ᠶᠢ ᠳᠠᠭᠢᠵᠤ ᠭᠤᠶᠤᠴᠢᠯᠠᠬᠤ ᠬᠡᠷᠡᠭᠲᠡᠢ᠃ ᠥᠨᠳᠥᠷ ᠨᠠᠰᠤᠨ ᠤ ᠨᠡᠮᠡᠭᠦᠷᠢ ᠶᠢᠨ ᠣᠯᠭᠤᠮᠵᠢ ᠭᠥᠷᠳᠡᠵᠦ ᠪᠠᠶᠢᠭ᠎ᠠ ᠬᠥᠮᠥᠰ ᠤᠨ ᠡᠷᠦᠬᠡ ᠠᠮᠠ ᠶᠢᠨ ᠲᠠᠩᠰᠠ ᠨᠢ ᠬᠤᠪᠢᠷᠠᠯᠲᠠ ᠲᠠᠢ ᠪᠠᠶᠢᠪᠠᠯ᠂ ᠲᠣᠰ ᠬᠥᠮᠥᠨ ᠪᠤᠶᠤ ᠲᠥᠷᠥᠯ ᠰᠠᠳᠤᠨ  ᠨᠢ ᠨᠡᠭᠦᠭᠰᠡᠨ ᠤ ᠳᠠᠷᠠᠭᠠᠬᠢ 30 ᠡᠳᠦᠷ ᠤᠨ ᠳᠣᠲᠣᠷ᠎ᠠ ᠬᠠᠮᠢᠶ᠎ᠠ ᠪᠦᠬᠦᠢ ᠰᠢᠯᠵᠢᠭᠦᠯᠬᠦ ᠭᠠᠷᠳᠠᠮ ᠢ ᠭᠤᠶᠤᠴᠢᠯᠠᠨ ᠭᠦᠢᠴᠡᠳᠬᠡᠨ᠎ᠡ ᠃ ᠰᠢᠯᠵᠢᠭᠦᠯᠬᠦ ᠭᠠᠷᠳᠠᠮ ᠭᠦᠢᠴᠡᠳᠬᠡᠭᠰᠡᠨ ᠦᠭᠡᠢ ᠠᠴᠠ ᠪᠣᠯᠵᠤ ᠪᠡᠯᠡ ᠮᠥᠩᠭᠦ ᠪᠠᠨ ᠳᠠᠪᠬᠤᠷᠳᠠᠭᠤᠯᠤᠨ ᠠᠪᠤᠭᠰᠠᠨ ᠪᠠᠶᠢᠪᠠᠯ᠂ ᠰᠠᠨᠠᠭᠠᠴᠢᠯᠠᠭ᠎ᠠ ᠠᠴᠠ ᠪᠠᠨ ᠪᠤᠴᠠᠭᠠᠬᠤ ᠬᠡᠷᠡᠭᠲᠡᠢ᠃    ︵ᠭᠤᠷᠪᠠ︶ ᠥᠨᠳᠥᠷ ᠨᠠᠰᠤᠨ ᠤ ᠨᠡᠮᠡᠭᠦᠷᠢ ᠳᠤ ᠲᠣᠭᠲᠠᠭᠠᠯ ᠶᠣᠰᠣᠭᠠᠷ ᠤᠯᠠᠷᠢᠯ ᠪᠦᠷᠢ ᠬᠢᠷᠢ ᠬᠡᠮ ᠤᠨ ᠭᠡᠷᠡᠴᠢᠯᠡᠯ ᠬᠢᠨ᠎ᠡ᠃ ᠬᠢᠷᠢ ᠬᠡᠮ ᠤᠨ ᠭᠡᠷᠡᠴᠢᠯᠡᠯᠲᠡ ᠳᠤ ᠲᠣᠭᠲᠠᠭᠠᠯ ᠶᠣᠰᠣᠭᠠᠷ ᠣᠷᠣᠯᠴᠠᠭᠰᠠᠨ ᠦᠭᠡᠢ ᠪᠠᠶᠢᠪᠠᠯ᠂ ᠥᠨᠳᠥᠷ ᠨᠠᠰᠤᠨ ᠤ ᠨᠡᠮᠡᠭᠦᠷᠢ ᠶᠢ ᠳᠠᠷᠠᠭ᠎ᠠ ᠰᠠᠷ᠎ᠠ  ᠠᠴᠠ ᠨᠢ ᠡᠬᠢᠯᠡᠨ ᠣᠯᠭᠤᠬᠤ ᠶᠢ ᠵᠣᠭᠰᠣᠭᠠᠨ᠎ᠠ᠃ᠨᠠᠰᠤᠲᠠᠶᠢᠴᠤᠳ ᠳᠠᠭᠢᠵᠤ ᠭᠡᠷᠡᠴᠢᠯᠡᠭᠡ  ᠬᠢᠵᠦ ᠪᠣᠯᠣᠨ᠎ᠠ᠂ ᠬᠢᠷᠢ ᠬᠡᠮ ᠢ ᠳᠠᠭᠢᠵᠤ ᠭᠡᠷᠡᠴᠢᠯᠡᠭᠡ ᠬᠢᠭᠰᠡᠨ ᠤ ᠳᠠᠷᠠᠭ᠎ᠠ᠂ ᠥᠨᠳᠥᠷ ᠨᠠᠰᠤᠨ ᠤ ᠨᠡᠮᠡᠭᠦᠷᠢ ᠶᠢ ᠬᠢᠨᠠᠨ  ᠪᠠᠶᠢᠴᠠᠭᠠᠵᠤ ᠥᠩᠭᠡᠷᠡᠭᠰᠡᠨ ᠲᠣᠰ ᠰᠠᠷ᠎ᠠ  ᠠᠴᠠ ᠡᠬᠢᠯᠡᠨ ᠦᠷᠭᠦᠯᠵᠢᠯᠡᠨ ᠭᠥᠷᠳᠡᠵᠦ᠂ ᠣᠯᠭᠤᠬᠤ ᠶᠢ ᠵᠣᠭᠰᠣᠭᠠᠭᠰᠠᠨ ᠬᠤᠭᠤᠴᠠᠭᠠᠨ ᠳᠠᠬᠢ ᠥᠨᠳᠥᠷ ᠨᠠᠰᠤᠨ ᠤ ᠨᠡᠮᠡᠭᠦᠷᠢ ᠶᠢ ᠣᠯᠭᠤᠬᠤ ᠶᠢ ᠵᠣᠭᠰᠣᠭᠠᠭᠰᠠᠨ ᠲᠣᠰ ᠰᠠᠷ᠎ᠠ  ᠠᠴᠠ ᠨᠥᠬᠦᠵᠦ ᠣᠯᠭᠤᠨ᠎ᠠ᠃      ︵ᠳᠥᠷᠪᠡ︶ ᠨᠠᠰᠤᠲᠠᠶᠢᠴᠤᠳ ᠤᠨ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠭᠴᠢ ᠨᠢ ᠨᠠᠰᠤᠲᠠᠨ  ᠨᠠᠰᠤ ᠪᠠᠷᠠᠭᠰᠠᠨ ᠤ  ᠳᠠᠷᠠᠭ᠎ᠠ 30 ᠡᠳᠦᠷ ᠤᠨ ᠳᠣᠲᠣᠷ᠎ᠠ ᠨᠡᠮᠡᠭᠦᠷᠢ ᠠᠪᠤᠭᠰᠠᠨ ᠭᠠᠵᠠᠷ ᠤᠨ ᠢᠶᠠᠨ ᠪᠠᠶᠢᠭ᠎ᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠳᠤ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠢ᠃ ᠴᠠᠭ ᠲᠤᠬᠠᠢ ᠳᠤᠨᠢ ᠮᠡᠳᠡᠭᠦᠯᠦᠭᠰᠡᠨ ᠦᠭᠡᠢ ᠪᠠᠶᠢᠪᠠᠯ᠂ ᠨᠠᠰᠤᠲᠠᠶᠢᠴᠤᠳ ᠤᠨ  ᠨᠡᠮᠡᠭᠦᠷᠢ ᠠᠪᠤᠭᠰᠠᠨ ᠭᠠᠵᠠᠷ ᠤᠨ ᠪᠠᠶᠢᠭ᠎ᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠨᠢ ᠪᠣᠳᠠᠲᠠᠢ ᠪᠠᠶᠢᠳᠠᠯ ᠢᠶᠠᠨ ᠦᠨᠳᠦᠰᠦᠯᠡᠨ᠂ ᠡᠷᠦᠭᠡ ᠳᠤ ᠬᠦᠷᠴᠦ ᠪᠠᠶᠢᠴᠠᠭᠠᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠬᠢᠨᠠᠨ ᠬᠠᠷᠭᠤᠭᠤᠯᠬᠤ ᠶᠢᠨ ᠬᠠᠮᠲᠤ ᠬᠠᠷᠢᠶ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠮᠡᠳᠡᠭᠦᠯᠵᠦ ᠪᠣᠯᠣᠨ᠎ᠠ᠃ ᠪᠠᠶᠢᠳᠠᠯ ᠨᠢ ᠦᠨᠡᠨ  ᠪᠠᠶᠢᠪᠠᠯ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠢᠨᠠᠨ  ᠬᠠᠷᠭᠤᠭᠤᠯᠵᠤ ᠲᠤᠰ ᠰᠠᠷ᠎ᠠ ᠳᠤ ᠥᠨᠳᠥᠷ ᠨᠠᠰᠤᠨ ᠤ ᠨᠡᠮᠡᠭᠦᠷᠢ ᠥᠭᠬᠦ ᠶᠢ ᠵᠣᠭᠰᠤᠭᠠᠬᠤ  ᠬᠡᠷᠡᠭᠲᠡᠢ᠂ ᠲᠦᠷᠦᠯ ᠰᠠᠳᠤᠨ ᠨᠢ ᠬᠠᠭᠤᠷᠮᠠᠭᠯᠠᠨ ᠠᠪᠤᠭᠰᠠᠨ ᠪᠠᠶᠢᠳᠠᠯ ᠭᠠᠷᠤᠭᠰᠠᠨ ᠪᠠᠶᠢᠪᠠᠯ᠂ ᠲᠡᠷᠡᠴᠢᠯᠡᠨ ᠨᠠᠰᠤᠲᠠᠶᠢᠴᠤᠳ ᠤᠨ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠭᠴᠢ ᠶᠢ ᠵᠠᠷᠯᠢᠭᠳᠠᠵᠤ ᠪᠠᠶᠢᠭᠠᠳ ᠢᠯᠡᠭᠦᠦ ᠠᠪᠤᠭᠰᠠᠨ ᠥᠨᠳᠥᠷ ᠨᠠᠰᠤᠨ ᠤ ᠨᠡᠮᠡᠭᠦᠷᠢ ᠶᠢ ᠨᠢ ᠭᠤᠷᠪᠠᠨ ᠰᠠᠷ᠎ᠠ ᠶᠢᠨ ᠳᠣᠲᠣᠷ᠎ᠠ ᠵᠢᠭᠠᠨ ᠲᠣᠭᠲᠠᠭᠠᠭᠰᠠᠨ ᠡᠳ᠋ ᠤᠨ ᠵᠠᠰᠠᠭ ᠤᠨ ᠲᠠᠩᠰᠠᠨ ᠡᠷᠦᠭᠡ ᠳᠤ ᠪᠤᠴᠠᠭᠠᠯᠭᠠᠬᠤ ᠬᠡᠷᠡᠭᠲᠡᠢ᠃    ︵ᠲᠠᠪᠤ︶ ᠥᠨᠳᠥᠷ ᠨᠠᠰᠤᠨ  ᠤ ᠨᠡᠮᠡᠭᠦᠷᠢ ᠶᠢ ᠨᠠᠰᠤᠲᠠᠶᠢᠴᠤᠳ ᠨᠠᠰᠤ ᠪᠠᠷᠠᠭᠰᠠᠨ ᠤ ᠲᠠᠷᠠᠭ᠎ᠠ ᠰᠠᠷ᠎ᠠ ᠠᠴᠠ ᠨᠢ ᠡᠬᠢᠯᠡᠨ ᠣᠯᠭᠤᠬᠤ ᠶᠢ ᠵᠣᠭᠰᠣᠭᠠᠨ᠎ᠠ᠃    ︵ᠵᠢᠷᠭᠤᠭ᠎ᠠ︶ ᠨᠠᠰᠤᠲᠠᠶᠢᠴᠤᠳ ᠤᠨ ᠬᠤᠪᠢ ᠬᠥᠮᠥᠨ ᠤ ᠪᠠᠶᠢᠳᠠᠯ ᠳᠤ ᠬᠤᠪᠢᠷᠠᠯᠲᠠ ᠭᠠᠷᠤᠭᠰᠠᠨ  ᠠᠴᠠ ᠪᠣᠯᠵᠤ ᠥᠨᠳᠥᠷ ᠨᠠᠰᠤᠨ ᠤ ᠨᠡᠮᠡᠭᠦᠷᠢ ᠶᠢ ᠬᠤᠪᠢᠷᠠᠭᠤᠯᠬᠤ ᠪᠤᠶᠤ ᠣᠯᠭᠤᠬᠤ ᠶᠢ ᠵᠣᠭᠰᠤᠭᠠᠬᠤ ᠳᠤ ᠭᠦᠷᠪᠡᠯ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠨᠢ 5 ᠠᠵᠢᠯᠯᠠᠬᠤ ᠡᠳᠦᠷ ᠤᠨ ᠳᠣᠲᠣᠷ᠎ᠠ ᠥᠨᠳᠥᠷ ᠨᠠᠰᠤᠨ ᠤ ᠨᠡᠮᠡᠭᠦᠷᠢ ᠶᠢ ᠬᠤᠪᠢᠷᠠᠭᠤᠯᠬᠤ᠂ ᠣᠯᠭᠤᠬᠤ ᠶᠢ ᠵᠣᠭᠰᠤᠭᠠᠬᠤ ᠤᠴᠢᠷ ᠰᠢᠯᠲᠠᠭᠠᠨ ᠪᠠ ᠦᠨᠳᠦᠰᠦᠯᠡᠯ ᠢ ᠮᠡᠳᠡᠭᠳᠡᠵᠦ᠂ ᠨᠠᠰᠤᠲᠠᠶᠢᠴᠤᠳ ᠤᠨ ᠪᠠᠶᠢᠳᠠᠯ ᠢ ᠮᠡᠳᠡᠬᠦ ᠡᠷᠬᠡ ᠶᠢ ᠪᠠᠲᠤᠯᠠᠬᠤ ᠬᠡᠷᠡᠭᠲᠡᠢ᠃    ᠵᠢᠷᠭᠤᠭ᠎ᠠ᠂ ᠬᠢᠨᠠᠯᠲᠠ ᠬᠠᠮᠢᠶᠠᠷᠤᠯᠲᠠ    ᠠᠷᠠᠳ  ᠤᠨ  ᠶᠠᠪᠤᠳᠠᠯ᠂ ᠡᠳ᠋ ᠤᠨ ᠵᠠᠰᠠᠭ ᠤᠨ ᠰᠠᠯᠠᠭ᠎ᠠ ᠮᠥᠴᠢᠷ  ᠤᠳ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠪᠠᠨ ᠪᠦᠷᠢᠨᠰᠢᠭᠦᠯᠵᠦ ᠂ ᠡᠯ᠎ᠡ ᠵᠡᠭᠡᠯᠢ ᠭᠤᠳᠤᠮᠵᠢ ᠶᠢᠨ ᠥᠨᠳᠥᠷ ᠨᠠᠰᠤᠨ  ᠤ ᠨᠡᠮᠡᠭᠦᠷᠢ ᠣᠯᠭᠤᠵᠤ ᠪᠠᠶᠢᠭ᠎ᠠ  ᠪᠠᠶᠢᠳᠠᠯ  ᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠰᠬᠠᠢ ᠵᠦᠢᠯ  ᠤᠨ ᠪᠠᠶᠢᠴᠠᠭᠠᠯᠲᠠ ᠬᠢᠵᠦ᠂ ᠬᠤᠯᠪᠣᠭᠳᠠᠯ ᠪᠦᠬᠦᠢ ᠠᠰᠠᠭᠤᠳᠠᠯ  ᠢ ᠴᠠᠭ ᠲᠤᠬᠠᠢ ᠲᠤᠨᠢ ᠣᠯᠵᠤ ᠮᠡᠳᠡᠬᠦ ᠪᠠ ᠵᠠᠯᠠᠷᠠᠭᠤᠯᠬᠤ ᠬᠡᠷᠡᠭᠲᠡᠢ᠃    ᠳᠣᠲᠣᠭᠠᠳᠤ ᠶᠢ ᠬᠠᠮᠠᠭᠠᠯᠠᠬᠤ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ  ᠮᠡᠨᠳᠦ  ᠵᠡᠷᠭᠡ ᠰᠠᠯᠠᠭ᠎ᠠ ᠮᠥᠴᠢᠷ ᠤᠳ ᠨᠠᠰᠤᠲᠠᠶᠢᠴᠤᠳ ᠤᠨ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠩᠭᠠᠬᠤ ᠶᠢ ᠬᠠᠷᠢᠭᠤᠴᠠᠵᠤ᠂ ᠨᠠᠰᠤᠲᠠᠶᠢᠴᠤᠳ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠬᠠᠷᠢᠴᠠᠭᠤᠯᠤᠨ ᠬᠠᠷᠭᠤᠭᠤᠯᠬᠤ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃    ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠨᠡᠮᠡᠭᠦᠷᠢ  ᠣᠯᠭᠤᠬᠤ ᠡᠲᠡᠭᠡᠳ  ᠢ ᠬᠢᠨᠠᠨ  ᠪᠠᠶᠢᠴᠠᠭᠠᠵᠤ ᠪᠠ ᠨᠡᠮᠡᠭᠦᠷᠢ ᠣᠯᠭᠤᠬᠤ ᠠᠵᠢᠯ  ᠢ ᠬᠢᠨᠠᠮᠠᠭᠠᠢ ᠰᠠᠶᠢᠲᠤᠷ ᠬᠢᠵᠦ᠂ ᠭᠤᠶᠤᠴᠢᠯᠠᠬᠤ ᠪᠠ ᠣᠯᠭᠤᠬᠤ ᠳᠠᠷᠠᠭᠠᠯᠠᠯ ᠢ ᠨᠡᠶᠢᠲᠡᠯᠡᠵᠦ᠂ ᠢᠯᠡᠴᠢᠯᠡᠨ  ᠭᠤᠶᠤᠴᠢᠯᠠᠬᠤ  ᠤᠲᠠᠰᠤ ᠭᠠᠷᠭᠠᠵᠤ᠂ ᠤᠯᠠᠨ ᠲᠦᠮᠡᠨ᠂ ᠵᠠᠭᠤᠴᠢᠯᠠᠭᠤᠷ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ  ᠤᠨ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠢ᠃    ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠥᠨᠳᠥᠷ ᠨᠠᠰᠤᠨ ᠤ ᠨᠡᠮᠡᠭᠦᠷᠢ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠨᠠᠰᠤᠲᠠᠶᠢᠴᠤᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠂ ᠲᠤᠰᠬᠠᠢ ᠬᠥᠮᠥᠨ ᠲᠣᠬᠢᠷᠠᠭᠤᠯᠤᠨ ᠬᠠᠷᠢᠭᠤᠴᠠᠭᠤᠯᠵᠤ᠂ ᠲᠣᠭᠲᠠᠭᠠᠯ ᠢ ᠴᠢᠩᠭ᠎ᠠ ᠵᠢᠷᠤᠮᠯᠠᠨ ᠬᠢᠨᠠᠨ ᠪᠠᠶᠢᠴᠠᠭᠠᠵᠤ ᠨᠤᠲᠠᠯᠠᠨ ᠲᠣᠭᠲᠠᠭᠠᠵᠤ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠶᠢ ᠪᠠᠲᠤᠯᠠᠨ᠂ ᠰᠠᠷ᠎ᠠ ᠪᠠᠷ ᠲᠤᠭ᠎ᠠ ᠶᠣᠰᠣᠭᠠᠷ ᠨᠠᠷᠢᠯᠢᠭ ᠣᠨᠣᠴᠠᠲᠠᠢ ᠪᠠᠷ ᠣᠯᠭᠤᠬᠤ ᠬᠡᠷᠡᠭᠲᠡᠢ᠃    ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ ᠥᠨᠳᠥᠷ ᠨᠠᠰᠤᠨ ᠤ ᠨᠡᠮᠡᠭᠦᠷᠢ ᠣᠯᠭᠤᠬᠤ ᠶᠢᠨ ᠠᠩᠬᠠᠨ ᠤ ᠬᠢᠨᠠᠯᠲᠠ ᠶᠢᠨ ᠠᠵᠢᠯ ᠢ ᠬᠠᠷᠢᠭᠤᠴᠠᠨ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠷᠦᠬᠡ ᠳᠤ  ᠤᠷᠤᠵᠤ ᠪᠠᠶᠢᠴᠠᠭᠠᠯᠲᠠ ᠬᠢᠬᠦ᠂ ᠬᠥᠷᠰᠢ ᠵᠡᠷᠭᠡᠯᠡᠳᠡᠭᠡ ᠪᠠᠷ ᠢᠶᠠᠨ ᠰᠤᠷᠪᠤᠯᠵᠢᠯᠠᠬᠤ ᠵᠡᠷᠭᠡ ᠶᠢ  ᠠᠷᠭ᠎ᠠ  ᠶᠢ ᠬᠡᠷᠡᠭᠵᠢᠭᠦᠯᠦᠨ᠂ ᠨᠠᠰᠤᠲᠠᠶᠢᠴᠤᠳ ᠤᠨ ᠥᠨᠳᠥᠷ ᠨᠠᠰᠤᠨ ᠤ ᠨᠡᠮᠡᠭᠦᠷᠢ ᠭᠤᠶᠤᠴᠢᠯᠠᠬᠤ ᠬᠡᠷᠡᠭᠴᠡᠭᠡ ᠲᠠᠢ ᠨᠠᠰᠤᠲᠠᠨ ᠢ ᠢᠳᠡᠪᠬᠢᠲᠠᠢ ᠬᠠᠮᠵᠢᠵᠤ ᠬᠢᠷᠢ ᠬᠡᠮ ᠤᠨ ᠭᠡᠷᠡᠴᠢᠯᠡᠯᠲᠡ ᠳᠤ ᠣᠷᠣᠯᠴᠠᠬᠤ᠂ ᠪᠠᠩᠬᠢ ᠶᠢᠨ ᠺᠠᠷᠲ ᠤᠨ ᠬᠠᠮᠢᠶ᠎ᠠ ᠪᠦᠬᠦᠢ ᠬᠡᠷᠡᠭ ᠶᠠᠪᠤᠳᠠᠯ ᠢ  ᠭᠦᠢᠴᠡᠳᠬᠡᠨ᠎ᠡ ᠃    ᠥᠨᠳᠥᠷ ᠨᠠᠰᠤᠨ ᠤ ᠨᠡᠮᠡᠭᠦᠷᠢ ᠶᠢᠨ ᠨᠥᠬᠦᠪᠦᠷᠢ ᠶᠢᠨ ᠪᠡᠯᠡ ᠮᠥᠩᠭᠦ ᠳᠤ ᠪᠦᠬᠦ ᠶᠠᠪᠤᠴᠠ ᠶᠢᠨ ᠲᠥᠰᠥᠪ ᠤᠨ ᠠᠮᠵᠢᠯᠲᠠ ᠪᠦᠲᠦᠮᠵᠢ ᠶᠢᠨ  ᠬᠠᠮᠢᠶᠠᠷᠤᠯᠲᠠ ᠶᠢ ᠬᠡᠷᠡᠭᠵᠢᠭᠦᠯᠵᠦ ᠂ ᠲᠤᠭᠤᠷᠢᠭ ᠤᠨ ᠠᠷᠠᠳ ᠤᠨ ᠶᠠᠪᠤᠳᠠᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠡᠯ᠎ᠡ ᠵᠡᠭᠡᠯᠢ ᠭᠤᠳᠤᠮᠵᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠲᠠᠢ ᠬᠠᠷᠢᠴᠠᠭᠤᠯᠤᠨ ᠠᠵᠢᠯᠯᠠᠭᠠᠨ ᠤ ᠬᠢᠨᠠᠨ ᠡᠵᠡᠮᠳᠡᠬᠦ ᠠᠵᠢᠯ ᠢ ᠥᠷᠨᠢᠭᠦᠯᠬᠦ ᠶᠢ ᠬᠠᠮᠵᠢᠯᠴᠠᠨ ᠵᠢᠯᠤᠭᠤᠳᠴᠤ᠂ ᠲᠥᠰᠥᠪ ᠢ ᠭᠦᠢᠴᠡᠳᠬᠡᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠵᠠᠯᠠᠷᠠᠭᠤᠯᠤᠨ᠎ᠠ᠃ ᠨᠥᠬᠦᠪᠦᠷᠢ ᠶᠢᠨ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠴᠠᠭ ᠲᠤᠨᠢ ᠲᠣᠬᠢᠷᠠᠭᠤᠯᠤᠨ ᠥᠷᠨᠢᠭᠦᠯᠦᠨ᠎ᠡ᠂ ᠡᠭᠦᠨ ᠳᠤ ᠭᠤᠣᠯᠳᠠᠭᠤ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠪᠠᠶᠢᠳᠠᠯ᠂ ᠪᠡᠯᠡ ᠮᠥᠩᠭᠦ ᠶᠢᠨ ᠬᠠᠮᠢᠶᠠᠷᠤᠯᠲᠠ ᠶᠢᠨ ᠪᠠᠶᠢᠳᠠᠯ ᠵᠢᠴᠢ ᠬᠡᠷᠡᠭᠯᠡᠯᠲᠡ ᠶᠢᠨ ᠦᠷ᠎ᠡ ᠠᠰᠢᠭ ᠵᠡᠷᠭᠡ ᠪᠠᠭᠲᠠᠨ᠎ᠠ᠃      ᠥᠨᠳᠥᠷ ᠨᠠᠰᠤᠨ  ᠤ ᠨᠡᠮᠡᠭᠦᠷᠢ ᠶᠢᠨ ᠨᠥᠬᠦᠪᠦᠷᠢ ᠶᠢᠨ ᠪᠡᠯᠡ ᠮᠥᠩᠭᠦ ᠶᠢ ᠲᠥᠰᠥᠪ ᠠᠴᠠ ᠪᠠᠭᠤᠯᠭᠠᠭᠰᠠᠨ ᠰᠤᠳᠤᠯᠬᠤ ᠵᠦᠢᠯ ᠪᠣᠯᠣᠨ ᠲᠥᠷᠥᠯ ᠵᠦᠢᠯ ᠤᠨ ᠶᠣᠰᠣᠭᠠᠷ ᠭᠦᠢᠴᠡᠳᠬᠡᠬᠦ ᠬᠡᠷᠡᠭᠲᠡᠢ᠂ ᠳᠤᠮᠳᠠ ᠠᠴᠠ ᠨᠢ ᠲᠠᠰᠤᠳᠠᠨ ᠦᠯᠡᠳᠡᠭᠡᠬᠦ᠂ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ ᠪᠤᠶᠤ ᠳᠤᠷ᠎ᠠ ᠪᠠᠷ ᠢᠶᠠᠨ ᠲᠣᠬᠢᠷᠠᠭᠤᠯᠤᠯᠲᠠ ᠬᠢᠵᠦ ᠪᠣᠯᠬᠤ ᠦᠭᠡᠢ᠃ ᠠᠷᠠᠳ ᠤᠨ ᠶᠠᠪᠤᠳᠠᠯ᠂ ᠡᠳ᠋ ᠤᠨ ᠵᠠᠰᠠᠭ᠂ ᠡᠯ᠎ᠡ ᠵᠡᠭᠡᠯᠢ ᠭᠤᠳᠤᠮᠵᠢ ᠨᠤᠭᠤᠳ ᠬᠠᠮᠢᠶ᠎ᠠ ᠪᠦᠬᠦᠢ ᠪᠡᠯᠡ ᠮᠥᠩᠭᠦ ᠶᠢ ᠬᠡᠷᠡᠭᠯᠡᠬᠦ ᠶᠢ ᠴᠢᠩᠭ᠎ᠠ ᠲᠣᠭᠲᠠᠭᠠᠵᠤ᠂ ᠥᠨᠳᠥᠷ  ᠨᠠᠰᠤᠨ ᠤ ᠨᠠᠰᠤᠲᠠᠨ ᠪᠤᠶᠤ ᠲᠡᠳᠡᠨ ᠤ ᠭᠡᠷ ᠪᠦᠯᠢ ᠠᠴᠠ ᠶᠠᠮᠠᠷᠪᠠ ᠬᠡᠯᠪᠡᠷᠢ ᠶᠢᠨ ᠬᠠᠮᠢᠶᠠᠷᠤᠯᠲᠠ ᠶᠢᠨ ᠵᠠᠷᠤᠳᠠᠯ ᠬᠤᠷᠢᠶᠠᠵᠤ ᠪᠣᠯᠬᠤ ᠦᠭᠡᠢ᠃ᠨᠥᠬᠦᠪᠦᠷᠢ ᠶᠢᠨ ᠪᠡᠯᠡ ᠮᠥᠩᠭᠦ ᠶᠢ ᠠᠵᠢᠯ ᠤᠨ ᠵᠠᠷᠤᠳᠠᠯ ᠳᠤ ᠬᠡᠷᠡᠭᠯᠡᠵᠦ ᠪᠣᠯᠬᠤ ᠦᠭᠡᠢ᠂ ᠪᠠᠶᠢᠭᠤᠯᠤᠮᠵᠢ ᠶᠢᠨ ᠠᠵᠢᠯᠯᠠᠭᠠᠨ᠂ ᠲᠥᠬᠦᠭᠡᠷᠦᠮᠵᠢ ᠬᠤᠳᠠᠯᠳᠤᠨ ᠠᠪᠬᠤ ᠪᠠ ᠰᠠᠭᠤᠷᠢ  ᠳᠦᠬᠦᠬᠡᠷᠤᠮᠵᠢ  ᠶᠢ ᠰᠡᠯᠪᠢᠨ ᠵᠠᠰᠠᠵᠤ ᠥᠭᠡᠷᠡᠴᠢᠯᠡᠬᠦ ᠵᠡᠷᠭᠡ ᠵᠠᠷᠤᠯᠭ᠎ᠠ ᠳᠤ ᠬᠡᠷᠡᠭᠯᠡᠵᠦ ᠪᠣᠯᠬᠤ ᠦᠭᠡᠢ᠃     ᠥᠨᠳᠥᠷ ᠨᠠᠰᠤᠨ  ᠤ ᠨᠡᠮᠡᠭᠦᠷᠢ ᠶᠢ ᠬᠢᠨᠠᠨ  ᠪᠠᠶᠢᠴᠠᠭᠠᠵᠤ ᠣᠯᠭᠤᠬᠤ ᠠᠵᠢᠯ  ᠢ ᠬᠢᠵᠦ ᠪᠠᠶᠢᠭ᠎ᠠ ᠠᠵᠢᠯᠲᠠᠳ ᠥᠨᠳᠥᠷ ᠨᠠᠰᠤᠨ  ᠤ ᠨᠡᠮᠡᠭᠦᠷᠢ ᠶᠢ ᠲᠣᠭᠲᠠᠭᠠᠯ ᠶᠣᠰᠣᠭᠠᠷ ᠴᠠᠭ ᠲᠤᠬᠠᠢ  ᠳᠤᠨᠢ  ᠭᠦᠢᠴᠡᠳ ᠲᠤᠭ᠎ᠠ ᠪᠠᠷ ᠣᠯᠭᠤᠭᠰᠠᠨ ᠦᠭᠡᠢ ᠠᠴᠠ ᠪᠣᠯᠣᠭᠠᠳ ᠬᠦᠨᠳᠦ ᠨᠣᠴᠢᠲᠠᠢ ᠦᠷ᠎ᠡ ᠤᠷᠰᠢᠭ ᠲᠠᠲᠠᠭᠰᠠᠨ ᠪᠣᠯ ᠬᠠᠤᠯᠢ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠶᠠᠯᠠᠲᠤ ᠬᠡᠷᠡᠭ ᠲᠤ ᠬᠠᠮᠢᠶᠠᠳᠠᠬᠤ  ᠳᠤ᠂ ᠬᠠᠤᠯᠢ ᠶᠣᠰᠣᠭᠠᠷ ᠬᠤᠯᠪᠣᠭᠳᠠᠯ ᠪᠦᠬᠦᠢ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃    ᠨᠠᠰᠤᠲᠠᠨ ᠪᠤᠶᠤ ᠲᠡᠭᠦᠨ ᠤ ᠬᠠᠤᠯᠢ ᠪᠠᠷ ᠲᠣᠭᠲᠠᠭᠠᠭᠰᠠᠨ  ᠠᠰᠠᠷᠠᠨ ᠲᠡᠵᠢᠭᠡᠭᠴᠢ ᠵᠡᠷᠭᠡ ᠨᠢ ᠬᠤᠳᠠᠯ ᠬᠠᠭᠤᠷᠮᠠᠭ᠂ ᠨᠢᠭᠤᠨ ᠳᠠᠯᠳᠠᠯᠠᠬᠤ᠂ ᠬᠠᠭᠤᠷᠮᠠᠭᠯᠠᠨ ᠵᠣᠬᠢᠶᠠᠬᠤ ᠵᠡᠷᠭᠡ ᠬᠠᠤᠯᠢ ᠪᠤᠰᠤ ᠠᠷᠭ᠎ᠠ ᠪᠠᠷᠢᠯ ᠢᠶᠠᠷ ᠥᠨᠳᠥᠷ ᠨᠠᠰᠤᠨ ᠤ ᠨᠡᠮᠡᠭᠦᠷᠢ ᠶᠢ ᠮᠡᠬᠡᠯᠡᠨ ᠠᠪᠴᠤ᠂ ᠵᠡᠭᠡᠯᠢ ᠭᠤᠳᠤᠮᠵᠢ ᠪᠠᠷ ᠪᠠᠶᠢᠴᠠᠭᠠᠨ ᠲᠣᠳᠣᠯᠠᠭᠠᠳ ᠦᠨᠡᠨ  ᠪᠠᠶᠢᠪᠠᠯ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠣᠯᠠᠨ ᠨᠡᠶᠢᠲᠡ ᠶᠢᠨ ᠢᠲᠡᠭᠡᠮᠵᠢ ᠶᠢᠨ ᠲᠠᠪᠴᠠᠩ ᠳᠤ ᠮᠡᠳᠡᠭᠦᠯᠦᠨ ᠬᠦᠷᠭᠡᠬᠦ ᠶᠢᠨ ᠬᠠᠮᠲᠤ  ᠤᠯᠤᠭᠰᠠᠨ ᠪᠡᠯᠡ ᠮᠥᠩᠭᠦ  ᠶᠢ ᠨᠡᠬᠡᠮᠵᠢᠯᠡᠨ  ᠠᠪᠴᠢᠷᠠᠨ᠎ᠠ᠃ ᠶᠠᠯᠠᠲᠤ ᠬᠡᠷᠡᠭ ᠲᠤ ᠬᠠᠮᠢᠶᠠᠳᠠᠬᠤ  ᠳᠤ᠂ ᠬᠠᠤᠯᠢ ᠶᠣᠰᠣᠭᠠᠷ ᠬᠤᠯᠪᠣᠭᠳᠠᠯ ᠪᠦᠬᠦᠢ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃    ᠲᠤᠯᠤᠭ᠎ᠠ᠂ ᠳᠠᠭᠠᠯᠳᠤᠭᠤᠯᠤᠭᠰᠠᠨ ᠳᠦᠷᠢᠮ    ︵ᠨᠢᠭᠡ︶ ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 5 ᠵᠢᠯ ᠪᠣᠯᠣᠨ᠎ᠠ᠃ ︽ᠬᠢᠶ᠎ᠠ ᠪᠠᠭᠰᠢ ᠲᠣᠭᠤᠷᠢᠭ ᠤᠨ ᠪᠦᠬᠦᠯᠢ 70 ᠨᠠᠰᠤᠨ  ᠠᠴᠠ ᠳᠡᠭᠡᠭᠰᠢᠬᠢ ᠨᠠᠰᠤᠲᠠᠶᠢᠴᠤᠳ ᠲᠤ ᠥᠨᠳᠥᠷ ᠨᠠᠰᠤᠨ ᠤ ᠨᠡᠮᠡᠭᠦᠷᠢ ᠣᠯᠭᠤᠬᠤ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵  ᠤᠷᠳᠤᠰ ᠬᠢᠶ᠎ᠠ ᠵᠠᠰᠠᠭ ᠲᠠᠷᠬᠠᠭᠠᠭᠰᠠᠨ ﹇2019﹈ 53 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃    ︵ᠬᠤᠶᠠᠷ︶ ᠲᠣᠰ ᠠᠷᠭ᠎ᠠ ᠶᠢᠨ ᠬᠦᠴᠦᠨ ᠲᠠᠢ ᠬᠤᠭᠤᠴᠠᠭᠠᠨ ᠳᠤ᠂ ᠬᠠᠤᠯᠢ ᠴᠠᠭᠠᠵᠠ ᠬᠠᠤᠯᠢ ᠳᠦᠷᠢᠮ ᠵᠢᠴᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ ᠥᠨᠳᠥᠷ ᠨᠠᠰᠤᠨ ᠤ ᠨᠡᠮᠡᠭᠦᠷᠢ ᠣᠯᠭᠤᠬᠤ ᠪᠠᠷᠢᠮᠵᠢᠶ᠎ᠠ᠂ ᠣᠯᠭᠤᠬᠤ ᠳᠠᠷᠠᠭᠠᠯᠠᠯ᠂ ᠡᠳ᠋ ᠤᠨ ᠵᠠᠰᠠᠭ ᠤᠨ ᠬᠤᠪᠢᠳᠠᠨ ᠡᠭᠦᠷᠭᠡᠯᠡᠬᠦ ᠬᠠᠷᠢᠴᠠᠯ᠂ ᠬᠢᠷᠢ ᠬᠡᠮ ᠢ ᠭᠡᠷᠡᠴᠢᠯᠡᠬᠦ  ᠳᠠᠷᠠᠭᠠᠯᠠᠯ ᠵᠡᠷᠭᠡ ᠳᠤ ᠲᠣᠬᠢᠷᠠᠭᠤᠯᠤᠯᠲᠠ ᠬᠢᠬᠦ ᠴᠢᠬᠤᠯᠠᠲᠠᠢ᠂ ᠲᠣᠰ ᠠᠷᠭ᠎ᠠ ᠳᠤ ᠵᠢᠭᠰᠠᠭᠠᠭᠰᠠᠨ ᠬᠠᠮᠢᠶ᠎ᠠ ᠪᠦᠬᠦᠢ ᠠᠭᠤᠯᠭ᠎ᠠ ᠳᠤ ᠲᠣᠭᠲᠠᠭᠠᠯ ᠶᠣᠰᠣᠭᠠᠷ ᠠᠶᠠᠨᠳᠠᠭᠠᠨ ᠲᠣᠬᠢᠷᠠᠭᠤᠯᠤᠯᠲᠠ ᠬᠢᠵᠦ᠂  ᠤᠨᠴᠠᠭᠠᠢ ᠪᠠᠶᠢᠳᠠᠯ ᠦᠭᠡᠢ ᠪᠣᠯ ᠳᠠᠭᠢᠵᠤ ᠠᠰ ᠲᠤᠨᠢ ᠪᠢᠴᠢᠭ ᠮᠠᠲ᠋ᠧᠷᠢᠶᠠᠯ ᠶᠠᠪᠤᠭᠤᠯᠬᠤ ᠦᠭᠡᠢ᠃    ︵ᠭᠤᠷᠪᠠ︶ ᠲᠣᠰ ᠠᠷᠭ᠎ᠠ ᠶᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ  ᠠᠴᠠ ᠬᠠᠷᠢᠭᠤᠴᠠᠨ ᠲᠠᠶᠢᠯᠪᠤᠷᠢᠯᠠᠨ᠎ᠠ᠃ 
ᠢᠷᠡᠯᠲᠡ᠄ ᠲᠤᠰ ᠰᠦᠯᠵᠢᠶ᠎ᠡ