ᠲᠣᠭᠤᠷᠢᠭ ᠤᠨ ᠵᠠᠰᠠᠭ ᠤᠨ ᠣᠷᠳᠣᠨ 2023 ᠣᠨ ᠤ 11 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/6
          6 ᠰᠠᠷ᠎ᠠ ᠶᠢᠨ 5 ᠤ ᠡᠳᠦᠷ᠂ ᠲᠣᠭᠤᠷᠢᠭ ᠤᠨ ᠵᠠᠰᠠᠭ ᠤᠨ ᠣᠷᠳᠣᠨ 2023 ᠣᠨ ᠤ 11 ᠳ᠋ᠣᠭᠡᠷ ᠣᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠤᠷᠠᠯ ᠢ ᠡᠷᠭᠢᠯᠡᠪᠡ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠬᠢᠨᠠᠨ ᠪᠤᠳᠤᠬᠤ ᠵᠥᠪᠯᠡᠯ ᠤᠨ ᠠᠩᠬᠠᠳᠤᠭᠠᠷ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠤᠷᠢᠳᠤᠭᠠᠷ ᠬᠤᠭᠤᠴᠠᠭᠠᠨ ᠤ ᠲᠥᠪ ᠤᠨ ᠤᠯᠤᠰ ᠤᠨ ᠠᠮᠤᠷ ᠲᠦᠪᠰᠢᠨ ᠤ ᠵᠥᠪᠯᠡᠯ ᠤᠨ ᠠᠩᠬᠠᠳᠤᠭᠠᠷ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠡᠭᠡᠵᠢᠩ ᠤᠨ ᠢᠦᠢ ᠶᠢᠩ ᠰᠤᠷᠭᠠᠭᠤᠯᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠤᠨ 6 ᠰᠠᠷ᠎ᠠ ᠶᠢᠨ 2 ᠤᠨ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃       ᠬᠤᠷᠠᠯ ᠠᠴᠠ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠤᠯᠤᠰ ᠲᠦᠷᠦ ᠶᠢᠨ ᠪᠠᠶᠢᠭᠤᠯᠤᠯᠲᠠ᠂ ᠬᠠᠮᠲᠤᠪᠠᠷ ᠴᠢᠨᠡᠭᠡᠯᠢᠭᠵᠢᠬᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ᠂ ᠠᠶᠤᠯᠭᠦᠢ ᠦᠢᠯᠡᠳᠪᠦᠷᠢᠯᠡᠯ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ︽ᠬᠤᠣᠰ ᠨᠡᠭᠦᠷᠡᠰᠦᠲᠥ᠋ᠷᠥᠭᠴᠢ︾ ᠶᠢᠨ ᠪᠦᠳᠦᠭᠡᠨ ᠪᠠᠶᠢᠭᠤᠯᠤᠯᠲᠠ ᠵᠡᠷᠭᠡ ᠴᠢᠬᠤᠯᠠ ᠶᠡᠭᠡ ᠡᠭᠦᠷᠭᠡ ᠶᠢᠨ ᠲᠣᠭᠤᠷᠢᠨ ᠳᠤ᠂ ᠰᠢᠪᠲᠤᠯᠤᠯᠲᠠ ᠶᠢᠨ ᠴᠢᠨᠠᠷᠲᠠᠢ ᠬᠥᠭᠵᠢᠯᠲᠡ ᠶᠢᠨ ᠴᠢᠭᠯᠡᠯ ᠢ ᠬᠠᠷᠠᠭᠠᠯᠠᠨ᠂ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠡᠩ ᠤᠨ ᠠᠵᠢᠯ ᠢ ᠵᠣᠬᠢᠴᠠᠭᠤᠯᠤᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢᠯᠭᠠᠯᠲᠠ ᠲᠤᠰᠢᠶᠠᠬᠤ ᠤᠬᠠᠮᠰᠠᠷ ᠢ ᠪᠤᠢ ᠪᠣᠯᠭᠠᠨ᠂ ᠲᠣᠭᠲᠠᠭᠰᠠᠨ ᠠᠵᠢᠯ ᠢᠶᠠᠨ ᠶᠠᠭᠠᠬᠢᠭᠰᠠᠨ ᠴᠤ ᠠᠷᠭᠠᠴᠠᠬᠤ᠂ ᠠᠮᠠᠯᠳᠠᠭᠰᠠᠨ ᠵᠦᠢᠯᠡᠰ ᠢᠶᠠᠨ ᠦᠨᠡᠨ ᠬᠦ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃       ᠬᠤᠷᠠᠯ ᠠᠴᠠ ︽ᠬᠢᠶ᠎ᠠ ᠪᠠᠭᠰᠢ ᠲᠣᠭᠤᠷᠢᠭ ᠤᠨ ᠲᠡᠷᠢᠭᠦᠨ ᠤ ᠬᠢ ᠲᠠᠢ ᠬᠠᠷᠢᠴᠠᠭᠤᠯᠵᠤ ᠬᠤᠲᠠ ᠶᠢᠨ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠳᠡᠭᠡᠭᠰᠢᠯᠡᠭᠦᠯᠬᠦ ᠬᠡᠷᠡᠭᠵᠢᠭᠦᠯᠬᠦ ᠲᠥᠰᠦᠯ︾ ᠢ ᠰᠤᠳᠤᠯᠤᠨ ᠬᠢᠨᠠᠨ ᠵᠥᠪᠯᠡᠪᠡ᠃ 
ᠢᠷᠡᠯᠲᠡ᠄ ᠲᠣᠰ ᠰᠥᠯᠵᠢᠶ᠎ᠡ