ᠬᠢᠶ᠎ᠠ ᠪᠠᠭᠰᠢ ᠲᠣᠭᠤᠷᠢᠭ ᠤᠨ ︽ᠤᠰᠤ ᠪᠠᠷ ᠲᠦᠷᠪᠡ ᠶᠢ ᠲᠣᠭᠲᠠᠭᠠᠬᠤ︾ ᠠᠵᠢᠯ ᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠬᠢᠶ᠎ᠡ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/6/9
        ᠣᠷᠳᠣᠰ ᠬᠢᠶ᠎ᠠ ᠵᠠᠰᠠᠭ ᠲᠠᠷᠬᠠᠭᠠᠭᠰᠠᠨ ︹2023︺ 26 ᠳ᠋ᠤᠭᠠᠷ ᠲᠣᠭᠠᠲᠤᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄           ︽ᠣᠷᠳᠣᠰ ᠬᠤᠲᠠ ᠶᠢᠨ ︿ᠤᠰᠤ ᠪᠠᠷ ᠳᠥᠷᠪᠡ ᠶᠢ ᠲᠣᠭᠲᠠᠭᠠᠬᠤ﹀ ᠲᠥᠰᠦᠯ︾ ᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠤᠰᠤ ᠠᠷᠪᠢᠯᠠᠬᠤ ᠶᠢ ᠮᠠᠨ ᠤ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠪᠥᠬᠦ ᠶᠠᠪᠤᠴᠠ ᠳᠤ ᠣᠷᠢᠳᠴᠢᠯᠠᠨ ᠲᠤᠭᠤᠰᠢᠯᠠᠭᠤᠯᠬᠤ ᠶᠢᠨ ᠲᠥᠯᠥᠭᠡ᠂ ᠮᠠᠨ ᠤ ᠲᠣᠭᠤᠷᠢᠭ ᠤᠨ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠤᠯᠠᠮ ᠨᠢᠭᠡ ᠠᠯᠬᠤᠮ ᠨᠠᠮᠳᠠᠭᠤᠯᠵᠤ᠂ ᠤᠰᠤᠨ ᠤ ᠡᠬᠢ ᠪᠠᠶᠠᠯᠢᠭ ᠤᠨ ᠪᠥᠬᠦ ᠲᠠᠯ᠎ᠠ ᠶᠢᠨ᠂ ᠭᠦᠨ ᠳᠠᠪᠬᠤᠷᠭ᠎ᠠ ᠶᠢᠨ ᠬᠠᠮᠢᠶᠠᠷᠤᠯᠲᠠ ᠶᠢ ᠴᠢᠩᠭᠠᠳᠬᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠂ ︽ᠣᠷᠳᠣᠰ ᠬᠤᠲᠠ ᠶᠢᠨ ︿ᠤᠰᠤ ᠪᠠᠷ ᠳᠥᠷᠪᠡ ᠶᠢ ᠲᠣᠭᠲᠠᠭᠠᠬᠤ﹀ ᠲᠥᠰᠦᠯ︾᠂ ︽ᠣᠷᠳᠣᠰ ᠬᠤᠲᠠ ᠶᠢᠨ ᠤᠰᠤ ᠶᠢ ᠶᠡᠭᠡ ᠪᠠᠷ ᠠᠷᠪᠢᠯᠠᠵᠤ ᠬᠢᠵᠠᠭᠠᠷᠯᠠᠬᠤ ᠠᠵᠢᠯ ᠤᠨ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠪᠥᠬᠦ ᠲᠣᠭᠤᠷᠢᠭ ᠤᠨ ᠤᠰᠤᠨ ᠤ ᠡᠬᠢ ᠪᠠᠶᠠᠯᠢᠭ ᠢ ᠠᠰᠢᠭᠯᠠᠬᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠬᠢᠶ᠎ᠠ ᠪᠠᠭᠰᠢ ᠲᠣᠭᠤᠷᠢᠭ ᠤᠨ ︿ᠤᠰᠤ ᠪᠠᠷ ᠲᠦᠷᠪᠡ ᠶᠢ ᠲᠣᠭᠲᠠᠭᠠᠬᠤ﹀ ᠠᠵᠢᠯ ᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ᠢ ᠲᠣᠭᠲᠠᠭᠠᠪᠠ᠃            ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠤᠯᠪᠣᠭᠳᠠᠯ ᠪᠦᠬᠦᠢ ᠬᠠᠷᠢᠭᠤᠴᠠᠯᠭ᠎ᠠ ᠬᠠᠷᠠᠯᠲᠠ ᠶᠢ ᠬᠢᠨᠠᠮᠠᠭᠠᠶ ᠨᠠᠶᠢᠳᠠᠪᠤᠷᠢᠵᠢᠭᠤᠯᠲᠤᠭᠠᠶ᠃                                                               ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ                                                            ᠠᠷᠠᠳ ᠤᠨ ᠵᠠᠰᠠᠭ ᠤᠨ ᠣᠷᠳᠣᠨ                                                                      2023 ᠣᠨ ᠤ 4 ᠰᠠᠷ᠎ᠠ ᠶᠢᠨ 17 ᠤ ᠡᠳᠦᠷ                ᠬᠢᠶ᠎ᠠ ᠪᠠᠭᠰᠢ ᠲᠣᠭᠤᠷᠢᠭ ᠤᠨ ︽ᠤᠰᠤ ᠪᠠᠷ ᠲᠦᠷᠪᠡ ᠶᠢ ᠲᠣᠭᠲᠠᠭᠠᠬᠤ︾                 ᠠᠵᠢᠯ ᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ            ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ︿ᠤᠰᠤ ᠪᠠᠷ ᠲᠦᠷᠪᠡ ᠶᠢ ᠲᠣᠭᠲᠠᠭᠠᠬᠤ﹀ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠤᠯᠤᠰ ᠤᠨ ᠤᠰᠤ ᠠᠷᠪᠢᠯᠠᠬᠤ ᠠᠵᠢᠯᠯᠠᠭᠠᠨ ᠤ ᠲᠥᠰᠦᠯ︾᠂ ︽ᠬᠠᠲᠤᠨ ᠭᠤᠤᠯ ᠤᠨ ᠰᠠᠪᠠ ᠭᠠᠵᠠᠷ ᠤᠨ ᠤᠰᠤ ᠶᠢ ᠶᠡᠭᠡ ᠪᠠᠷ ᠠᠷᠪᠢᠯᠠᠵᠤ ᠬᠢᠵᠠᠭᠠᠷᠯᠠᠬᠤ ᠠᠵᠢᠯᠯᠠᠭ᠎ᠠ ᠶᠢ ᠬᠡᠷᠡᠭᠵᠢᠭᠦᠯᠬᠦ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠰᠠᠨᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭᠠᠨ ᠤ ᠬᠡᠷᠡᠭᠵᠢᠭᠦᠯᠬᠦ ᠲᠥᠰᠦᠯ︾᠂ ︽ᠣᠷᠳᠣᠰ ᠬᠤᠲᠠ ᠶᠢᠨ ︿ᠤᠰᠤ ᠪᠠᠷ ᠲᠦᠷᠪᠡ ᠶᠢ ᠲᠣᠭᠲᠠᠭᠠᠬᠤ﹀ ᠲᠥᠰᠦᠯ︾᠂ ︽ᠣᠷᠳᠣᠰ ᠬᠤᠲᠠ ᠶᠢᠨ ᠤᠰᠤ ᠶᠢ ᠶᠡᠭᠡ ᠪᠠᠷ ᠠᠷᠪᠢᠯᠠᠵᠤ ᠬᠢᠵᠠᠭᠠᠷᠯᠠᠬᠤ ᠠᠵᠢᠯ ᠤᠨ ᠲᠥᠰᠦᠯ︾ ᠢ ᠴᠢᠩᠭ᠎ᠠ ᠨᠠᠶᠢᠳᠠᠪᠤᠷᠢᠵᠢᠭᠤᠯᠤᠨ᠂ ᠤᠰᠤ ᠠᠷᠪᠢᠯᠠᠬᠤ ᠶᠢ ᠮᠠᠨ ᠤ ᠲᠤᠭᠤᠷᠢᠭ  ᠤᠨ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠪᠥᠬᠦ ᠶᠠᠪᠤᠴᠠ ᠳᠤ ᠤᠷᠢᠳᠴᠢᠯᠠᠨ ᠲᠤᠭᠤᠰᠢᠯᠠᠭᠤᠯᠵᠤ᠂ ᠪᠥᠬᠦ ᠲᠤᠭᠤᠷᠢᠭ ᠤᠨ ᠤᠰᠤᠨ ᠤ ᠡᠬᠢ ᠪᠠᠶᠠᠯᠢᠭ ᠢ ᠠᠰᠢᠭᠯᠠᠬᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃        ᠨᠢᠭᠡ᠂ ᠶᠡᠷᠦᠩᠬᠡᠢ ᠱᠠᠭᠠᠷᠳᠠᠯᠭ᠎ᠠ        ︵ᠨᠢᠭᠡ︶ ᠵᠢᠯᠤᠭᠤᠳᠬᠤ ᠦᠵᠡᠯ ᠰᠠᠨᠠᠭ᠎ᠠ         ᠶᠡᠷᠦᠩᠬᠡᠶ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠵᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠨ᠂ ᠰᠢᠰᠲ᠋ᠧᠮ ᠲᠠᠢ ᠵᠠᠰᠠᠵᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠴᠡ ᠪᠠᠷ ᠵᠢᠯᠣᠭᠤᠳᠣᠯᠭ᠎ᠠ ᠪᠤᠯᠭᠠᠨ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠵᠤ᠂ ᠤᠰᠤᠨ ᠤ ᠬᠡᠮᠵᠢᠶ᠎ᠡ ᠪᠠᠷ ᠬᠢᠬᠦ᠂ ᠤᠰᠤ ᠠᠷᠪᠢᠯᠠᠬᠤ ᠪᠠᠷ ᠭᠤᠤᠯᠳᠠᠯᠭ᠎ᠠ ᠪᠤᠯᠭᠠᠬᠤ ᠶᠢ ᠪᠠᠷᠢᠮᠳᠠᠯᠠᠨ᠂ ᠤᠰᠤᠨ ᠤ ᠡᠬᠢ ᠪᠠᠶᠠᠯᠢᠭ ᠢ ᠬᠠᠮᠤᠭ ᠤᠨ ᠶᠡᠭᠡ ᠬᠠᠲᠠᠭᠤ ᠬᠢᠵᠠᠭᠠᠷᠯᠠᠯ ᠪᠣᠯᠭᠠᠵᠤ᠂ ᠵᠦᠶ ᠵᠣᠬᠢᠰ ᠥᠬᠡᠶ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠡᠷᠡᠰ ᠬᠤᠷᠢᠭᠯᠠᠨ᠂ ᠤᠰᠤ ᠶᠢ ᠶᠡᠭᠡ ᠪᠠᠷ ᠠᠷᠪᠢᠯᠠᠵᠤ ᠬᠢᠵᠠᠭᠠᠷᠯᠠᠬᠤ ᠶᠢ ᠥᠷᠨᠢᠭᠦᠯᠵᠦ᠂ ᠡᠯ᠎ᠡ ᠠᠵᠢᠯ ᠲᠥᠷᠥᠯ ᠤᠨ ᠤᠰᠤ ᠠᠷᠪᠢᠯᠠᠬᠤ ᠳᠠᠯᠳᠠ ᠬᠦᠴᠦᠨ ᠢ ᠭᠦᠨ ᠠᠭᠤᠳᠠᠯᠵᠤ᠂ ᠪᠥᠬᠦ ᠲᠤᠭᠤᠷᠢᠭ ᠤᠨ ᠡᠯ᠎ᠡ ᠠᠵᠢᠯ ᠲᠥᠷᠥᠯ ᠤᠨ ᠤᠰᠤ ᠬᠡᠷᠡᠭᠯᠡᠬᠦ ᠠᠷᠭ᠎ᠠ ᠮᠠᠶ᠋ᠢᠭ ᠢ ᠪᠦᠳᠦᠭᠦᠯᠢᠭ ᠪᠥᠭᠡᠳ ᠳᠤᠤᠷ᠎ᠠ ᠦᠷ᠎ᠡ ᠪᠦᠲᠦᠮᠵᠢᠲᠡᠶ ᠪᠠᠶᠢᠭᠰᠠᠨ ᠠᠴᠠ ᠠᠷᠪᠢᠯᠠᠨ ᠡᠷᠴᠢᠮᠵᠢᠭᠦᠯᠬᠦ ᠳᠠᠰᠢ ᠬᠤᠪᠢᠷᠠᠭᠤᠯᠬᠤ ᠶᠢ ᠠᠬᠢᠭᠤᠯᠤᠨ᠂ ᠮᠠᠨ ᠤ ᠲᠤᠭᠤᠷᠢᠭ ᠤᠨ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠤᠯᠠᠮ ᠨᠢᠭᠡ ᠠᠯᠬᠤᠮ ᠨᠠᠮᠳᠠᠭᠤᠯᠵᠤ᠂ ᠤᠰᠤ ᠶᠢ ᠠᠷᠪᠢᠯᠠᠨ ᠬᠡᠷᠡᠭᠯᠡᠬᠦ ᠪᠠᠷ ᠬᠥᠭᠵᠢᠯᠲᠡ ᠶᠢᠨ ᠣᠷᠣᠨ ᠵᠠᠶ ᠶᠢ ᠥᠷᠭᠡᠳᠬᠡᠨ᠎ᠡ᠃        ︵ᠬᠤᠶᠠᠷ︶ ᠦᠨᠳᠦᠰᠦᠨ ᠵᠠᠷᠴᠢᠮ            ᠪᠣᠳᠠᠲᠤ ᠪᠠᠶᠢᠳᠠᠯ ᠳᠤ ᠰᠠᠭᠤᠷᠢᠯᠠᠵᠤ᠂ ᠦᠨᠡᠨ ᠠᠴᠠ ᠵᠥᠪ ᠢ ᠡᠷᠢᠨ᠎ᠡ᠃ ᠮᠠᠨ ᠤ ᠲᠤᠭᠤᠷᠢᠭ ᠤᠨ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠣᠳᠣᠬᠢ ᠪᠠᠶᠢᠳᠠᠯ ᠳᠤ ᠰᠠᠭᠤᠷᠢᠯᠠᠵᠤ᠂ ᠤᠰᠤ ᠶᠢ ᠶᠡᠭᠡ ᠪᠠᠷ ᠠᠷᠪᠢᠯᠠᠵᠤ ᠬᠢᠵᠠᠭᠠᠷᠯᠠᠬᠤ ᠠᠵᠢᠯ ᠤᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠨᠵᠡᠭᠡᠢ ᠳᠠᠨᠢᠨ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠮᠠᠨ ᠤ ᠲᠤᠭᠤᠷᠢᠭ ᠤᠨ  ᠤᠰᠤᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠰᠢᠢᠳᠪᠦᠷᠢᠯᠡᠬᠦ ᠦᠨᠳᠦᠰᠦᠨ ᠭᠠᠷᠬᠤ ᠵᠠᠮ ᠪᠣᠯᠭᠠᠵᠤ᠂ ᠤᠰᠤᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠶᠢ ᠦᠨᠳᠦᠰᠦᠯᠡᠨ ᠬᠤᠳᠠ ᠶᠢᠨ ᠣᠷᠣᠨ ᠵᠠᠢ ᠶᠢᠨ ᠪᠠᠶᠢᠷᠢᠰᠢᠭᠤᠯᠤᠯᠲᠠ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ᠂ ︽ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠰᠤ ᠠᠷᠪᠢᠯᠠᠵᠤ ᠬᠢᠵᠠᠭᠠᠷᠯᠠᠬᠤ ᠠᠵᠢᠯ ᠢ ᠤᠷᠳᠤ ᠬᠤᠭᠤᠴᠠᠭ᠎ᠠ ᠪᠠᠷ ᠭᠦᠨᠵᠡᠭᠡᠢ ᠰᠠᠶᠢᠲᠤᠷ ᠬᠢᠨ᠎ᠡ᠃        ᠲᠡᠷᠢᠭᠦᠨ ᠤ ᠬᠢ ᠲᠠᠢ ᠬᠠᠷᠭᠤᠭᠤᠯᠵᠤ᠂ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠷᠬᠡᠪᠰᠢ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠤᠰᠤ ᠬᠡᠷᠡᠭᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠵᠠᠷᠴᠢᠮ ᠶᠣᠰᠣᠭᠠᠷ᠂ ᠡᠯ᠎ᠡ ᠠᠵᠢᠯ ᠲᠥᠷᠥᠯ ᠤᠨ ᠤᠰᠤ ᠬᠡᠷᠡᠭᠯᠡᠬᠦ ᠶᠢ ᠵᠦᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠳᠡᠭᠡᠭᠰᠢᠯᠡᠬᠦᠯᠦᠨ᠂ ᠤᠰᠤ ᠠᠷᠪᠢᠯᠠᠬᠤ ᠲᠡᠷᠢᠭᠦᠨ ᠤ ᠮᠡᠷᠭᠡᠵᠢᠯ ᠢ ᠲᠦᠷᠭᠡᠳᠭᠡᠨ ᠲᠦᠭᠡᠮᠡᠯᠵᠢᠭᠦᠯᠵᠦ᠂ ᠡᠯ᠎ᠡ ᠠᠵᠢᠯ ᠲᠥᠷᠥᠯ ᠤᠨ ᠤᠰᠤ ᠬᠡᠷᠡᠭᠯᠡᠬᠦ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃        ᠪᠦᠬᠦᠯᠢ ᠴᠤᠭᠴᠠ ᠪᠠᠷ ᠪᠠᠶᠢᠷᠢᠰᠢᠭᠤᠯᠵᠤ᠂ ᠭᠤᠤᠯᠳᠠᠯᠭ᠎ᠠ ᠶᠢ ᠳᠣᠪᠣᠶᠢᠯᠭᠠᠨ᠎ᠠ᠃ ᠪᠥᠬᠦ ᠲᠤᠭᠤᠷᠢᠭ ᠤᠨ ᠡᠯ᠎ᠡ ᠠᠵᠢᠯ ᠲᠥᠷᠥᠯ ᠳᠤ ᠤᠰᠤ ᠠᠷᠪᠢᠯᠠᠵᠤ  ᠬᠢᠵᠠᠭᠠᠷᠯᠠᠬᠤ ᠠᠵᠢᠯ ᠢ ᠭᠦᠨᠵᠡᠭᠡᠶ ᠥᠷᠨᠢᠭᠦᠯᠵᠦ᠂ ᠤᠰᠤ ᠶᠡᠭᠡ ᠬᠤᠷᠣᠭᠳᠠᠭᠤᠯᠬᠤ ᠬᠦᠷᠢᠶ᠎ᠡ ᠴᠠᠷᠠᠭ᠎ᠠ ᠪᠠ ᠭᠤᠤᠯᠳᠠᠯᠭ᠎ᠠ ᠲᠠᠢ ᠤᠰᠤ ᠬᠡᠷᠡᠭᠯᠡᠬᠦ ᠨᠢᠭᠡᠴᠠ ᠳᠤ ᠠᠩᠬᠠᠷᠤᠯ ᠢᠶᠠᠨ ᠲᠥᠪᠯᠡᠷᠡᠭᠦᠯᠦᠨ᠂ ᠤᠰᠤ ᠠᠷᠪᠢᠯᠠᠬᠤ ᠶᠢ ᠵᠢᠷᠤᠮᠵᠢᠭᠤᠯᠬᠤ ᠪᠠ ᠨᠠᠷᠢᠯᠢᠬᠵᠢᠭᠤᠯᠤᠨ ᠬᠠᠮᠢᠶᠠᠷᠬᠤ ᠶᠢ ᠲᠦᠷᠭᠡᠳᠬᠡᠨ ᠠᠬᠢᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠡᠯ᠎ᠡ ᠠᠵᠢᠯ ᠲᠥᠷᠥᠯ ᠤᠨ ᠤᠰᠤ ᠬᠡᠷᠡᠭᠯᠡᠬᠦ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃         ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠵᠣᠬᠢᠴᠠᠭᠤᠯᠤᠨ ᠠᠬᠢᠭᠤᠯᠤᠨ᠎ᠠ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ   ᠬᠠᠷᠢᠯᠴᠠᠨ ᠵᠣᠬᠢᠴᠠᠭᠤᠯᠬᠤ ᠪᠠᠨ ᠴᠢᠩᠭᠠᠳᠬᠠᠨ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠵᠦ᠂ ᠨᠢᠭᠲᠠ ᠬᠠᠮᠵᠢᠯᠴᠠᠨ᠂ ᠤᠰᠤ ᠶᠢ ᠠᠷᠪᠢᠯᠠᠵᠤ ᠬᠢᠵᠠᠭᠠᠷᠯᠠᠬᠤ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠬᠠᠮᠲᠤᠪᠠᠷ ᠠᠬᠢᠭᠤᠯᠤᠨ᠎ᠠ᠃        ︵ᠭᠤᠷᠪᠠ︶ ᠭᠤᠣᠯ ᠬᠠᠷᠠᠯᠲᠠ        ᠬᠢᠶ᠎ᠠ ᠪᠠᠭᠰᠢ ᠲᠣᠭᠤᠷᠢᠭ ᠲᠤ ᠲᠣᠮᠣ ᠬᠡᠯᠪᠡᠷᠢ ᠶᠢᠨ ᠤᠰᠤᠯᠠᠯᠲᠠ ᠶᠢᠨ ᠣᠷᠣᠨ ᠪᠠᠶᠢᠬᠤ ᠦᠭᠡᠢ᠂ 2025 ᠣᠨ ᠪᠣᠯᠬᠤ ᠳᠤ᠂ ᠲᠥᠯᠥᠪᠵᠢᠭᠦᠯᠦᠭᠰᠡᠨ ᠲᠠᠷᠢᠶᠠᠯᠠᠩ ᠤᠨ ᠲᠥᠷᠥᠯ ᠵᠦᠢᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠨᠢ ᠴᠥᠮ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠳᠤ ᠨᠡᠶᠢᠴᠡᠵᠦ᠂ ᠴᠣᠬᠤᠯᠠᠪᠤᠷᠢᠯᠠᠭᠤᠯᠤᠭᠰᠠᠨ ᠲᠠᠷᠢᠶᠠᠯᠠᠩ ᠤᠨ ᠲᠥᠷᠥᠯ ᠵᠦᠢᠯ ᠤᠰᠤ ᠳᠠᠳᠠᠬᠤ ᠳᠤ᠂ ᠡᠷᠬᠡᠪᠰᠢ ᠳᠡᠭᠡᠳᠦ ᠱᠠᠲᠤᠨ ᠤ ᠪᠠᠭᠤᠯᠭᠠᠭᠰᠠᠨ ᠤᠰᠤ ᠬᠡᠷᠡᠭᠯᠡᠬᠦ ᠭᠦᠢᠴᠡᠳᠬᠡᠯ ᠲᠤᠭ᠎ᠠ ᠵᠢᠴᠢ ︽ᠬᠢᠶ᠎ᠠ ᠪᠠᠭᠰᠢ ᠲᠣᠭᠤᠷᠢᠭ ᠤᠨ ᠲᠠᠷᠢᠶᠠᠯᠠᠩ ᠤᠨ ᠤᠰᠤᠯᠠᠯᠲᠠ ᠶᠢᠨ ᠤᠰᠤᠨ ᠤ ᠡᠬᠢ ᠪᠠᠶᠠᠯᠢᠭ ᠢ ᠨᠤᠳᠠᠯᠠᠬᠤ ᠤᠷᠤᠨ ᠪᠦᠰᠡ ᠶᠢ ᠦᠨᠡᠯᠡᠨ ᠵᠢᠱᠢᠭᠰᠡᠨ ᠮᠡᠳᠡᠭᠦᠯᠦᠯᠲᠡ︾ ᠶᠢ ᠦᠨᠳᠦᠰᠦᠯᠡᠨ ᠤᠰᠤ ᠳᠠᠳᠠᠬᠤ ᠬᠢᠨᠠᠨ ᠵᠦᠪᠰᠢᠶᠡᠷᠠᠯ ᠢ ᠬᠦᠢᠴᠡᠳᠬᠡᠨ᠎ᠡ᠃ ᠤᠰᠤ ᠲᠠᠲᠠᠬᠤ ᠠᠮᠠᠰᠠᠷ ᠨᠢ ᠬᠡᠮᠵᠢᠯᠲᠡ ᠶᠢᠨ ᠪᠡᠯᠡᠳᠬᠡᠮᠵᠢ ᠵᠢᠴᠢ ᠰᠦᠯᠵᠢᠶᠡᠨ ᠳᠡᠭᠡᠷᠡᠬᠢ ᠬᠢᠨᠠᠨ ᠬᠡᠮᠵᠢᠬᠦ ᠲᠣᠨᠤᠭ ᠲᠥᠬᠦᠭᠡᠷᠦᠮᠵᠢ ᠶᠢ ᠤᠭᠰᠠᠷᠠᠬᠤ ᠪᠠᠷ ᠳᠠᠮᠵᠢᠭᠤᠯᠤᠨ ᠪᠦᠬᠦᠨ ᠢ ᠬᠡᠮᠵᠢᠵᠤ ᠬᠢᠨᠠᠨ ᠡᠵᠡᠮᠳᠡᠬᠦ ᠶᠢ ᠪᠡᠶᠡᠯᠡᠭᠦᠯᠦᠨ᠎ᠡ︔ 2020 ᠣᠨ ᠤ ᠲᠣᠭᠲᠠᠮᠠᠯ ᠦᠨ᠎ᠡ ᠪᠠᠷ᠂ ᠲᠦᠮᠡᠨ ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 10% ᠪᠠᠷ ᠪᠠᠭᠤᠷᠠᠭᠤᠯᠵᠤ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 10% ᠪᠠᠷ ᠪᠠᠭᠤᠷᠠᠭᠤᠯᠤᠨ᠎ᠠ︔ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠳᠤ ᠢᠯᠡᠷᠬᠡᠶ ᠦᠷ᠎ᠡ ᠪᠦᠲᠦᠮᠵᠢ ᠣᠯᠵᠤ᠂ ᠡᠯ᠎ᠡ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢ ᠪᠦᠬᠦᠨ ᠢ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠲᠡᠷᠢᠭᠦᠨ ᠤ ᠬᠡᠮᠵᠢᠭᠳᠡᠯ ᠠᠴᠠ ᠳᠠᠪᠠᠭᠤᠯᠵᠤ᠂ ᠤᠰᠤ ᠠᠷᠪᠢᠯᠠᠬᠤ ᠦᠷ᠎ᠡ ᠪᠦᠲᠦᠮᠵᠢ ᠶᠢ ᠠᠩᠬ᠎ᠠ ᠠᠯᠬᠤᠮ ᠲᠣᠳᠣᠷᠠᠭᠤᠯᠤᠨ᠎ᠠ︔ ᠳᠠᠬᠢᠯᠳᠠ ᠤᠰᠤ ᠶᠢ ᠪᠦᠬᠦᠨ ᠢ ᠤᠰᠤᠨ ᠤ ᠡᠬᠢ ᠪᠠᠶᠠᠯᠢᠭ ᠤᠨ ᠨᠢᠭᠡᠳᠦᠯᠲᠡᠶ ᠲᠣᠬᠢᠷᠠᠭᠤᠯᠤᠯᠲᠠ ᠳᠤ ᠣᠷᠣᠭᠤᠯᠤᠨ᠎ᠠ︔ ᠡᠯ᠎ᠡ ᠲᠥᠷᠥᠯ ᠤᠨ ᠣᠯᠠᠨ ᠨᠡᠶᠢᠲᠡ ᠶᠢᠨ ᠤᠰᠤ ᠬᠠᠩᠭᠠᠬᠤ ᠠᠵᠤ ᠠᠬᠤᠶᠢᠯᠠᠯ ᠤᠨ ᠬᠤᠭᠤᠯᠠᠶ ᠶᠢᠨ ᠰᠦᠯᠵᠢᠶᠠᠨ ᠤ ᠭᠤᠭᠤᠵᠢᠬᠤ ᠨᠣᠷᠮ᠎ᠠ ᠶᠢ 9% ᠶᠢᠨ ᠳᠣᠲᠣᠷ᠎ᠠ ᠪᠠᠭᠤᠷᠠᠭᠤᠯᠤᠨ᠎ᠠ︔ 80% ᠠᠴᠠ ᠳᠡᠭᠡᠭᠰᠢᠬᠢ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ᠂ 3 ᠶᠡᠭᠡ ᠳᠡᠭᠡᠳᠦ ᠰᠤᠷᠭᠠᠭᠤᠯᠢ ᠴᠥᠮ ᠱᠠᠭᠠᠷᠳᠠᠯᠭ᠎ᠠ ᠶᠣᠰᠣᠭᠠᠷ ᠤᠰᠤ ᠠᠷᠪᠢᠯᠠᠬᠤ ᠬᠡᠯᠪᠡᠷᠢ ᠶᠢᠨ ᠨᠢᠭᠡᠴᠢ᠂ ᠤᠰᠤ ᠠᠷᠪᠢᠯᠠᠬᠤ ᠬᠡᠯᠪᠡᠷᠢ ᠶᠢᠨ ᠶᠡᠭᠡ ᠳᠡᠭᠡᠳᠦ ᠰᠤᠷᠭᠠᠭᠤᠯᠢ ᠶᠢ ᠪᠠᠶᠢᠭᠤᠯᠵᠤ᠂ ᠬᠢᠶ᠎ᠠ ᠪᠠᠭᠰᠢ ᠲᠣᠭᠤᠷᠢᠭ ᠤᠨ ᠤᠰᠤ ᠠᠷᠪᠢᠯᠠᠬᠤ ᠬᠡᠯᠪᠡᠷᠢ ᠶᠢᠨ ᠰᠠᠭᠤᠭᠠᠯᠢ ᠠᠷᠠᠳ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠶᠢᠨ ᠬᠠᠮᠲᠤ ᠬᠢᠶ᠎ᠠ ᠪᠠᠭᠰᠢ ᠲᠣᠭᠤᠷᠢᠭ ᠤᠨ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃        ᠬᠤᠶᠠᠷ᠂ ᠪᠥᠬᠦ ᠠᠵᠢᠯ ᠲᠥᠷᠥᠯ ᠪᠥᠬᠦ ᠠᠵᠤ ᠦᠢᠯᠡᠰ ᠤᠨ ᠬᠡᠯᠬᠢᠶ᠎ᠡ ᠤᠰᠤ ᠶᠢ ᠶᠡᠭᠡ ᠪᠠᠷ ᠠᠷᠪᠢᠯᠠᠵᠤ ᠬᠢᠵᠠᠭᠠᠷᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ        ︵ᠨᠢᠭᠡ︶ ᠲᠠᠷᠢᠶᠠᠯᠠᠩ ᠬᠦᠳᠡᠭᠡ ᠲᠣᠰᠬᠤᠨ ᠤ ᠤᠰᠤ ᠠᠷᠪᠢᠯᠠᠬᠤ ᠳᠠᠯᠳᠠ ᠬᠦᠴᠦᠨ ᠢ ᠭᠦᠨ ᠰᠥᠪᠡᠭᠴᠢᠯᠡᠵᠦ᠂ ᠲᠠᠷᠢᠶᠠᠯᠠᠩ ᠤᠨ ᠲᠦᠷᠦᠯ ᠵᠦᠢᠯ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ         1. ᠲᠠᠷᠢᠶᠠᠯᠠᠩ ᠤᠨ ᠲᠥᠷᠥᠯ ᠵᠦᠢᠯ ᠢ ᠲᠥᠯᠥᠪᠵᠢᠭᠦᠯᠭᠡ ᠶᠣᠰᠣᠭᠠᠷ ᠬᠡᠷᠡᠭᠵᠢᠭᠦᠯᠬᠦ ᠶᠢ ᠠᠬᠢᠭᠤᠯᠤᠨ᠎ᠠ᠃ ᠨᠢᠭᠡ ᠳᠤ ᠲᠠᠷᠢᠶᠠᠯᠠᠩ ᠤᠨ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ᠬᠤᠤᠰ ᠡᠵᠡᠮᠳᠡᠯ ᠢ ᠴᠢᠩᠭᠠᠷᠠᠭᠤᠯᠵᠤ᠂ ᠲᠠᠷᠢᠶᠠᠯᠠᠩ ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠦᠨ᠂ ᠤᠰᠤ ᠬᠡᠷᠡᠭᠯᠡᠬᠦ ᠨᠣᠷᠮ᠎ᠠ ᠶᠢ ᠴᠢᠩᠭ᠎ᠠ ᠵᠢᠷᠤᠮᠯᠠᠨ ᠡᠯ᠎ᠡ ᠲᠠᠷᠢᠶᠠᠯᠠᠩ ᠤᠨ ᠲᠥᠷᠥᠯ ᠵᠦᠢᠯ ᠤᠨ ᠤᠰᠤ ᠲᠠᠲᠠᠵᠤ ᠬᠡᠷᠡᠭᠯᠡᠬᠦ ᠬᠡᠮᠵᠢᠶ᠎ᠡ ᠶᠢ ᠬᠢᠨᠠᠨ ᠲᠣᠭᠲᠠᠭᠠᠵᠤ᠂ ᠲᠥᠷᠥᠯ ᠵᠦᠢᠯ ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠨᠣᠷᠮ᠎ᠠ ᠲᠣᠭᠲᠠᠭᠠᠨ ᠬᠠᠮᠢᠶᠠᠷᠬᠤ ᠶᠢ ᠬᠡᠷᠡᠭᠵᠢᠭᠦᠯᠦᠨ᠂ ᠲᠠᠷᠢᠶᠠᠯᠠᠩ ᠤᠨ ᠤᠰᠤ ᠬᠡᠷᠡᠭᠯᠡᠬᠦ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠥᠷᠨᠢᠭᠦᠯᠵᠦ᠂ ᠬᠥᠷᠥᠰᠥᠨ ᠤ ᠴᠢᠭᠢᠭ ᠤᠨ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠨ᠂ ᠴᠢᠭᠢᠭ ᠤᠨ ᠬᠡᠮᠵᠢᠯᠳᠠ ᠤᠰᠤᠯᠠᠯᠲᠠ ᠶᠢᠨ ᠠᠵᠢᠯ ᠢ ᠥᠷᠨᠢᠭᠦᠯᠬᠦ ᠶᠢᠨ ᠬᠠᠮᠲᠤ ᠤᠰᠤ ᠬᠡᠷᠡᠭᠯᠡᠬᠦ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠲᠠᠷᠢᠶᠠᠯᠠᠩ ᠤᠨ ᠲᠥᠷᠥᠯ ᠵᠦᠢᠯ ᠤᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨᠴᠢ ᠪᠠᠷ ᠤᠰᠤᠯᠠᠬᠤ ᠶᠢ ᠬᠥᠲᠥᠯᠦᠨ ᠵᠢᠯᠣᠭᠤᠳᠴᠤ᠂ ᠴᠢᠩᠭ᠎ᠠ ᠬᠢᠨᠠᠨ ᠬᠠᠮᠢᠶᠠᠷᠤᠨ᠎ᠠ᠃ ᠰᠢᠨ᠎ᠡ ᠪᠠᠷ ᠴᠣᠬᠤᠯᠠᠪᠤᠷᠢᠯᠠᠭᠰᠠᠨ ᠲᠠᠷᠢᠶᠠᠯᠠᠩ ᠤᠨ ᠲᠥᠷᠥᠯ ᠤᠨ ᠲᠥᠷᠥᠯ ᠵᠦᠢᠯ ᠨᠢ ᠡᠷᠬᠡᠪᠰᠢ ᠤᠰᠤ ᠠᠷᠪᠢᠯᠠᠬᠤ ᠤᠰᠤᠯᠠᠯᠲᠠ ᠶᠢᠨ ᠠᠵᠢᠯ ᠲᠥᠷᠥᠯ ᠤᠨ ᠲᠡᠷᠢᠭᠦᠨ ᠤ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠴᠦ᠂ ᠬᠡᠲᠦᠷᠡᠲᠡᠯ᠎ᠡ ᠤᠰᠤᠯᠠᠬᠤ ᠦᠵᠡᠭᠳᠡᠯ ᠢ ᠡᠷᠡᠰ ᠬᠤᠷᠢᠭᠯᠠᠨ᠎ᠠ᠃ ᠬᠤᠶᠠᠷ ᠲᠤ ᠲᠠᠷᠢᠶᠠᠯᠠᠩ ᠤᠨ ᠲᠥᠷᠥᠯ ᠵᠦᠢᠯ ᠤᠨ ᠤᠰᠤ ᠬᠡᠷᠡᠭᠯᠡᠬᠦ ᠬᠡᠮᠵᠢᠯᠲᠡ ᠶᠢᠨ ᠪᠡᠯᠡᠳᠬᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠤᠰᠤ ᠳᠠᠳᠠᠬᠤ ᠵᠥᠪᠰᠢᠶᠡᠷᠡᠯ ᠢ ᠭᠤᠶᠤᠴᠢᠯᠠᠬᠤ ᠠᠭᠤᠯᠭ᠎ᠠ ᠶᠢ ᠦᠨᠳᠦᠰᠦᠯᠡᠨ ᠪᠥᠬᠦ ᠪᠡᠯᠡᠳᠬᠡᠮᠵᠢ ᠶᠢ ᠢᠵᠢ ᠪᠥᠷᠢᠳᠦᠭᠦᠯᠬᠦ ᠶᠢᠨ ᠬᠠᠮᠲᠤ ︽ᠴᠠᠬᠢᠯᠭᠠᠨ ᠢᠶᠠᠷ ᠤᠰᠤ ᠶᠢ ᠨᠤᠭᠤᠯᠬᠤ︾᠂ ᠤᠷᠤᠰᠬᠠᠯ ᠤᠨ ᠬᠡᠮᠵᠢᠶ᠎ᠡ ᠶᠢ ᠬᠢᠨᠠᠨ ᠬᠡᠮᠵᠢᠬᠦ ᠵᠡᠷᠭᠡ ᠠᠷᠭ᠎ᠠ ᠪᠠᠷᠢᠯ ᠲᠠᠢ ᠤᠶᠠᠯᠳᠤᠭᠤᠯᠤᠨ ᠤᠰᠤ ᠬᠡᠷᠡᠭᠯᠡᠬᠦ ᠶᠢ ᠬᠢᠨᠠᠨ ᠬᠠᠮᠢᠶᠠᠷᠬᠤ᠂ ᠳᠠᠬᠢᠨ ᠬᠢᠨᠠᠬᠤ ᠶᠢ ᠴᠢᠩᠭᠠᠳᠬᠠᠪᠠ᠃ ᠭᠤᠷᠪᠠ ᠳᠤ ᠲᠠᠷᠢᠶᠠᠯᠠᠩ ᠤᠨ ᠲᠥᠷᠥᠯ ᠵᠦᠢᠯ ᠤᠨ ᠴᠣᠬᠤᠯᠠᠪᠤᠷᠢᠯᠠᠨ ᠬᠠᠷᠢᠭᠤᠯᠤᠭᠰᠠᠨ ᠤᠰᠤᠯᠠᠯᠲᠠ ᠶᠢᠨ ᠲᠠᠯᠠᠪᠠᠶ ᠶᠢ ᠴᠢᠩᠭ᠎ᠠ ᠬᠢᠵᠠᠭᠠᠷᠯᠠᠵᠤ᠂ ︽ᠤᠰᠤ ᠪᠠᠷ ᠳᠥᠷᠪᠡ ᠶᠢ ᠲᠣᠭᠲᠠᠭᠠᠬᠤ︾ ᠬᠤᠷᠢᠭ᠎ᠠ ᠱᠤᠭᠤᠮ ᠢ ᠪᠠᠲᠤ ᠰᠠᠬᠢᠨ᠂ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠠᠰᠢᠭᠯᠠᠨ ᠤᠰᠤᠯᠠᠯᠲᠠ ᠶᠢᠨ ᠲᠠᠯᠠᠪᠠᠶ ᠶᠢ ᠳᠤᠷ᠎ᠠ ᠪᠠᠷ ᠢᠶᠠᠨ ᠨᠡᠮᠡᠭᠳᠡᠭᠦᠯᠵᠦ ᠪᠣᠯᠬᠤ ᠥᠬᠡᠶ᠂ ᠤᠯᠤᠰ ᠤᠨ ᠭᠠᠵᠠᠷ ᠰᠢᠷᠣᠶ ᠶᠢᠨ ︽ᠭᠤᠷᠪᠠᠳᠤᠭᠠᠷ ᠣᠳᠠᠭᠠᠨ ᠤ ᠪᠠᠶᠢᠴᠠᠭᠠᠯᠳᠠ︾ ᠶᠢᠨ ᠲᠤᠭ᠎ᠠ ᠪᠠᠷᠢᠮᠲᠠ ᠶᠢᠨ ᠶᠣᠰᠣᠭᠠᠷ᠂ ᠭᠠᠵᠠᠷ ᠤᠨ ᠲᠥᠷᠥᠯ ᠤᠨ ᠰᠢᠨᠵᠢ ᠴᠢᠨᠠᠷ  ᠤᠨ ᠵᠠᠭᠠᠭ  ᠱᠤᠭᠤᠮ ᠢ ᠳᠣᠳᠣᠷᠬᠠᠢ ᠢᠯᠭᠠᠨ᠎ᠠ᠃        2. ᠬᠥᠳᠡᠭᠡ ᠲᠣᠰᠬᠤᠨ ᠤ ᠠᠮᠢᠳᠤᠷᠠᠯ ᠤᠨ ᠤᠰᠤ ᠠᠷᠪᠢᠯᠠᠬᠤ ᠶᠢ ᠲᠦᠷᠭᠡᠳᠬᠡᠨ ᠠᠬᠢᠭᠤᠯᠣᠨ᠎ᠠ᠃ ᠬᠢᠶ᠎ᠠ ᠪᠠᠭᠰᠢ ᠲᠣᠭᠤᠷᠢᠭ ᠤᠨ ᠬᠥᠳᠡᠭᠡ ᠲᠣᠰᠬᠤᠨ ᠳᠤ ᠵᠥᠪᠬᠡᠨ ᠴᠥᠭᠡᠨ ᠲᠣᠭᠠᠨ ᠤ ᠪᠠᠶᠢᠩᠭᠤ ᠰᠠᠭᠤᠭ᠎ᠠ ᠡᠷᠦᠬᠡ ᠦᠢᠯᠡᠳᠪᠦᠷᠢᠯᠡᠯ ᠠᠮᠢᠳᠤᠷᠠᠯ ᠳᠤ ᠥᠪᠡᠷ ᠢᠶᠠᠨ ᠮᠠᠯᠳᠠᠭᠰᠠᠨ ᠬᠤᠳᠳᠤᠭ ᠠᠴᠠ ᠤᠰᠣ ᠳᠠᠳᠠᠨ ᠬᠡᠷᠡᠭᠯᠡᠨ᠂ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠭᠰᠠᠨ ᠰᠠᠭᠤᠷᠢᠨ ᠳᠡᠭᠡᠷ᠎ᠡ᠂ ᠲᠠᠷᠢᠶᠠᠴᠢᠨ ᠡᠷᠦᠬᠡ ᠶᠢ ᠬᠥᠲᠥᠯᠥᠨ ᠵᠢᠯᠣᠭᠤᠳᠴᠤ ᠪᠠᠶᠢᠭᠠᠳ ᠤᠰᠤ ᠶᠢ ᠠᠷᠪᠢᠯᠠᠨ ᠬᠡᠷᠡᠭᠯᠡᠵᠦ᠂ ᠤᠰᠤ ᠠᠷᠪᠢᠯᠠᠬᠤ ᠪᠠᠭᠠᠵᠢ ᠬᠡᠷᠡᠭᠰᠡᠯ ᠢ ᠳᠡᠯᠭᠡᠷᠡᠭᠦᠯᠦᠨ ᠬᠡᠷᠡᠭᠯᠡᠵᠦ᠂ ᠰᠠᠶᠢᠨ ᠰᠠᠶᠢᠬᠠᠨ ᠤᠰᠤ ᠠᠷᠪᠢᠯᠠᠬᠤ ᠨᠥᠬᠦᠴᠡᠯ ᠢ ᠪᠤᠢ ᠪᠣᠯᠭᠠᠨ᠎ᠠ︔ ᠪᠣᠬᠢᠷ ᠤᠰᠤ ᠶᠢ ᠰᠢᠢᠳᠪᠦᠷᠢᠯᠡᠬᠦ ᠶᠢ ᠴᠢᠩᠭᠠᠳᠬᠠᠨ᠂ ᠨᠢᠭᠡᠳᠦᠯᠲᠡᠶ ᠴᠤᠭᠯᠠᠭᠤᠯᠵᠤ᠂ ᠨᠢᠭᠡᠳᠦᠯᠲᠡᠶ ᠲᠣᠬᠢᠷᠠᠭᠤᠯᠤᠨ᠎ᠠ᠃            ︵ᠬᠤᠶᠠᠷ︶ ᠠᠵᠤ ᠦᠢᠯᠡᠳᠪᠦᠷᠢ ᠶᠢᠨ ᠲᠦᠷᠦᠯ ᠵᠦᠢᠯ ᠤᠨ ᠤᠰᠤ ᠠᠷᠪᠢᠯᠠᠬᠤ ᠦᠨᠡᠯᠡᠯᠳᠡ ᠶᠢ ᠴᠢᠩᠭ᠎ᠠ ᠠᠳᠬᠤᠵᠤ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠤᠬᠢᠷᠳᠤᠯ ᠤᠨ ᠬᠡᠮᠵᠢᠶ᠎ᠠ ᠶᠢ ᠪᠠᠭᠠᠰᠬᠠᠬᠤ ᠶᠢ ᠠᠬᠢᠭᠤᠯᠤᠨ᠎ᠠ            1. ᠤᠰᠤ ᠬᠡᠷᠡᠭᠯᠡᠬᠦ ᠬᠦᠴᠦᠯᠡᠴᠡ ᠶᠢᠨ ᠬᠦᠢᠴᠡᠳᠭᠡᠯ ᠲᠤᠭ᠎ᠠ ᠶᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠎ᠠ᠃ ᠨᠢᠭᠡ ᠳᠤ ᠰᠢᠨ᠎ᠡ ᠪᠠᠷ ᠪᠠᠶᠢᠭᠤᠯᠬᠤ ᠤᠰᠤ ᠶᠡᠭᠡ ᠬᠤᠷᠣᠭᠳᠠᠭᠤᠯᠬᠤ ᠲᠥᠷᠥᠯ ᠵᠦᠢᠯ ᠢ ᠴᠢᠩᠭ᠎ᠠ ᠡᠵᠡᠮᠳᠡᠵᠦ᠂ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠳᠤ ᠬᠦᠷᠦᠭᠡᠳᠦᠶ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠳᠤ ᠴᠥᠮ ᠤᠰᠤ ᠲᠠᠲᠠᠬᠤ ᠶᠢ ᠬᠢᠨᠠᠨ ᠵᠥᠪᠰᠢᠶᠡᠷᠡᠵᠦ ᠪᠣᠯᠬᠤ ᠥᠬᠡᠶ︔ ᠣᠳᠣ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠳᠤ ᠬᠦᠷᠦᠭᠡᠳᠦᠶ ᠠᠵᠤ ᠦᠢᠯᠡᠳᠪᠦᠷᠢ ᠶᠢᠨ ᠲᠥᠷᠥᠯ ᠵᠦᠢᠯ ᠳᠤ᠂ ᠤᠰᠤ ᠠᠷᠪᠢᠯᠠᠬᠤ ᠤᠷ᠎ᠠ ᠮᠡᠷᠭᠡᠰᠢᠯ ᠤᠨ ᠥᠭᠡᠷᠡᠴᠢᠯᠡᠯᠲᠡ ᠶᠢ ᠬᠤᠭᠤᠴᠠᠭ᠎ᠠ ᠲᠣᠭᠲᠠᠭᠠᠨ ᠠᠯᠬᠤᠮ ᠬᠤᠪᠢᠶᠠᠨ ᠠᠬᠢᠭᠤᠯᠵᠤ᠂ ᠭᠤᠣᠯᠳᠠᠭᠤ ᠡᠯ᠎ᠡ ᠭᠠᠵᠠᠷ ᠤᠨ ᠪᠣᠳᠠᠲᠠᠢ ᠤᠰᠤ ᠶᠡᠭᠡ ᠵᠠᠷᠤᠴᠠᠭᠤᠯᠬᠤ ᠠᠵᠤ ᠦᠢᠯᠡᠳᠪᠦᠷᠢ ᠶᠢᠨ ᠲᠦᠷᠦᠯ ᠵᠦᠢᠯ ᠤᠨ ᠳᠣᠮᠳᠠ ᠠᠴᠠ ᠦᠢᠯᠡᠳᠪᠦᠷᠢᠯᠡᠬᠦ ᠴᠢᠳᠠᠪᠤᠷᠢ ᠪᠠᠷ ᠨᠡᠯᠢᠶᠡᠳ ᠶᠡᠭᠡ᠂ ᠰᠠᠭᠤᠷᠢ ᠨᠥᠬᠦᠴᠡᠯ ᠢᠶᠠᠷ ᠰᠠᠶᠢᠨ ᠠᠵᠤ ᠠᠬᠤᠶᠢᠯᠠᠯ ᠢ ᠰᠣᠩᠭᠤᠨ ᠤᠰᠤ ᠲᠠᠲᠠᠬᠤ᠂ ᠤᠰᠤ ᠬᠠᠩᠭᠠᠬᠤ᠂ ᠤᠰᠤ ᠬᠤᠷᠤᠭᠳᠠᠬᠤ᠂ ᠤᠰᠤ ᠵᠠᠯᠠᠬᠤ ᠵᠡᠷᠭᠡ ᠶᠠᠪᠤᠴᠠ ᠶᠢᠨ ᠳᠠᠯ᠎ᠠ ᠠᠴᠠ᠂ ᠨᠢᠭᠡ ᠪᠦᠯᠦᠭ ᠤᠰᠤ ᠠᠷᠪᠢᠯᠠᠬᠤ ᠤᠷ᠎ᠠ ᠮᠡᠷᠭᠡᠵᠢᠯ ᠢ ᠥᠭᠡᠷᠡᠴᠢᠯᠡᠬᠦ ᠪᠠ ᠤᠰᠤ ᠶᠢ ᠡᠷᠭᠢᠯᠳᠦᠭᠦᠯᠦᠨ ᠬᠡᠷᠡᠭᠯᠡᠬᠦ ᠢᠨᠵᠧᠨᠧᠷᠢᠩ ᠢ ᠬᠡᠷᠡᠭᠵᠢᠭᠦᠯᠦᠨ᠂ 2025 ᠣᠨ ᠪᠣᠯᠬᠤ ᠳᠤ᠂ ᠪᠦᠬᠦᠨ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠬᠡᠷᠡᠭᠯᠡᠬᠦ ᠤᠰᠤᠨ ᠤ ᠲᠣᠭᠲᠠᠭᠰᠠᠨ ᠨᠣᠷᠮ᠎ᠠ ᠶᠢᠨ ᠲᠡᠷᠢᠭᠦᠨ ᠤ ᠬᠡᠮᠵᠢᠭᠳᠡᠯ ᠤᠨ ᠪᠠᠷᠢᠮᠵᠢᠶ᠎ᠠ ᠳᠤ ᠬᠦᠷᠴᠦ᠂ ᠪᠠᠷᠢᠮᠵᠢᠶ᠎ᠠ ᠳᠤ ᠥᠯᠥ ᠬᠦᠷᠦᠭᠰᠡᠨ ᠤᠰᠤ ᠬᠡᠷᠡᠭᠯᠡᠬᠦ ᠲᠥᠷᠥᠯ ᠵᠦᠢᠯ ᠳᠤ ᠤᠰᠤ ᠲᠠᠲᠠᠬᠤ ᠵᠥᠪᠰᠢᠶᠡᠷᠡᠯ ᠢ ᠦᠷᠭᠦᠯᠵᠢᠯᠡᠭᠦᠯᠬᠦ ᠦᠶ᠎ᠡ ᠳᠤ ᠵᠥᠪᠰᠢᠶᠡᠷᠡᠬᠦ ᠦᠭᠡᠢ᠃ ᠬᠤᠶᠠᠷ ᠲᠤ ᠤᠰᠤ ᠳᠠᠳᠠᠬᠤ ᠡᠷᠬᠡ ᠶᠢ ᠬᠠᠤᠯᠢ ᠶᠣᠰᠣᠭᠠᠷ ᠣᠯᠤᠭᠰᠠᠨ ᠠᠵᠤ ᠠᠬᠤᠶᠢᠯᠠᠯ ᠢ ᠵᠣᠷᠢᠭᠵᠢᠭᠤᠯᠵᠤ᠂ ᠦᠢᠯᠡᠳᠬᠦᠨ ᠤ ᠪᠦᠲᠦᠴᠡ ᠶᠢ ᠲᠣᠬᠢᠷᠠᠭᠤᠯᠬᠤ ᠪᠠ ᠤᠷ᠎ᠠ ᠮᠡᠷᠭᠡᠵᠢᠯ ᠢ ᠨᠢ ᠰᠠᠶᠢᠵᠢᠷᠠᠭᠤᠯᠬᠤ ᠵᠡᠷᠭᠡ ᠤᠰᠤ ᠠᠷᠪᠢᠯᠠᠬᠤ ᠠᠷᠭ᠎ᠠ ᠬᠡᠮᠵᠢᠶ᠎ᠡ ᠪᠠᠷ ᠳᠠᠮᠵᠢᠭᠤᠯᠤᠨ ᠤᠰᠤᠨ ᠤ ᠡᠬᠢ ᠪᠠᠶᠠᠯᠢᠭ ᠢ ᠠᠷᠪᠢᠯᠠᠬᠤ ᠶᠢᠨ ᠬᠠᠮᠲᠤ ᠠᠷᠪᠢᠯᠠᠭᠰᠠᠨ ᠤᠰᠤᠨ ᠤ ᠡᠬᠢ ᠪᠠᠶᠠᠯᠢᠭ ᠢ ᠲᠤᠰ ᠠᠵᠤ ᠠᠬᠤᠶᠢᠯᠠᠯ ᠤᠨ ᠰᠢᠨ᠎ᠡ ᠲᠥᠷᠥᠯ ᠵᠦᠢᠯ ᠳᠤ ᠡᠩ ᠲᠡᠷᠢᠭᠦᠨ ᠳᠤ ᠲᠣᠬᠢᠷᠠᠭᠤᠯᠤᠨ ᠥᠭᠭᠦᠨ᠎ᠡ᠃        2. ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤ  ᠳᠠᠳᠠᠨ ᠬᠡᠷᠡᠭᠯᠡᠬᠦ ᠶᠢ ᠬᠢᠨᠠᠨ ᠵᠥᠪᠰᠢᠶᠡᠷᠡᠬᠦ ᠶᠢ ᠴᠢᠩᠭ᠎ᠠ ᠠᠳᠬᠤᠨ᠎ᠠ᠃ ᠨᠢᠭᠡ ᠳᠤ ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠬᠤ᠂ ᠪᠣᠯᠣᠳ ᠲᠡᠮᠦᠷ᠂ ᠴᠢᠯᠠᠭᠤᠨ ᠲᠣᠰᠣ ᠬᠢᠮᠢ ᠪᠠ ᠬᠢᠮᠢ ᠶᠢᠨ ᠠᠵᠤ ᠦᠢᠯᠡᠳᠪᠦᠷᠢ ᠵᠡᠷᠭᠡ ᠤᠰᠤ ᠶᠡᠭᠡ ᠬᠤᠷᠣᠭᠳᠠᠭᠤᠯᠬᠤ ᠲᠥᠷᠥᠯ ᠵᠦᠢᠯ ᠳᠤ ᠭᠠᠵᠠᠷ ᠳᠣᠤᠷᠠᠬᠢ ᠤᠰᠤ ᠲᠠᠲᠠᠵᠤ ᠬᠡᠷᠡᠭᠯᠡᠬᠦ ᠶᠢ ᠴᠠᠭᠠᠵᠠᠯᠠᠨ᠎ᠠ᠃ ᠬᠤᠶᠠᠷ ᠲᠤ ᠲᠥᠯᠥᠪᠵᠢᠭᠦᠯᠦᠭᠰᠡᠨ ᠤᠰᠤᠨ ᠤ ᠡᠬᠢ ᠪᠠᠶᠠᠯᠢᠭ ᠢ ᠨᠤᠲᠠᠯᠠᠬᠤ ᠬᠠᠮᠢᠶᠠᠷᠤᠯᠲᠠ ᠶᠢ ᠲᠡᠭᠦᠯᠳᠡᠷᠵᠢᠭᠦᠯᠦᠨ ᠴᠢᠩᠭᠠᠳᠬᠠᠵᠤ᠂ ᠲᠥᠷᠥᠯ ᠵᠦᠢᠯ ᠤᠨ ᠤᠰᠤ ᠳᠠᠳᠠᠬᠤ ᠵᠥᠪᠰᠢᠶᠡᠷᠡᠯ ᠤᠨ ᠱᠠᠲᠤ ᠦᠶ᠎ᠡ ᠳᠤ᠂ ᠤᠰᠤ ᠠᠷᠪᠢᠯᠠᠬᠤ ᠦᠨᠡᠯᠡᠯᠲᠡ ᠶᠢ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠴᠢᠬᠤᠯᠠ ᠠᠭᠤᠯᠭ᠎ᠠ ᠪᠣᠯᠭᠠᠵᠤ᠂ ᠤᠰᠤ ᠠᠷᠪᠢᠯᠠᠬᠤ ᠦᠨᠡᠯᠡᠯᠲᠡ ᠶᠢᠨ ᠳ᠋ᠦᠩᠨᠡᠯᠲᠡ ᠶᠠᠪᠤᠭᠳᠠᠵᠤ ᠳᠡᠶᠢᠯᠬᠦ ᠦᠭᠡᠶ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠬᠢᠨᠠᠨ ᠪᠠᠶᠢᠴᠠᠭᠠᠯᠲᠠ ᠶᠢ ᠪᠠᠲᠤᠯᠠᠬᠤ ᠥᠬᠡᠶ᠃ ᠭᠤᠷᠪᠠ ᠳᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠤᠰᠤ ᠠᠷᠪᠢᠯᠠᠬᠤ ᠠᠵᠢᠯ ᠤᠨ ︽ᠭᠤᠷᠪᠠ ᠶᠢ ᠬᠠᠮᠲᠤ ᠳᠤᠨᠢ ᠬᠢᠬᠦ︾᠂ ︽ᠳᠥᠷᠪᠡ ᠶᠢ ᠪᠣᠳᠠᠲᠠᠶᠢᠵᠢᠭᠤᠯᠬᠤ︾ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠤᠰᠤ ᠠᠷᠪᠢᠯᠠᠬᠤ ᠪᠡᠯᠡᠳᠬᠡᠮᠵᠢ ᠶᠢ ᠡᠷᠬᠡᠪᠰᠢ ᠭᠤᠤᠯ ᠴᠣᠭᠴᠠ ᠶᠢᠨ ᠪᠠᠷᠢᠯᠭ᠎ᠠ ᠯᠤᠭ᠎ᠠ ᠬᠠᠮᠲᠤ ᠳᠤᠨᠢ ᠵᠢᠷᠤᠭᠯᠠᠨ ᠲᠥᠯᠥᠪᠯᠡᠵᠦ᠂ ᠬᠠᠮᠲᠤ ᠳᠤᠨᠢ ᠪᠠᠷᠢᠵᠤ᠂ ᠬᠠᠮᠲᠤ ᠳᠤᠨᠢ ᠠᠰᠢᠭᠯᠠᠯᠲᠠ ᠳᠤ ᠣᠷᠣᠭᠤᠯᠤᠨ ᠬᠡᠷᠡᠭᠯᠡᠭᠦᠯᠬᠦ ᠶᠢᠨ ᠬᠠᠮᠲᠤ᠂ ᠠᠵᠤ ᠦᠢᠯᠡᠳᠪᠦᠷᠢ ᠶᠢᠨ ᠲᠥᠷᠥᠯ ᠵᠦᠢᠯ ᠤᠨ ᠤᠰᠤ ᠳᠠᠳᠠᠬᠤ ᠢᠨᠵᠧᠨᠧᠷᠢᠩ ᠢ ᠬᠢᠨᠠᠨ ᠰᠢᠯᠭᠠᠬᠤ ᠦᠶ᠎ᠡ ᠳᠤ ᠤᠰᠤ ᠬᠡᠷᠡᠭᠯᠡᠬᠦ ᠠᠵᠤ ᠠᠬᠤᠶᠢᠯᠠᠯ ᠡᠷᠬᠡᠪᠰᠢ ᠤᠰᠤ ᠬᠡᠷᠡᠭᠯᠡᠬᠦ ᠲᠥᠯᠥᠪᠯᠡᠭᠡ ᠶᠢ ᠪᠣᠳᠠᠲᠠᠶᠢᠵᠢᠭᠤᠯᠬᠤ᠂ ᠤᠰᠤ ᠠᠷᠪᠢᠯᠠᠬᠤ ᠬᠠᠷᠠᠯᠲᠠ ᠶᠢ ᠪᠣᠳᠠᠲᠠᠶᠢᠵᠢᠭᠤᠯᠬᠤ᠂ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠬᠠᠮᠢᠶᠠᠷᠤᠯᠲᠠ ᠶᠢᠨ ᠳᠦᠷᠢᠮ ᠢ ᠪᠣᠳᠠᠲᠠᠶᠢᠵᠢᠭᠤᠯᠬᠤ ᠶᠢ ᠪᠡᠶᠡᠯᠡᠭᠦᠯᠵᠦ᠂ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠳᠤ ᠬᠦᠷᠦᠭᠡᠳᠦᠶ ᠪᠣᠯ ᠤᠰᠤ ᠳᠠᠳᠠᠬᠤ ᠵᠥᠪᠰᠢᠶᠡᠷᠡᠯ ᠤᠨ ᠬᠢᠨᠠᠨ ᠰᠢᠯᠭᠠᠯᠲᠠ ᠶᠢ ᠥᠩᠭᠡᠷᠡᠭᠦᠯᠬᠦ ᠦᠭᠡᠶ᠃            3. ᠤᠰᠤ ᠲᠠᠲᠠᠵᠤ ᠬᠡᠷᠡᠭᠯᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠢᠭᠡ ᠳᠤ ᠲᠣᠭᠲᠠᠭᠰᠠᠨ ᠨᠣᠷᠮ᠎ᠠ ᠠᠴᠠ ᠬᠡᠲᠦᠷᠡᠭᠦᠯᠦᠨ ᠤᠰᠤ ᠬᠡᠷᠡᠭᠯᠡᠬᠦ ᠶᠢ ᠲᠤᠰᠬᠠᠢ ᠬᠢᠨᠠᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠵᠦ᠂ ᠲᠣᠭᠲᠠᠭᠰᠠᠨ ᠨᠤᠷᠮ᠎ᠠ ᠠᠴᠠ ᠳᠠᠪᠠᠭᠤᠯᠤᠭᠰᠠᠨ ᠪᠤᠶᠤ ᠴᠣᠬᠤᠯᠠᠪᠤᠷᠢ ᠠᠴᠠ ᠬᠡᠲᠦᠷᠡᠭᠦᠯᠦᠨ ᠤᠰᠤ ᠬᠡᠷᠡᠭᠯᠡᠭᠰᠡᠨ ᠠᠵᠤ ᠠᠬᠤᠶᠢᠯᠠᠯ ᠳᠤ ᠬᠤᠭᠤᠴᠠᠭ᠎ᠠ ᠬᠢᠵᠠᠭᠠᠷᠯᠠᠨ ᠪᠠᠷᠢᠮᠵᠢᠶ᠎ᠠ ᠳᠤ ᠬᠦᠷᠦᠭᠦᠯᠬᠦ ᠪᠠᠷ ᠱᠠᠭᠠᠷᠳᠠᠬᠤ ᠶᠢᠨ ᠬᠠᠮᠲᠤ᠂ ᠠᠬᠢᠭᠤᠯᠤᠨ ᠪᠤᠳᠤᠵᠤ ᠦᠨ᠎ᠡ ᠨᠡᠮᠡᠬᠦ ᠪᠠ ᠤᠰᠤᠨ ᠤ ᠡᠬᠢ ᠪᠠᠶᠠᠯᠢᠭ ᠤᠨ ᠭᠠᠶᠢᠯᠢ ᠨᠡᠮᠡᠵᠦ ᠬᠤᠷᠢᠶᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠤᠶᠠᠷ ᠲᠤ ᠭᠤᠤᠯᠳᠠᠯᠭ᠎ᠠ ᠲᠠᠢ ᠠᠵᠤ ᠠᠬᠤᠶᠢᠯᠠᠯ ᠤᠳ ᠤᠰᠤᠨ ᠤ ᠲᠡᠩᠴᠡᠭᠦᠷᠢ ᠶᠢ ᠬᠡᠮᠵᠢᠨ ᠰᠢᠯᠭᠠᠬᠤ᠂ ᠤᠰᠤ ᠬᠡᠷᠡᠭᠯᠡᠬᠦ ᠶᠢ ᠬᠢᠨᠠᠨ ᠪᠤᠳᠤᠬᠤ ᠵᠢᠴᠢ ᠤᠰᠤᠨ ᠤ ᠠᠰᠢᠭᠯᠠᠮᠵᠢ ᠶᠢ ᠪᠠᠷᠢᠮᠵᠢᠶᠠᠯᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ  ᠥᠷᠨᠢᠭᠦᠯᠦᠨ᠎ᠡ᠃ ᠭᠤᠷᠪᠠ ᠳᠤ ᠤᠰᠤ ᠬᠠᠩᠭᠠᠬᠤ ᠬᠡᠮᠵᠢᠯᠲᠡ ᠶᠢᠨ ᠰᠢᠰᠲ᠋ᠧᠮᠵᠢ ᠪᠠ ᠰᠦᠯᠵᠢᠶᠡᠨ ᠳᠡᠭᠡᠷᠡᠬᠢ ᠬᠢᠨᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠵᠦ᠂ ᠦᠢᠯᠡᠳᠪᠦᠷᠢᠯᠡᠯ ᠤᠨ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭᠠᠷᠠᠭᠤᠯᠤᠨ᠂ ᠪᠣᠶ ᠪᠥᠬᠦᠶ ᠠᠵᠤ ᠦᠢᠯᠡᠳᠪᠦᠷᠢ ᠶᠢᠨ ᠲᠥᠷᠥᠯ ᠵᠦᠢᠯ ᠨᠢ ᠤᠰᠤ ᠳᠠᠳᠠᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠤᠰᠤᠨ ᠤ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ  ᠳᠡᠭᠦᠯᠳᠡᠷᠵᠢᠭᠦᠯᠵᠦ᠂ ᠤᠰᠤᠨ ᠤ ᠶᠠᠪᠤᠳᠠᠯ ᠤᠨ ᠬᠠᠮᠢᠶᠠᠷᠤᠯᠲᠠ ᠶᠢᠨ ᠠᠵᠢᠯᠲᠠᠨ ᠢ ᠳᠣᠭᠢᠷᠠᠭᠤᠯᠤᠨ᠂ ᠤᠶᠤᠨᠲᠤ ᠤᠰᠤᠨ ᠤ ᠶᠠᠪᠤᠳᠠᠯ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠤᠰᠤᠨ ᠤ ᠶᠠᠪᠤᠳᠠᠯ ᠤᠨ ᠬᠠᠮᠢᠶᠠᠷᠤᠯᠲᠠ ᠶᠢᠨ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠬᠠᠮᠲᠤ᠂ ᠲᠥᠯᠥᠪᠯᠡᠭᠡ ᠲᠠᠢ ᠪᠠᠷ ᠤᠰᠤ ᠬᠡᠷᠡᠭᠯᠡᠬᠦ᠂ ᠤᠰᠤ ᠶᠢ ᠠᠷᠪᠢᠯᠠᠨ ᠬᠡᠷᠡᠭᠯᠡᠬᠦ᠂ ᠬᠡᠮᠵᠢᠯᠲᠡ ᠶᠢᠨ ᠪᠡᠯᠡᠳᠬᠡᠮᠵᠢ ᠶᠢᠨ ᠠᠵᠢᠯᠯᠠᠭᠠᠨ ᠤ ᠬᠠᠮᠢᠶᠠᠷᠤᠯᠲᠠ ᠪᠠ ᠤᠰᠤᠨ ᠤ ᠡᠬᠢ ᠪᠠᠶᠠᠯᠢᠭ ᠢ ᠬᠠᠮᠠᠭᠠᠯᠠᠬᠤ ᠵᠡᠷᠭᠡ ᠠᠵᠢᠯ ᠢ ᠴᠢᠩᠭᠠᠳᠬᠠᠵᠤ᠂ ᠤᠰᠤ ᠳᠠᠳᠠᠬᠤ ᠮᠡᠳᠡᠭᠡ ᠵᠠᠩᠭᠢ ᠶᠢ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠮᠡᠳᠡᠭᠡ ᠵᠠᠩᠭᠢᠵᠢᠯᠲᠠ ᠶᠢᠨ ᠲᠠᠪᠴᠠᠩ ᠳᠤ ᠴᠠᠭ ᠲᠤᠬᠠᠶ ᠳᠤᠨᠢ ᠳᠠᠮᠵᠢᠭᠤᠯᠤᠨ᠎ᠠ᠃            4. ᠤᠰᠤ ᠶᠡᠭᠡ ᠬᠤᠷᠣᠭᠳᠠᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠤᠨ ᠤᠰᠤ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠃ ᠨᠢᠭᠡ ᠳᠤ ᠤᠰᠤ ᠶᠡᠭᠡ ᠬᠤᠷᠣᠭᠳᠠᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠬᠢᠵᠠᠭᠠᠷᠯᠠᠵᠤ᠂ ᠰᠢᠭᠰᠢᠭᠳᠡᠭᠦᠯᠬᠦ ᠭᠠᠷᠴᠠᠭ ᠤᠨ  ᠣᠷ᠎ᠠ ᠮᠡᠷᠭᠡᠵᠢᠯ ᠪᠣᠯᠤᠨ ᠲᠣᠨᠤᠭ ᠲᠥᠬᠦᠭᠡᠷᠦᠮᠵᠢ ᠶᠢ ᠬᠡᠷᠡᠭᠯᠡᠭᠰᠡᠨ ᠲᠥᠷᠥᠯ ᠵᠦᠢᠯ ᠳᠤ ᠤᠰᠤ ᠳᠠᠳᠠᠬᠤ ᠵᠥᠪᠰᠢᠶᠡᠷᠡᠯ ᠢ ᠨᠢ ᠵᠥᠪᠰᠢᠶᠡᠷᠡᠬᠦ ᠦᠭᠡᠶ᠃ ᠬᠤᠶᠠᠷ ᠲᠤ ᠤᠯᠤᠰ ᠤᠨ ᠨᠡᠶᠢᠲᠡᠯᠡᠭᠰᠡᠨ ᠤᠰᠤ ᠶᠡᠭᠡ ᠬᠤᠷᠣᠭᠳᠠᠭᠤᠯᠬᠤ ᠤᠷ᠎ᠠ ᠮᠡᠷᠭᠡᠰᠢᠯ᠂ ᠮᠡᠷᠭᠡᠵᠢᠯ᠂ ᠲᠣᠨᠤᠭ ᠲᠥᠬᠦᠭᠡᠷᠦᠮᠵᠢ ᠶᠢᠨ ᠵᠣᠷᠢᠭᠵᠢᠭᠤᠯᠬᠤ ᠭᠠᠷᠴᠠᠭ ᠪᠠ ᠰᠢᠭᠰᠢᠭᠳᠡᠭᠦᠯᠬᠦ ᠭᠠᠷᠴᠠᠭ ᠶᠣᠰᠣᠭᠠᠷ᠂ ᠣᠲᠣ ᠶᠢᠨ ᠪᠠᠶᠢᠭ᠎ᠠ ᠤᠰᠤ ᠶᠡᠭᠡ ᠬᠤᠷᠣᠭᠳᠠᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠳᠤ ᠤᠰᠤ ᠠᠷᠪᠢᠯᠠᠬᠤ ᠬᠠᠮᠢᠶᠠᠷᠤᠯᠲᠠ ᠪᠠ ᠥᠭᠡᠷᠡᠴᠢᠯᠡᠨ ᠲᠠᠰ ᠳᠡᠪᠰᠢᠭᠦᠯᠬᠦ ᠶᠢ ᠬᠡᠷᠡᠭᠵᠢᠭᠦᠯᠵᠦ᠂ ᠵᠥᠷᠢᠶᠡᠲᠦ ᠤᠰᠤᠨ ᠤ ᠦᠨ᠎ᠡ ᠵᠢᠴᠢ ᠤᠰᠤ ᠠᠷᠪᠢᠯᠠᠬᠤ ᠬᠡᠪ ᠳᠠᠭᠤᠷᠢᠶᠠᠯ ᠢ ᠪᠣᠶ ᠪᠣᠯᠭᠠᠬᠤ ᠵᠡᠷᠭᠡ ᠠᠷᠭ᠎ᠠ ᠪᠠᠷᠢᠯ ᠢ ᠬᠡᠷᠡᠭᠯᠡᠨ᠂ ᠤᠰᠤ ᠶᠡᠭᠡ ᠬᠤᠷᠣᠭᠳᠠᠭᠤᠯᠬᠤ ᠠᠵᠤ ᠠᠬᠤᠶᠢᠯᠠᠯ ᠤᠨ ᠬᠠᠶᠠᠭᠳᠠᠮᠠᠯ ᠤᠰᠤ ᠶᠢ ᠭᠦᠨᠵᠡᠭᠡᠶ ᠰᠢᠢᠳᠪᠦᠷᠢᠯᠡᠬᠦ ᠪᠠ ᠪᠠᠷᠢᠮᠵᠢᠶ᠎ᠠ ᠳᠤ ᠬᠦᠷᠦᠭᠦᠯᠦᠨ ᠳᠠᠬᠢᠨ ᠠᠰᠢᠭᠯᠠᠬᠤ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠳ ᠤᠨ ᠥᠨᠳᠥᠷ ᠦᠷ᠎ᠡ ᠪᠦᠲᠦᠮᠵᠢᠲᠡᠶ ᠪᠠᠷ ᠬᠥᠷᠥᠭᠡᠬᠦ᠂ ᠤᠰᠤ ᠦᠭᠡᠶ ᠪᠠᠷ ᠤᠬᠢᠶᠠᠵᠤ ᠴᠡᠪᠡᠷᠯᠡᠬᠦ᠂ ᠡᠷᠭᠢᠯᠳᠦᠭᠦᠯᠦᠨ ᠤᠰᠤ ᠬᠡᠷᠡᠭᠯᠡᠬᠦ᠂ ᠬᠠᠶᠠᠭᠳᠠᠮᠠᠯ ᠪᠣᠬᠢᠷ ᠤᠰᠤ ᠶᠢ ᠳᠠᠬᠢᠨ ᠠᠰᠢᠭᠯᠠᠬᠤ᠂ ᠤᠰᠤ ᠶᠡᠭᠡ ᠬᠤᠷᠣᠭᠳᠠᠭᠤᠯᠬᠤ ᠦᠢᠯᠡᠳᠪᠦᠷᠢᠯᠡᠯ ᠤᠨ ᠤᠷ᠎ᠠ ᠮᠡᠷᠭᠡᠵᠢᠯ ᠢ ᠣᠷᠣᠯᠠᠭᠤᠯᠬᠤ ᠵᠡᠷᠭᠡ ᠤᠰᠤ ᠠᠷᠪᠢᠯᠠᠬᠤ ᠤᠷ᠎ᠠ ᠮᠡᠷᠭᠡᠵᠢᠯ ᠪᠣᠯᠤᠨ ᠮᠡᠷᠭᠡᠵᠢᠯ ᠬᠡᠷᠡᠭᠯᠡᠬᠦ ᠶᠢ ᠲᠦᠯᠬᠢᠨ ᠠᠬᠢᠭᠤᠯᠵᠤ᠂ ᠬᠤᠴᠣᠷᠤᠩᠭᠤᠶ ᠮᠡᠷᠭᠡᠵᠢᠯ ᠲᠥᠬᠦᠭᠡᠷᠦᠮᠵᠢ ᠶᠢ ᠰᠢᠭᠰᠢᠨ᠎ᠡ᠃            5. ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠪᠣᠯᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ 2025 ᠣᠨ ᠤ ᠵᠢᠯ ᠤᠨ ᠡᠴᠦᠰ ᠠᠴᠠ ᠡᠮᠦᠨ᠎ᠡ᠂ ᠬᠢᠶ᠎ᠠ ᠪᠠᠭᠰᠢ ᠶᠢᠨ ᠬᠠᠷᠢᠶ᠎ᠠ ᠬᠦᠷᠢᠶᠡᠯᠡᠩ ᠨᠢ ᠠᠵᠤ ᠠᠬᠤᠶᠢᠯᠠᠯ ᠤᠨ ᠬᠤᠭᠤᠷᠣᠨᠳᠣ ᠪᠠᠨ ᠬᠤᠯᠪᠣᠭᠠᠯᠠᠵᠤ ᠤᠰᠤ ᠬᠡᠷᠡᠭᠯᠡᠬᠦ᠂ ᠴᠢᠨᠠᠷ ᠬᠤᠪᠢᠶᠠᠨ ᠤᠰᠤ ᠬᠡᠷᠡᠭᠯᠡᠬᠦ᠂ ᠱᠠᠲᠤᠴᠢ ᠴᠢᠨᠠᠷᠲᠠᠢ ᠪᠠᠷ ᠤᠰᠤ ᠬᠡᠷᠡᠭᠯᠡᠬᠦ᠂  ᠡᠷᠬᠢᠯᠳᠦᠬᠦᠯᠦᠨ ᠤᠰᠤ ᠬᠡᠷᠡᠭᠯᠡᠬᠦ ᠶᠢ ᠪᠡᠶᠡᠯᠡᠭᠦᠯᠦᠨ᠎ᠡ᠃ ᠰᠢᠨ᠎ᠡ ᠪᠠᠷ ᠪᠠᠶᠢᠭᠤᠯᠬᠤ ᠠᠵᠤ ᠠᠬᠤᠶᠢᠯᠠᠯ ᠪᠣᠯᠤᠨ ᠬᠦᠷᠢᠶᠡᠯᠡᠩ ᠲᠥᠯᠥᠪᠵᠢᠭᠦᠯᠦᠨ ᠪᠠᠶᠢᠷᠢᠯᠠᠭᠤᠯᠬᠤ ᠳᠤ᠂ ᠤᠰᠤ ᠬᠠᠩᠭᠠᠬᠤ ᠵᠠᠯᠠᠬᠤ᠂ ᠤᠰᠤ ᠰᠢᠢᠳᠪᠦᠷᠢᠯᠡᠬᠦ ᠵᠢᠴᠢ ᠡᠷᠭᠢᠯᠳᠦᠭᠦᠯᠦᠨ ᠠᠰᠢᠭᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠠᠵᠤ ᠠᠬᠤᠶᠢᠯᠠᠯ ᠤᠨ ᠬᠤᠭᠤᠷᠣᠨᠳᠣᠬᠢ ᠤᠰᠤ ᠬᠡᠷᠡᠭᠯᠡᠬᠦ ᠰᠢᠰᠲ᠋ᠧᠮ ᠢ ᠲᠥᠪᠯᠡᠷᠡᠭᠦᠯᠦᠨ ᠰᠢᠯᠢᠳᠡᠭᠵᠢᠭᠦᠯᠬᠦ ᠶᠢ ᠠᠬᠢᠭᠤᠯᠤᠨ᠎ᠠ᠃ ᠭᠤᠤᠯᠳᠠᠭᠤ ᠢᠯᠴᠢ ᠶᠢᠨ ᠴᠠᠬᠢᠯᠭᠠᠨ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠢᠯ ᠲᠥᠷᠥᠯ ᠳᠤ ᠤᠰᠤ ᠠᠷᠪᠢᠯᠠᠬᠤ ᠬᠡᠯᠪᠡᠷᠢ ᠶᠢᠨ ᠨᠢᠭᠡ ᠪᠦᠯᠦᠭ ᠠᠵᠤ ᠠᠬᠤᠶᠢᠯᠠᠯ ᠵᠢᠴᠢ ᠤᠰᠤ ᠠᠷᠪᠢᠯᠠᠬᠤ ᠬᠡᠯᠪᠡᠷᠢ ᠶᠢᠨ ᠬᠦᠷᠢᠶᠡᠯᠡᠩ ᠢ ᠪᠠᠶᠢᠭᠤᠯᠤᠨ᠎ᠠ᠃        ︵ᠭᠤᠷᠪᠠ︶ ᠣᠯᠠᠨ ᠨᠡᠶᠢᠲᠡ ᠶᠢᠨ ᠤᠰᠤ ᠬᠡᠷᠡᠭᠯᠡᠬᠦ ᠠᠰᠢᠭᠯᠠᠮᠵᠢ ᠶᠢ ᠳᠡᠭᠡᠭᠰᠢᠯᠡᠭᠦᠯᠵᠦ᠂ ᠬᠤᠲᠠ ᠪᠠᠯᠭᠠᠰᠤ ᠶᠢᠨ ᠤᠰᠤ ᠠᠷᠪᠢᠯᠠᠵᠤ ᠬᠤᠬᠢᠷᠠᠯ ᠢ ᠪᠠᠭᠤᠷᠠᠭᠤᠯᠬᠤ ᠶᠢ ᠴᠢᠩᠭᠠᠳᠬᠠᠨ᠎ᠠ        1. ᠬᠤᠲᠠ ᠶᠢᠨ ᠤᠰᠤ ᠠᠷᠪᠢᠯᠠᠬᠤ ᠡᠯ᠎ᠡ ᠵᠦᠢᠯ ᠤᠨ ᠰᠠᠭᠤᠷᠢ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠬᠤᠲᠠ ᠪᠠᠯᠭᠠᠰᠤ ᠶᠢᠨ ᠤᠰᠤ ᠠᠷᠪᠢᠯᠠᠬᠤ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃        ᠨᠢᠭᠡ ᠳᠤ ᠬᠤᠷ᠎ᠠ ᠣᠰᠣ ᠶᠢ ᠪᠦᠳᠦᠮᠵᠢᠳᠠᠢ ᠠᠰᠢᠭᠯᠠᠬᠤ ᠬᠤᠳᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠦᠨ᠂ ᠬᠤᠲᠠ ᠶᠢᠨ ᠤᠰᠤ ᠬᠠᠳᠠᠭᠠᠯᠠᠬᠤ᠂ ᠤᠰᠤ ᠨᠡᠪᠴᠢᠬᠦ ᠪᠠ ᠤᠰᠤ ᠬᠠᠳᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠤᠰᠤᠨ ᠤ ᠠᠶᠠᠨᠳᠠᠭᠠᠨ ᠬᠠᠳᠠᠭᠠᠯᠠᠬᠤ᠂ ᠠᠶᠠᠨᠳᠠᠭᠠᠨ ᠨᠡᠪᠴᠢᠬᠦ᠂ ᠠᠶᠠᠨᠳᠠᠭᠠᠨ ᠴᠡᠪᠡᠷᠰᠢᠬᠦ ᠶᠢ  ᠪᠡᠶᠡᠯᠡᠭᠦᠯᠦᠨ᠂ ᠠᠮᠢ ᠠᠬᠤᠶ᠂ ᠠᠮᠤᠷ ᠲᠦᠪᠰᠢᠨ᠂ ᠨᠥᠬᠡᠴᠡᠳᠡᠢ ᠬᠤᠲᠠ ᠶᠢᠨ ᠤᠰᠤᠨ ᠤ ᠡᠷᠭᠢᠯᠲᠡ ᠶᠢᠨ ᠰᠢᠰᠲ᠋ᠧᠮ ᠢ ᠪᠦᠷᠢᠯᠳᠦᠭᠦᠯᠬᠦ ᠶᠢ ᠠᠬᠢᠭᠤᠯᠤᠨ᠎ᠠ᠃ ᠬᠤᠶᠠᠷ ᠲᠤ ᠳᠠᠬᠢᠯᠲᠠ ᠤᠰᠤ ᠶᠢ ᠠᠰᠢᠭᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢ ᠲᠡᠭᠦᠯᠳᠡᠷᠵᠢᠭᠦᠯᠵᠦ᠂ ᠬᠤᠲᠠ ᠶᠢᠨ ᠠᠮᠢ ᠠᠬᠤᠶ ᠶᠢᠨ ᠦᠵᠡᠮᠵᠢ᠂ ᠠᠵᠤ ᠦᠢᠯᠡᠳᠪᠦᠷᠢ ᠶᠢᠨ ᠦᠢᠯᠡᠳᠪᠦᠷᠢᠯᠡᠯ᠂ ᠬᠤᠲᠠ ᠶᠢᠨ ᠨᠣᠭᠤᠭᠠᠷᠠᠭᠤᠯᠤᠯᠲᠠ᠂ ᠵᠠᠮ  ᠴᠡᠪᠡᠷᠯᠡᠬᠦ᠂ ᠲᠡᠷᠭᠡ ᠬᠥᠰᠬᠡ ᠤᠬᠢᠶᠠᠬᠤ ᠪᠠ ᠪᠠᠷᠢᠯᠭ᠎ᠠ ᠪᠠᠷᠢᠬᠤ ᠵᠡᠷᠭᠡ ᠨᠢ ᠳᠠᠬᠢᠯᠲᠠ ᠤᠰᠤ ᠶᠢ ᠡᠩ ᠲᠡᠷᠢᠭᠦᠨ ᠳᠤ ᠬᠡᠷᠡᠭᠯᠡᠨ᠎ᠡ᠃            2. ᠤᠰᠤ ᠬᠠᠩᠭᠠᠬᠤ ᠬᠤᠭᠤᠯᠠᠶ ᠶᠢᠨ ᠰᠦᠯᠵᠢᠶᠠᠨ ᠤ ᠭᠤᠭᠤᠵᠢᠵᠤ ᠮᠠᠭᠤᠳᠠᠬᠤ ᠶᠢ ᠶᠡᠬᠡᠪᠡᠷ ᠪᠠᠭᠠᠰᠬᠠᠨ᠎ᠠ᠃ ᠨᠢᠭᠡ ᠳᠤ ᠬᠤᠲᠠ ᠪᠠᠯᠭᠠᠰᠤᠨ ᠤ ᠤᠰᠤ ᠬᠠᠩᠭᠠᠬᠤ ᠬᠤᠭᠤᠯᠠᠶ ᠶᠢᠨ ᠰᠦᠯᠵᠢᠶᠠᠨ ᠤ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠤᠰᠤ ᠬᠠᠩᠭᠠᠬᠤ ᠬᠤᠭᠤᠯᠠᠶ ᠶᠢᠨ ᠰᠦᠯᠵᠢᠶᠠᠨ ᠤ ᠲᠤᠰᠠᠭᠠᠷ ᠬᠤᠪᠢᠶᠠᠷᠢ ᠲᠣᠭᠤᠷᠢᠭ ᠤᠨ ᠬᠡᠮᠵᠢᠯᠲᠡ ᠶᠢᠨ ᠬᠠᠮᠢᠶᠠᠷᠤᠯᠲᠠ ᠶᠢ ᠠᠬᠢᠭᠤᠯᠤᠨ᠎ᠠ᠃ ᠬᠤᠶᠠᠷ ᠲᠤ ᠭᠤᠭᠤᠵᠢᠵᠤ ᠭᠤᠭᠤᠵᠢᠭᠳᠠᠬᠤ ᠶᠢ ᠰᠠᠶᠢᠲᠤᠷ ᠬᠠᠮᠢᠶᠠᠷᠴᠤ᠂ ᠤᠰᠤ ᠬᠠᠩᠭᠠᠬᠤ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠠᠷᠢᠴᠠᠯ ᠢ ᠳᠡᠭᠡᠭᠰᠢᠯᠡᠭᠦᠯᠦᠨ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ︽ᠨᠢᠭᠡ ᠡᠷᠦᠬᠡ ᠨᠢᠭᠡ ᠤᠰᠤᠨ ᠤ ᠬᠡᠮᠵᠢᠭᠦᠷ︾ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠰᠤ ᠬᠠᠩᠭᠠᠬᠤ ᠬᠤᠭᠤᠯᠠᠢ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠪᠠ ᠬᠠᠮᠠᠭᠠᠯᠠᠵᠤ᠂ ᠭᠤᠭᠤᠵᠢᠵᠤ ᠮᠠᠭᠤᠳᠠᠭᠰᠠᠨ ᠢᠶᠠᠷ ᠬᠦᠨᠳᠦ ᠨᠣᠴᠢᠲᠠᠢ ᠤᠰᠤ ᠬᠠᠩᠭᠠᠬᠤ ᠬᠤᠭᠤᠯᠠᠢ ᠶᠢᠨ ᠰᠦᠯᠵᠢᠶ᠎ᠡ ᠵᠢᠴᠢ ᠬᠡᠮᠵᠢᠯᠲᠡ ᠶᠢᠨ ᠪᠡᠯᠡᠳᠭᠡᠮᠵᠢ ᠶᠢ ᠰᠢᠨᠡᠳᠭᠡᠨ ᠥᠭᠡᠷᠡᠴᠢᠯᠡᠵᠦ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠠᠪᠴᠠᠩ ᠪᠠ ᠭᠤᠭᠤᠵᠢᠵᠤ ᠮᠠᠭᠤᠳᠠᠭᠰᠠᠨ ᠢ ᠬᠠᠮᠢᠶᠠᠷᠤᠨ ᠡᠵᠡᠮᠳᠡᠬᠦ ᠰᠢᠰᠲ᠋ᠧᠮᠵᠢ ᠶᠢ ᠪᠠᠶᠢᠭᠤᠯᠤᠨ᠎ᠠ᠃ 2025 ᠣᠨ ᠪᠣᠯᠬᠤ ᠳᠤ᠂ ᠡᠯ᠎ᠡ ᠲᠥᠷᠥᠯ ᠤᠨ ᠣᠯᠠᠨ ᠨᠡᠶᠢᠲᠡ ᠶᠢᠨ ᠤᠰᠤ ᠬᠠᠩᠭᠠᠬᠤ ᠠᠵᠤ ᠠᠬᠤᠶᠢᠯᠠᠯ ᠤᠨ ᠬᠤᠭᠤᠯᠠᠶ ᠶᠢᠨ ᠰᠦᠯᠵᠢᠶᠠᠨ ᠤ ᠭᠤᠭᠤᠵᠢᠬᠤ ᠨᠣᠷᠮ᠎ᠠ ᠶᠢ 9% ᠶᠢᠨ ᠳᠣᠲᠣᠷ᠎ᠠ ᠪᠠᠭᠤᠷᠠᠭᠤᠯᠤᠨ᠎ᠠ᠃            3. ᠦᠵᠡᠮᠵᠢ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠤᠰᠤ ᠬᠡᠷᠡᠭᠯᠡᠬᠦ ᠶᠢ ᠴᠢᠩᠭ᠎ᠠ ᠬᠢᠵᠠᠭᠠᠷᠯᠠᠨ᠎ᠠ᠃ ᠭᠠᠵᠠᠷ ᠳᠣᠤᠷᠠᠬᠢ ᠤᠰᠤ ᠶᠢ ᠳᠠᠳᠠᠨ ᠬᠤᠲᠠ ᠶᠢᠨ ᠤᠰᠤᠨ ᠤ ᠦᠵᠡᠮᠵᠢ᠂ ᠤᠰᠤᠨ ᠳᠡᠭᠡᠷᠡᠬᠢ ᠵᠤᠭ᠎ᠠ ᠴᠡᠩᠭᠡᠯ ᠤᠨ ᠲᠥᠷᠥᠯ ᠵᠦᠢᠯ ᠪᠠ ᠬᠥᠮᠦᠨ ᠤ ᠬᠦᠴᠦ ᠪᠠᠷ ᠴᠠᠰᠤ ᠵᠣᠬᠢᠶᠠᠬᠤ ᠳᠤ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠡᠯ᠎ᠡ ᠲᠥᠷᠥᠯ ᠤᠨ ᠴᠡᠴᠡᠷᠯᠢᠭ ᠤᠨ ᠨᠣᠭᠤᠭᠠᠷᠠᠭᠤᠯᠤᠯᠲᠠ ᠳᠤ ᠲᠤᠰ ᠭᠠᠵᠠᠷ ᠣᠷᠣᠨ ᠳᠤ ᠲᠣᠬᠢᠷᠠᠬᠤ ᠭᠠᠩ ᠬᠠᠭᠰᠠᠷᠭᠠᠨ ᠳᠤ ᠲᠡᠰᠪᠦᠷᠢᠲᠡᠶ ᠤᠷᠭᠤᠮᠠᠯ ᠤᠨ ᠬᠤᠴᠢᠯᠭ᠎ᠠ ᠶᠢ ᠰᠣᠩᠭᠤᠨ ᠬᠡᠷᠡᠭᠯᠡᠵᠦ᠂ ᠰᠦᠷᠴᠢᠨ ᠤᠰᠤᠯᠠᠬᠤ᠂ ᠰᠡᠪᠡᠷᠡᠭᠦᠨ ᠤᠰᠤᠯᠠᠬᠤ ᠵᠡᠷᠭᠡ ᠤᠰᠤ ᠠᠷᠪᠢᠯᠠᠬᠤ ᠤᠰᠤᠯᠠᠯᠲᠠ ᠶᠢᠨ ᠠᠷᠭ᠎ᠠ ᠮᠠᠶ᠋ᠢᠭ ᠢ ᠠᠪᠤᠨ᠂ ᠤᠰᠤ ᠶᠡᠭᠡ ᠬᠤᠷᠣᠭᠳᠠᠭᠤᠯᠬᠤ ᠤᠷᠭᠤᠮᠠᠯ ᠲᠠᠷᠢᠬᠤ ᠶᠢ ᠴᠢᠩᠭ᠎ᠠ ᠬᠢᠵᠠᠭᠠᠷᠯᠠᠨ᠎ᠠ᠃ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠤᠰᠤ ᠬᠡᠷᠡᠭᠯᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠨᠣᠭᠤᠭᠠᠷᠠᠭᠤᠯᠤᠯᠲᠠ ᠳᠤ ᠬᠡᠷᠡᠭᠯᠡᠬᠦ ᠤᠰᠤ ᠨᠢ ᠡᠩ ᠲᠡᠷᠢᠭᠦᠨ ᠳᠤ ᠳᠡᠭᠢᠯᠳᠡ ᠤᠰᠤ᠂  ᠨᠡᠭᠦᠷᠡᠰᠦᠨ ᠳᠠᠪᠬᠤᠷᠭ᠎ᠠ ᠶᠢᠨ ᠤᠰᠤ ᠶᠢ ᠬᠡᠷᠡᠭᠯᠡᠵᠦ᠂ ᠭᠠᠵᠠᠷ ᠳᠡᠭᠡᠷᠡᠬᠢ ᠤᠰᠤ ᠶᠢ ᠵᠦᠢ ᠵᠣᠬᠢᠰᠲᠠᠶ ᠳᠣᠬᠢᠷᠠᠭᠤᠯᠤᠨ᠂ ᠭᠠᠵᠠᠷ ᠳᠣᠤᠷᠠᠬᠢ ᠤᠰᠤ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃            4. ᠣᠨᠴᠠ ᠲᠥᠷᠥᠯ ᠤᠨ ᠠᠵᠢᠯ ᠲᠥᠷᠥᠯ ᠤᠨ ᠤᠰᠤ ᠬᠡᠷᠡᠭᠯᠡᠬᠦ ᠶᠢ ᠴᠢᠩᠭ᠎ᠠ ᠬᠢᠵᠠᠭᠠᠷᠯᠠᠨ᠎ᠠ᠃ ᠲᠡᠷᠭᠡ ᠤᠬᠢᠶᠠᠬᠤ᠂ ᠪᠡᠶ᠎ᠡ ᠤᠬᠢᠶᠠᠬᠤ᠂ ᠤᠬᠢᠶᠠᠬᠤ᠂ ᠵᠣᠴᠢᠳ ᠤᠨ ᠪᠠᠭᠤᠳᠠᠯ᠂ ᠳᠦᠭᠡᠭᠡᠭᠦᠷ ᠤᠰᠤ ᠪᠠᠷ ᠲᠦᠭᠦᠬᠡᠶ ᠮᠠᠲ᠋ᠧᠷᠢᠶᠠᠯ ᠪᠣᠯᠭᠠᠭᠰᠠᠨ ᠴᠡᠪᠡᠷ ᠤᠰᠤ ᠦᠢᠯᠡᠳᠪᠦᠷᠢᠯᠡᠬᠦ᠂ ᠴᠠᠰᠤᠨ ᠳᠤ ᠭᠤᠯᠭᠤᠬᠤ ᠲᠠᠯᠠᠪᠠᠶ᠂ ᠠᠰᠢᠭ ᠬᠤᠨᠵᠢᠪᠣᠷᠢ ᠶᠢᠨ ᠴᠢᠨᠠᠷᠲᠠᠶ ᠤᠮᠪᠠᠯᠲᠠ ᠶᠢᠨ ᠲᠠᠲᠠᠭᠠᠯ᠂ ᠤᠰᠣᠰᠠᠭ ᠤᠨ ᠲᠥᠷᠥᠯ ᠵᠦᠢᠯ ᠵᠡᠷᠭᠡ ᠣᠨᠴᠠ ᠲᠥᠷᠥᠯ ᠤᠨ ᠤᠰᠤ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠦᠨ᠎ᠡ ᠬᠠᠩᠰᠢ ᠶᠢᠨ ᠲᠣᠭᠲᠠᠴᠠ ᠪᠠᠷ ᠳᠠᠮᠵᠢᠭᠤᠯᠤᠨ ᠣᠨᠴᠠ ᠲᠥᠷᠥᠯ ᠤᠨ ᠤᠰᠤ ᠬᠡᠷᠡᠭᠯᠡᠬᠦ ᠮᠡᠷᠭᠡᠵᠢᠯ᠂ ᠲᠥᠬᠦᠭᠡᠷᠦᠮᠵᠢ ᠪᠠ ᠤᠷ᠎ᠠ ᠮᠡᠷᠭᠡᠵᠢᠯ ᠬᠡᠷᠡᠭᠯᠡᠬᠦ ᠶᠢ ᠭᠡᠳᠡᠷᠭᠦ ᠰᠢᠬᠠᠮᠳᠠᠭᠤᠯᠵᠤ᠂ ᠳᠠᠬᠢᠯᠲᠠ ᠤᠰᠤ᠂ ᠪᠣᠷᠣᠭᠠᠨ ᠤ ᠤᠰᠤ ᠵᠡᠷᠭᠡ ᠡᠩ ᠤᠨ ᠪᠤᠰᠤ ᠤᠰᠤᠨ ᠰᠤᠷᠪᠤᠯᠵᠢ ᠶᠢ ᠤᠷᠢᠳ ᠢᠶᠠᠷ ᠠᠰᠢᠭᠯᠠᠬᠤ ᠶᠢ ᠵᠣᠷᠢᠭᠵᠢᠭᠤᠯᠤᠨ᠎ᠠ᠃            5. ᠤᠰᠤ ᠠᠷᠪᠢᠯᠠᠬᠤ ᠬᠡᠯᠪᠡᠷᠢ ᠶᠢᠨ ᠨᠢᠭᠡᠴᠡ᠂ ᠤᠰᠤ ᠠᠷᠪᠢᠯᠠᠬᠤ ᠬᠡᠯᠪᠡᠷᠢ ᠶᠢᠨ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠠᠮᠢᠳᠤᠷᠠᠯ ᠤᠨ ᠤᠰᠤ ᠠᠷᠪᠢᠯᠠᠬᠤ ᠪᠠᠭᠠᠵᠢ ᠬᠡᠷᠡᠭᠰᠡᠯ ᠢ ᠳᠡᠯᠭᠡᠷᠡᠭᠦᠯᠦᠨ ᠲᠦᠭᠡᠮᠡᠯᠵᠢᠭᠦᠯᠬᠦ ᠶᠢ ᠲᠦᠷᠭᠡᠳᠬᠡᠨ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠵᠣᠴᠢᠳ ᠤᠨ ᠪᠠᠭᠤᠳᠠᠯ᠂ ᠢᠳᠡᠭᠡᠨ ᠤᠮᠳᠠᠭᠠᠨ᠂ ᠤᠬᠢᠶᠠᠯᠭ᠎ᠠ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠵᠤ᠂ ᠤᠰᠤ ᠠᠷᠪᠢᠯᠠᠬᠤ ᠬᠡᠯᠪᠡᠷᠢ ᠶᠢᠨ ᠤᠯᠠᠨ ᠨᠡᠶᠢᠲᠡ ᠶᠢᠨ ᠪᠠᠶᠢᠭᠤᠯᠤᠮᠵᠢ᠂ ᠰᠠᠭᠤᠭᠠᠯᠢ ᠠᠷᠠᠳ ᠤᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ  ᠥᠷᠨᠢᠭᠦᠯᠦᠨ᠂ ᠰᠢᠨ᠎ᠡ ᠪᠠᠷ ᠪᠠᠶᠢᠭᠤᠯᠤᠭᠰᠠᠨ ᠤᠯᠠᠨ ᠨᠡᠶᠢᠲᠡ ᠶᠢᠨ ᠪᠠᠷᠢᠯᠭ᠎ᠠ ᠳᠤ ᠡᠷᠬᠡᠪᠰᠢ ᠤᠰᠤ ᠠᠷᠪᠢᠯᠠᠬᠤ ᠪᠠᠭᠠᠵᠢ ᠬᠡᠷᠡᠭᠰᠡᠯ ᠢ ᠤᠭᠰᠠᠷᠠᠨ ᠬᠡᠷᠡᠭᠯᠡᠨ᠎ᠡ᠃ ᠬᠢᠶ᠎ᠠ ᠪᠠᠭᠰᠢ ᠲᠣᠭᠤᠷᠢᠭ ᠤᠨ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠢᠳᠡᠪᠬᠢᠲᠡᠢ ᠪᠠᠬᠢᠵᠢᠭᠦᠯᠦᠨ᠎ᠡ᠃ ᠤᠰᠤ ᠠᠷᠪᠢᠯᠠᠬᠤ ᠬᠡᠯᠪᠡᠷᠢ ᠶᠢᠨ ᠤᠯᠠᠨ ᠨᠡᠶᠢᠲᠡ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠪᠠ ᠤᠰᠤ ᠠᠷᠪᠢᠯᠠᠬᠤ ᠬᠡᠯᠪᠡᠷᠢ ᠶᠢᠨ ᠨᠢᠭᠡᠴᠡ ᠶᠢᠨ ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠵᠦ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠦᠨᠡᠨ ᠬᠦ ᠪᠠᠳᠠᠷᠠᠭᠤᠯᠤᠨ᠎ᠠ᠃ ᠮᠠᠨ ᠤ ᠲᠤᠭᠤᠷᠢᠭ ᠤᠨ3 ᠶᠡᠭᠡ ᠳᠡᠭᠡᠳᠦ ᠰᠤᠷᠭᠠᠭᠤᠯᠢ ᠤᠰᠤ ᠠᠷᠪᠢᠯᠠᠬᠤ ᠬᠡᠯᠪᠡᠷᠢ ᠶᠢᠨ ᠶᠡᠭᠡ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠦᠬᠦᠨ ᠢ ᠪᠡᠶᠡᠯᠡᠭᠦᠯᠵᠦ᠂ ᠤᠰᠤ ᠠᠷᠪᠢᠯᠠᠬᠤ ᠬᠡᠯᠪᠡᠷᠢ ᠶᠢᠨ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢ ᠵᠡᠷᠭᠡ ᠳᠤ ᠨᠢ ᠲᠦᠯᠬᠢᠨ ᠠᠬᠢᠭᠤᠯᠵᠤ᠂ ᠤᠰᠤ ᠠᠷᠪᠢᠯᠠᠬᠤ ᠠᠵᠢᠯ ᠢ ᠰᠤᠷᠭᠠᠭᠤᠯᠢ ᠶᠢᠨ ᠬᠢᠨᠠᠨ ᠰᠢᠯᠭᠠᠬᠤ ᠰᠢᠰᠲ᠋ᠧᠮᠵᠢ ᠳᠤ ᠤᠷᠤᠭᠤᠯᠤᠨ᠎ᠠ᠃        ︵ᠲᠦᠷᠪᠡ︶ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠠᠵᠢᠯ ᠲᠦᠷᠦᠯ ᠤᠨ ᠡᠬᠢ ᠰᠤᠷᠪᠤᠯᠵᠢ ᠠᠴᠠ ᠨᠢ ᠤᠰᠤ ᠠᠷᠪᠢᠯᠠᠨ᠎ᠠ               1. ᠡᠩ ᠤᠨ ᠪᠤᠰᠤ ᠤᠰᠤᠨ ᠤ ᠡᠬᠢ ᠪᠠᠶᠠᠯᠢᠭ ᠢ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠲᠤ ᠨᠢᠭᠡᠳᠦᠯᠳᠡᠢ ᠳᠣᠬᠢᠷᠠᠭᠤᠯᠤᠨ ᠣᠷᠣᠭᠤᠯᠤᠨ᠎ᠠ᠃ ᠬᠢᠶ᠎ᠠ ᠪᠠᠭᠰᠢ ᠲᠣᠭᠤᠷᠢᠭ ᠨᠢᠭᠡᠨᠲᠡ ᠡᠩ ᠤᠨ ᠪᠤᠰᠤ ᠤᠰᠤ ᠶᠢ 100% ᠪᠠᠷ ᠪᠤᠴᠠᠭᠠᠨ ᠬᠡᠷᠡᠭᠯᠡᠬᠦ ᠶᠢ ᠪᠡᠶᠡᠯᠡᠭᠦᠯᠦᠨ᠂ ᠡᠩ ᠤᠨ ᠪᠤᠰᠤ ᠤᠰᠤᠨ ᠭᠠᠷᠤᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠠᠮᠢ ᠠᠬᠤᠶ ᠤᠰᠤ ᠬᠡᠷᠡᠭᠯᠡᠬᠦ ᠳᠤ ᠤᠷᠢᠳᠠᠪᠠᠷ ᠡᠩ ᠤᠨ ᠪᠤᠰᠤ ᠤᠰᠤ ᠶᠢ ᠬᠡᠷᠡᠭᠯᠡᠵᠦ᠂ ᠡᠩ ᠤᠨ ᠪᠤᠰᠤ ᠤᠰᠤ ᠬᠡᠷᠡᠭᠯᠡᠬᠦ ᠨᠥᠬᠦᠴᠡᠯ ᠢ ᠪᠦᠷᠢᠯᠳᠦᠭᠦᠯᠦᠭᠰᠡᠨ ᠪᠣᠯᠪᠠᠴᠤ ᠭᠦᠢᠴᠡᠳ ᠠᠰᠢᠭᠯᠠᠭᠠᠳᠤᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠢᠨ᠎ᠡ ᠪᠠᠷ ᠤᠰᠤ  ᠳᠠᠳᠠᠬᠤ ᠵᠥᠪᠰᠢᠶᠡᠷᠡᠯ ᠢ ᠵᠥᠪᠰᠢᠶᠡᠷᠡᠬᠦ ᠦᠭᠡᠢ᠃            2. ᠳᠠᠬᠢᠯᠲᠠ ᠤᠰᠤ ᠶᠢ ᠢᠳᠡᠪᠬᠢᠲᠡᠶ ᠨᠡᠭᠡᠭᠡᠨ ᠠᠰᠢᠭᠯᠠᠨ᠎ᠠ᠃ ᠳᠡᠭᠢᠯᠳᠡ ᠤᠰᠤᠨ ᠤ ᠬᠢᠵᠠᠭᠠᠷᠲᠤ ᠲᠤᠭ᠎ᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠳᠡᠭᠢᠯᠳᠡ ᠤᠰᠤᠨ ᠤ ᠬᠤᠭᠤᠯᠠᠶ ᠶᠢᠨ ᠰᠦᠯᠵᠢᠶᠠᠨ ᠤ ᠪᠦᠷᠬᠦᠴᠡ ᠶᠢᠨ ᠬᠡᠪᠴᠢᠶᠡᠨ ᠳᠣᠲᠣᠷ᠎ᠠ᠂ ᠤᠰᠤᠨ ᠤ ᠬᠡᠮᠵᠢᠶ᠎ᠡ ᠪᠠ ᠤᠰᠤᠨ ᠤ ᠴᠢᠨᠠᠷ ᠢᠶᠠᠷ ᠱᠠᠭᠠᠷᠳᠠᠯᠭ᠎ᠠ ᠶᠢ ᠬᠠᠩᠭᠠᠭᠰᠠᠨ ᠠᠵᠤ ᠦᠢᠯᠡᠳᠪᠦᠷᠢ ᠪᠠ ᠦᠢᠯᠡᠴᠢᠯᠡᠭᠡᠨ ᠤ ᠦᠢᠯᠡᠰ ᠤᠨ ᠲᠥᠷᠥᠯ ᠵᠦᠢᠯ ᠵᠢᠴᠢ ᠠᠵᠤ ᠦᠢᠯᠡᠳᠪᠦᠷᠢ ᠶᠢᠨ ᠬᠥᠷᠥᠭᠡᠬᠦ᠂ ᠦᠢᠯᠡᠴᠢᠯᠡᠭᠡᠨ ᠤ ᠦᠢᠯᠡᠰ ᠤᠨ ᠦᠯᠦ ᠬᠦᠷᠦᠯᠴᠡᠬᠦ ᠤᠰᠤ᠂ ᠬᠤᠲᠠ ᠶᠢᠨ ᠶᠠᠪᠤᠳᠠᠯ ᠤᠨ ᠰᠤᠯᠠ ᠬᠡᠷᠡᠭᠯᠡᠬᠦ ᠪᠠ ᠦᠵᠡᠮᠵᠢ ᠳᠤ ᠬᠡᠷᠡᠭᠯᠡᠬᠦ ᠤᠰᠤᠨ ᠳᠤ ᠡᠩ ᠲᠡᠷᠢᠭᠦᠨ ᠳᠤ ᠳᠡᠭᠢᠯᠳᠡ ᠤᠰᠤ ᠶᠢ ᠬᠡᠷᠡᠭᠯᠡᠨ᠂ ᠲᠠᠷᠢᠶᠠᠯᠠᠩ ᠤᠨ ᠤᠰᠤᠯᠠᠯᠲᠠ ᠬᠢᠭᠡᠳ ᠨᠣᠭᠤᠭᠠᠷᠠᠭᠤᠯᠤᠯᠲᠠ ᠳᠤ ᠬᠡᠷᠡᠭᠯᠡᠬᠦ ᠤᠰᠤᠨ ᠤ ᠴᠢᠨᠠᠷ ᠤᠨ ᠨᠥᠬᠦᠴᠡᠯ ᠳᠤ ᠨᠡᠶᠢᠴᠡᠬᠦ ᠳᠡᠭᠢᠯᠳᠡ ᠤᠰᠤ ᠬᠡᠷᠡᠭᠯᠡᠬᠦ ᠶᠢ  ᠵᠤᠷᠢᠭᠵᠢᠭᠤᠯᠤᠨ᠎ᠠ᠃            3. ᠨᠡᠭᠦᠷᠡᠰᠦᠨ ᠠᠭᠤᠷᠬᠠᠶ ᠶᠢᠨ ᠨᠡᠭᠦᠷᠡᠰᠦᠨ ᠳᠠᠪᠬᠤᠷᠭ᠎ᠠ ᠶᠢᠨ ᠤᠰᠤ ᠶᠢ ᠢᠳᠡᠪᠬᠢᠲᠡᠶ ᠪᠠᠷ ᠣᠷᠣᠭᠤᠯᠤᠨ᠎ᠠ᠃ ᠭᠤᠣᠯ ᠬᠤᠲᠠ ᠤᠨ ᠲᠣᠭᠤᠷᠢᠭ ᠤᠨ ᠨᠡᠭᠦᠷᠡᠰᠦᠨ ᠳᠠᠪᠬᠤᠷᠭ᠎ᠠ ᠶᠢᠨ ᠤᠰᠤ ᠶᠢ ᠣᠷᠣᠭᠤᠯᠤᠨ ᠠᠪᠴᠢᠷᠠᠬᠤ ᠶᠢ ᠢᠳᠡᠪᠬᠢᠲᠡᠢ ᠰᠦᠪᠡᠭᠴᠢᠯᠡᠨ ᠠᠬᠢᠭᠤᠯᠵᠤ᠂ ᠠᠵᠤ ᠦᠢᠯᠡᠳᠪᠦᠷᠢ᠂ ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠲᠦᠷᠦᠯ ᠵᠦᠢᠯ ᠳᠤ ᠡᠩ ᠲᠡᠷᠢᠭᠦᠨ ᠳᠤ ᠨᠠᠭᠦᠷᠡᠰᠦᠨ ᠳᠠᠪᠬᠤᠷᠭ᠎ᠠ ᠶᠢᠨ ᠤᠰᠤ ᠳᠣᠬᠢᠷᠠᠭᠤᠯᠬᠤ ᠶᠢ ᠪᠤᠳᠤᠯᠬᠢᠯᠠᠨ᠎ᠠ᠃            4. ᠪᠣᠷᠣᠭᠠᠨ ᠤ ᠤᠰᠤ ᠶᠢ ᠬᠤᠷᠠᠮᠳᠤᠭᠤᠯᠤᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠲᠣᠭᠤᠷᠢᠭ᠂ ᠬᠤᠲᠠ ᠶᠢᠨ ᠵᠠᠮ᠂ ᠣᠯᠠᠨ ᠨᠡᠶᠢᠲᠡ ᠶᠢᠨ ᠵᠦᠯᠭᠡ᠂ ᠬᠦᠷᠢᠶᠡᠯᠡᠩ ᠵᠡᠷᠭᠡ ᠨᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠣᠷᠣᠭᠠᠨ ᠤ ᠤᠰᠤ ᠶᠢ ᠬᠤᠷᠠᠮᠳᠤᠭᠤᠯᠤᠨ ᠬᠠᠳᠠᠭᠠᠯᠠᠵᠤ ᠠᠰᠢᠭᠯᠠᠬᠤ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂ ᠪᠣᠷᠣᠭᠠᠨ ᠤ ᠤᠰᠤ ᠶᠢ ᠲᠠᠷᠢᠶᠠᠯᠠᠩ ᠤᠨ ᠲᠥᠷᠥᠯ ᠵᠦᠢᠯ᠂ ᠠᠵᠤ ᠦᠢᠯᠡᠳᠪᠦᠷᠢ ᠶᠢᠨ ᠦᠢᠯᠡᠳᠪᠦᠷᠢᠯᠡᠯ᠂ ᠬᠤᠲᠠ ᠶᠢᠨ ᠰᠤᠯᠠ ᠬᠡᠷᠡᠭᠯᠡᠬᠦ᠂ ᠠᠮᠢ ᠠᠬᠤᠶ ᠶᠢᠨ ᠦᠵᠡᠮᠵᠢ ᠵᠡᠷᠭᠡ ᠲᠠᠯ᠎ᠠ ᠪᠠᠷ ᠬᠡᠷᠡᠭᠯᠡᠬᠦ ᠶᠢ ᠴᠢᠩᠭᠠᠳᠬᠠᠨ᠎ᠠ᠃ ᠪᠣᠷᠣᠭᠠᠨ ᠤ ᠤᠰᠤ ᠶᠢ ᠥᠨᠳᠥᠷ ᠦᠷ᠎ᠡ ᠪᠦᠲᠦᠮᠵᠢᠲᠡᠶ ᠪᠠᠷ ᠴᠤᠭᠯᠠᠭᠤᠯᠬᠤ ᠪᠠ ᠠᠰᠢᠭᠯᠠᠭᠰᠠᠨ ᠲᠤᠷᠰᠢᠯᠭ᠎ᠠ ᠪᠠᠨ ᠳ᠋ᠦᠩᠨᠡᠵᠦ᠂ ᠪᠣᠷᠣᠭᠠᠨ ᠤ ᠤᠰᠤ ᠶᠢ ᠬᠤᠷᠠᠮᠳᠤᠭᠤᠯᠤᠨ ᠠᠰᠢᠭᠯᠠᠬᠤ ᠮᠡᠷᠭᠡᠵᠢᠯ ᠤᠨ ᠰᠢᠨ᠎ᠡ ᠶᠢ ᠡᠭᠦᠳᠬᠦ ᠪᠠ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠠᠪᠤᠳᠠᠯ ᠢ ᠴᠢᠩᠭᠠᠳᠬᠠᠨ᠎ᠠ᠃            ᠭᠤᠷᠪᠠ᠂ ᠤᠰᠤ ᠠᠷᠪᠢᠯᠠᠬᠤ ᠤᠬᠠᠭᠤᠯᠭ᠎ᠠ ᠪᠠᠨ ᠴᠢᠩᠭᠠᠳᠬᠠᠵᠤ᠂ ᠤᠰᠤ ᠠᠷᠪᠢᠯᠠᠬᠤ ᠦᠵᠡᠯ ᠤᠬᠠᠮᠰᠠᠷ ᠢᠶᠠᠨ ᠪᠠᠳᠣᠳᠬᠠᠨ᠎ᠠ            ︵ᠨᠢᠭᠡ︶ ᠤᠰᠤ ᠠᠷᠪᠢᠯᠠᠬᠤ ᠤᠬᠠᠭᠤᠯᠭ᠎ᠠ ᠶᠢᠨ ᠡᠷᠴᠢᠮ ᠢᠶᠠᠨ  ᠴᠢᠩᠭᠠᠳᠬᠠᠨ᠎ᠠ        ᠪᠦᠬᠦ ᠲᠤᠭᠤᠷᠢᠭ ᠤᠨ ᠤᠰᠤᠨ ᠤ ᠪᠠᠶᠢᠳᠠᠯ ᠤᠨ ᠬᠥᠮᠦᠵᠢᠯ ᠢ ᠴᠢᠩᠭᠠᠳᠬᠠᠨ᠂ ︽ᠳᠡᠯᠡᠬᠡᠶ ᠶᠢᠨ ᠤᠰᠤᠨ ᠤ ᠡᠳᠦᠷ︾᠂ ︽ᠳᠤᠮᠳᠠᠳᠤ ᠤᠯᠤᠰ ᠤᠨ ᠤᠰᠤᠨ ᠤ ᠭᠠᠷᠠᠭ︾᠂ ︽ᠪᠦᠬᠦ ᠤᠯᠤᠰ ᠤᠨ ᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ ᠤᠬᠠᠭᠤᠯᠭ᠎ᠠ ᠶᠢᠨ ᠭᠠᠷᠠᠭ︾᠂ ︽ᠪᠦᠬᠦ ᠤᠯᠤᠰ ᠤᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ︾ ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠪᠦᠬᠦᠢ ᠤᠰᠤ ᠠᠷᠪᠢᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠣᠯᠠᠨ ᠨᠡᠶᠢᠲᠡ ᠳᠤ ᠤᠰᠤᠨ ᠤ ᠬᠠᠤᠯᠢ ᠲᠣᠭᠲᠠᠭᠠᠯ ᠢ ᠤᠬᠠᠭᠤᠯᠤᠨ᠂ ᠤᠰᠤ ᠠᠷᠪᠢᠯᠠᠬᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠤᠰᠤ ᠠᠷᠪᠢᠯᠠᠬᠤ ᠮᠡᠳᠡᠯᠭᠡ ᠶᠢ ᠲᠦᠭᠡᠮᠡᠯᠵᠢᠭᠦᠯᠦᠨ᠂ ᠤᠰᠤ ᠠᠷᠪᠢᠯᠠᠬᠤ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠨᠡᠶᠢᠲᠡ ᠢᠯᠠᠩᠭᠤᠶ᠎ᠠ ᠰᠤᠷᠭᠠᠭᠤᠯᠢ ᠳᠤ ᠪᠠᠶᠢᠭ᠎ᠠ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠤᠰᠤ ᠠᠷᠪᠢᠯᠠᠬᠤ ᠦᠵᠡᠯᠳᠡ ᠶᠢ ᠪᠣᠶ ᠪᠤᠯᠭᠠᠨ᠂ ᠤᠰᠤ ᠠᠷᠪᠢᠯᠠᠬᠤ ᠳᠠᠳᠬᠠᠯ ᠲᠠᠢ ᠪᠣᠯᠭᠠᠵᠤ᠂ ᠤᠰᠤ ᠠᠷᠪᠢᠯᠠᠵᠤ ᠬᠡᠷᠡᠭᠯᠡᠬᠦ ᠲᠤᠬᠠᠶ ᠣᠯᠠᠨ ᠨᠡᠶᠢᠲᠡ ᠶᠢᠨ ᠲᠠᠨᠢᠯᠲᠠ ᠪᠣᠯᠤᠨ ᠮᠡᠳᠡᠷᠡᠮᠵᠢ ᠶᠢ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠣᠷᠣᠯᠴᠠᠬᠤ ᠲᠣᠭᠲᠠᠴᠠ ᠶᠢ ᠲᠡᠭᠦᠯᠳᠡᠷᠵᠢᠭᠦᠯᠦᠨ᠂ ᠣᠯᠠᠨ ᠨᠡᠶᠢᠲᠡ ᠶᠢᠨ ᠤᠰᠤ ᠠᠷᠪᠢᠯᠠᠬᠤ ᠠᠵᠢᠯᠯᠠᠭ᠎ᠠ ᠳᠤ ᠤᠬᠠᠮᠰᠠᠷ ᠠᠴᠠ ᠪᠠᠨ ᠣᠷᠣᠯᠴᠠᠬᠤ ᠶᠢ ᠵᠣᠷᠢᠭᠵᠢᠭᠤᠯᠵᠤ᠂ ᠤᠰᠤ ᠠᠷᠪᠢᠯᠠᠬᠤ ᠶᠢ ᠠᠵᠤ ᠠᠬᠤᠶᠢᠯᠠᠯ᠂ ᠰᠤᠷᠭᠠᠭᠤᠯᠢ ᠶᠢᠨ ᠬᠦᠷᠢᠶ᠎ᠡ᠂ ᠪᠠᠶᠢᠭᠤᠯᠭ᠎ᠠ᠂ ᠨᠡᠶᠢᠭᠡᠮ ᠲᠣᠭᠤᠷᠢᠭ᠂ ᠭᠡᠷ ᠪᠦᠯᠢ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠪᠦᠬᠦ ᠨᠡᠶᠢᠭᠡᠮ ᠢ ᠬᠥᠲᠥᠯᠥᠨ ᠵᠢᠯᠣᠭᠤᠳᠴᠤ ᠪᠠᠶᠢᠭᠠᠳ ︽ᠠᠷᠠᠳ ᠢᠷᠭᠡᠳ ᠤᠨ ᠤᠰᠤ ᠶᠢ ᠠᠷᠪᠢᠯᠠᠨ ᠬᠡᠷᠡᠭᠯᠡᠬᠦ ᠠᠵᠢᠯᠯᠠᠭᠠᠨ ᠤ ᠲᠦᠷᠢᠮᠵᠢᠯ︾ ᠢ ᠬᠠᠮᠲᠤᠪᠠᠷ ᠵᠢᠷᠤᠮᠯᠠᠭᠤᠯᠵᠤ᠂ ᠤᠰᠤ ᠶᠢ ᠨᠠᠨᠳᠢᠩᠨᠠᠬᠤ᠂ ᠤᠰᠤ ᠶᠢ ᠠᠷᠪᠢᠯᠠᠬᠤ ᠪᠠ ᠤᠰᠤ ᠶᠢ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃ ᠲᠠᠷᠢᠶᠠᠯᠠᠩ ᠤᠨ ᠲᠠᠯ᠎ᠠ ᠪᠠᠷ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠤᠨ ᠤᠰᠤ ᠠᠷᠪᠢᠯᠠᠵᠤ ᠤᠰᠤᠯᠠᠬᠤ᠂ ᠤᠰᠤ ᠠᠷᠪᠢᠯᠠᠵᠤ ᠲᠡᠵᠢᠭᠡᠬᠦ ᠵᠡᠷᠭᠡ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠢ ᠥᠷᠨᠢᠭᠦᠯᠦᠨ᠂ ᠲᠠᠷᠢᠶᠠᠯᠠᠩ ᠤᠨ ᠲᠥᠷᠥᠯ ᠵᠦᠢᠯ ᠤᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨᠴᠢ ᠪᠠᠷ ᠤᠰᠤᠯᠠᠬᠤ᠂ ᠰᠢᠨᠵᠢᠯᠡᠬᠦ ᠤᠬᠠᠭᠠᠨᠴᠢ ᠪᠠᠷ ᠠᠷᠠᠴᠢᠯᠠᠬᠤ ᠶᠢ ᠬᠥᠲᠥᠯᠦᠨ ᠵᠢᠯᠣᠭᠤᠳᠴᠤ᠂ ᠤᠯᠠᠮᠵᠢᠯᠠᠯᠲᠤ ᠤᠰᠤ ᠬᠡᠷᠡᠭᠯᠡᠬᠦ ᠦᠵᠡᠯᠲᠡ ᠶᠢ ᠬᠤᠪᠢᠷᠠᠭᠤᠯᠤᠨ᠎ᠠ᠃ ᠠᠵᠤ ᠦᠢᠯᠡᠳᠪᠦᠷᠢ ᠶᠢᠨ ᠲᠠᠯ᠎ᠠ ᠪᠠᠷ᠂ ᠤᠰᠤ ᠬᠡᠷᠡᠭᠯᠡᠬᠦ ᠠᠵᠤ ᠠᠬᠤᠶᠢᠯᠠᠯ ᠤᠳ ᠤᠰᠤᠨ ᠤ ᠪᠠᠶᠢᠳᠠᠯ ᠪᠠ ᠤᠰᠤ ᠠᠷᠪᠢᠯᠠᠬᠤ ᠬᠥᠮᠦᠵᠢᠯ ᠢ ᠨᠢᠭᠡᠴᠡ ᠶᠢᠨ ᠠᠵᠢᠯᠲᠠᠨ ᠠᠵᠢᠯᠴᠢᠨ ᠤ ᠬᠥᠮᠦᠵᠢᠯ ᠪᠠ ᠪᠣᠯᠪᠠᠰᠤᠷᠠᠯ ᠤᠨ ᠠᠭᠤᠯᠭ᠎ᠠ ᠳᠤ  ᠣᠷᠣᠭᠤᠯᠤᠨ᠂ ᠨᠢᠭᠡᠴᠡ ᠶᠢᠨ ᠰᠦᠯᠵᠢᠶ᠎ᠡ᠂ ᠤᠬᠠᠭᠤᠯᠭ᠎ᠠ ᠶᠢᠨ ᠪᠤᠯᠤᠩ᠂ ᠦᠵᠡᠭᠦᠯᠬᠦ ᠳᠡᠯᠭᠡᠴᠡ ᠵᠡᠷᠭᠡ ᠶᠢ ᠭᠦᠢᠴᠡᠳ ᠠᠰᠢᠭᠯᠠᠨ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠤᠰᠤ ᠠᠷᠪᠢᠯᠠᠬᠤ ᠮᠡᠷᠭᠡᠵᠢᠯ᠂ ᠤᠰᠤ ᠠᠷᠪᠢᠯᠠᠬᠤ ᠮᠡᠳᠡᠯᠭᠡ ᠶᠢ ᠥᠷᠭᠡᠨ ᠢᠶᠠᠷ ᠤᠬᠠᠭᠤᠯᠤᠨ᠂ ᠤᠰᠤ ᠬᠡᠷᠡᠭᠯᠡᠬᠦ ᠪᠠ ᠠᠵᠢᠯᠲᠠᠨ ᠠᠵᠢᠯᠴᠢᠨ ᠤ ᠠᠵᠢᠯᠯᠠᠭᠠᠨ ᠤ ᠲᠠᠯᠠᠪᠤᠷ ᠭᠠᠵᠠᠷ ᠲᠤ ᠤᠰᠤ ᠠᠷᠪᠢᠯᠠᠬᠤ ᠲᠡᠮᠳᠡᠭ ᠪᠠ ᠤᠰᠤ ᠠᠷᠪᠢᠯᠠᠬᠤ ᠤᠬᠠᠭᠤᠯᠭ᠎ᠠ ᠶᠢᠨ ᠮᠠᠲ᠋ᠧᠷᠢᠶᠠᠯ ᠨᠠᠭᠠᠵᠤ᠂ ᠨᠢᠭᠡᠴᠡ ᠶᠢᠨ ᠤᠰᠤ ᠠᠷᠪᠢᠯᠠᠬᠤ ᠠᠭᠤᠷ ᠠᠮᠢᠰᠬᠤᠯ ᠢ ᠪᠣᠶ ᠪᠣᠯᠭᠠᠨ᠂ ᠨᠡᠶᠢᠭᠡᠮ ᠤᠨ ᠤᠰᠤ ᠠᠷᠪᠢᠯᠠᠬᠤ ᠰᠣᠶᠣᠯ ᠢ ᠰᠠᠨᠠᠭᠠᠴᠢᠯᠠᠵᠤ᠂ ᠤᠰᠤ ᠶᠢ ᠨᠠᠨᠳᠢᠩᠨᠠᠬᠤ᠂ ᠤᠰᠤ ᠶᠢ ᠠᠷᠪᠢᠯᠠᠬᠤ ᠪᠠ ᠤᠰᠤ ᠶᠢ ᠬᠠᠶᠢᠷᠠᠯᠠᠬᠤ ᠬᠥᠭᠵᠢᠯᠲᠡ ᠶᠢᠨ ᠦᠵᠡᠯᠳᠡ ᠶᠢ ᠪᠠᠶᠢᠭᠤᠯᠤᠨ᠎ᠠ᠃            ︵ᠬᠤᠶᠠᠷ︶ ᠤᠰᠤ ᠠᠷᠪᠢᠯᠠᠬᠤ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠦᠨ᠎ᠡ            ᠤᠰᠤ ᠠᠷᠪᠢᠯᠠᠬᠤ ᠤᠬᠠᠭᠤᠯᠭ᠎ᠠ ᠶᠢᠨ ᠰᠢᠨ᠎ᠡ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠤᠯᠠᠮᠵᠢᠯᠠᠯᠲᠤ ᠵᠠᠭᠤᠴᠢᠯᠠᠭᠤᠷ ᠤᠨ ᠭᠤᠤᠯ ᠵᠠᠮ ᠪᠠ ᠰᠢᠨ᠎ᠡ ᠵᠠᠭᠤᠴᠢᠯᠠᠭᠤᠷ ᠤᠨ ᠰᠢᠨ᠎ᠡ ᠬᠦᠴᠦᠨ ᠴᠡᠷᠢᠭ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠤᠰᠤ ᠠᠷᠪᠢᠯᠠᠬᠤ ᠤᠬᠠᠭᠤᠯᠭ᠎ᠠ ᠶᠢᠨ ᠲᠠᠲᠠᠬᠤ ᠬᠦᠴᠦᠨ ᠪᠠ ᠳᠠᠮᠵᠢᠭᠤᠯᠬᠤ ᠬᠦᠴᠦᠨ ᠢ ᠳᠡᠭᠡᠭᠰᠢᠯᠡᠭᠦᠯᠦᠨ᠎ᠡ᠃ ᠤᠬᠠᠭᠤᠯᠭ᠎ᠠ ᠬᠥᠮᠦᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠴᠢᠬᠤᠯᠠᠴᠢᠯᠠᠨ᠂ ᠤᠰᠤ ᠠᠷᠪᠢᠯᠠᠬᠤ ᠤᠬᠠᠭᠤᠯᠭ᠎ᠠ ᠶᠢᠨ ᠨᠥᠯᠥᠭᠡᠯᠡᠬᠦ ᠬᠦᠴᠦᠨ ᠪᠣᠯᠤᠨ ᠪᠦᠷᠬᠦᠬᠦ ᠬᠡᠪᠴᠢᠶ᠎ᠡ ᠶᠢ ᠥᠷᠭᠡᠳᠬᠡᠵᠦ᠂ ᠤᠰᠤ ᠠᠷᠪᠢᠯᠠᠬᠤ ᠤᠬᠠᠭᠤᠯᠭ᠎ᠠ ᠶᠢᠨ ᠴᠢᠭᠯᠡᠭᠦᠯᠦᠯᠲᠦ ᠴᠢᠨᠠᠷ ᠪᠣᠯᠤᠨ ᠪᠦᠲᠦᠮᠵᠢᠲᠦ ᠴᠢᠨᠠᠷ ᠢ ᠦᠨᠡᠨᠬᠦ ᠳᠡᠭᠡᠭᠰᠢᠯᠡᠭᠦᠯᠦᠨ᠎ᠡ᠃          ︵ᠭᠤᠷᠪᠠ︶ ᠤᠰᠤ ᠠᠷᠪᠢᠯᠠᠬᠤ ᠬᠦᠮᠦᠵᠢᠯ ᠪᠣᠯᠪᠠᠰᠤᠷᠠᠯ ᠢ ᠭᠦᠨᠵᠡᠭᠡᠶᠢᠷᠡᠭᠦᠯᠦᠨ᠎ᠡ            ᠠᠳᠠᠯᠢ ᠪᠤᠰᠤ ᠲᠥᠷᠥᠯ ᠬᠡᠯᠪᠡᠷᠢ ᠶᠢᠨ ᠤᠰᠤ ᠬᠡᠷᠡᠭᠯᠡᠬᠦ ᠭᠤᠤᠯ ᠴᠣᠭᠴᠠ ᠪᠠ ᠤᠰᠤ ᠠᠷᠪᠢᠯᠠᠬᠤ ᠠᠵᠢᠯ ᠢ ᠡᠷᠬᠢᠯᠡᠵᠦ ᠪᠠᠶᠢᠭ᠎ᠠ ᠨᠢᠭᠡᠳᠦᠭᠡᠷ ᠹᠷᠣᠨᠲ ᠤᠨ  ᠦᠢᠯᠡᠳᠪᠦᠷᠢᠯᠡᠯ ᠤᠨ ᠠᠵᠢᠯᠲᠠᠨ ᠳᠤ ᠴᠢᠭᠯᠡᠭᠦᠯᠦᠨ᠂ ᠤᠰᠤ ᠠᠷᠪᠢᠯᠠᠬᠤ ᠪᠣᠯᠪᠠᠰᠤᠷᠠᠯ ᠪᠠ ᠲᠠᠶᠢᠯᠤᠮᠵᠢ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠰᠤ ᠬᠡᠷᠡᠭᠯᠡᠬᠦ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠤᠰᠤ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠵᠢᠴᠢ ᠤᠰᠤ ᠠᠷᠪᠢᠯᠠᠬᠤ ᠲᠡᠷᠢᠭᠦᠨ ᠤ ᠮᠡᠷᠭᠡᠵᠢᠯ ᠢ ᠳᠡᠯᠭᠡᠷᠡᠭᠦᠯᠬᠦ ᠠᠷᠭ᠎ᠠ ᠵᠠᠮ ᠢ ᠥᠷᠭᠡᠳᠬᠡᠨ᠎ᠡ᠃        ᠳᠥᠷᠪᠡ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ            ︵ᠨᠢᠭᠡ︶ ᠤᠰᠤᠨ ᠤ ᠦᠨ᠎ᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ            1. ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠤᠰᠤᠨ ᠤ ᠦᠨ᠎ᠡ ᠬᠠᠩᠰᠢ ᠪᠦᠷᠢᠯᠳᠦᠬᠦ ᠲᠣᠭᠲᠠᠴᠠ ᠶᠢ ᠪᠠᠶᠢᠭᠤᠯᠤᠨ  ᠳᠡᠭᠦᠯᠳᠡᠷᠵᠢᠭᠦᠯᠵᠦ᠂ ᠦᠨ᠎ᠡ ᠬᠠᠩᠰᠢ ᠲᠣᠭᠲᠠᠭᠠᠬᠤ ᠥᠪᠡᠷ ᠤᠨ ᠥᠷᠲᠡᠭ ᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ ᠠᠰᠢᠭ ᠬᠤᠨᠵᠢᠪᠤᠷᠢ ᠶᠢᠨ ᠬᠢᠷᠢ ᠬᠡᠮᠵᠢᠶ᠎ᠡ ᠶᠢ ᠵᠦᠢ ᠵᠣᠬᠢᠰᠲᠠᠶ ᠲᠣᠭᠲᠠᠭᠠᠨ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠤᠰᠤ ᠬᠠᠩᠭᠠᠬᠤ ᠦᠨ᠎ᠡ ᠬᠠᠩᠰᠢ ᠶᠢ ᠬᠥᠳᠡᠯᠦᠩᠭᠦᠶ ᠪᠠᠷ ᠳᠣᠬᠢᠷᠠᠭᠤᠯᠤᠨ᠎ᠠ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠡᠯ᠎ᠡ ᠵᠦᠢᠯ ᠤᠨ ᠤᠰᠤ ᠠᠷᠪᠢᠯᠠᠬᠤ ᠶᠢ ᠤᠷᠮᠠᠰᠢᠭᠤᠯᠬᠤ ᠲᠣᠭᠲᠠᠴᠠ ᠶᠢ  ᠳᠡᠬᠦᠯᠳᠡᠷᠵᠢᠭᠦᠯᠬᠦ ᠪᠠ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ 2025ᠤᠨ ᠪᠣᠯᠬᠤ ᠳᠤ ᠥᠭᠡᠷᠡᠴᠢᠯᠡᠯᠲᠡ ᠶᠢᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃        2. ᠬᠤᠲᠠ ᠪᠠᠯᠭᠠᠰᠤᠨ ᠤ ᠤᠰᠤ ᠬᠠᠩᠭᠠᠬᠤ ᠳᠤ ᠲᠥᠷᠥᠯ ᠬᠤᠪᠢᠶᠠᠭᠰᠠᠨ ᠤᠰᠤᠨ ᠤ ᠦᠨ᠎ᠡ ᠶᠢ ᠬᠡᠷᠡᠭᠵᠢᠭᠦᠯᠦᠨ᠎ᠡ᠃ ᠬᠤᠲᠠ ᠪᠠᠯᠭᠠᠰᠤᠨ ᠤ ᠤᠰᠤ ᠬᠠᠩᠭᠠᠬᠤ ᠦᠨ᠎ᠡ ᠬᠠᠩᠰᠢ ᠶᠢᠨ ᠪᠣᠶ ᠪᠣᠯᠬᠤ ᠪᠠ ᠬᠥᠳᠡᠯᠦᠩᠭᠦᠶ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠳᠡᠭᠦᠯᠳᠡᠷᠵᠢᠭᠦᠯᠵᠦ᠂ ᠦᠨ᠎ᠡ ᠬᠠᠩᠰᠢ ᠶᠢᠨ ᠬᠥᠰᠢᠭᠦᠷᠭᠡ ᠪᠠᠷ ᠳᠠᠮᠵᠢᠭᠤᠯᠤᠨ ᠬᠤᠲᠠ ᠪᠠᠯᠭᠠᠰᠤᠨ ᠤ ᠤᠰᠤ ᠶᠢ ᠠᠷᠪᠢᠯᠠᠨ ᠬᠡᠷᠡᠭᠯᠡᠬᠦ ᠶᠢ ᠠᠬᠢᠭᠤᠯᠤᠨ᠂ ᠰᠠᠭᠤᠭᠠᠯᠢ ᠠᠷᠠᠳ ᠤᠨ ᠱᠠᠲᠤᠯᠢᠭ ᠤᠰᠤᠨ ᠤ ᠦᠨ᠎ᠡ ᠶᠢᠨ ᠳᠦᠷᠢᠮ ᠢ ᠲᠡᠭᠦᠯᠳᠡᠷᠵᠢᠭᠦᠯᠦᠨ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠡᠷᠡᠭᠯᠡᠬᠦ ᠪᠤᠰᠤ ᠤᠰᠤᠨ ᠤ ᠲᠣᠭᠲᠠᠭᠰᠠᠨ ᠲᠤᠭ᠎ᠠ ᠠᠴᠠ ᠬᠡᠲᠦᠷᠡᠭᠰᠡᠨ ᠢᠶᠠᠷ ᠠᠬᠢᠭᠤᠯᠤᠨ ᠪᠣᠳᠣᠵᠤ ᠦᠨ᠎ᠡ ᠨᠡᠮᠡᠬᠦ ᠳᠦᠷᠢᠮ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠨᠥᠬᠦᠴᠡᠯ ᠪᠦᠷᠢᠳᠦᠭᠦᠯᠦᠭᠰᠡᠨ ᠤᠰᠤ ᠶᠡᠭᠡ ᠬᠤᠷᠣᠭᠳᠠᠭᠤᠯᠬᠤ ᠠᠵᠢᠯ ᠲᠥᠷᠥᠯ ᠳᠤ ᠡᠩ ᠲᠡᠷᠢᠭᠦᠨ ᠳᠤ ᠬᠡᠷᠡᠭᠵᠢᠭᠦᠯᠦᠨ᠎ᠡ᠃        ︵ᠬᠤᠶᠠᠷ︶ ᠤᠰᠤᠨ ᠤ ᠠᠰᠢᠭᠯᠠᠮᠵᠢ ᠶᠢᠨ ᠲᠡᠮᠳᠡᠭ ᠤᠨ ᠪᠦᠲᠦᠭᠡᠨ   ᠪᠠᠶᠢᠭᠤᠯᠤᠯᠳᠠ ᠶᠢ ᠬᠡᠷᠡᠭᠵᠢᠭᠦᠯᠦᠨ᠎ᠡ          ︽ᠤᠰᠤᠨ ᠤ ᠠᠰᠢᠭᠯᠠᠮᠵᠢ ᠶᠢᠨ ᠲᠡᠮᠳᠡᠭ ᠤᠨ ᠬᠠᠮᠢᠶᠠᠷᠤᠯᠲᠠ ᠶᠢᠨ ᠠᠷᠭ᠎ᠠ︾ ᠶᠢ ᠨᠠᠶᠢᠳᠠᠪᠤᠷᠢᠵᠢᠭᠤᠯᠵᠤ᠂ ᠬᠡᠷᠡᠭᠯᠡᠭᠴᠢᠳ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠤᠰᠤᠨ ᠤ ᠠᠰᠢᠭᠯᠠᠮᠵᠢ ᠨᠢ ᠨᠡᠩ ᠥᠨᠳᠥᠷ ᠦᠢᠯᠡᠳᠬᠦᠨ ᠰᠣᠩᠭᠤᠵᠤ᠂ ᠦᠢᠯᠡᠳᠪᠦᠷᠢᠯᠡᠭᠴᠢ ᠶᠢᠨ ᠦᠢᠯᠡᠳᠬᠦᠨ ᠤ ᠤᠰᠤ ᠠᠷᠪᠢᠯᠠᠬᠤ ᠣᠨᠴᠠᠯᠢᠭ ᠢᠶᠠᠨ ᠰᠠᠶᠢᠵᠢᠷᠠᠭᠤᠯᠬᠤ ᠶᠢ ᠵᠣᠷᠢᠭᠵᠢᠭᠤᠯᠤᠨ᠂ ᠪᠣᠷᠣᠯᠠᠭᠤᠯᠤᠭᠴᠢ ᠶᠢᠨ ᠪᠠᠷᠠᠭ᠎ᠠ ᠣᠷᠣᠭᠤᠯᠬᠤ ᠪᠠ ᠳᠡᠯᠭᠡᠨ ᠦᠵᠡᠭᠦᠯᠬᠦ ᠲᠠᠸᠠᠷ ᠢᠶᠠᠨ ᠳᠡᠯᠭᠡᠨ ᠦᠵᠡᠭᠦᠯᠬᠦ ᠳᠡᠭᠡᠨ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠦᠢᠯᠡᠳᠬᠦᠨ ᠰᠣᠩᠭᠤᠬᠤ ᠶᠢ ᠵᠣᠷᠢᠭᠵᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠲᠤᠰᠬᠠᠶ ᠵᠦᠢᠯ ᠢᠶᠠᠷ ᠪᠠᠶᠢᠴᠠᠭᠠᠵᠤ ᠰᠤᠭᠤᠴᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠤᠰᠤᠨ ᠤ ᠠᠰᠢᠭᠯᠠᠮᠵᠢ ᠶᠢᠨ ᠳᠡᠰ ᠢᠶᠠᠷ ᠨᠡᠯᠢᠶᠡᠳ ᠳᠣᠤᠷ᠎ᠠ ᠦᠢᠯᠡᠳᠬᠦᠨ ᠢ ᠠᠯᠬᠤᠮ ᠠᠯᠬᠤᠮ ᠢᠶᠠᠷ ᠰᠢᠭᠰᠢᠭᠳᠡᠭᠦᠯᠦᠨ᠎ᠡ᠃            ︵ᠭᠤᠷᠪᠠ︶ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢ ᠠᠬᠢᠭᠤᠯᠤᠨ᠎ᠠ    ᠭᠡᠷ᠎ᠡ ᠪᠠᠷ ᠤᠰᠤ ᠠᠷᠪᠢᠯᠠᠬᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ ᠥᠷᠨᠢᠭᠦᠯᠵᠦ᠂ ᠣᠯᠠᠨ ᠨᠡᠶᠢᠲᠡ ᠶᠢᠨ ᠪᠠᠶᠢᠭᠤᠯᠤᠮᠵᠢ᠂ ᠣᠯᠠᠨ ᠨᠡᠶᠢᠲᠡ ᠶᠢᠨ ᠪᠠᠷᠢᠯᠭ᠎ᠠ᠂ ᠤᠰᠤ ᠶᠡᠭᠡ ᠬᠤᠷᠣᠭᠳᠠᠭᠤᠯᠬᠤ ᠠᠵᠤ ᠦᠢᠯᠡᠳᠪᠦᠷᠢ᠂ ᠤᠰᠤ ᠶᠡᠭᠡ ᠬᠤᠷᠣᠭᠳᠠᠭᠤᠯᠬᠤ ᠦᠢᠯᠡᠴᠢᠯᠡᠭᠡᠨ ᠤ ᠦᠢᠯᠡᠰ᠂ ᠲᠠᠷᠢᠶᠠᠯᠠᠩ ᠤᠨ ᠤᠰᠤᠯᠠᠯᠲᠠ᠂ ᠤᠰᠤ ᠬᠠᠩᠭᠠᠬᠤ ᠬᠤᠭᠤᠯᠠᠶ ᠶᠢᠨ ᠰᠦᠯᠵᠢᠶᠠᠨ ᠤ ᠭᠤᠭᠤᠵᠢᠵᠤ ᠮᠠᠭᠤᠳᠠᠬᠤ ᠶᠢ ᠡᠵᠡᠮᠳᠡᠬᠦ ᠵᠡᠷᠭᠡ ᠬᠦᠷᠢᠶ᠎ᠡ ᠴᠠᠷᠠᠭ᠎ᠠ ᠳᠤ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢ ᠬᠥᠲᠥᠯᠥᠨ ᠵᠢᠯᠣᠭᠤᠳᠬᠤ ᠪᠠ ᠠᠬᠢᠭᠤᠯᠤᠨ᠎ᠠ᠃ ᠤᠰᠤ ᠠᠷᠪᠢᠯᠠᠬᠤ ᠦᠢᠯᠡᠴᠢᠯᠡᠭᠡᠨ ᠤ ᠠᠵᠤ ᠦᠢᠯᠡᠰ ᠢ ᠬᠥᠭᠵᠢᠭᠦᠯᠦᠨ᠂ ᠤᠰᠤ ᠠᠷᠪᠢᠯᠠᠬᠤ ᠦᠢᠯᠡᠳᠬᠦᠨ ᠤ ᠦᠢᠯᠡᠳᠪᠦᠷᠢᠯᠡᠯ ᠪᠠ ᠭᠦᠢᠯᠭᠡᠭᠡ ᠶᠢ ᠳᠡᠯᠭᠡᠷᠡᠭᠦᠯᠵᠦ᠂ ᠥᠷᠢᠰᠥᠯᠳᠦᠬᠦ ᠴᠢᠳᠠᠯ ᠲᠠᠢ ᠭᠤᠷᠪᠠᠳᠠᠬᠢ ᠡᠲᠡᠭᠡᠳ ᠤᠨ ᠤᠰᠤ ᠠᠷᠪᠢᠯᠠᠬᠤ ᠦᠢᠯᠡᠴᠢᠯᠡᠭᠡᠨ ᠤ ᠠᠵᠤ ᠠᠬᠤᠶᠢᠯᠠᠯ ᠤᠨ ᠬᠥᠭᠵᠢᠯᠲᠡ ᠶᠢ ᠵᠣᠷᠢᠭᠵᠢᠭᠤᠯᠤᠨ᠂ ᠨᠡᠶᠢᠭᠡᠮᠴᠢᠯᠡᠭᠰᠡᠨ᠂ ᠲᠤᠰᠬᠠᠶᠢᠵᠢᠭᠰᠠᠨ᠂ ᠵᠢᠷᠤᠮᠵᠢᠭᠰᠠᠨ ᠤᠰᠤ ᠠᠷᠪᠢᠯᠠᠬᠤ ᠦᠢᠯᠡᠴᠢᠯᠡᠭᠡᠨ ᠢ ᠠᠯᠬᠤᠮ ᠠᠯᠬᠤᠮ ᠢᠶᠠᠷ ᠬᠠᠩᠭᠠᠵᠤ᠂ 2025 ᠤᠨ ᠪᠣᠯᠬᠤ ᠳᠤ᠂ ᠨᠢᠭᠡ ᠪᠦᠯᠦᠭ ᠮᠡᠷᠭᠡᠵᠢᠯ ᠤᠨ ᠬᠢᠷᠢ ᠬᠡᠮᠵᠢᠶ᠎ᠡ ᠪᠠᠷ ᠥᠨᠳᠥᠷ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠤᠰᠤ ᠠᠷᠪᠢᠯᠠᠬᠤ ᠦᠢᠯᠡᠴᠢᠯᠡᠭᠡᠨ ᠤ ᠠᠵᠤ ᠠᠬᠤᠶᠢᠯᠠᠯ ᠢ ᠪᠤᠶᠢᠵᠢᠭᠤᠯᠤᠨ᠎ᠠ᠃            ︵ᠲᠦᠷᠪᠡ︶ ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠪᠠ ᠤᠰᠤ ᠠᠷᠪᠢᠯᠠᠬᠤ ᠭᠡᠷᠡᠴᠢᠯᠡᠭᠡ ᠶᠢ ᠬᠡᠷᠡᠭᠵᠢᠭᠦᠯᠦᠨ᠎ᠡ        ᠤᠰᠤ ᠬᠡᠷᠡᠭᠯᠡᠬᠦ ᠦᠢᠯᠡᠳᠬᠦᠨ᠂ ᠤᠰᠤ ᠬᠡᠷᠡᠭᠯᠡᠬᠦ ᠠᠵᠤ ᠠᠬᠤᠶᠢᠯᠠᠯ᠂ ᠣᠯᠠᠨ ᠨᠡᠶᠢᠲᠡ ᠶᠢᠨ ᠪᠠᠶᠢᠭᠤᠯᠤᠮᠵᠢ ᠳᠤ ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠶᠢᠨ ᠠᠵᠢᠯᠯᠠᠭ᠎ᠠ ᠥᠷᠨᠢᠭᠦᠯᠬᠦ ᠶᠢ ᠠᠬᠢᠭᠤᠯᠤᠨ᠂ ᠪᠥᠬᠦ ᠨᠡᠶᠢᠭᠡᠮ ᠢ ᠳᠠᠶᠢᠴᠢᠯᠠᠨ ᠤᠰᠤ ᠬᠡᠷᠡᠭᠯᠡᠬᠦ ᠠᠰᠢᠭᠯᠠᠮᠵᠢ ᠶᠢ ᠳᠡᠭᠡᠭᠰᠢᠯᠡᠭᠦᠯᠵᠦ᠂ ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠶᠢᠨ ᠨᠡᠷᠡᠰ ᠢ ᠨᠡᠶᠢᠲᠡᠯᠡᠨ᠂ ᠤᠰᠤ ᠠᠷᠪᠢᠯᠠᠬᠤ ᠲᠡᠷᠢᠭᠦᠨ ᠤ ᠬᠡᠪ ᠳᠠᠭᠤᠷᠢᠶᠠᠯ ᠢ ᠪᠣᠶ ᠪᠣᠯᠭᠠᠵᠤ᠂ ᠤᠰᠤ ᠬᠡᠷᠡᠭᠯᠡᠬᠦ ᠠᠵᠤ ᠠᠬᠤᠶᠢᠯᠠᠯ ᠤᠨ ᠤᠰᠤᠨ ᠤ ᠠᠰᠢᠭᠯᠠᠮᠵᠢ ᠶᠢᠨ ᠪᠠᠷᠢᠮᠵᠢᠶ᠎ᠠ ᠳᠤ ᠬᠦᠷᠦᠭᠦᠯᠬᠦ ᠶᠢ ᠵᠣᠷᠢᠭᠵᠢᠭᠤᠯᠤᠨ᠎ᠠ᠃ ᠤᠰᠤ ᠠᠷᠪᠢᠯᠠᠬᠤ ᠭᠡᠷᠡᠴᠢᠯᠡᠭᠡ ᠶᠢᠨ ᠠᠵᠢᠯ ᠢ ᠠᠬᠢᠭᠤᠯᠤᠨ᠂ ᠤᠰᠤ ᠠᠷᠪᠢᠯᠠᠬᠤ ᠦᠢᠯᠡᠳᠬᠦᠨ ᠤ ᠭᠡᠷᠡᠴᠢᠯᠡᠭᠡ ᠶᠢᠨ ᠠᠯᠬᠤᠮ ᠠᠯᠬᠤᠮ ᠢᠶᠠᠷ ᠪᠣᠬᠢᠷᠳᠤᠯ ᠦᠭᠡᠢ ᠦᠢᠯᠡᠳᠬᠦᠨ ᠤ ᠭᠡᠷᠡᠴᠢᠯᠡᠭᠡ ᠲᠡᠶᠢᠰᠢ ᠰᠢᠯᠵᠢᠬᠦ ᠶᠢ ᠠᠬᠢᠭᠤᠯᠵᠤ᠂ ᠬᠠᠮᠢᠶ᠎ᠠ ᠪᠦᠬᠦᠢ ᠭᠡᠷᠡᠴᠢᠯᠡᠭᠡ ᠶᠢᠨ ᠦᠷ᠎ᠡ ᠳ᠋ᠦᠩ ᠤᠨ ᠢᠲᠡᠭᠡᠮᠵᠢ ᠠᠪᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃            ︵ᠲᠠᠪᠤ︶ ᠵᠠᠬ᠎ᠠ ᠳᠡᠯᠭᠡᠭᠦᠷ ᠤᠨ ᠲᠣᠭᠲᠠᠴᠠ ᠶᠢ ᠲᠡᠭᠦᠯᠳᠡᠷᠵᠢᠭᠦᠯᠦᠨ᠎ᠡᠤᠰᠤᠨ ᠤ ᠬᠡᠮᠵᠢᠶ᠎ᠡ ᠶᠢ ᠬᠢᠨᠠᠨ ᠲᠣᠭᠲᠠᠭᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠤᠰᠤᠨ ᠤ ᠦᠨ᠎ᠡ᠂ ᠭᠠᠶᠢᠯᠢ ᠲᠠᠲᠠᠪᠤᠷᠢ ᠶᠢᠨ ᠬᠥᠰᠢᠭᠦᠷᠭᠡ ᠶᠢᠨ ᠦᠢᠯᠡᠳᠦᠯ ᠢᠶᠠᠷ ᠳᠠᠮᠵᠢᠭᠤᠯᠤᠨ᠂ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠲᠣᠬᠢᠷᠠᠭᠤᠯᠬᠤ ᠦᠢᠯᠡᠳᠦᠯ ᠢ ᠪᠠᠳᠠᠷᠠᠭᠤᠯᠤᠨ᠎ᠠ︔ ᠤᠰᠤᠨ ᠤ ᠡᠷᠬᠡ ᠶᠢᠨ ᠠᠷᠠᠯᠵᠢᠶ᠎ᠠ ᠪᠠ ᠤᠰᠤᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠥᠷᠨᠢᠭᠦᠯᠵᠦ᠂ ᠵᠠᠰᠠᠭ ᠤᠨ ᠣᠷᠳᠣᠨ ᠤ ᠤᠰᠤᠨ ᠤ ᠡᠷᠬᠡ ᠶᠢᠨ ᠠᠷᠠᠯᠵᠢᠶᠠᠨ ᠤ ᠲᠠᠪᠴᠠᠩ ᠢᠶᠠᠷ ᠳᠠᠮᠵᠢᠭᠤᠯᠤᠨ ᠠᠷᠪᠢᠯᠠᠭᠰᠠᠨ ᠤᠰᠤᠨ ᠤ ᠬᠡᠮᠵᠢᠶ᠎ᠡ ᠶᠢ ᠰᠢᠯᠵᠢᠭᠦᠯᠦᠨ᠎ᠡ᠃        ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ        ︵ᠨᠢᠭᠡ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠡᠷᠴᠢᠮᠵᠢᠭᠦᠯᠦᠨ᠎ᠡ            ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤᠰᠤ ᠠᠷᠪᠢᠯᠠᠵᠤ ᠤᠰᠤ ᠶᠢ ᠬᠢᠵᠠᠭᠠᠷᠯᠠᠬᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠶᠠᠨ ᠪᠠᠶᠢᠭᠤᠯᠵᠤ  ᠤᠳᠤᠷᠢᠳᠤᠨ᠂ ᠬᠢᠶ᠎ᠠ ᠪᠠᠭᠰᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠶᠢᠨ ᠲᠣᠪᠴᠢᠶ᠎ᠠ ᠶᠡᠷᠦᠩᠬᠡᠶᠢᠯᠡᠨ ᠵᠣᠬᠢᠴᠠᠭᠤᠯᠬᠤ ᠪᠠᠨ ᠴᠢᠩᠭᠠᠳᠬᠠᠵᠤ᠂ ᠬᠠᠮᠢᠶ᠎ᠠ ᠪᠥᠬᠦᠶ ᠬᠠᠷᠢᠭᠤᠴᠠᠯᠭᠠᠲᠤ ᠰᠠᠯᠠᠭ᠎ᠠ ᠮᠥᠴᠢᠷ ᠤᠰᠤ ᠠᠷᠪᠢᠯᠠᠵᠤ ᠤᠰᠤ ᠶᠢ ᠬᠢᠵᠠᠭᠠᠷᠯᠠᠬᠤ ᠠᠵᠢᠯ ᠤᠨ ᠳᠤᠮᠳᠠᠬᠢ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠶ᠎ᠠ ᠣᠷᠣᠨ ᠤ ᠪᠠᠨ ᠤᠰᠤ ᠠᠷᠪᠢᠯᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠤᠨ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠲᠣᠰ ᠲᠥᠰᠦᠯ ᠢ ᠴᠢᠩᠭ᠎ᠠ ᠵᠢᠷᠤᠮᠯᠠᠨ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ ᠵᠢᠯ ᠤᠨ ᠤᠰᠤ ᠠᠷᠪᠢᠯᠠᠵᠤ ᠤᠰᠤ ᠶᠢ ᠬᠢᠵᠠᠭᠠᠷᠯᠠᠬᠤ ᠠᠵᠢᠯ ᠤᠨ ᠡᠭᠦᠷᠭᠡ ᠶᠢᠨ ᠨᠠᠷᠢᠨ ᠬᠠᠭᠤᠳᠠᠰᠤ ᠶᠢ ᠲᠣᠭᠲᠠᠭᠠᠵᠤ᠂  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃            ︵ᠬᠤᠶᠠᠷ︶ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ  ᠠᠬᠢᠭᠤᠯᠤᠨ᠎ᠠ           ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤᠨ ᠤ ᠬᠠᠮᠠᠭᠠᠯᠠᠯᠲᠠ ᠪᠠ ᠬᠠᠮᠢᠶᠠᠷᠤᠯᠲᠠ ᠶᠢᠨ ᠲᠦᠷᠢᠮ︾ ᠢ ᠬᠢᠨᠠᠮᠠᠭᠠᠶ  ᠳᠣᠭᠤᠰᠢᠯᠠᠭᠤᠯᠤᠨ ᠬᠡᠷᠡᠭᠵᠢᠭᠦᠯᠵᠦ᠂ ᠪᠥᠬᠦ ᠨᠡᠶᠢᠭᠡᠮ ᠤᠨ ᠤᠰᠤ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠬᠤ ᠶᠢᠨ ᠬᠠᠮᠲᠤ ︽ᠣᠷᠳᠣᠰ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ︾ ᠪᠠ ︽ᠣᠷᠳᠣᠰ ᠬᠤᠲᠠ ᠶᠢᠨ ᠤᠰᠤ ᠶᠢ ᠠᠷᠪᠢᠯᠠᠨ ᠬᠡᠷᠡᠭᠯᠡᠬᠦ ᠲᠦᠷᠢᠮ︾ ᠤᠨ ᠬᠠᠤᠯᠢ ᠲᠣᠭᠲᠠᠭᠠᠬᠤ ᠠᠵᠢᠯ ᠳᠤ ᠢᠳᠡᠪᠬᠢᠲᠡᠶ ᠬᠠᠮᠵᠢᠯᠴᠠᠵᠤ᠂ 2025 ᠣᠨ ᠳᠤ ᠨᠡᠶᠢᠲᠡᠯᠡᠨ ᠬᠡᠷᠡᠭᠵᠢᠭᠦᠯᠬᠦ ᠪᠠᠷ ᠴᠢᠷᠮᠠᠶᠢᠨ᠎ᠠ᠃            ︵ᠭᠤᠷᠪᠠ︶ ᠴᠢᠩᠭ᠎ᠠ ᠰᠢᠯᠭᠠᠨ ᠬᠢᠨᠠᠵᠤ ᠬᠠᠷᠢᠭᠤᠴᠠᠯᠭ᠎ᠠ ᠨᠡᠬᠡᠮᠵᠢᠯᠡᠨ᠎ᠡ        ᠤᠰᠤ ᠠᠷᠪᠢᠯᠠᠬᠤ ᠠᠵᠢᠯ ᠤᠨ ᠭᠤᠤᠯ ᠡᠭᠦᠷᠭᠡ ᠬᠠᠷᠠᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠰᠢᠯᠭᠠᠨ ᠬᠢᠨᠠᠬᠤ ᠶᠢᠨ ᠴᠢᠬᠤᠯᠠ ᠠᠭᠤᠯᠭ᠎ᠠ ᠪᠣᠯᠭᠠᠵᠤ᠂ ᠰᠢᠯᠭᠠᠨ ᠬᠢᠨᠠᠬᠤ ᠶᠢᠨ ᠤᠷᠮᠠᠰᠢᠭᠤᠯᠬᠤ ᠪᠠ ᠤᠳᠤᠷᠢᠳᠤᠮᠵᠢ ᠶᠢᠨ ᠦᠢᠯᠡᠳᠦᠯ ᠢ  ᠪᠠᠳᠠᠷᠠᠭᠤᠯᠤᠨ᠎ᠠ᠃            ︵ᠲᠦᠷᠪᠡ︶ ᠲᠦᠷᠦᠯ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ            ᠡᠳ᠋ ᠤᠨ ᠵᠠᠰᠠᠭ ᠠᠴᠠ ᠤᠰᠤ ᠠᠷᠪᠢᠯᠠᠬᠤ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠤᠰᠤ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠥᠷᠨᠢᠭᠦᠯᠬᠦ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠂ ᠤᠰᠤ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠶᠢ ᠠᠬᠢᠭᠤᠯᠤᠨ᠂ ᠪᠦᠬᠦ ᠠᠵᠢᠯ ᠲᠦᠷᠦᠯ ᠤᠨ ᠤᠰᠤ ᠠᠷᠪᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠰᠤ ᠬᠡᠷᠡᠭᠯᠡᠬᠦ ᠶᠢ ᠨᠠᠷᠢᠯᠢᠭ ᠣᠨᠣᠴᠠᠲᠠᠶ ᠪᠠᠷ ᠬᠡᠮᠵᠢᠬᠦ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠡᠷᠭᠢᠯᠳᠦᠭᠦᠯᠦᠨ ᠠᠰᠢᠭᠯᠠᠬᠤ᠂ ᠨᠠᠷᠢᠯᠢᠭ ᠣᠨᠣᠴᠠᠲᠠᠶ ᠪᠠᠷ ᠤᠰᠤ ᠠᠷᠪᠢᠯᠠᠬᠤ ᠤᠰᠤᠯᠠᠯᠲᠠ ᠶᠢ ᠡᠵᠡᠮᠳᠡᠬᠦ᠂ ᠬᠤᠭᠤᠯᠠᠶ ᠶᠢᠨ ᠰᠦᠯᠵᠢᠶᠠᠨ  ᠤ ᠭᠤᠭᠤᠵᠢᠵᠤ  ᠮᠠᠭᠤᠳᠠᠬᠤ ᠶᠢ ᠬᠢᠨᠠᠨ ᠬᠡᠮᠵᠢᠬᠦ ᠶᠢ ᠤᠶᠤᠨᠴᠢᠯᠠᠬᠤ᠂ ᠡᠩ ᠤᠨ ᠪᠤᠰᠤ ᠤᠰᠤ ᠶᠢ ᠠᠰᠢᠭᠯᠠᠬᠤ ᠵᠡᠷᠭᠡ ᠲᠡᠷᠢᠭᠦᠨ ᠤ ᠮᠡᠷᠭᠡᠵᠢᠯ ᠵᠢᠴᠢ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠪᠠ ᠤᠰᠤ ᠠᠷᠪᠢᠯᠠᠬᠤ ᠤᠰᠤᠯᠠᠯᠲᠠ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ᠂ ᠤᠰᠤᠨ ᠤ ᠡᠬᠢ ᠪᠠᠶᠠᠯᠢᠭ ᠢ ᠠᠷᠪᠢᠯᠠᠨ ᠬᠠᠮᠠᠭᠠᠯᠠᠬᠤ᠂ ᠬᠤᠲᠠ ᠶᠢᠨ ᠤᠰᠤ ᠬᠠᠩᠭᠠᠬᠤ ᠬᠤᠭᠤᠯᠠᠶ ᠶᠢᠨ ᠰᠦᠯᠵᠢᠶᠠᠨ ᠤ ᠭᠤᠭᠤᠵᠢᠵᠤ ᠮᠠᠭᠤᠳᠠᠬᠤ ᠶᠢ ᠬᠠᠮᠢᠶᠠᠷᠤᠨ ᠡᠵᠡᠮᠳᠡᠬᠦ ᠵᠡᠷᠭᠡ ᠠᠵᠢᠯ ᠢ ᠭᠤᠤᠯᠳᠠᠯᠭ᠎ᠠ ᠲᠠᠢ ᠳᠡᠮᠵᠢᠨ᠎ᠡ᠃ ᠠᠵᠤ ᠠᠬᠤᠶᠢᠯᠠᠯ ᠬᠢᠭᠡᠳ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ᠂ ᠳᠡᠭᠡᠳᠦ ᠰᠤᠷᠭᠠᠭᠤᠯᠢ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠤᠰᠤ ᠠᠷᠪᠢᠯᠠᠬᠤ ᠤᠷ᠎ᠠ ᠮᠡᠷᠭᠡᠵᠢᠯ ᠢ ᠳᠡᠭᠡᠭᠰᠢᠯᠡᠭᠦᠯᠦᠨ ᠥᠭᠡᠷᠡᠴᠢᠯᠡᠬᠦ ᠶᠢ  ᠥᠷᠨᠢᠭᠦᠯᠦᠨ᠂ ᠵᠠᠰᠠᠭ ᠠᠵᠤ ᠠᠬᠤᠶᠢᠯᠠᠯ ᠤᠨ ᠬᠠᠮᠲᠤᠷᠠᠯᠴᠠᠭᠠᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠠᠵᠤ ᠠᠬᠤᠶᠢᠯᠠᠯ ᠤᠨ ᠤᠰᠤ ᠠᠷᠪᠢᠯᠠᠬᠤ ᠬᠥᠳᠡᠯᠭᠡᠬᠦ ᠬᠦᠴᠦᠨ ᠢ ᠳᠡᠭᠡᠭᠰᠢᠯᠡᠭᠦᠯᠦᠨ᠂ ᠵᠠᠰᠠᠭ ᠤᠨ ᠣᠷᠳᠣᠨ᠂ ᠳᠡᠭᠡᠳᠦ ᠰᠤᠷᠭᠠᠭᠤᠯᠢ᠂ ᠠᠵᠤ ᠠᠬᠤᠶᠢᠯᠠᠯ ᠤᠨ ᠬᠤᠭᠤᠷᠣᠨᠳᠣᠬᠢ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ ᠰᠢᠢᠳᠪᠦᠷᠢᠯᠡᠵᠦ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠬᠠᠮᠵᠢᠯᠴᠠᠭᠤᠯᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠶᠡᠬᠡᠪᠡᠷ ᠲᠦᠯᠬᠢᠨ ᠠᠬᠢᠭᠤᠯᠤᠨ᠎ᠠ᠃        ︵ᠲᠠᠪᠤ︶ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ        ᠪᠦᠬᠦ ᠠᠵᠢᠯ ᠲᠥᠷᠥᠯ ᠤᠨ ᠤᠰᠤ ᠠᠷᠪᠢᠯᠠᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠰᠦᠪᠡᠭᠴᠢᠯᠡᠨ ᠪᠠᠶᠢᠭᠤᠯᠵᠤ᠂ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠢᠯᠡᠳᠦᠯ ᠢ ᠢᠳᠡᠪᠬᠢᠲᠡᠶ ᠪᠠᠳᠠᠷᠠᠭᠤᠯᠤᠨ᠂ ᠤᠰᠤ ᠠᠷᠪᠢᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ᠂ ᠡᠩ ᠤᠨ ᠪᠤᠰᠤ ᠤᠰᠤᠨ ᠤ ᠡᠬᠢ ᠪᠠᠶᠠᠯᠢᠭ ᠢ ᠠᠰᠢᠭᠯᠠᠬᠤ ᠵᠡᠷᠭᠡ ᠲᠥᠷᠥᠯ ᠵᠦᠢᠯ ᠢ ᠳᠡᠮᠵᠢᠵᠦ᠂ ᠨᠡᠶᠢᠭᠡᠮ ᠤᠨ ᠬᠥᠷᠥᠩᠭᠡ ᠶᠢ ᠬᠥᠲᠥᠯᠥᠨ ᠵᠢᠯᠣᠭᠤᠳᠴᠤ ᠪᠠᠶᠢᠭᠠᠳ ᠵᠣᠬᠢᠬᠤ ᠠᠰᠢᠭ ᠬᠤᠨᠵᠢᠪᠤᠷᠢ ᠲᠠᠢ ᠤᠰᠤ ᠠᠷᠪᠢᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠳᠤ ᠤᠷᠤᠭᠤᠯᠤᠨ᠎ᠠ᠃ ᠤᠰᠤ ᠠᠷᠪᠢᠯᠠᠵᠤ ᠤᠰᠤ ᠬᠢᠵᠠᠭᠠᠷᠯᠠᠬᠤ ᠶᠢ ᠠᠬᠢᠭᠤᠯᠬᠤ ᠠᠵᠢᠯ ᠤᠨ ᠢᠯᠡᠷᠡᠯ ᠢᠶᠠᠷ ᠰᠢᠯᠢᠳᠡᠭ ᠨᠢᠭᠡᠴᠡ ᠪᠠ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠎ᠠ᠃ 
ᠢᠷᠡᠯᠲᠡ᠄ ᠳᠣᠰ ᠰᠦᠯᠵᠢᠶ᠎ᠡ