2022 ᠣᠨ ᠳᠤ ᠬᠢᠶ᠎ᠠ ᠪᠠᠭᠰᠢ ᠲᠣᠭᠤᠷᠢᠭ ᠤᠨ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠪᠠᠶᠢᠬᠤ ᠶᠢᠨ ᠵᠡᠷᠭᠡ ᠳᠤ ᠨᠡᠮᠡᠭᠳᠡᠪᠡ
ᠨᠡᠶᠢᠲᠡᠯᠡᠭᠰᠡᠨ ᠴᠠᠭ᠄
2023/6/6
          2022 ᠣᠨ ᠳᠤ᠂ ᠬᠢᠶ᠎ᠠ ᠪᠠᠭᠰᠢ ᠲᠣᠭᠤᠷᠢᠭ ᠤᠨ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 58271 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.6% ᠪᠠᠷ ᠨᠡᠮᠡᠭᠳᠡᠪᠡ᠃ ᠪᠥᠬᠦ ᠬᠤᠲᠠ ᠶᠢᠨ ᠨᠡᠷᠡᠰ ᠤᠨ ᠵᠢᠭᠰᠠᠭᠠᠯᠲᠠ ᠠᠴᠠ ᠦᠵᠡᠪᠡᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠬᠠᠷᠢᠴᠠᠯᠠᠰᠢᠭᠦᠶ ᠬᠡᠮᠵᠢᠶ᠎ᠡ ᠪᠥᠬᠦ ᠬᠤᠲᠠ ᠳᠤ ᠬᠤᠶᠠᠳᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠭᠤᠷᠪᠠᠳᠤᠭᠠᠷ ᠲᠤ ᠣᠷᠣᠪᠠ᠃ ᠣᠷᠣᠯᠭ᠎ᠠ ᠶᠢᠨ ᠪᠦᠲᠦᠴᠡ ᠠᠴᠠ ᠠᠪᠴᠤ ᠦᠵᠡᠪᠡᠯ᠂ ᠳᠥᠷᠪᠡᠨ ᠵᠦᠢᠯ ᠤᠨ ᠣᠷᠣᠯᠭ᠎ᠠ ᠴᠥᠮ ᠨᠡᠮᠡᠭᠳᠡᠪᠡ᠃ 2022 ᠣᠨ ᠤ ᠬᠢᠶ᠎ᠠ ᠪᠠᠭᠰᠢ ᠲᠣᠭᠤᠷᠢᠭ ᠤᠨ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠡᠷᠡᠭᠯᠡᠭᠡᠨ ᠤ ᠴᠢᠨᠠᠷᠲᠠᠶ ᠵᠠᠷᠤᠯᠭ᠎ᠠ 35923 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.6% ᠪᠠᠷ ᠨᠡᠮᠡᠭᠳᠡᠪᠡ᠃ ᠪᠥᠬᠦ ᠬᠤᠲᠠ ᠶᠢᠨ ᠨᠡᠷᠡᠰ ᠤᠨ ᠵᠢᠭᠰᠠᠭᠠᠯᠲᠠ ᠠᠴᠠ ᠦᠵᠡᠪᠡᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ ᠶᠢᠨ ᠬᠠᠷᠢᠴᠠᠯᠠᠰᠢᠭᠦᠶ ᠬᠡᠮᠵᠢᠶ᠎ᠡ ᠨᠢ ᠪᠥᠬᠦ ᠬᠤᠲᠠ ᠳᠤ ᠬᠤᠶᠠᠳᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠨᠢᠭᠡᠳᠦᠭᠡᠷ ᠲᠤ ᠣᠷᠣᠪᠠ᠃ ᠬᠡᠷᠡᠭᠯᠡᠭᠡᠨ ᠤ ᠪᠦᠲᠦᠴᠡ ᠠᠴᠠ ᠦᠵᠡᠪᠡᠯ᠂ ᠰᠤᠷᠭᠠᠨ ᠬᠥᠮᠦᠵᠢᠯ ᠰᠣᠶᠣᠯ ᠤᠨ ᠵᠠᠷᠤᠯᠭ᠎ᠠ᠂ ᠡᠮ ᠡᠮᠨᠡᠯᠭᠡ ᠡᠷᠡᠭᠦᠯ ᠮᠡᠨᠳᠦ ᠶᠢ ᠬᠠᠮᠠᠭᠠᠯᠠᠬᠤ ᠵᠠᠷᠤᠯᠭ᠎ᠠ ᠠᠳᠠᠯᠢ ᠬᠤᠭᠤᠴᠠᠭᠠᠨ ᠤ ᠬᠢ ᠠᠴᠠ ᠢᠯᠡᠳᠲᠡ ᠪᠠᠭᠤᠷᠠᠪᠠ᠃ 
ᠢᠷᠡᠯᠲᠡ᠄ ᠲᠣᠰ ᠰᠥᠯᠵᠢᠶ᠎ᠡ