ᠰᠡᠷᠡᠮᠵᠢ ᠲᠠᠢ ᠪᠠᠶᠢᠭᠠᠷᠠᠢ︕ ᠮᠠᠨ ᠤ ᠤᠯᠤᠰ ᠤᠨ 3 ᠳ᠋ᠦᠩᠰᠢᠭᠤᠷ ᠭᠠᠷᠤᠶ ᠬᠥᠮᠦᠨ ᠡᠶᠢᠮᠦ ᠡᠪᠡᠳᠴᠢᠨ ᠳᠤ ᠨᠡᠷᠪᠡᠭᠳᠡᠵᠡᠶ︕ ᠡᠮᠴᠢ ᠶᠢᠨ ᠰᠠᠨᠠᠭᠤᠯᠤᠮᠵᠢ
ᠨᠡᠶᠢᠲᠡᠯᠡᠭᠰᠡᠨ ᠴᠠᠭ᠄
2023/6/6
        ᠤᠯᠤᠰ ᠤᠨ ᠵᠢᠷᠦᠬᠡ ᠴᠢᠰᠤᠨ ᠰᠤᠳᠠᠯ ᠤᠨ ᠡᠪᠡᠳᠴᠢᠨ ᠤ ᠲᠥᠪ ᠤᠨ ᠪᠦᠷᠢᠳᠬᠡᠭᠰᠡᠨ ᠢᠶᠠᠷ᠂  ᠮᠠᠨ ᠤ ᠤᠯᠤᠰ ᠤᠨ ᠵᠢᠷᠦᠬᠡ ᠴᠢᠰᠤᠨ ᠰᠤᠳᠠᠯ ᠤᠨ ᠡᠪᠡᠳᠴᠢᠲᠡᠨ ᠤ ᠲᠤᠭ᠎ᠠ ᠨᠢᠭᠡᠨᠲᠡ 3.3 ᠳ᠋ᠦᠩᠰᠢᠭᠤᠷ ᠲᠤ ᠬᠦᠷᠴᠡᠶ᠃ ᠠᠭᠠᠭᠢᠮ᠎ᠠ ᠬᠠᠯᠠᠭᠤᠨ ᠵᠣᠨ ᠤ ᠤᠯᠠᠷᠢᠯ ᠳᠤ᠂ ᠵᠢᠷᠦᠬᠡ ᠴᠢᠰᠤᠨ ᠰᠤᠳᠠᠯ ᠤᠨ ᠡᠪᠡᠳᠴᠢᠲᠡᠨ ᠡᠳᠦᠷ ᠲᠤᠲᠤᠮ ᠤᠨ ᠰᠡᠷᠭᠡᠶᠢᠯᠡᠯᠲᠡ ᠪᠠᠨ ᠬᠡᠷᠬᠢᠨ ᠰᠠᠶᠢᠲᠤᠷ ᠬᠢᠵᠦ᠂ ᠠᠮᠤᠷ ᠲᠦᠪᠰᠢᠨ ᠢᠶᠠᠷ ᠵᠣᠨ ᠢ ᠥᠩᠭᠡᠷᠡᠭᠦᠯᠪᠡᠯ ᠵᠤᠬᠢᠯᠳᠠᠢ ᠪᠣᠶ︖                ᠲᠤᠰᠬᠠᠶ ᠮᠡᠷᠭᠡᠵᠢᠯᠲᠡᠨ ᠠᠴᠠ᠂ ᠵᠤᠨ ᠳᠠᠭᠠᠨ ᠵᠢᠷᠦᠬᠡ ᠴᠢᠰᠤᠨ ᠰᠤᠳᠠᠯ ᠤᠨ ᠡᠪᠡᠳᠴᠢᠲᠡᠨ ᠤ ᠡᠪᠡᠳᠴᠢᠨ ᠤ ᠪᠠᠶᠢᠳᠠᠯ ᠶᠡᠷᠦ ᠨᠢ ᠡᠪᠦᠯ ᠤᠨ ᠬᠢ ᠠᠴᠠ ᠪᠠᠨ ᠬᠥᠩᠭᠡᠨ ᠰᠢᠭ ᠪᠠᠶᠢᠳᠠᠭ᠂ ᠭᠡᠪᠡᠴᠦ ᠡᠪᠡᠳᠴᠢᠲᠡᠨ ᠬᠥᠩᠭᠡᠨ ᠬᠠᠭᠤᠳᠠᠮ ᠢᠶᠠᠷ ᠬᠠᠨᠳᠤᠵᠤ ᠪᠣᠯᠬᠤ ᠥᠬᠡᠶ᠃ ᠵᠤᠨ ᠤ ᠤᠯᠠᠷᠢᠯ ᠤᠨ ᠠᠭᠤᠷ ᠠᠮᠢᠰᠬᠤᠯ ᠪᠦᠭᠴᠢᠮ ᠬᠠᠯᠠᠭᠤᠨ ᠪᠤᠯᠬᠤᠷ ᠵᠢᠷᠦᠬᠡ ᠴᠢᠰᠤᠨ ᠰᠤᠳᠠᠯ ᠤᠨ ᠡᠪᠡᠳᠴᠢᠨ ᠲᠠᠢ ᠬᠥᠮᠦᠨ ᠤ ᠰᠡᠳᠬᠢᠯ ᠰᠠᠨᠠᠭ᠎ᠠ ᠠᠮᠠᠷᠬᠠᠨ ᠪᠤᠬᠢᠨᠢᠳᠤᠬᠤ᠂  ᠪᠠᠴᠢᠮᠳᠠᠬᠤ ᠮᠥᠷᠲᠡᠭᠡᠨ ᠤᠨᠲᠠᠬᠤ  ᠪᠠᠷ ᠮᠠᠭᠤ ᠪᠠᠶᠢᠳᠠᠭ᠂ ᠡᠭᠦᠨ ᠠᠴᠠ ᠪᠤᠯᠵᠤ ᠴᠢᠰᠤᠨ ᠳᠠᠷᠤᠯᠲᠠ ᠥᠨᠳᠥᠷᠵᠢᠬᠦ᠂ ᠵᠢᠷᠦᠬᠡᠨ ᠴᠣᠬᠢᠯᠭ᠎ᠠ ᠬᠡᠪ ᠤᠨ ᠪᠠᠶᠢᠳᠠᠯ ᠢᠶᠠᠨ  ᠠᠯᠳᠠᠬᠤ ᠵᠡᠷᠭᠡ ᠰᠢᠨᠵᠢ ᠢᠯᠡᠷᠡᠯ ᠭᠠᠷᠳᠠᠭ᠃                ᠶᠠᠳᠠᠷᠠᠬᠤ ᠠᠴᠠ ᠬᠢᠴᠢᠶᠡᠭᠦ ᠭᠡᠷᠡᠭᠳᠡᠢ᠂ ᠡᠭᠦᠨ ᠠᠴᠠ ᠭᠠᠳᠠᠨ᠎ᠠ ᠡᠷᠴᠢᠮ ᠬᠦᠴᠦᠳᠡᠢ ᠰᠢᠷᠦᠭᠦᠨ  ᠬᠥᠳᠡᠯᠭᠡᠭᠡᠨ ᠨᠢ ᠲᠦᠷᠭᠡᠨ ᠴᠢᠨᠠᠷᠲᠠᠢ ᠵᠢᠷᠦᠬᠡ ᠴᠢᠰᠤᠨ ᠰᠤᠳᠠᠯ ᠤᠨ ᠡᠪᠡᠳᠴᠢᠨ ᠢ ᠡᠭᠦᠰᠭᠡᠵᠦ ᠮᠡᠳᠡᠨ᠎ᠡ᠃                ᠲᠠᠮᠢᠷᠴᠢᠨ ᠪᠤᠶᠤ ᠪᠡᠶ᠎ᠡ ᠲᠠᠮᠢᠷ ᠤᠨ ᠪᠣᠯᠪᠠᠰᠤᠷᠠᠯ ᠬᠢᠭᠰᠡᠳ ᠬᠥᠳᠡᠯᠭᠡᠭᠡᠨ ᠤ ᠳᠤᠮᠳᠠ ᠪᠤᠶᠤ  ᠬᠥᠳᠡᠯᠭᠡᠭᠡᠨ ᠤ ᠳᠠᠷᠠᠭ᠎ᠠ 24 ᠴᠠᠭ ᠤᠨ ᠳᠣᠲᠣᠷ᠎ᠠ ᠰᠠᠨᠠᠭᠠᠨ ᠳᠤ ᠦᠭᠡᠶ ᠥᠭᠦᠬᠦ ᠶᠠᠪᠤᠳᠠᠯ ᠭᠠᠷᠳᠠᠭ᠂  ᠡᠭᠦᠨ ᠢ ᠠᠨᠠᠭᠠᠬᠤ ᠤᠬᠠᠭᠠᠨ ᠳᠤ ︽ᠬᠥᠳᠡᠯᠭᠡᠭᠡᠨ ᠤ ᠴᠢᠨᠠᠷᠲᠠᠶ ᠭᠡᠨᠡᠳᠲᠡ ᠶᠢᠨ ᠦᠬᠦᠯ︾ ᠭᠡᠳᠡᠭ᠃ ᠰᠤᠳᠤᠯᠭᠠᠨ ᠢᠶᠠᠷ ᠲᠠᠮᠵᠢᠨ᠂ ᠮᠠᠷᠠᠰᠤᠨ ᠤᠷᠤᠯᠳᠤᠭᠠᠨ ᠠᠴᠠ ᠪᠤᠯᠵᠤ ᠭᠡᠨᠡᠳᠲᠡ ᠦᠬᠦᠭᠰᠡᠨ ᠬᠥᠮᠦᠰ ᠤᠨ ᠲᠤᠳᠤᠷ᠎ᠠ ᠲᠤᠰᠬᠠᠶ ᠮᠡᠷᠭᠡᠵᠢᠯ ᠤᠨ ᠪᠤᠰᠤ ᠡᠷᠡᠭᠲᠡᠶ ᠲᠠᠮᠢᠷᠴᠢᠨ ᠢᠶᠠᠷ ᠭᠤᠤᠯᠯᠠᠵᠤ ᠪᠠᠶᠢᠬᠤ ᠶᠢ ᠣᠯᠵᠤ ᠮᠡᠳᠡᠵᠡᠢ᠃ ᠲᠤᠰᠬᠠᠶ ᠮᠡᠷᠭᠡᠵᠢᠯᠲᠡᠨ ᠠᠴᠠ᠂ ᠮᠠᠷᠠᠰᠤᠨ ᠤᠷᠤᠯᠳᠤᠭᠠᠨ ᠵᠡᠷᠭᠡ ᠲᠦᠢᠯ ᠤᠨ  ᠳᠠᠭᠠᠭᠠᠮᠠᠭᠠᠶ ᠬᠥᠳᠡᠯᠭᠡᠭᠡᠨ ᠳᠤ ᠣᠷᠣᠯᠴᠠᠬᠤ ᠬᠥᠮᠦᠰ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠮᠡᠷᠭᠡᠵᠢᠯ ᠤᠨ ᠪᠠᠶᠢᠭᠤᠯᠤᠮᠵᠢ ᠳᠤ ᠬᠦᠷᠴᠦ ᠲᠦᠭᠰᠢᠭᠦᠷᠢ ᠶᠢᠨ ᠦᠨᠡᠯᠡᠯᠲᠡ ᠬᠢᠯᠭᠡᠬᠦ ᠬᠡᠷᠡᠭᠲᠡᠶ ᠭᠡᠵᠦ ᠰᠠᠨᠠᠭᠤᠯᠪᠠ᠃        ᠳᠤᠮᠳᠠᠳᠤ ᠶᠢᠨ ᠠᠨᠠᠭᠠᠬᠤ ᠤᠬᠠᠭᠠᠨ ᠤ ᠨᠡᠶᠢᠭᠡᠮᠯᠢᠭ ᠤᠨ ᠵᠢᠷᠦᠬᠡ ᠴᠢᠰᠤᠨ ᠰᠤᠳᠠᠯ ᠤᠨ ᠡᠪᠡᠳᠴᠢᠨ ᠤ ᠰᠤᠳᠤᠯᠤᠯ ᠤᠨ ᠬᠤᠪᠢᠶᠠᠷᠢ ᠨᠡᠶᠢᠭᠡᠮᠯᠢᠭ ᠤᠨ ᠭᠡᠰᠢᠭᠦᠨ ᠸᠠᠩ ᠹᠠᠩ᠄ ᠡᠮᠨᠡᠯᠭᠡ ᠳᠤ ᠬᠦᠷᠴᠦ ᠵᠢᠷᠦᠬᠡ ᠠᠭᠤᠰᠬᠢᠨ ᠤ ᠳᠠᠭᠠᠭᠠᠮᠠᠭᠠᠶ ᠬᠥᠳᠡᠯᠭᠡᠭᠡᠨ ᠤ ᠰᠢᠯᠭᠠᠠ ᠪᠠᠶᠢᠴᠠᠭᠠᠯᠳᠠ ᠬᠢᠯᠭᠡᠬᠦ ᠶᠢ ᠰᠠᠨᠠᠭᠤᠯᠤᠶ᠎ᠠ᠂ ᠰᠢᠯᠭᠠᠠ ᠪᠠᠶᠢᠴᠠᠭᠠᠯᠳᠠ ᠬᠢᠯᠭᠡᠪᠡᠯ ᠬᠠᠮᠤᠭ ᠤᠨ ᠥᠨᠳᠥᠷ ᠬᠦᠴᠢᠯᠲᠥ᠋ᠷᠥᠭᠴᠢ ᠰᠢᠩᠭᠡᠭᠡᠬᠦ ᠬᠡᠮᠵᠢᠶ᠎ᠡ ᠨᠢ ᠬᠡᠳᠦᠶ ᠪᠠᠶᠢᠬᠤ᠂ ᠬᠦᠴᠢᠯᠲᠥ᠋ᠷᠥᠭᠴᠢ ᠥᠬᠡᠶ ᠵᠠᠭᠠᠭ ᠤᠨ ᠬᠦᠴᠢᠯᠲᠥ᠋ᠷᠥᠭᠴᠢ ᠰᠢᠩᠭᠡᠭᠡᠬᠦ ᠬᠡᠮᠵᠢᠶ᠎ᠡ ᠨᠢ ᠬᠡᠳᠦᠶ ᠪᠠᠶᠢᠬᠤ ᠶᠢ ᠣᠯᠵᠤ ᠬᠠᠷᠠᠵᠤ ᠪᠣᠯᠤᠨ᠎ᠠ᠂ ᠬᠠᠮᠤᠭ ᠤᠨ ᠴᠢᠬᠤᠯᠠ ᠨᠢ ᠬᠥᠳᠡᠯᠭᠡᠭᠡᠨ ᠬᠢᠬᠦ ᠳᠤᠮᠳᠠ ᠴᠢᠨᠦ ᠵᠢᠷᠦᠬᠡᠨ ᠪᠤᠯᠴᠢᠩ ᠳᠤ ᠴᠢᠰᠤ ᠳᠤᠲᠠᠬᠤ᠂ ᠴᠢᠰᠤᠨ ᠳᠠᠷᠤᠯᠲᠠ ᠦᠨᠳᠦᠷᠵᠢᠬᠦ᠂ ᠵᠢᠷᠦᠬᠡᠨ ᠴᠣᠬᠢᠯᠭ᠎ᠠ  ᠬᠡᠪ ᠤᠨ ᠪᠠᠶᠢᠳᠠᠯ ᠢᠶᠠᠨ ᠠᠯᠳᠠᠬᠤ ᠵᠡᠷᠭᠡ ᠲᠦᠭᠰᠢᠭᠦᠷᠢ ᠪᠠᠶᠢᠬᠤ ᠡᠰᠡᠬᠦ ᠶᠢ ᠰᠢᠯᠭᠠᠨ ᠪᠠᠶᠢᠴᠠᠭᠠᠬᠤ ᠪᠣᠯᠤᠨ᠎ᠠ ᠬᠡᠪᠡ᠃
ᠢᠷᠡᠯᠲᠡ᠄ ᠠᠷᠠᠳ ᠤᠨ ᠰᠦᠯᠵᠢᠶ᠎ᠡ