ᠦᠨᠳᠦᠰᠦᠲᠡᠨ ᠤ ᠪᠦᠯᠬᠦᠮᠳᠡᠯ ᠢ ᠬᠡᠦᠬᠡᠳ ᠠᠴᠠ ᠡᠬᠢᠯᠡᠨ ᠠᠳᠬᠤᠶ᠎ᠠ
ᠨᠡᠶᠢᠲᠡᠯᠡᠭᠰᠡᠨ ᠴᠠᠭ᠄
2023/6/6
                          — ︽ᠵᠢᠱᠢᠶᠡᠴᠢ ᠦᠪᠡᠷᠳᠡᠭᠡᠨ ᠵᠠᠰᠠᠬᠤ ᠤᠷᠤᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠡᠭᠦᠷᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠲᠦᠷᠪᠠᠨᠲᠡ ᠦᠭᠦᠯᠡᠬᠦ ᠨᠢ                   ᠬᠢᠶ᠎ᠠ ᠪᠠᠭᠰᠢ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ︽ᠠᠨᠠᠷ ᠤᠨ ᠦᠷ᠎ᠡ ᠰᠢᠭ ᠨᠢᠬᠳᠠᠷᠠᠨ ᠨᠢᠭᠡ ᠬᠡᠷ ᠤᠨ ᠬᠥᠮᠦᠨ ᠮᠡᠲᠦ ᠳᠣᠲᠣᠨᠣ︾ ᠭᠡᠬᠦ ᠰᠢᠷᠢᠰ ᠭᠤᠤᠯ ᠰᠡᠳᠦᠪᠲᠦ ᠬᠥᠮᠦᠵᠢᠯ ᠳᠤ᠂  ᠬᠡᠤᠭᠡᠳ ᠤᠳ ᠲᠠᠪᠤᠨ ᠥᠩᠭᠡ ᠶᠢᠨ ᠵᠢᠷᠤᠭ ᠤᠨ ᠪᠢᠷ ᠢᠶᠠᠷ ︽ᠦᠨᠳᠦᠰᠦᠲᠡᠨ ᠨᠦᠭᠦᠳ ᠪᠦᠯᠬᠦᠮᠳᠡᠵᠦ ᠨᠢᠭᠡ ᠭᠡᠷ ᠪᠦᠯᠢ ᠮᠡᠳᠤ︾ ᠵᠣᠯ ᠵᠢᠷᠭᠠᠯᠳᠤ ᠪᠠᠶᠢᠳᠠᠯ ᠢ ᠵᠢᠷᠤᠭᠯᠠᠵᠦ᠂ ᠲᠡᠳᠡᠨ ᠤ ᠦᠨᠳᠦᠰᠦᠲᠡᠨ ᠤ ᠪᠦᠯᠬᠦᠮᠳᠡᠯ ᠤᠨ ᠲᠤᠬᠠᠶ ᠣᠶᠢᠯᠠᠭᠠᠯᠲᠠ ᠲᠦᠷᠦᠭᠳᠡᠯ ᠢ ᠬᠠᠷᠠᠭᠤᠯᠵᠠᠶ᠃ ᠦᠨᠳᠦᠰᠦᠲᠡᠨ ᠤ ᠪᠦᠯᠬᠦᠮᠳᠡᠯ ᠢ ᠵᠢᠷᠤᠵᠤ ᠭᠠᠷᠭᠠᠬᠤ ᠠᠴᠠ ᠭᠠᠳᠠᠨ᠎ᠠ᠂ ᠲᠣᠰ ᠰᠤᠷᠭᠠᠭᠤᠯᠢ ᠪᠠᠰᠠ ᠡᠯᠧᠺᠲᠷᠣᠨ ᠲᠣᠮᠣ ᠳᠡᠯᠭᠡᠴᠡ᠂ ᠤᠬᠠᠭᠤᠯᠭ᠎ᠠ ᠶᠢᠨ ᠪᠤᠯᠤᠩ᠂ ᠠᠰᠠᠷ ᠤᠨ ᠭᠤᠳᠤᠮᠵᠢ ᠶᠢᠨ ᠰᠣᠶᠣᠯ ᠤᠨ ᠬᠡᠷᠡᠮ ᠵᠡᠷᠭᠡ ᠪᠠᠷ ᠤᠬᠠᠭᠤᠯᠭ᠎ᠠ ᠬᠥᠮᠦᠵᠢᠯ ᠤᠨ ᠵᠢᠭᠰᠠᠭᠠᠯ ᠤᠨ ᠭᠠᠵᠠᠷ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ︽ᠴᠢᠮᠡᠭᠡ ᠠᠨᠢᠷ ᠥᠬᠡᠶ︾ ᠬᠡᠯᠪᠡᠷᠢ ᠪᠠᠷ ᠰᠤᠷᠭᠠᠭᠤᠯᠢ ᠶᠢᠨ ᠡᠳᠦᠷ ᠲᠤᠲᠤᠮ ᠤᠨ ᠠᠮᠢᠳᠤᠷᠠᠯ ᠳᠤ ᠠᠭᠤᠰᠬᠠᠭᠰᠠᠨ ᠪᠠᠶᠢᠨ᠎ᠠ᠃ ᠪᠥᠬᠦ ᠬᠤᠲᠠ ᠶᠢ ᠠᠵᠢᠭᠯᠠᠪᠠᠯ᠂ ᠬᠢᠶ᠎ᠠ ᠪᠠᠭᠰᠢ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠨᠢ ᠵᠥᠪᠬᠡᠨ ᠮᠠᠨ ᠤ ᠬᠤᠲᠠ ᠶᠢᠨ ᠵᠠᠯᠠᠭᠤᠴᠤᠳ ᠪᠠᠭᠠᠴᠤᠳ ᠤᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠠᠬᠢᠭᠤᠯᠤᠭᠰᠠᠨ ᠨᠢᠭᠡᠨ ᠬᠤᠷᠢᠶᠠᠩᠭᠤᠶ ᠲᠦᠷᠢ ᠲᠡᠳᠦᠶ ᠶᠤᠮ᠃        ︽ᠬᠦᠮᠦᠨ ᠪᠤᠯᠬᠤ ᠪᠠᠭ᠎ᠠ ᠠᠴᠠ ᠪᠠᠨ᠂ ᠬᠦᠯᠦᠭ ᠪᠤᠯᠬᠤ ᠤᠨᠠᠭ᠎ᠠ ᠠᠴᠠ ᠪᠠᠨ︾᠃ ᠵᠠᠯᠠᠭᠤᠴᠤᠳ ᠪᠠᠭᠠᠴᠤᠳ ᠪᠣᠯ ᠡᠬᠡ ᠤᠯᠤᠰ ᠤᠨ ᠢᠷᠡᠭᠡᠳᠦᠶ᠂ ᠦᠨᠳᠦᠰᠦᠲᠡᠨ ᠤ ᠬᠦᠰᠡᠯ ᠡᠷᠡᠮᠡᠯᠵᠡᠯ ᠮᠥᠨ᠂ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠥᠷᠨᠢᠭᠦᠯᠬᠦ ᠰᠢᠨ᠎ᠡ ᠬᠦᠴᠦᠨ ᠮᠥᠨ᠃ ᠣᠯᠠᠨ ᠵᠢᠯ ᠤᠨ ᠲᠤᠷᠰᠢ᠂ ᠣᠷᠳᠣᠰ ᠬᠤᠲᠠ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠶᠢ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠨ᠂ ᠵᠢᠭᠠᠬᠤ ᠮᠠᠲ᠋ᠧᠷᠢᠶᠠᠯ ᠤᠨ ︽ᠭᠤᠣᠯ ᠬᠥᠭ ᠠᠶᠠᠰ︾᠂ ᠬᠢᠴᠢᠶᠡᠯ ᠤᠨ ︽ᠭᠤᠣᠯ ᠳᠠᠶᠢᠯᠠᠯᠳᠤᠭᠠᠨ ᠤ ᠲᠠᠯᠠᠪᠤᠷ︾᠂ ᠬᠢᠴᠢᠶᠡᠯ ᠤᠨ ᠲᠠᠩᠬᠢᠮ ᠤᠨ ︽ᠭᠤᠣᠯ ᠠᠷᠭ᠎ᠠ ᠵᠠᠮ︾᠂ ᠪᠠᠭᠰᠢ ᠶᠢᠨ ︽ᠭᠤᠣᠯ ᠬᠦᠴᠦᠨ︾ ᠤ ᠦᠢᠯᠡᠳᠦᠯ ᠢ ᠢᠳᠡᠪᠬᠢᠲᠡᠶ ᠪᠠᠳᠠᠷᠠᠭᠤᠯᠵᠦ᠂ ︽ᠬᠢᠴᠢᠶᠡᠯ ᠪᠣᠯᠭᠠᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ᠂ ᠬᠥᠮᠦᠨ ᠪᠣᠯᠭᠠᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ︾ ᠭᠡᠬᠦ ᠣᠶᠢᠯᠠᠭᠠᠭᠳᠠᠬᠤᠨ ᠢ ᠪᠣᠶ ᠪᠣᠯᠭᠠᠵᠤ᠂ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠬᠦᠳᠦᠯᠤᠨ ᠵᠢᠯᠣᠭᠤᠳᠴᠤ ᠪᠠᠶᠢᠭᠠᠳ ᠵᠥᠪ ᠣᠨᠣᠪᠴᠢᠲᠠᠶ ᠦᠨᠳᠦᠰᠦᠲᠡᠨ ᠤ ᠦᠵᠡᠯᠲᠡ ᠪᠠ ᠤᠯᠤᠰ ᠤᠨ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠶᠡᠭᠡ ᠬᠡᠷ ᠪᠦᠯᠢ ᠶᠢ ᠮᠡᠳᠡᠷᠡᠬᠦ ᠰᠡᠳᠭᠢᠯᠭᠡ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ᠂ ᠦᠨᠳᠦᠰᠦᠲᠡᠨ ᠤ ᠬᠠᠭᠠᠴᠠᠯ ᠢ ᠡᠰᠡᠷᠭᠦᠴᠡᠬᠦ ᠬᠠᠷᠢᠭᠤᠴᠠᠯᠭᠠᠲᠤ ᠰᠡᠳᠭᠢᠯᠭᠡ ᠶᠢ ᠲᠠᠰᠤᠷᠠᠯᠲᠠ ᠥᠬᠡᠶ ᠴᠢᠩᠭᠠᠳᠬᠠᠭᠰᠠᠭᠠᠷ ᠢᠷᠡᠪᠡ᠃ ᠡᠭᠦᠨ ᠤ ᠬᠠᠮᠲᠤ ᠪᠠᠰᠠ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠭᠡᠷ ᠪᠦᠯᠢ ᠶᠢᠨ ᠬᠥᠮᠦᠵᠢᠯ᠂ ᠨᠡᠶᠢᠭᠡᠮ ᠤᠨ ᠬᠥᠮᠦᠵᠢᠯ ᠳᠤ ᠠᠭᠤᠰᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠶᠠᠪᠤᠳᠠᠯ ᠢ ᠵᠠᠯᠠᠭᠤᠴᠤᠳ ᠪᠠᠭᠠᠴᠤᠳ ᠤᠨ ᠰᠡᠳᠭᠢᠯ ᠳᠤ ᠭᠦᠨ ᠦᠨᠳᠦᠰᠦᠯᠡᠭᠦᠯᠵᠤ ᠪᠤᠢ᠃        ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠬᠠᠷᠠᠬᠠᠨ ᠪᠠᠭ᠎ᠠ ᠠᠴᠠ ᠨᠢ ᠡᠬᠢᠯᠡᠨ ᠠᠳᠬᠤᠵᠤ᠂ ᠰᠠᠶᠢᠲᠤᠷ ᠠᠳᠬᠤᠬᠤ ᠨᠢ ᠨᠢᠭᠡᠨᠲᠡ ᠣᠷᠳᠣᠰ ᠤᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠠᠷᠭ᠎ᠠ ᠵᠠᠮ ᠪᠣᠯᠵᠣ᠂ ᠨᠢᠭᠡ ᠪᠦᠯᠦᠭ ᠰᠤᠷᠭᠠᠭᠤᠯᠢ ᠰᠠᠶᠢᠨ ᠲᠤᠷᠰᠢᠯᠭ᠎ᠠ ᠪᠠ ᠦᠷ᠎ᠡ ᠪᠦᠲᠦᠭᠡᠯ ᠤᠯᠵᠦ᠂ ᠪᠥᠬᠦ ᠤᠯᠤᠰ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠠᠭᠤᠷᠢᠶᠠᠯ ᠦᠵᠡᠭᠦᠯᠬᠦ ᠨᠢᠭᠡᠴᠢ ᠪᠠᠷ ᠦᠨᠡᠯᠡᠭᠳᠡᠭᠰᠡᠨ ᠪᠠᠶᠢᠨ᠎ᠠ᠃ ᠵᠠᠯᠠᠭᠤᠴᠤᠳ ᠪᠠᠭᠠᠴᠤᠳ ᠤᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠰᠠᠶᠢᠲᠤᠷ ᠬᠢᠬᠦ ᠪᠣᠯ ᠲᠡᠭᠦᠰᠭᠡᠯ ᠤᠨ ᠴᠡᠭ ᠦᠭᠡᠢ ᠪᠤᠤᠬᠢᠶ᠎ᠠ ᠲᠠᠮᠵᠢᠭᠤᠯᠬᠤ ᠤᠷᠤᠯᠳᠤᠭᠠᠨ ᠪᠣᠯᠤᠨ᠎ᠠ᠂ ᠤᠷᠳᠤᠰ ᠶᠠᠭ ᠡᠨᠡ ᠬᠦ ᠰᠢᠨ᠎ᠡ ᠠᠶᠠᠨ ᠢᠶᠠᠷ ᠵᠤᠷᠢᠬᠳᠠᠢ ᠤᠷᠤᠭᠰᠢᠯᠠᠵᠦ ᠪᠤᠢ᠃        ᠬᠠᠶᠢᠷ᠎ᠠ ᠬᠠᠯᠠᠮᠵᠢᠳᠤ ᠬᠤᠳᠠ ᠶᠢᠨ ᠬᠡᠦᠬᠡᠳ ᠤᠳ ᠨᠠᠮ ᠢᠶᠠᠨ ᠳᠠᠭᠠᠵᠤ᠂ ᠨᠢᠭᠡ ᠨᠢᠭᠡ ᠪᠠᠷ ᠢᠶᠠᠨ ᠠᠨᠠᠷ ᠤᠨ ᠦᠷ᠎ᠡ ᠪᠣᠯᠬᠤ ᠪᠠᠷ ᠮᠡᠷᠡᠶᠢᠨ ᠴᠢᠷᠮᠠᠶᠢᠵᠠᠭᠠᠨ᠎ᠠ ᠃ ᠣᠳᠣᠬᠠᠨ ᠳᠤ᠂ ᠦᠨᠳᠦᠰᠦᠲᠡᠨ ᠤ ᠪᠦᠯᠬᠦᠮᠳᠡᠯ ᠤᠨ ︽ᠭᠦ᠋ᠨ︾ ᠨᠢ ᠤᠷᠳᠤᠰ ᠤᠨ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠴᠢᠰᠤᠨ ᠰᠤᠳᠠᠯ ᠳᠤ ᠠᠭᠤᠰᠴᠤ᠂ ᠬᠠᠶᠢᠷ᠎ᠠ ᠬᠠᠯᠠᠮᠵᠢᠳᠤ ᠬᠤᠳᠠ ᠶᠢᠨ ᠥᠷᠨᠢᠩᠭᠦᠢ ᠬᠥᠭᠵᠢᠯᠲᠡ ᠶᠢᠨ ︽ᠨᠢᠭᠤᠴᠠ ᠲᠦᠯᠬᠢᠭᠦᠷ︾ ᠢ ᠠᠳᠬᠤᠨ᠂ ᠥᠪᠥᠷ ᠮᠣᠩᠭᠤᠯ ᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢ ᠨᠡᠮᠡᠷᠢᠯᠡᠵᠤ ᠪᠠᠶᠢᠨ᠎ᠠ᠃
ᠢᠷᠡᠯᠲᠡ᠄ ᠤᠷᠳᠤᠰ ᠤᠨ ᠡᠳᠤᠷ ᠤᠨ ᠰᠤᠨᠢᠨ