ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠠᠬᠢᠴᠠ ᠵᠢᠴᠢ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2023/6/6
      ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ      ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠠᠬᠢᠴᠠ ᠵᠢᠴᠢ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠷᠭ᠎ᠠ‌‍ᠬᠡᠮᠵᠢᠶ᠎ᠡ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ      ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠪᠠ      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠤᠯᠢ ︵ᠡᠬᠡ ᠨᠣᠣᠷᠠᠭ ︶ ︾ ᠶᠢ ᠶᠠᠷᠢᠯᠴᠠᠵᠤ ᠵᠠᠷᠴᠢᠮ ᠳᠡᠭᠡᠷ᠎ᠡ ᠪᠠᠨ ᠪᠠᠲᠤᠯᠠᠪᠠ        6 ᠳ᠋ᠤᠭᠠᠷ ᠰᠠᠷ᠎ᠠ ᠶᠢᠨ 2 ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠠᠬᠢᠴᠠ ᠵᠢᠴᠢ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠵᠤ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠤᠯᠢ ︵ᠡᠬᠡ ᠨᠣᠣᠷᠠᠭ ︶︾ ᠶᠢ ᠶᠠᠷᠢᠯᠴᠠᠵᠤ ᠵᠠᠷᠴᠢᠮ ᠳᠡᠭᠡᠷ᠎ᠡ ᠪᠠᠨ ᠪᠠᠲᠤᠯᠠᠪᠠ᠃        ᠬᠤᠷᠠᠯ ᠠᠴᠠ ᠵᠢᠭᠠᠵᠤ ᠭᠠᠷᠭᠠᠭᠰᠠᠨ ᠨᠢ ᠂ ᠡᠨᠡ ᠵᠢᠯ ᠠᠴᠠ ᠨᠠᠭᠠᠰᠢ ᠮᠠᠨ ᠤ ᠤᠯᠤᠰ ᠤᠨ ᠠᠵᠤ ᠠᠬᠤᠢ ᠶᠢᠨ ᠠᠵᠢᠯᠯᠠᠭᠠᠨ ᠰᠠᠶᠢᠨ ᠡᠬᠢᠯᠡᠯᠲᠡ ᠲᠠᠢ ᠪᠣᠯᠤᠭᠰᠠᠨ ᠪᠣᠯᠪᠠᠴᠤ ᠠᠵᠤ ᠠᠬᠤᠢ ᠶᠢᠨ ᠰᠡᠷᠭᠦᠯᠲᠡ ᠶᠢᠨ ᠰᠠᠭᠤᠷᠢ ᠬᠠᠷᠠᠬᠠᠨ ᠪᠠᠲᠤ ᠪᠠᠬᠢ ᠪᠢᠰᠢ ᠪᠠᠶᠢᠭᠰᠠᠭᠠᠷ ᠶᠤᠮ ᠃ ᠵᠠᠬ᠎ᠠ ᠳᠡᠯᠭᠡᠭᠦᠷᠴᠢᠯᠡᠭᠰᠡᠨ ᠂ ᠬᠠᠤᠯᠢᠵᠢᠭᠰᠠᠨ᠂ ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠪᠤᠢ ᠪᠣᠯᠭᠠᠬᠤ ᠶᠢ ᠴᠢᠬᠤᠯᠠ ᠪᠠᠶᠢᠷᠢᠨ ᠳᠤ ᠲᠠᠯᠪᠢᠵᠤ ᠂ ᠨᠡᠶᠢᠭᠡᠮ ᠤᠨ ᠵᠢᠱᠢᠯᠲᠡ ᠶᠢ ᠤᠯᠠᠮ‌‍ᠴᠢᠨᠠᠭᠰᠢᠳᠠ ᠲᠣᠭᠲᠠᠪᠤᠷᠢᠵᠢᠭᠤᠯᠤᠨ᠂ ᠬᠥᠭᠵᠢᠯᠲᠡ ᠶᠢᠨ ᠢᠲᠡᠭᠡᠯ ᠢ ᠳᠠᠶᠢᠴᠢᠯᠠᠵᠤ ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ‌ᠠᠬᠤᠢ ᠶᠢᠨ ᠠᠵᠢᠯᠯᠠᠭᠠᠨ ᠤ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠲᠤᠰᠬᠠᠭᠰᠠᠨ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠪᠣᠳᠠᠲᠤ ᠬᠡᠷᠡᠭᠴᠡᠭᠡ ᠠᠴᠠ ᠡᠭᠦᠰᠴᠦ ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠤᠭᠤᠯᠬᠤ ᠶᠢ ᠠᠭᠤᠵᠢᠭᠤ ᠲᠠᠯᠪᠢᠬᠤ᠂ ᠭᠤᠣᠯᠴᠢ ᠥᠷᠢᠰᠦᠯᠳᠦᠭᠡᠨ ᠢ ᠠᠬᠢᠭᠤᠯᠬᠤ ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢ ᠬᠠᠮᠠᠭᠠᠯᠠᠬᠤ ᠂ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠬᠤ ᠵᠡᠷᠭᠡ ᠲᠠᠯ᠎ᠠ ᠪᠠᠷ ᠬᠠᠨᠳᠤᠯᠭᠠᠲᠤ ᠴᠢᠨᠠᠷ ᠢᠶᠠᠷ ᠴᠢᠩᠭ᠎ᠠ ᠂ ᠦᠨᠡᠨ ᠬᠦ‌‍ᠬᠡᠷᠡᠭᠯᠡᠭᠦᠰᠢᠲᠡᠢ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠦᠯᠦᠭ ᠤᠳᠠᠭ᠎ᠠ ᠬᠤᠪᠢᠶᠠᠨ ᠲᠦᠷᠭᠡᠪᠴᠢᠯᠡᠨ ᠨᠡᠶᠢᠲᠡᠯᠡᠬᠦ ᠶᠢᠨ ᠬᠠᠮᠲᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ ᠂ ᠲᠦᠷᠦ ᠶᠢᠨ ᠪᠣᠳᠣᠯᠭ᠎ᠠ ᠶᠢᠨ ᠪᠦᠲᠦᠮᠵᠢᠲᠦ ᠴᠢᠨᠠᠷ ᠢ ᠦᠨᠡᠨ ᠬᠦ ᠴᠢᠩᠭᠠᠷᠠᠭᠤᠯᠬᠤ ᠬᠡᠷᠡᠭᠲᠡᠢ᠃ ᠦᠢᠯᠡᠴᠢᠯᠡᠭᠡᠨ ᠤ ᠤᠬᠠᠮᠰᠠᠷ ᠢᠶᠠᠨ ᠬᠦᠴᠦᠯᠡᠨ ᠴᠢᠩᠭᠠᠳᠬᠠᠵᠤ ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠲᠦᠭᠵᠢᠷᠡᠯ ᠢ ᠨᠠᠪᠲᠠᠷᠡᠭᠦᠯᠵᠦ ᠂ ᠲᠦᠷᠦ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ ᠂ ᠠᠵᠤ ᠠᠬᠤᠶᠢᠯᠠᠯ ᠢ ᠨᠡᠩ ᠤᠯᠠᠨ ᠦᠨᠡᠨ ᠪᠣᠳᠠᠲᠠᠢ ᠬᠦᠷᠲᠡᠭᠡᠮᠵᠢ ᠶᠢᠨ ᠲᠥᠷᠥᠭᠳᠡᠯ ᠲᠠᠢ ᠪᠣᠯᠭᠠᠬᠤ ᠬᠡᠷᠡᠭᠲᠡᠢ ᠭᠡᠵᠡᠢ᠃        ᠬᠤᠷᠠᠯ ᠠᠴᠠ ᠵᠢᠭᠠᠵᠤ ᠭᠠᠷᠭᠠᠭᠰᠠᠨ ᠨᠢ ᠂ ᠰᠢᠨ᠎ᠡ ᠡᠨᠧᠷᠭᠢ ᠶᠢᠨ ᠮᠠᠰᠢᠨ ᠲᠡᠷᠭᠡ ᠪᠣᠯ ᠮᠠᠰᠢᠨ ᠲᠡᠷᠭᠡᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ‌‍ᠲ᠋ᠡᠰ ᠳᠡᠪᠰᠢᠭᠦᠯᠬᠦ ᠭᠤᠣᠯ ᠴᠢᠭᠯᠡᠯ ᠪᠠᠶᠢᠵᠤ ᠂ ᠬᠥᠭᠵᠢᠯᠲᠡ ᠶᠢᠨ ᠣᠷᠣᠨ ᠵᠠᠢ ᠮᠠᠰᠢ ᠥᠷᠭᠡᠨ ᠠᠭᠤᠳᠠᠮ ᠶᠤᠮ ᠃ ᠰᠢᠨ᠎ᠡ ᠡᠨᠧᠷᠭᠢ ᠶᠢᠨ ᠮᠠᠰᠢᠨ ᠲᠡᠷᠭᠡᠨ ‍ᠦ‌‍ᠬᠥ᠋ᠭᠵᠢᠯᠲᠡ ᠶᠢᠨ ᠳᠠᠪᠠᠭᠤᠯᠢᠭ ᠢ ᠪᠠᠬᠢᠵᠢᠭᠦᠯᠦᠨ ᠥᠷᠭᠡᠳᠬᠡᠵᠦ ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠂ ᠬᠥᠳᠡᠯᠭᠡᠭᠴᠢ ᠬᠦᠴᠦᠨ ᠤ ᠳ᠋ᠢᠶᠠᠨ ᡂᠢ ᠶᠢᠨ ᠰᠢᠰᠲ᠋ᠧᠮ ᠂ ᠰᠢᠨ᠎ᠡ ᠬᠡᠯᠪᠡᠷᠢ ᠶᠢᠨ ᠠᠷᠠᠯ ᠤᠨ ᠪᠦᠲᠦᠴᠡ ᠂ ᠣᠶᠤᠨᠴᠢ ᠵᠢᠯᠤᠭᠤᠳᠬᠤ ᠲᠣᠭᠲᠠᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠴᠢᠩᠭᠠᠳᠬᠠᠵᠤ ᠂ ᠤᠯᠤᠰ ᠤᠨ ᠳᠣᠲᠣᠭᠠᠳᠤ ᠶᠢᠨ ᠪᠠ ᠤᠯᠠᠨ ᠤᠯᠤᠰ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠨᠢᠭᠡᠳᠦᠯᠲᠡᠢ ᠲᠥᠯᠥᠪᠯᠡᠨ ᠂ ᠬᠥᠳᠡᠯᠭᠡᠭᠴᠢ ᠬᠦᠴᠦᠨ ᠤ ᠳ᠋ᠢᠶᠠᠨ ᡂᠢ ᠵᠢ‌ᠡᠭᠡᠭᠦᠯᠦᠨ ᠬᠤᠷᠢᠶᠠᠵᠤ ᠠᠰᠢᠭᠯᠠᠬᠤ ᠲᠣᠭᠲᠠᠯᠴᠠᠭ᠎ᠠ ᠶᠢ ᠪᠦᠷᠢᠨᠰᠢᠭᠦᠯᠵᠦ ᠂ ︽ ᠲᠡᠷᠭᠡ ᠡᠨᠧᠷᠭᠢ ᠵᠠᠮ ᠤᠨ ᠡᠭᠦᠯᠡᠨ ᠲᠠᠪᠴᠠᠩ︾ ᠤᠨ ᠠᠭᠤᠰᠤᠯᠴᠠᠨ ᠬᠥᠭᠵᠢᠭᠰᠡᠨ ᠠᠵᠤ ᠦᠢᠯᠡᠰ ᠤᠨ ᠠᠮᠢ ᠠᠬᠤᠢ ᠶᠢ ᠪᠠᠶᠢᠭᠤᠯᠵᠤ ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤᠶᠢᠴᠠ ᠴᠢᠳᠠᠪᠤᠷᠢ ᠪᠠ ᠪᠣᠬᠢᠷᠲᠤᠯ‌ᠦᠭᠡᠢ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠵᠢ‌ᠬᠠᠰᠤᠵᠤ ᠬᠡᠯᠲᠦᠷᠢᠭᠦᠯᠬᠦ ᠲᠦᠷᠦ ᠶᠢᠨ ᠪᠣᠳᠣᠯᠭ᠎ᠠ ᠶᠢ ᠦᠷᠭᠦᠯᠵᠢᠯᠡᠭᠦᠯᠬᠦ ᠪᠠ ᠰᠢᠯᠢᠳᠡᠭᠵᠢᠭᠦᠯᠵᠦ ᠂ ᠴᠠᠬᠢᠯᠭᠠᠨ ᠴᠡᠨᠡᠭᠯᠡᠬᠦ ᠴᠢᠨᠠᠷ ᠰᠠᠶᠢᠲᠠᠢ ᠰᠠᠭᠤᠷᠢ ᠪᠡᠯᠡᠳᠬᠡᠮᠵᠢ ᠶᠢᠨ ᠲᠣᠭᠲᠠᠯᠴᠠᠭ᠎ᠠ ᠶᠢ ᠪᠠᠶᠢᠭᠤᠯᠵᠤ ᠂ ᠵᠠᠬ᠎ᠠ ᠳᠡᠯᠭᠡᠭᠦᠷ ᠤᠨ ᠵᠢᠱᠢᠯᠲᠡ ᠶᠢ ᠤᠯᠠᠮ ᠴᠢᠨᠠᠭᠰᠢᠳᠠ ᠲᠣᠭᠲᠠᠪᠤᠷᠢᠵᠢᠭᠤᠯᠤᠨ ᠂ ᠬᠡᠷᠡᠭᠯᠡᠭᠡᠨ ᠤ ᠣᠷᠴᠢᠨ ᠨᠦᠬᠦᠴᠡᠯ ᠢ ᠰᠢᠯᠢᠳᠡᠭᠵᠢᠭᠦᠯᠵᠦ ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ ᠶᠢᠨ ᠳᠠᠯᠳᠠ ᠬᠦᠴᠦᠨ ᠢ ᠨᠡᠩ ᠶᠡᠭᠡ ᠪᠠᠷ ᠪᠠᠳᠠᠷᠠᠭᠤᠯᠬᠤ ᠬᠡᠷᠡᠭᠲᠡᠢ ᠭᠡᠵᠡᠢ᠃        ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠤᠯᠢ ︵ ᠡᠬᠡ ᠨᠣᠣᠷᠠᠭ ︶︾  ᠶᠢ ᠶᠠᠷᠢᠯᠴᠠᠨ ᠵᠠᠷᠴᠢᠮ ᠳᠡᠭᠡᠷ᠎ᠡ ᠪᠠᠨ ᠪᠠᠲᠤᠯᠠᠵᠤ ᠂ ᠡᠬᠡ ᠨᠣᠣᠷᠠᠭ ᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ‍ᠤᠨ‌‍ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠶᠠᠷᠢᠯᠴᠠᠭᠤᠯᠬᠤ ᠪᠠᠷ ᠲᠣᠭᠲᠠᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠣᠯ ᠨᠠᠰᠤᠨ ᠲᠤᠷᠰᠢ ᠶᠢᠨ ᠰᠤᠷᠭᠠᠨ ᠬᠥᠮᠦᠵᠢᠯ ᠤᠨ ᠡᠬᠢᠯᠡᠯᠲᠡ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠴᠢᠬᠤᠯᠠ ᠦᠢᠯᠡᠰ ᠮᠥᠨ ᠃ ᠡᠨᠡ ᠨᠢ ᠲᠦᠭ ᠲᠦᠮᠡᠨ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠬᠤᠯᠪᠣᠭᠳᠠᠬᠤ ᠪᠣᠯᠬᠤᠷ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠬᠤ  ᠨᠢ ᠲᠤᠶᠢᠯ ᠤᠨ ᠴᠢᠬᠤᠯᠠ ᠶᠤᠮ ᠃ ᠣᠳᠣᠬᠠᠨ ᠤ ᠪᠠ ᠠᠯᠤᠰ ᠬᠡᠲᠦ ᠶᠢ ᠨᠢᠭᠡᠳᠦᠯᠲᠡᠢ ᠲᠥᠯᠥᠪᠯᠡᠵᠦ ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠠᠬᠢᠴᠠ ᠪᠠ ᠰᠤᠷᠭᠠᠭᠤᠯᠢ ᠶᠢᠨ ᠨᠠᠰᠤᠨ ᠤ ᠬᠥᠮᠥᠨ ᠠᠮᠠ ᠶᠢᠨ ᠬᠤᠪᠢᠷᠠᠯᠲᠠ ᠶᠢᠨ ᠬᠠᠨᠳᠤᠰᠢ ᠶᠢ ᠦᠨᠳᠦᠰᠦᠯᠡᠨ ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ‌‍ᠬᠥ᠋ᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ ᠂ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ‌ᠬᠠᠩᠭᠠᠬᠤ ᠶᠢᠨ ᠬᠠᠮᠲᠤ ᠡᠬᠢ ᠪᠠᠶᠠᠯᠢᠭ ᠢ ᠪᠦᠷᠢᠯᠭᠡᠬᠦ ᠠᠴᠠ ᠵᠠᠶᠢᠯᠠᠰᠬᠢᠬᠦ ᠬᠡᠷᠡᠭᠲᠡᠢ ᠃ ᠡᠳ᠋ ᠤᠨ ᠵᠠᠰᠠᠭ ᠤᠨ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ ᠂ ᠰᠤᠷᠭᠠᠭᠤᠯᠢ  ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠠᠬᠢ ᠣᠷᠣᠭᠤᠯᠤᠯᠲᠠ ᠶᠢᠨ ᠬᠤᠪᠢ ᠶᠢᠨ ᠵᠢᠩ ᠢ ᠳᠡᠭᠡᠭᠰᠢᠯᠡᠭᠦᠯᠵᠦ ᠂ ᠬᠥᠳᠡᠭᠡ ᠲᠣᠰᠬᠤᠨ ᠤ ᠭᠠᠵᠠᠷ‌ᠣᠷᠣᠨ ᠂ ᠦᠨᠳᠦᠰᠦᠲᠡᠨ ᠤ ᠭᠠᠵᠠᠷ ᠣᠷᠣᠨ ᠳᠤ ᠬᠡᠯᠪᠡᠶᠢᠯᠭᠡᠬᠦ ᠡᠷᠴᠢᠮ ᠢᠶᠠᠨ ᠴᠢᠩᠭᠠᠷᠠᠭᠤᠯᠵᠤ ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠤᠯᠭ᠎ᠠ ᠵᠢᠨ‌ᠣᠷᠣ ᠶᠢᠨ ᠬᠠᠩᠭᠠᠯᠭ᠎ᠠ ᠶᠢ ᠨᠡᠮᠡᠭᠳᠡᠭᠦᠯᠵᠦ ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠰ ᠤᠨ ᠲᠦᠭᠡᠮᠡᠯᠵᠢᠭᠦᠯᠦᠯᠲᠡ ᠲᠦᠭᠡᠮᠡᠯ‌ᠬᠠᠷᠠᠭᠠᠯᠵᠠᠯ ᠂ ᠠᠮᠤᠷ ᠲᠦᠪᠰᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ ᠃        ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃      
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ