ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢᠨ ᠲᠦᠷ ᠬᠡᠷᠡᠭᠵᠢᠭᠦᠯᠬᠦ ᠳᠦᠷᠢᠮ
ᠨᠡᠶᠢᠲᠡᠯᠡᠭᠰᠡᠨ ᠴᠠᠭ᠄
2023/6/9
                                               511 ᠳ᠋ᠦ᠋ᠭᠡᠷ ᠲᠣᠭᠠᠲᠤ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ            ᠡᠳᠦᠭᠡ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢᠨ ᠲᠦᠷ ᠬᠡᠷᠡᠭᠵᠢᠭᠦᠯᠬᠦ ᠳᠦᠷᠢᠮ︾ ᠢ ᠨᠡᠶᠢᠲᠡᠯᠡᠯ᠎ᠡ᠂ 2008 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃                                                                                   ᠶᠡᠷᠦᠩᠬᠡᠢ ᠰᠠᠶᠢᠳ ᠸᠧᠨ ᠵᠢᠶᠠ ᠪᠤᠤ                                                                                         2007 ᠣᠨ ᠤ 12 ᠳ᠋ᠤᠭᠠᠷ ᠰᠠᠷ᠎ᠠ ᠶᠢᠨ 1 ᠤ ᠡᠳᠦᠷ           ᠨᠢᠭᠡᠳᠦᠭᠡᠷ ᠵᠦᠢᠯ   ᠭᠠᠵᠠᠷ ᠰᠢᠷᠣᠢ ᠶᠢᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠵᠤ᠂ ᠭᠠᠵᠠᠷ ᠰᠢᠷᠣᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠢ ᠬᠠᠮᠠᠭᠠᠯᠠᠬᠤ ᠶᠢᠨ ᠲᠤᠰᠠᠳᠠ᠂ ᠲᠤᠰ ᠳᠦᠷᠢᠮ ᠢ ᠲᠣᠭᠲᠠᠭᠠᠪᠠ᠃            ᠬᠤᠶᠠᠳᠤᠭᠠᠷ ᠵᠦᠢᠯ   ᠲᠤᠰ ᠳᠦᠷᠢᠮ ᠳᠤ ᠬᠡᠯᠡᠵᠦ ᠪᠠᠶᠢᠭ᠎ᠠ ᠲᠠᠷᠢᠶᠠᠨ ᠭᠠᠵᠠᠷ ᠭᠡᠳᠡᠭ ᠨᠢ ᠲᠠᠷᠢᠮᠠᠯ ᠤᠨ ᠵᠦᠢᠯ ᠲᠠᠷᠢᠬᠤ ᠳᠤ ᠬᠡᠷᠡᠭᠯᠡᠬᠦ ᠭᠠᠵᠠᠷ ᠰᠢᠷᠣᠢ ᠶᠢ ᠵᠢᠭᠠᠵᠤ ᠪᠤᠶ᠃            ᠭᠤᠷᠪᠠᠳᠤᠭᠠᠷ ᠵᠦᠢᠯ   ᠲᠠᠷᠢᠶᠠᠨ ᠭᠠᠵᠠᠷ ᠢ ᠡᠵᠡᠯᠡᠵᠦ ᠭᠡᠷ ᠪᠠᠶᠢᠰᠢᠩ ᠪᠠᠷᠢᠬᠤ ᠪᠤᠶᠤ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠬᠢᠵᠦ ᠪᠠᠶᠢᠭ᠎ᠠ ᠨᠢᠭᠡᠴᠡ ᠪᠤᠶᠤ ᠬᠤᠪᠢ ᠬᠥᠮᠥᠨ ᠪᠣᠯ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢᠨ ᠭᠠᠶᠢᠯᠢ ᠲᠤᠰᠢᠶᠠᠭᠴᠢ ᠪᠣᠯᠣᠨ᠎ᠠ᠂ ᠲᠤᠰ ᠳᠦᠷᠢᠮ ᠤᠨ ᠲᠣᠭᠲᠠᠭᠠᠯ ᠶᠣᠰᠣᠭᠠᠷ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠤᠰᠢᠶᠠᠬᠤ ᠬᠡᠷᠡᠭᠲᠡᠢ᠃            ᠡᠮᠦᠨᠡᠬᠢ ᠵᠤᠷᠪᠤᠰ ᠲᠤ ᠬᠡᠯᠡᠵᠦ ᠪᠠᠶᠢᠭ᠎ᠠ ᠨᠢᠭᠡᠴᠡ ᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠬᠠᠮᠲᠤ ᠶᠢᠨ ᠠᠵᠤ ᠠᠬᠤᠶᠢᠯᠠᠯ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ᠂ ᠬᠤᠪᠢᠲᠤ ᠳᠦᠷᠢᠮ ᠤᠨ ᠠᠵᠤ ᠠᠬᠤᠶᠢᠯᠠᠯ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ᠂ ᠭᠠᠳᠠᠭᠠᠳᠤ ᠶᠢᠨ ᠠᠵᠤ ᠠᠬᠤᠶᠢᠯᠠᠯ ᠵᠢᠴᠢ ᠪᠤᠰᠤᠳ ᠠᠵᠤ ᠠᠬᠤᠶᠢᠯᠠᠯ ᠪᠣᠯᠣᠨ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ᠂ ᠤᠯᠤᠰ ᠤᠨ ᠪᠠᠶᠢᠭᠤᠯᠭ᠎ᠠ᠂ ᠴᠡᠷᠢᠭ ᠠᠩᠭᠢ ᠵᠢᠴᠢ ᠪᠤᠰᠤᠳ ᠨᠢᠭᠡᠴᠡ ᠶᠢ ᠪᠠᠭᠲᠠᠭᠠᠨ᠎ᠠ︔ ᠬᠡᠯᠡᠵᠦ ᠪᠠᠶᠢᠭ᠎ᠠ ᠬᠤᠪᠢ ᠬᠥᠮᠥᠨ ᠭᠡᠳᠡᠭ ᠲᠤ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ ᠪᠤᠰᠤᠳ ᠬᠤᠪᠢ ᠬᠥᠮᠥᠨ ᠢ ᠪᠠᠭᠲᠠᠭᠠᠨ᠎ᠠ᠃            ᠳᠥᠷᠪᠡᠳᠦᠭᠡᠷ ᠵᠦᠢᠯ   ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢ ᠭᠠᠶᠢᠯᠢ ᠲᠤᠰᠢᠶᠠᠭᠴᠢ ᠶᠢᠨ ᠪᠣᠳᠠᠲᠠᠢ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠲᠠᠯᠠᠪᠠᠶ ᠪᠠᠷ ᠭᠠᠶᠢᠯᠢ ᠪᠣᠳᠣᠬᠤ ᠦᠨᠳᠦᠰᠦᠯᠡᠯ ᠪᠣᠯᠭᠠᠵᠤ᠂ ᠲᠣᠭᠲᠠᠭᠠᠭᠰᠠᠨ ᠬᠡᠷᠡᠭᠯᠡᠭᠡᠨ ᠤ ᠭᠠᠶᠢᠯᠢ ᠶᠢᠨ ᠲᠤᠭ᠎ᠠ ᠪᠠᠷ ᠨᠢᠭᠡ ᠯᠡ ᠤᠳᠠᠭ᠎ᠠ ᠶᠢᠨ ᠴᠢᠨᠠᠷᠲᠠᠢ ᠲᠠᠲᠠᠪᠤᠷᠢᠯᠠᠬᠤ ᠬᠡᠷᠡᠭᠲᠡᠢ᠃            ᠲᠠᠪᠤᠳᠤᠭᠠᠷ ᠵᠦᠢᠯ   ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢᠨ ᠭᠠᠶᠢᠯᠢ ᠶᠢᠨ ᠲᠤᠭ᠎ᠠ ᠶᠢ ᠳᠣᠣᠷᠠᠬᠢ ᠮᠡᠲᠦ ᠲᠣᠭᠲᠠᠭᠠᠨ᠎ᠠ᠄            ︵ᠨᠢᠭᠡ︶ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ 1 ᠮᠦ ᠠᠴᠠ ᠬᠡᠲᠦᠷᠡᠬᠦ ᠦᠭᠡᠢ ᠪᠠᠶᠢᠭ᠎ᠠ ᠭᠠᠵᠠᠷ ᠣᠷᠣᠨ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠢᠶᠠᠷ ᠨᠢᠭᠡᠴᠢ ᠪᠣᠯᠭᠠᠨ᠎ᠠ᠂ ᠳᠣᠷᠣᠭᠰᠢ ᠠᠳᠠᠯᠢ ᠳᠤ᠃ ᠲᠡᠭᠰᠢ ᠳᠥᠷᠪᠡᠯᠵᠢᠨ ᠮᠧᠲᠷ ᠪᠦᠷᠢ 10 ᠲᠥᠭᠦᠷᠢᠭ ᠠᠴᠠ 50 ᠲᠥᠭᠦᠷᠢᠭ ᠪᠣᠯᠣᠨ᠎ᠠ᠃           ︵ᠬᠤᠶᠠᠷ︶ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ 1 ᠮᠦ ᠠᠴᠠ ᠬᠡᠲᠦᠷᠡᠭᠰᠡᠨ ᠪᠣᠯᠪᠠᠴᠤ 2 ᠮᠦ ᠠᠴᠠ ᠬᠡᠲᠦᠷᠡᠬᠦ ᠦᠭᠡᠢ ᠪᠠᠶᠢᠭ᠎ᠠ ᠭᠠᠵᠠᠷ ᠣᠷᠣᠨ ᠳᠤ᠃ ᠲᠡᠭᠰᠢ ᠳᠥᠷᠪᠡᠯᠵᠢᠨ ᠮᠧᠲᠷ ᠪᠦᠷᠢ 8 ᠲᠥᠭᠦᠷᠢᠭ ᠠᠴᠠ 40 ᠲᠥᠭᠦᠷᠢᠭ ᠪᠣᠯᠣᠨ᠎ᠠ᠃           ︵ᠭᠤᠷᠪᠠ︶ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ 2 ᠮᠦ ᠠᠴᠠ ᠬᠡᠲᠦᠷᠡᠭᠰᠡᠨ ᠪᠣᠯᠪᠠᠴᠤ 3 ᠮᠦ ᠠᠴᠠ ᠬᠡᠲᠦᠷᠡᠬᠦ ᠦᠭᠡᠢ ᠪᠠᠶᠢᠭ᠎ᠠ ᠭᠠᠵᠠᠷ ᠣᠷᠣᠨ ᠳᠤ ᠲᠡᠭᠰᠢ ᠳᠥᠷᠪᠡᠯᠵᠢᠨ ᠮᠧᠲᠷ ᠪᠦᠷᠢ 6 ᠲᠥᠭᠦᠷᠢᠭ ᠠᠴᠠ 30 ᠲᠥᠭᠦᠷᠢᠭ ᠪᠣᠯᠣᠨ᠎ᠠ᠃            ︵ᠳᠥᠷᠪᠡ︶ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ 3 ᠮᠦ ᠠᠴᠠ ᠬᠡᠲᠦᠷᠡᠭᠰᠡᠨ ᠭᠠᠵᠠᠷ ᠣᠷᠣᠨ ᠳᠤ᠃ ᠲᠡᠭᠰᠢ ᠳᠥᠷᠪᠡᠯᠵᠢᠨ ᠮᠧᠲᠷ ᠪᠦᠷᠢ 5 ᠲᠥᠭᠦᠷᠢᠭ ᠠᠴᠠ 25 ᠲᠥᠭᠦᠷᠢᠭ ᠪᠣᠯᠣᠨ᠎ᠠ᠃            ᠲᠥᠷᠥ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠤᠨ ᠲᠠᠯᠠᠪᠠᠶ ᠪᠣᠯᠣᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠨᠤᠭᠤᠳ ᠤᠨ ᠳᠤᠮᠳᠠᠴᠢ ᠭᠠᠶᠢᠯᠢ ᠶᠢᠨ ᠲᠤᠭ᠎ᠠ ᠲᠣᠭᠲᠠᠭᠠᠨ᠎ᠠ᠃             ᠡᠯ᠎ᠡ ᠭᠠᠵᠠᠷ ᠤᠳ ᠤᠨ ᠬᠡᠷᠡᠭᠯᠡᠭᠡᠨ ᠤ ᠭᠠᠶᠢᠯᠢ ᠶᠢᠨ ᠲᠤᠭ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠤᠰ ᠳᠦᠷᠢᠮ ᠤᠨ ᠨᠢᠭᠡᠳᠦᠭᠡᠷ ᠵᠤᠷᠪᠤᠰ ᠤᠨ ᠲᠣᠭᠲᠠᠭᠠᠭᠰᠠᠨ ᠭᠠᠶᠢᠯᠢ ᠶᠢᠨ ᠲᠣᠭᠠᠨ ᠤ ᠬᠡᠮᠵᠢᠶ᠎ᠡ ᠶᠢᠨ ᠳᠣᠲᠣᠷ᠎ᠠ᠂ ᠲᠤᠰ ᠭᠠᠵᠠᠷ ᠣᠷᠣᠨ ᠤ ᠪᠠᠶᠢᠳᠠᠯ ᠢᠶᠠᠨ ᠦᠨᠳᠦᠰᠦᠯᠡᠨ ᠬᠢᠨᠠᠨ ᠲᠣᠭᠲᠠᠭᠠᠨ᠎ᠠ᠃ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ  ᠤᠨ ᠣᠷᠳᠣᠨ ᠨᠤᠭᠤᠳ ᠤᠨ ᠬᠢᠨᠠᠨ ᠲᠣᠭᠲᠠᠭᠠᠭᠰᠠᠨ ᠬᠡᠷᠡᠭᠯᠡᠭᠡᠨ ᠤ ᠭᠠᠶᠢᠯᠢ ᠶᠢᠨ ᠲᠤᠭ᠎ᠠ ᠶᠢᠨ ᠳᠤᠮᠳᠠᠴᠢ ᠬᠢᠷᠢ ᠬᠡᠮᠵᠢᠶ᠎ᠡ ᠨᠢ ᠲᠤᠰ ᠳᠦᠷᠢᠮ ᠤᠨ ᠬᠤᠶᠠᠳᠤᠭᠠᠷ ᠵᠤᠷᠪᠤᠰ ᠤᠨ ᠲᠣᠭᠲᠠᠭᠠᠭᠰᠠᠨ ᠳᠤᠮᠳᠠᠴᠢ ᠭᠠᠶᠢᠯᠢ ᠶᠢᠨ ᠲᠤᠭ᠎ᠠ ᠠᠴᠠ ᠳᠣᠣᠷ᠎ᠠ ᠪᠠᠶᠢᠵᠤ ᠪᠣᠯᠬᠤ ᠦᠭᠡᠢ᠃            ᠵᠢᠷᠭᠤᠳᠤᠭᠠᠷ ᠵᠦᠢᠯ   ᠠᠵᠤ ᠠᠬᠤᠢ ᠶᠢᠨ ᠣᠨᠴᠣᠭᠤᠢ ᠣᠷᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ ᠪᠠ ᠠᠵᠤ ᠠᠬᠤᠢ ᠬᠥᠭᠵᠢᠭᠰᠡᠨ ᠪᠥᠭᠡᠳ ᠬᠥᠮᠥᠨ ᠪᠦᠷᠢ ᠶᠢᠨ ᠳᠤᠮᠳᠠᠴᠢ ᠶᠢᠨ ᠲᠠᠷᠢᠶᠠᠨ ᠭᠠᠵᠠᠷ ᠢᠶᠠᠷ ᠣᠨᠴᠠ ᠴᠥᠭᠡᠨ ᠪᠠᠶᠢᠭ᠎ᠠ ᠭᠠᠵᠠᠷ ᠣᠷᠣᠨ ᠤ ᠬᠡᠷᠡᠭᠯᠡᠭᠡᠨ ᠤ ᠭᠠᠶᠢᠯᠢ ᠶᠢᠨ ᠲᠤᠭ᠎ᠠ ᠶᠢ ᠵᠣᠬᠢᠰᠲᠠᠢ ᠪᠠᠷ ᠳᠡᠭᠡᠭᠰᠢᠯᠡᠭᠦᠯᠵᠦ ᠪᠣᠯᠣᠨ᠎ᠠ᠂ ᠭᠡᠪᠡᠴᠦ ᠳᠡᠭᠡᠭᠰᠢᠯᠡᠭᠦᠯᠬᠦ ᠬᠡᠰᠡᠭ ᠢ ᠨᠢ ᠬᠠᠮᠤᠭ ᠥᠨᠳᠥᠷ ᠲᠡᠭᠡᠨ ᠲᠤᠰ ᠳᠦᠷᠢᠮ ᠤᠨ ᠲᠠᠪᠤᠳᠤᠭᠠᠷ ᠵᠦᠢᠯ ᠤᠨ ᠭᠤᠷᠪᠠᠳᠤᠭᠠᠷ ᠵᠤᠷᠪᠤᠰ ᠤᠨ ᠲᠣᠭᠲᠠᠭᠠᠭᠰᠠᠨ ᠲᠤᠬᠠᠢ ᠶᠢᠨ ᠭᠠᠵᠠᠷ ᠤᠨ ᠬᠡᠷᠡᠭᠯᠡᠭᠡᠨ ᠤ ᠭᠠᠶᠢᠯᠢ ᠶᠢᠨ ᠲᠣᠭᠠᠨ ᠤ 50% ᠠᠴᠠ ᠬᠡᠲᠦᠷᠡᠭᠦᠯᠵᠦ ᠪᠣᠯᠬᠤ ᠦᠭᠡᠢ᠃       ᠳᠣᠯᠣᠳᠤᠭᠠᠷ ᠵᠦᠢᠯ   ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠪᠣᠯ᠂ ᠬᠡᠷᠡᠭᠯᠡᠭᠡᠨ ᠤ ᠭᠠᠶᠢᠯᠢ ᠶᠢᠨ ᠲᠤᠭ᠎ᠠ ᠶᠢ ᠲᠤᠰ ᠳᠦᠷᠢᠮ ᠤᠨ ᠲᠠᠪᠤᠳᠤᠭᠠᠷ ᠵᠦᠢᠯ ᠤᠨ ᠭᠤᠷᠪᠠᠳᠤᠭᠠᠷ ᠵᠤᠷᠪᠤᠰ ᠪᠣᠯᠣᠨ ᠵᠢᠷᠭᠤᠳᠤᠭᠠᠷ ᠵᠦᠢᠯ ᠤᠨ ᠲᠣᠭᠲᠠᠭᠠᠭᠰᠠᠨ ᠲᠤᠬᠠᠢ ᠶᠢᠨ ᠭᠠᠵᠠᠷ ᠤᠨ ᠬᠡᠷᠡᠭᠯᠡᠭᠡᠨ ᠤ ᠭᠠᠶᠢᠯᠢ ᠶᠢᠨ ᠲᠣᠭᠠᠨ ᠤ ᠰᠠᠭᠤᠷᠢᠨ ᠳᠡᠭᠡᠷ᠎ᠡ 50% ᠪᠠᠷ ᠳᠡᠭᠡᠭᠰᠢᠯᠡᠭᠦᠯᠬᠦ ᠬᠡᠷᠡᠭᠲᠡᠢ᠃            ᠨᠠᠢᠮᠠᠳᠤᠭᠠᠷ ᠵᠦᠢᠯ   ᠳᠣᠣᠷᠠᠬᠢ ᠪᠠᠶᠢᠳᠠᠯ ᠠᠴᠠ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠠᠲᠠᠪᠤᠷᠢᠯᠠᠬᠤ ᠦᠭᠡᠢ᠄            ︵ᠨᠢᠭᠡ︶ ᠴᠡᠷᠢᠭ ᠤᠨ ᠶᠠᠪᠤᠳᠠᠯ ᠤᠨ ᠪᠡᠯᠡᠳᠬᠡᠮᠵᠢ ᠶᠢᠨ ᠲᠠᠷᠢᠶᠠᠨ ᠭᠠᠵᠠᠷ ᠡᠵᠡᠯᠡᠨ ᠬᠡᠷᠡᠭᠯᠡᠬᠦ           ︵ᠬᠤᠶᠠᠷ︶ ᠰᠤᠷᠭᠠᠭᠤᠯᠢ᠂ ᠬᠡᠦᠬᠡᠳ ᠤᠨ ᠴᠡᠴᠡᠷᠯᠢᠭ᠂ ᠨᠠᠰᠤᠵᠢᠯ ᠤᠨ ᠬᠦᠷᠢᠶᠡᠯᠡᠩ ᠪᠣᠯᠣᠨ ᠡᠮᠨᠡᠯᠭᠡ ᠶᠢᠨ ᠬᠤᠷᠢᠶ᠎ᠠ ᠶᠢᠨ ᠡᠵᠡᠯᠡᠨ ᠬᠡᠷᠡᠭᠯᠡᠬᠦ ᠲᠠᠷᠢᠶᠠᠨ ᠭᠠᠵᠠᠷ ᠃      ᠶᠢᠰᠦᠳᠦᠭᠡᠷ ᠵᠦᠢᠯ   ᠲᠡᠮᠦᠷ ᠵᠠᠮ ᠤᠨ ᠱᠤᠭᠤᠮ᠂ ᠵᠠᠰᠠᠮᠠᠯ ᠵᠠᠮ ᠤᠨ ᠱᠤᠭᠤᠮ᠂ ᠨᠢᠰᠬᠡᠯ ᠤᠨ ᠪᠠᠭᠤᠳᠠᠯ ᠤᠨ ᠨᠢᠰᠬᠡᠯ ᠭᠦᠶᠦᠬᠦ ᠵᠠᠮ᠂ ᠨᠢᠰᠬᠡᠯ ᠤᠨ ᠵᠣᠭᠰᠣᠭᠠᠯ᠂ ᠭᠠᠷᠠᠮ᠂ ᠠᠶᠠᠯᠠᠯ ᠤᠨ ᠵᠠᠮ ᠤᠳ ᠡᠵᠡᠯᠡᠨ ᠬᠡᠷᠡᠭᠯᠡᠬᠦ ᠲᠠᠷᠢᠶᠠᠨ ᠭᠠᠵᠠᠷ ᠤᠨ ᠲᠡᠭᠰᠢ ᠳᠥᠷᠪᠡᠯᠵᠢᠨ ᠮᠧᠲᠷ ᠪᠦᠷᠢ ᠠᠴᠠ 2 ᠲᠥᠭᠦᠷᠢᠭ ᠤᠨ ᠭᠠᠶᠢᠯᠢ ᠶᠢᠨ ᠲᠤᠭ᠎ᠠ ᠬᠠᠰᠤᠵᠤ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠠᠲᠠᠪᠤᠷᠢᠯᠠᠨ᠎ᠠ᠃           ᠪᠣᠳᠠᠲᠤ ᠬᠡᠷᠡᠭᠴᠡᠭᠡ ᠪᠠᠨ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠵᠥᠪᠳᠡᠯᠴᠡᠬᠦ ᠶᠢᠨ ᠬᠠᠮᠲᠤ ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠡᠮᠦᠨᠡᠬᠢ ᠵᠤᠷᠪᠤᠰ ᠲᠤ ᠲᠣᠭᠲᠠᠭᠠᠭᠰᠠᠨ ᠪᠠᠶᠢᠳᠠᠯ ᠲᠠᠢ ᠠᠴᠠ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠠᠴᠠ ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠵᠤ ᠪᠣᠯᠣᠨ᠎ᠠ᠃            ᠠᠷᠪᠠᠳᠤᠭᠠᠷ ᠵᠦᠢᠯ   ᠬᠥᠳᠡᠭᠡ ᠲᠣᠰᠬᠤᠨ ᠤ ᠰᠠᠭᠤᠭᠠᠯᠢ ᠠᠷᠠᠳ ᠲᠠᠷᠢᠶᠠᠨ ᠭᠠᠵᠠᠷ ᠢ ᠡᠵᠡᠯᠡᠵᠦ ᠰᠢᠨ᠎ᠡ ᠣᠷᠣᠨ ᠰᠠᠭᠤᠴᠠ ᠪᠠᠷᠢᠬᠤ ᠳᠤ᠃ ᠲᠤᠬᠠᠢ ᠶᠢᠨ ᠭᠠᠵᠠᠷ ᠤᠨ ᠬᠡᠷᠡᠭᠯᠡᠭᠡᠨ ᠤ ᠭᠠᠶᠢᠯᠢ ᠶᠢᠨ ᠲᠣᠭᠠᠨ ᠤ ᠬᠠᠭᠠᠰ ᠢᠶᠠᠷ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠠᠲᠠᠪᠤᠷᠢᠯᠠᠨ᠎ᠠ᠃            ᠬᠥᠳᠡᠭᠡ ᠲᠣᠰᠬᠤᠨ ᠤ ᠨᠥᠭᠴᠢᠭᠰᠡᠨ ᠪᠠᠭᠠᠲᠤᠷᠴᠤᠳ ᠤᠨ ᠭᠡᠷ ᠪᠦᠯᠢ᠂ ᠵᠡᠮᠳᠡᠭ ᠪᠣᠯᠤᠭᠰᠠᠨ ᠴᠡᠷᠢᠭ ᠤᠨ ᠬᠥᠮᠥᠨ᠂ ᠭᠤᠣᠨᠢ ᠪᠡᠶ᠎ᠡ ᠥᠨᠥᠴᠢᠨ ᠪᠡᠯᠪᠡᠰᠦᠨ ᠵᠢᠴᠢ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠴᠥᠭᠡᠨ ᠲᠣᠭᠠᠲᠤ ᠦᠨᠳᠦᠰᠦᠲᠡᠨ ᠴᠤᠭᠯᠠᠷᠠᠨ ᠰᠠᠭᠤᠭᠰᠠᠨ ᠣᠷᠣᠨ ᠪᠣᠯᠣᠨ ᠠᠯᠤᠰ ᠬᠢᠵᠠᠭᠠᠷ ᠪᠤᠶᠢᠳᠠ ᠪᠥᠭᠯᠡᠭᠦᠦ ᠶᠠᠳᠠᠭᠤ ᠬᠦᠴᠢᠷᠲᠡᠢ ᠠᠭᠤᠯᠠᠷᠬᠠᠭ ᠣᠷᠣᠨ ᠤ ᠬᠥᠳᠡᠭᠡ ᠲᠣᠰᠬᠤᠨ ᠤ ᠠᠮᠢᠳᠤᠷᠠᠯ ᠨᠢ ᠬᠦᠴᠢᠷᠳᠡᠯᠲᠡᠢ ᠰᠠᠭᠤᠭᠠᠯᠢ ᠠᠷᠠᠳ᠂ ᠭᠠᠵᠠᠷ ᠬᠡᠷᠡᠭᠯᠡᠬᠦ ᠲᠣᠭᠲᠠᠭᠰᠠᠨ ᠪᠠᠷᠢᠮᠵᠢᠶ᠎ᠠ ᠶᠢᠨ ᠳᠣᠲᠣᠷ᠎ᠠ ᠰᠢᠨ᠎ᠡ ᠣᠷᠣᠨ ᠰᠠᠭᠤᠴᠠ ᠪᠠᠷᠢᠬᠤ ᠳᠤ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠤᠰᠢᠶᠠᠬᠤ ᠳᠤ ᠦᠨᠡᠨᠬᠦ ᠬᠦᠴᠢᠷᠳᠡᠯᠲᠡᠢ ᠪᠣᠯ᠂ ᠪᠠᠶᠢᠭ᠎ᠠ ᠭᠠᠵᠠᠷ ᠤᠨ ᠬᠢᠨ ᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠬᠠᠷᠭᠤᠭᠤᠯᠵᠤ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠠᠴᠠ ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠵᠤ ᠪᠣᠯᠣᠨ᠎ᠠ᠃             ᠠᠷᠪᠠᠨ ᠨᠢᠭᠡᠳᠦᠭᠡᠷ ᠵᠦᠢᠯ   ᠲᠤᠰ ᠳᠦᠷᠢᠮ ᠤᠨ ᠨᠠᠢᠮᠠᠳᠤᠭᠠᠷ ᠵᠦᠢᠯ᠂ ᠶᠢᠰᠦᠳᠦᠭᠡᠷ ᠵᠦᠢᠯ ᠤᠨ ᠲᠣᠭᠲᠠᠭᠠᠯ ᠶᠣᠰᠣᠭᠠᠷ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠠᠴᠠ ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠭᠰᠠᠨ ᠤ ᠳᠠᠷᠠᠭ᠎ᠠ᠂ ᠭᠠᠶᠢᠯᠢ ᠲᠤᠰᠢᠶᠠᠭᠴᠢ ᠨᠢ ᠤᠤᠯ ᠤᠨ ᠡᠵᠡᠯᠡᠭᠰᠡᠨ ᠭᠠᠵᠠᠷ ᠤᠨ ᠬᠡᠷᠡᠭᠴᠡᠭᠡ ᠪᠠᠨ ᠬᠤᠪᠢᠷᠠᠭᠤᠯᠵᠤ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠠᠴᠠ ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠬᠤ ᠪᠠᠶᠢᠳᠠᠯ ᠳᠤ ᠲᠣᠭᠠᠴᠢᠭᠳᠠᠬᠤ ᠦᠭᠡᠢ ᠪᠣᠯ᠂ ᠲᠤᠬᠠᠢ ᠶᠢᠨ ᠭᠠᠵᠠᠷ ᠤᠨ ᠬᠡᠷᠡᠭᠯᠡᠭᠡᠨ ᠤ ᠭᠠᠶᠢᠯᠢ ᠶᠢᠨ ᠲᠤᠭ᠎ᠠ ᠪᠠᠷ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠪᠠᠨ ᠨᠥᠬᠦᠪᠦᠷᠢᠯᠡᠨ ᠲᠤᠰᠢᠶᠠᠬᠤ ᠬᠡᠷᠡᠭᠲᠡᠢ᠃      ᠠᠷᠪᠠᠨ ᠬᠤᠶᠠᠳᠤᠭᠠᠷ ᠵᠦᠢᠯ   ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠬᠠᠷᠢᠭᠤᠴᠠᠨ ᠲᠠᠲᠠᠪᠤᠷᠢᠯᠠᠨ᠎ᠠ᠃            ᠭᠠᠵᠠᠷ ᠰᠢᠷᠣᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠢᠭᠡᠴᠡ ᠪᠤᠶᠤ ᠬᠤᠪᠢ ᠬᠥᠮᠥᠨ ᠳᠤ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠷ ᠭᠦᠢᠴᠡᠳᠬᠡᠯ ᠭᠦᠢᠴᠡᠳᠬᠡᠯᠭᠡᠬᠦ ᠪᠠᠷ ᠮᠡᠳᠡᠭᠳᠡᠬᠦ ᠦᠶ᠎ᠡ ᠳᠤ᠂ ᠲᠠᠷᠢᠶᠠᠨ ᠭᠠᠵᠠᠷ ᠤᠨ ᠪᠠᠶᠢᠭ᠎ᠠ ᠭᠠᠵᠠᠷ ᠤᠨ ᠠᠳᠠᠯᠢ ᠱᠠᠲᠤᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠬᠠᠮᠲᠤ ᠳᠤᠨᠢ ᠮᠡᠳᠡᠭᠳᠡᠬᠦ ᠬᠡᠷᠡᠭᠲᠡᠢ᠃ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠵᠥᠪᠰᠢᠶᠡᠷᠡᠯ ᠢ ᠣᠯᠣᠭᠰᠠᠨ ᠨᠢᠭᠡᠴᠡ ᠪᠤᠶᠤ ᠬᠤᠪᠢ ᠬᠥᠮᠥᠨ ᠨᠢ ᠭᠠᠵᠠᠷ ᠰᠢᠷᠣᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠮᠡᠳᠡᠭᠳᠡᠯ ᠢ ᠣᠯᠣᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠤᠰᠢᠶᠠᠬᠤ ᠬᠡᠷᠡᠭᠲᠡᠢ᠃ ᠭᠠᠵᠠᠷ ᠰᠢᠷᠣᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢᠨ ᠭᠠᠶᠢᠯᠢ ᠲᠤᠰᠢᠶᠠᠭᠰᠠᠨ ᠭᠡᠷᠡᠴᠢ ᠪᠠᠷᠢᠮᠲᠠ ᠪᠤᠶᠤ ᠭᠠᠶᠢᠯᠢ ᠠᠴᠠ ᠬᠡᠯᠲᠦᠷᠢᠭᠦᠯᠬᠦ ᠭᠡᠷᠡᠴᠢ ᠪᠠᠷᠢᠮᠲᠠ ᠪᠣᠯᠣᠨ ᠪᠤᠰᠤᠳ ᠬᠤᠯᠪᠣᠭᠳᠠᠯ ᠪᠦᠬᠦᠢ ᠪᠢᠴᠢᠭ ᠮᠠᠲᠸᠢᠷᠶᠠᠯ ᠢ ᠨᠢ ᠦᠵᠡᠵᠦ ᠪᠠᠶᠢᠭᠠᠳ ᠪᠦᠲᠦᠭᠡᠨ ᠪᠠᠶᠢᠭᠤᠯᠤᠯᠲᠠ ᠶᠢᠨ ᠬᠡᠷᠡᠭᠯᠡᠬᠦ ᠭᠠᠵᠠᠷ ᠤᠨ ᠵᠥᠪᠰᠢᠶᠡᠷᠡᠯ ᠤᠨ ᠦᠨᠡᠮᠯᠡᠯ ᠣᠯᠭᠤᠬᠤ ᠬᠡᠷᠡᠭᠲᠡᠢ᠃            ᠠᠷᠪᠠᠨ ᠭᠤᠷᠪᠠᠳᠤᠭᠠᠷ ᠵᠦᠢᠯ   ᠭᠠᠶᠢᠯᠢ ᠲᠤᠰᠢᠶᠠᠭᠴᠢ ᠲᠠᠷᠢᠶᠠᠨ ᠭᠠᠵᠠᠷ ᠢ ᠲᠦᠷ ᠴᠠᠭ ᠡᠵᠡᠯᠡᠨ ᠬᠡᠷᠡᠭᠯᠡᠬᠦ ᠳᠤ᠃ ᠲᠤᠰ ᠳᠦᠷᠢᠮ ᠤᠨ ᠲᠣᠭᠲᠠᠭᠠᠯ ᠶᠣᠰᠣᠭᠠᠷ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠤᠰᠢᠶᠠᠬᠤ ᠬᠡᠷᠡᠭᠲᠡᠢ᠃ ᠭᠠᠶᠢᠯᠢ ᠲᠤᠰᠢᠶᠠᠭᠴᠢ ᠨᠢ ᠲᠠᠷᠢᠶᠠᠨ ᠭᠠᠵᠠᠷ ᠢ ᠲᠦᠷ ᠴᠠᠭ ᠡᠵᠡᠯᠡᠨ ᠬᠡᠷᠡᠭᠯᠡᠬᠦ ᠶᠢ ᠵᠥᠪᠰᠢᠶᠡᠷᠡᠭᠰᠡᠨ ᠬᠤᠭᠤᠴᠠᠭ᠎ᠠ ᠳᠤ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠤᠤᠯ ᠪᠠᠶᠢᠳᠠᠯ ᠢ ᠨᠢ ᠰᠡᠷᠭᠦᠭᠡᠭᠰᠡᠨ ᠪᠣᠯ᠂ ᠨᠢᠭᠡᠨᠲᠡ ᠲᠤᠰᠢᠶᠠᠭᠰᠠᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢ ᠨᠢ ᠪᠦᠬᠦ ᠲᠤᠭ᠎ᠠ ᠪᠠᠷ ᠨᠢ ᠪᠤᠴᠠᠭᠠᠬᠤ ᠬᠡᠷᠡᠭᠲᠡᠢ᠃            ᠠᠷᠪᠠᠨ ᠳᠥᠷᠪᠡᠳᠦᠭᠡᠷ ᠵᠦᠢᠯ   ᠰᠢᠭᠤᠶᠢᠲᠤ ᠭᠠᠵᠠᠷ᠂ ᠬᠠᠳᠤᠯᠠᠩ ᠪᠡᠯᠴᠢᠭᠡᠷ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠬᠡᠷᠡᠭᠯᠡᠬᠦ ᠭᠠᠵᠠᠷ᠂ ᠲᠡᠵᠢᠭᠡᠨ ᠦᠷᠡᠵᠢᠭᠦᠯᠬᠦ ᠤᠰᠤᠨ ᠤ ᠲᠠᠯᠠᠪᠠᠶ ᠵᠢᠴᠢ ᠵᠢᠭᠠᠰᠤᠨ ᠤ ᠠᠵᠤ ᠦᠢᠯᠡᠰ ᠤᠨ ᠤᠰᠤᠨ ᠤ ᠴᠠᠷᠠᠭ᠎ᠠ ᠭᠤᠣᠯ ᠤᠨ ᠰᠠᠶᠢᠷᠭᠠᠯ ᠵᠡᠷᠭᠡ ᠪᠤᠰᠤᠳ ᠲᠠᠷᠢᠶᠠᠯᠠᠩ ᠤᠨ ᠬᠡᠷᠡᠭᠯᠡᠬᠦ ᠭᠠᠵᠠᠷ ᠢ ᠡᠵᠡᠯᠡᠵᠦ ᠭᠡᠷ ᠪᠠᠶᠢᠰᠢᠩ ᠪᠠᠷᠢᠬᠤ ᠪᠤᠶᠤ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠬᠢᠪᠡᠯ᠂ ᠲᠤᠰ ᠳᠦᠷᠢᠮ ᠤᠨ ᠲᠣᠭᠲᠠᠭᠠᠯ ᠶᠣᠰᠣᠭᠠᠷ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠠᠲᠠᠪᠤᠷᠢᠯᠠᠬᠤ ᠬᠡᠷᠡᠭᠲᠡᠢ᠃            ᠲᠠᠷᠢᠶᠠᠯᠠᠩ ᠤᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠦᠢᠯᠡᠳᠪᠦᠷᠢᠯᠡᠯ ᠤᠨ ᠪᠡᠯᠡᠳᠬᠡᠮᠵᠢ ᠶᠢ ᠪᠠᠶᠢᠭᠤᠯᠬᠤ ᠳᠤ ᠡᠮᠦᠨᠡᠬᠢ ᠵᠤᠷᠪᠤᠰ ᠲᠤ ᠲᠣᠭᠲᠠᠭᠠᠭᠰᠠᠨ ᠲᠠᠷᠢᠶᠠᠯᠠᠩ ᠤᠨ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠭᠰᠡᠨ ᠪᠣᠯ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠠᠲᠠᠪᠤᠷᠢᠯᠠᠬᠤ ᠦᠭᠡᠢ᠃            ᠠᠷᠪᠠᠨ ᠲᠠᠪᠤᠳᠤᠭᠠᠷ ᠵᠦᠢᠯ   ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢᠨ ᠲᠠᠲᠠᠪᠤᠷᠢᠯᠠᠬᠤ ᠬᠠᠮᠢᠶᠠᠷᠤᠯᠲᠠ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢ ᠶᠢᠨ ᠲᠠᠲᠠᠪᠤᠷᠢᠯᠠᠬᠤ ᠬᠠᠮᠢᠶᠠᠷᠤᠯᠲᠠ ᠶᠢᠨ ᠠᠷᠭ᠎ᠠ︾ ᠪᠣᠯᠣᠨ ᠲᠤᠰ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃            ᠠᠷᠪᠠᠨ ᠵᠢᠷᠭᠤᠳᠤᠭᠠᠷ ᠵᠦᠢᠯ   ᠲᠤᠰ ᠳᠦᠷᠢᠮ ᠢ 2008 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ 1987 ᠣᠨ ᠤ 4 ᠰᠠᠷ᠎ᠠ ᠶᠢᠨ 1 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠲᠡᠯᠡᠭᠰᠡᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢᠨ ᠲᠦᠷ ᠬᠡᠷᠡᠭᠵᠢᠭᠦᠯᠬᠦ ᠳᠦᠷᠢᠮ︾ ᠢ ᠵᠡᠷᠭᠡ ᠳᠤᠨᠢ ᠬᠦᠴᠦᠨ ᠦᠭᠡᠢ ᠪᠣᠯᠭᠠᠨ᠎ᠠ᠃  
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ