ᠡᠲᠡᠭᠡᠷ ᠨᠢᠭᠡᠴᠡ ᠶᠢᠨ ᠨᠡᠷ᠎ᠡ ᠨᠢ 985 ᠶᠡᠭᠡ ᠳᠡᠭᠡᠳᠦ ᠰᠤᠷᠭᠠᠭᠤᠯᠢ ᠳᠤ ᠬᠤᠯᠪᠣᠭᠳᠠᠨ᠎ᠠ ᠬᠡᠨ᠎ᠡ ᠤᠤ︖ ᠬᠠᠮᠤᠭ ᠤᠨ ᠰᠢᠨ᠎ᠡ ᠮᠡᠳᠡᠭᠳᠡᠯ᠄ ᠬᠡᠷᠡᠭᠯᠡᠬᠦ ᠶᠢ ᠵᠣᠭᠰᠣᠭᠠᠨ᠎ᠠ︕
ᠨᠡᠶᠢᠲᠡᠯᠡᠭᠰᠡᠨ ᠴᠠᠭ᠄
2023/6/6
        6 ᠰᠠᠷ᠎ᠠ ᠶᠢᠨ 3 ᠤ ᠡᠳᠦᠷ᠂ ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ  ᠠᠯᠪᠠᠨ ᠰᠦᠯᠵᠢᠶ᠎ᠡ ᠳᠤ ︽ᠬᠠᠮᠢᠶ᠎ᠠ ᠪᠥᠬᠦᠶ ᠨᠢᠭᠡᠴᠡ ᠶᠢᠨ  ᠬᠠᠷᠪᠢᠨ ᠤ ᠠᠵᠤ ᠦᠢᠯᠡᠳᠪᠦᠷᠢ ᠶᠢᠨ ᠶᠡᠭᠡ  ᠰᠤᠷᠭᠠᠭᠤᠯᠢ ᠶᠢᠨ ᠨᠡᠷ᠎ᠡ ᠶᠢ ᠬᠡᠷᠡᠭᠯᠡᠬᠦ ᠶᠢ ᠵᠣᠭᠰᠣᠭᠠᠬᠤ ᠲᠤᠬᠠᠶ ᠠᠯᠪᠠᠨ ᠵᠠᠷ︾ ᠢ ᠨᠡᠶᠢᠲᠡᠯᠡᠵᠦ᠂ ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠮᠠᠰᠢᠨ ᠬᠥᠮᠦᠨ ᠢ ᠡᠤ ᠵᠣᠬᠢᠶᠠᠮᠠᠯ ᠣᠶᠤᠨ ᠴᠢᠳᠠᠪᠤᠷᠢ ᠶᠢᠨ ᠰᠤᠳᠤᠯᠭᠠᠨ ᠤ ᠬᠦᠷᠢᠶᠡᠯᠡᠩ ᠵᠡᠷᠭᠡ 11 ᠨᠢᠭᠡᠴᠡ ᠶᠢᠨ  ᠬᠢᠨ ᠤ ︽ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ︾ ᠭᠡᠬᠦ ᠨᠡᠷ᠎ᠡ ᠪᠠᠷ ᠨᠢᠭᠡᠴᠡ ᠶᠢᠨ ᠢᠶᠠᠨ ᠨᠡᠷᠡᠶᠢᠳᠦᠯ ᠪᠤᠯᠭᠠᠬᠰᠠᠨ ᠢ ᠵᠣᠭᠰᠣᠭᠠᠬᠤ ᠶᠢ ᠮᠡᠳᠡᠭᠳᠡᠪᠡ᠃                ᠬᠠᠷᠪᠢᠨ ᠤ ᠠᠵᠤ ᠦᠢᠯᠡᠳᠪᠦᠷᠢ ᠶᠢᠨ ᠶᠡᠭᠡ ᠬᠤᠷᠠᠯ ᠠᠴᠠ᠂ ᠥᠷᠭᠡᠨ ᠤᠯᠠᠨ ᠲᠦᠮᠡᠨ ᠪᠣᠯᠤᠨ ᠬᠤᠯᠪᠣᠭᠳᠠᠯ ᠪᠦᠬᠦᠢ ᠨᠢᠭᠡᠴᠡ ᠬᠠᠮᠢᠶ᠎ᠠ ᠪᠦᠬᠦᠢ ᠨᠢᠭᠡᠴᠡ  ᠲᠠᠢ ᠳᠠᠭᠠᠯᠳᠤᠭᠤᠯᠤᠯ ᠵᠦᠢᠯᠡᠰ ᠤᠨ ᠲᠠᠯ᠎ᠠ ᠪᠠᠷ  ᠬᠠᠮᠲᠤᠷᠠᠯᠴᠠᠭ᠎ᠠ ᠥᠷᠨᠢᠭᠦᠯᠬᠦ ᠳᠡᠭᠡᠨ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ  ᠰᠠᠶᠢᠲᠤᠷ  ᠬᠢᠵᠦ᠂  ᠪᠣᠯᠭᠤᠮᠵᠢᠲᠠᠢ  ᠬᠠᠮᠳᠤᠷᠠᠨ  ᠠᠵᠢᠯᠯᠠᠬᠤ ᠶᠢ ᠠᠩᠬᠠᠷᠴᠤ᠂ ᠲᠤᠰ ᠪᠡᠶ᠎ᠡ ᠶᠢᠨ ᠢᠶᠠᠨ ᠬᠠᠤᠯᠢ ᠶᠣᠰᠣᠨ ᠤ ᠡᠷᠬᠡ ᠠᠰᠢᠭ ᠬᠤᠬᠢᠷᠠᠯ ᠳᠤ ᠤᠴᠠᠷᠠᠬᠤ ᠠᠴᠠ ᠵᠠᠶᠢᠯᠠᠰᠬᠢᠬᠦ ᠬᠡᠷᠡᠭᠲᠡᠢ ᠭᠡᠵᠦ ᠴᠢᠬᠤᠯᠠᠴᠢᠯᠠᠪᠠ᠃                ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠬᠢᠨ ︽ᠬᠠᠷᠪᠢᠨ ᠤ ᠠᠵᠤ  ᠦᠢᠯᠡᠳᠪᠦᠷᠢ ᠶᠢᠨ ᠶᠡᠭᠡ ᠰᠤᠷᠭᠠᠭᠤᠯᠢ ︵哈工大)︾᠂ ︽ᠬᠠᠷᠪᠢᠨ ᠤ ᠠᠵᠤ ᠦᠢᠯᠡᠳᠪᠦᠷᠢ ᠶᠢᠨ  ᠶᠡᠭᠡ ᠰᠤᠷᠭᠠᠭᠤᠯᠢ(哈尔滨工业大学)︾ ᠭᠡᠬᠦ ᠨᠡᠷ᠎ᠡ ᠪᠠᠷ ᠨᠢᠭᠡᠴᠡ ᠶᠢᠨ ᠢᠶᠠᠨ ᠨᠡᠷᠡᠶᠢᠳᠦᠯ ᠪᠣᠯᠭᠠᠭᠰᠠᠨ ᠬᠠᠮᠢᠶ᠎ᠠ ᠪᠥᠬᠦᠶ ᠨᠢᠭᠡᠴᠡ ᠶᠢᠨ ᠨᠡᠷᠡᠰ ᠢ ᠬᠡᠷᠡᠭᠯᠡᠬᠦ ᠶᠢ ᠵᠣᠭᠰᠣᠭᠠᠬᠤ ᠪᠠᠷ ᠮᠡᠳᠡᠭᠳᠡᠪᠡ᠃                 1. ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠮᠠᠰᠢᠨ ᠬᠥᠮᠦᠨ  ᠢ  ᠦ᠋  ᠵᠣᠬᠢᠶᠠᠮᠠᠯ ᠣᠶᠤᠨ ᠴᠢᠳᠠᠪᠤᠷᠢ ᠶᠢᠨ ᠰᠤᠳᠤᠯᠭᠠᠨ ᠤ ᠬᠦᠷᠢᠶᠡᠯᠡᠩ                2. ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠮᠠᠰᠢᠨ ᠬᠥᠮᠦᠨ  ︵ᠱᠠᠨᠳᠦ᠋ᠩ︶ ᠤ ᠤᠶᠤᠨᠲᠤ ᠲᠣᠨᠣᠭᠯᠠᠯ ᠤᠨ ᠰᠤᠳᠤᠯᠭᠠᠨ ᠤ ᠬᠦᠷᠢᠶᠡᠯᠡᠩ                3. ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠮᠠᠰᠢᠨ ᠬᠥᠮᠦᠨ  ᠨᠠᠨᠴᠠᠩ ᠤᠨ ᠣᠶᠤᠨᠴᠢ ᠦᠢᠯᠡᠳᠬᠦ ᠶᠢ ᠰᠤᠳᠤᠯᠬᠤ ᠬᠦᠷᠢᠶᠡᠯᠡᠩ                4. ᠬᠠᠷᠪᠢᠨ ᠤ ᠠᠵᠤ ᠦᠢᠯᠡᠳᠪᠦᠷᠢ ᠶᠢᠨ ᠲᠣᠮᠣ ᠮᠠᠰᠢᠨ ᠬᠥᠮᠦᠨ ᠤ ᠪᠦᠯᠦᠭᠯᠡᠯ ︵ᠥᠰᠢ︶ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠰᠤᠳᠤᠯᠬᠤ ᠬᠦᠷᠢᠶᠡᠯᠡᠩ                5. ᠬᠠᠷᠪᠢᠨ ᠤ ᠠᠵᠤ ᠦᠢᠯᠡᠳᠪᠦᠷᠢ ᠶᠢᠨ ᠲᠣᠮᠣ ᠮᠠᠰᠢᠨ ᠬᠥᠮᠦᠨ ᠤ ᠪᠦᠯᠦᠭᠯᠡᠯ ︵ᠬᠠᠩᠵᠧᠦ  ᠪᠤᠯᠤᠩ︶ ᠤᠨ ᠣᠯᠠᠨ‌ᠤᠯᠤᠰ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ                6. ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠮᠠᠰᠢᠨ ᠬᠥᠮᠦᠨ ︵ᠶᠠᠩᠵᠸᠤ︶ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ                7. ᠬᠠᠷᠪᠢᠨ ᠤ ᠠᠵᠤ ᠦᠢᠯᠡᠳᠪᠦᠷᠢ ᠶᠢᠨ ᠲᠣᠮᠣ ᠮᠠᠰᠢᠨ ᠬᠥᠮᠦᠨ ︵ᠾᠧᠹᠧᠢ︶ ᠤ ᠣᠯᠠᠨ  ᠤᠯᠤᠰ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ                8. ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠮᠠᠰᠢᠨ ᠬᠥᠮᠦᠨ  ︵ᠶᠤᠸᠠᠢ  ᠶᠠᠩ︶ ᠤ ᠴᠡᠷᠢᠭ ᠠᠷᠠᠳ ᠤᠨ ᠬᠠᠮ ᠰᠤᠳᠤᠯᠭᠠᠨ ᠤ ᠬᠦᠷᠢᠶᠡᠯᠡᠩ                9. ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠮᠠᠰᠢᠨ ᠬᠥᠮᠦᠨ ︵ᠵᠥᠩ  ᠱᠠᠨ︶ ᠤ ᠵᠢᠯᠣᠭᠤᠴᠢ ᠥᠬᠡᠶ ᠲᠣᠨᠤᠭ ᠲᠥᠬᠦᠭᠡᠷᠦᠮᠵᠢ ᠪᠠ ᠵᠣᠬᠢᠶᠠᠮᠠᠯ ᠣᠶᠤᠨ ᠴᠢᠳᠠᠪᠤᠷᠢ ᠶᠢᠨ ᠰᠤᠳᠤᠯᠭᠠᠨ ᠤ ᠬᠦᠷᠢᠶᠡᠯᠡᠩ                10. ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠮᠠᠰᠢᠨ ᠬᠥᠮᠦᠨ  ᠬᠤᠵᠸᠦ ᠶᠢᠨ ᠣᠯᠠᠨ‌ᠤᠯᠤᠰ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ                11. ᠢ ᠪᠢᠨ ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠠᠵᠤ  ᠦᠢᠯᠡᠰ ᠤᠨ  ᠮᠡᠷᠭᠡᠵᠢᠯ ᠤᠨ ᠰᠤᠳᠤᠯᠭᠠᠨ ᠤ ᠬᠦᠷᠢᠶᠡᠯᠡᠩ
ᠢᠷᠡᠯᠲᠡ᠄ ᠠᠷᠠᠳ ᠤᠨ ᠰᠦᠯᠵᠢᠶ᠎ᠡ