ᠪᠢᠨ ᠾᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
ᠨᠡᠶᠢᠲᠡᠯᠡᠭᠰᠡᠨ ᠴᠠᠭ᠄
2023/7/12
       ᠨᠢᠭᠡ᠂ ᠤᠳᠤᠷᠢᠳᠬᠤ ᠪᠠᠭ       ᠶᠠᠩ ᠢ ᠷᠠᠨ          ᠨᠠᠮ ᠤᠨ ᠠᠵᠢᠯᠯᠠᠬᠤ ᠬᠤᠷᠢᠶᠠᠨ ᠤ ᠱᠦᠵᠢ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ       ᠮᠠ ᠯᠢ ᠶᠠ           ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ       ᠴᠢ ᠰᠢᠨ             ᠨᠠᠮ ᠤᠨ ᠠᠵᠢᠯᠯᠠᠬᠤ ᠬᠤᠷᠢᠶᠠᠨ ᠤ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ       ᠵᠤᠤ ᠬᠠᠶ ᠵᠢᠶᠦ᠋ᠨ      ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠭᠡᠰᠢᠭᠦᠨ       ᠸᠧᠢ ᠵᠧ             ᠰᠠᠬᠢᠯᠭ᠎ᠠ ᠪᠠᠳᠣ ᠶᠢᠨ ᠠᠵᠢᠯ ᠤᠨ ᠵᠦᠪᠯᠡᠯ ᠤᠨ ᠱᠦᠵᠢ       ᠵᠤᠤ ᠵᠠᠨ ᠵᠢᠶᠦ᠋ᠨ      ᠨᠠᠮ ᠤᠨ ᠠᠵᠢᠯ ᠤᠨ ᠬᠤᠷᠢᠶᠠᠨ ᠤ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ       ᠸᠠᠩ ᠶᠤᠸᠠᠨ ᠶᠤᠸᠠᠨ    ᠨᠠᠮ ᠤᠨ ᠠᠵᠢᠯᠯᠠᠬᠤ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ       ᠵᠠᠩ ᠬᠤᠩ            ᠨᠠᠮ ᠤᠨ ᠠᠵᠢᠯᠯᠠᠬᠤ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠭᠡᠰᠢᠭᠦᠨ᠂ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ       ᠴᠧᠨ ᠢᠤᠢ            ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ       ᠵᠢᠶᠠ ᠶᠢᠨ             ᠨᠠᠮ ᠤᠨ ᠠᠵᠢᠯᠯᠠᠬᠤ ᠬᠤᠷᠢᠶᠠᠨ ᠤ ᠭᠡᠰᠢᠭᠦᠨ᠂ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ︵ᠲᠦᠷ ᠴᠠᠭ ᠲᠤᠰᠢᠶᠠᠯ ᠡᠭᠦᠷᠭᠡᠯᠡᠵᠦ ᠪᠠᠶᠢᠨ᠎ᠠ︶       ᠶᠠᠩ ᠫᠸᠢ ᠹᠧᠩ         ᠨᠠᠮ ᠤᠨ ᠠᠵᠢᠯᠯᠠᠬᠤ ᠬᠤᠷᠢᠶᠠᠨ ᠤ ᠭᠡᠰᠢᠭᠦᠨ ︵ᠲᠦᠷ ᠴᠠᠭ ᠲᠤᠰᠢᠶᠠᠯ ᠡᠭᠦᠷᠭᠡᠯᠡᠵᠦ ᠪᠠᠶᠢᠨ᠎ᠠ︶       ᠴᠢᠨ ᠵᠧᠨ             ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠠᠶᠢᠩᠭᠤ ᠶᠢᠨ ᠳᠡᠳ᠋ ᠡᠷᠬᠢᠯᠡᠭᠴᠢ       ᠰᠢᠤᠢ ᠴᠧᠨ ᠷᠦᠩ       ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ   ︵ᠲᠦᠷ ᠴᠠᠭ ᠲᠤᠰᠢᠶᠠᠯ ᠡᠭᠦᠷᠭᠡᠯᠡᠵᠦ ᠪᠠᠶᠢᠨ᠎ᠠ︶᠂ ᠰᠢᠩ ᠸᠠᠩ ᠨᠡᠶᠢᠭᠡᠮ ᠲᠣᠭᠤᠷᠢᠭ ᠲᠤ ᠰᠠᠭᠤᠭ᠎ᠠ ᠨᠢᠭᠡᠳᠦᠭᠡᠷ ᠱᠦᠵᠢ᠂ ᠠᠵᠢᠯᠯᠠᠬᠤ ᠠᠩᠭᠢ ᠶᠢᠨ ᠳᠠᠷᠤᠭ᠎ᠠ       ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ       1. ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠃ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ ᠭᠠᠵᠠᠷ ᠤᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠬᠤᠷᠢᠶᠠᠨ ᠤ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ ᠬᠠᠮᠵᠢᠯᠴᠠᠨ᠎ᠠ᠃ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ ᠭᠠᠵᠠᠷ ᠤᠨ ᠰᠢᠢᠳᠪᠦᠷᠢᠲᠦ ᠪᠣᠳᠣᠯᠭ᠎ᠠ ᠶᠢ ᠰᠢᠮᠳᠠᠭᠤᠯᠤᠨ ᠪᠠᠶᠢᠴᠠᠭᠠᠬᠤ᠂ ᠪᠣᠳᠠᠲᠤ ᠠᠮᠵᠢᠯᠲᠠ ᠶᠢ ᠬᠢᠨᠠᠨ ᠰᠢᠯᠭᠠᠬᠤ ᠪᠠ ᠡᠯ᠎ᠡ ᠱᠠᠲᠤᠨ ᠤ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠬᠠᠷᠢᠭᠤᠴᠠᠨ᠎ᠠ᠃ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ ᠭᠠᠵᠠᠷ ᠤᠨ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ᠂ ᠨᠢᠭᠤᠴᠠ ᠶᠢ ᠬᠠᠮᠠᠭᠠᠯᠠᠬᠤ᠂ ᠳᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃       2. ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠵᠡᠭᠡᠯᠢ ᠭᠤᠳᠤᠮᠵᠢ ᠶᠢᠨ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ ᠪᠣᠯᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ᠂ ᠠᠬᠠᠮᠠᠳ ᠺᠠᠳ᠋ᠷ ᠢ ᠬᠠᠯᠠᠮᠵᠢᠯᠠᠬᠤ ᠵᠡᠷᠭᠡ ᠠᠵᠢᠯ ᠢ ᠬᠠᠷᠢᠭᠤᠴᠠᠨ᠎ᠠ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠢ ᠬᠠᠷᠢᠭᠤᠴᠠᠨ᠎ᠠ᠃ ᠨᠢᠭᠡᠳᠦᠮᠡᠯ ᠹᠷᠣᠨᠲ᠂ ᠱᠠᠰᠢᠨ ᠰᠤᠷᠲᠠᠬᠤᠨ ᠤ ᠠᠵᠢᠯ ᠢ ᠬᠠᠷᠢᠭᠤᠴᠠᠨ᠎ᠠ᠃       3. ᠬᠤᠲᠠ ᠶᠢᠨ ᠬᠠᠮᠢᠶᠠᠷᠤᠯᠲᠠ ᠶᠢᠨ ᠠᠯᠪᠠᠨ ᠭᠡᠷ᠃ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠮᠢᠲᠠᠨ ᠤ ᠬᠢᠵᠢᠭ ᠰᠡᠷᠭᠡᠶᠢᠯᠡᠬᠦ ᠪᠠ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ ᠵᠡᠭᠡᠯᠢ ᠭᠤᠳᠤᠮᠵᠢ ᠶᠢᠨ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠰᠦᠪ ᠤᠨ ᠬᠢᠨᠠᠯᠲᠠ᠂ ᠳᠠᠭᠠᠭᠠᠴᠢᠯᠠᠯᠲᠠ ᠬᠦᠯᠢᠶᠡᠬᠦ ᠵᠡᠷᠭᠡ ᠠᠵᠢᠯ ᠢ ᠬᠠᠷᠢᠭᠤᠴᠠᠨ᠎ᠠ᠃ ᠭᠤᠣᠯ ᠤᠨ ᠳᠠᠷᠤᠭ᠎ᠠ ᠶᠢᠨ ᠲᠣᠷᠢᠮ ᠤᠨ ᠠᠵᠢᠯ ᠢ ᠬᠠᠷᠢᠭᠤᠴᠠᠨ᠎ᠠ᠃ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠵᠢᠵᠢᠭ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠥᠷᠨᠢᠭᠦᠯᠦᠨ᠎ᠡ᠃ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ᠃ ᠬᠠᠷᠢᠶᠠᠲᠤ ᠣᠷᠣᠨ ᠤ ᠳᠣᠲᠣᠷᠠᠬᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠲᠥᠯᠥᠪᠵᠢᠭᠦᠯᠭᠡ ᠪᠠ ᠬᠠᠷᠢᠶᠠᠲᠤ ᠣᠷᠣᠨ ᠤ ᠪᠠᠷᠢᠯᠭ᠎ᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠵᠢᠵᠢᠭ ᠲᠣᠭᠤᠷᠢᠭ ᠢ ᠲᠥᠯᠥᠪᠵᠢᠭᠦᠯᠵᠦ ᠰᠢᠯᠭᠠᠨ ᠠᠪᠬᠤ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠡ᠃       4. ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ᠃ ᠰᠣᠶᠣᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠬᠤᠲᠠ ᠶᠢᠨ ᠦᠨᠳᠦᠰᠦᠲᠡᠨ ᠤ ᠬᠡᠷᠡᠭ ᠶᠠᠪᠤᠳᠠᠯ ᠤᠨ ᠠᠵᠢᠯ ᠢ ᠬᠠᠷᠢᠭᠤᠴᠠᠨ᠎ᠠ᠃ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠲᠥᠯᠥᠪᠯᠡᠭᠡᠲᠦ ᠦᠷᠡᠵᠢᠯ᠂ ᠰᠢᠨᠵᠢᠯᠡᠬᠦ ᠤᠬᠠᠭᠠᠨ ᠮᠡᠷᠭᠡᠵᠢᠯ ᠂ ᠵᠡᠮᠳᠡᠭᠴᠦᠳ ᠤᠨ ᠦᠢᠯᠡᠰ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠶ ᠠᠵᠢᠯ ᠪᠠ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ᠂ ᠥᠮᠴᠢᠲᠡᠨ ᠤ ᠵᠥᠪᠯᠡᠯ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠶ ᠠᠵᠢᠯ ᠪᠠ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃       5. ᠠᠮᠣᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ᠃ ᠬᠠᠷᠢᠶᠠᠳᠣ ᠣᠷᠣᠨ ᠤ ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠬᠠᠷᠢᠶᠠᠳᠣ ᠣᠷᠣᠨ ᠤ ᠳᠣᠲᠣᠷᠠᠬᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠨ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠪᠠ ᠡᠶᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠵᠢᠭᠤ ᠨᠣᠮᠯᠠᠯ ᠢ ᠰᠡᠷᠭᠡᠶᠢᠯᠡᠬᠦ ᠪᠠ ᠰᠢᠢᠳᠪᠦᠷᠢᠯᠡᠬᠦ᠂ ᠬᠤᠣᠷᠲᠤ ᠡᠳ᠋ ᠢ ᠴᠠᠭᠠᠵᠠᠯᠠᠬᠤ ᠵᠡᠷᠭᠡ ᠠᠵᠢᠯ ᠢ ᠶᠡᠷᠦᠩᠬᠡᠶᠢᠯᠡᠨ ᠵᠣᠬᠢᠴᠠᠭᠤᠯᠤᠨ ᠰᠡᠷᠭᠡᠶᠢᠯᠡᠨ᠎ᠡ᠃ ᠬᠠᠷᠢᠶᠠᠲᠤ ᠣᠷᠣᠨ ᠤ ᠬᠠᠤᠯᠢ ᠲᠦᠭᠡᠮᠡᠯᠵᠢᠭᠦᠯᠬᠦ ᠬᠠᠤᠯᠢ ᠶᠣᠰᠣᠭᠠᠷ ᠵᠠᠰᠠᠬᠤ ᠠᠵᠢᠯ ᠢ ᠬᠠᠷᠢᠭᠤᠴᠠᠨ ᠠᠬᠢᠭᠤᠯᠤᠨ᠎ᠠ᠃ ᠬᠠᠷᠢᠶᠠᠲᠤ ᠣᠷᠣᠨ ᠤ ᠳᠣᠲᠣᠷᠠᠬᠢ ᠲᠣᠤᠷᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠬᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠬᠦ ᠵᠡᠷᠭᠡ ᠠᠵᠢᠯ ᠢ ᠬᠠᠷᠢᠭᠤᠴᠠᠨ᠎ᠠ᠃ 
ᠢᠷᠡᠯᠲᠡ᠄ ᠲᠣᠰ ᠰᠥᠯᠵᠢᠶ᠎ᠡ