ᠬᠢᠶ᠎ᠠ ᠪᠠᠭᠰᠢ ᠲᠣᠭᠤᠷᠢᠭ ᠤᠨ 2022 ᠣᠨ ᠤ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ
ᠨᠡᠶᠢᠲᠡᠯᠡᠭᠰᠡᠨ ᠴᠠᠭ᠄
2023/6/6
        ᠠᠩᠬ᠎ᠠ ᠠᠯᠬᠤᠮ ᠤᠨ ᠲᠣᠭᠠᠴᠠᠭ᠎ᠠ ᠬᠢᠭᠰᠡᠨ ᠢᠶᠠᠷ 2022 ᠣᠨ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 131.16 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠪᠡ᠃ ᠡᠭᠦᠨ ᠳᠤ ᠄ ᠨᠢᠭᠡᠳᠦᠭᠡᠷ ᠠᠵᠤ  ᠦᠢᠯᠡᠰ ᠤᠨ ᠨᠡᠮᠡᠭᠳᠡᠯ ᠥᠷᠲᠡᠭ 0.01 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.4% ᠪᠠᠷ ᠨᠡᠮᠡᠭᠳᠡᠪᠡ᠃ ᠬᠤᠶᠠᠳᠤᠭᠠᠷ ᠠᠵᠤ  ᠦᠢᠯᠡᠰ ᠤᠨ ᠨᠡᠮᠡᠭᠳᠡᠯ ᠥᠷᠲᠡᠭ 34.39 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ᠃ ᠭᠤᠷᠪᠠᠳᠤᠭᠠᠷ ᠠᠵᠤ  ᠦᠢᠯᠡᠰ ᠤᠨ ᠨᠡᠮᠡᠭᠳᠡᠯ ᠥᠷᠲᠡᠭ 96.76 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠪᠡ︔ ᠭᠤᠷᠪᠠᠨ ᠠᠵᠤ  ᠦᠢᠯᠡᠰ ᠤᠨ ᠪᠦᠲᠦᠴᠡ ᠶᠢᠨ ᠬᠠᠷᠢᠴᠠᠯ ᠨᠢ 0᠄ 26᠄ 74 ᠪᠣᠯᠤᠨ᠎ᠠ᠃ ᠪᠦᠬᠦ ᠵᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 57.1% ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 6.6% ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 26.6% ᠪᠠᠷ ᠨᠡᠮᠡᠭᠳᠡᠵᠦ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 58271 ᠲᠥᠭᠦᠷᠢᠭ ᠲᠤ ᠬᠦᠷᠪᠡ᠃ 
ᠢᠷᠡᠯᠲᠡ᠄ ᠲᠣᠰ ᠰᠥᠯᠵᠢᠶ᠎ᠡ