ᠺᠠᠩ ᠰᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
ᠨᠡᠶᠢᠲᠡᠯᠡᠭᠰᠡᠨ ᠴᠠᠭ᠄
2023/7/20
         ᠨᠢᠭᠡ᠂ ᠤᠳᠤᠷᠢᠳᠬᠤ ᠪᠠᠭ         ᠯᠢᠦ ᠪᠥᠸᠧ             ᠨᠠᠮ ᠤᠨ ᠠᠵᠢᠯᠯᠠᠬᠤ ᠬᠤᠷᠢᠶᠠᠨ ᠤ ᠱᠦᠵᠢ᠂ ᠨᠠᠮ  ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ         ᠶᠠᠩ ᠭᠦᠸᠧ ᠶᠧ         ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂  ᠵᠡᠭᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ         ᠸᠠᠩ ᠬᠤᠸᠠᠢ ᠮᠢ          ᠨᠠᠮ ᠤᠨ ᠠᠵᠢᠯᠯᠠᠬᠤ ᠬᠤᠷᠢᠶᠠᠨ ᠤ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ         ᠮᠢᠶᠣᠣ ᡁᠢ ᠭᠠᠩ         ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠭᠡᠰᠢᠭᠦᠨ          ᠰᠡᠴᠡᠨᠨᠣᠷᠪᠤ              ᠰᠠᠬᠢᠯᠭ᠎ᠠ ᠪᠠᠲᠤ ᠶᠢᠨ ᠠᠵᠢᠯ ᠤᠨ ᠵᠥᠪᠯᠡᠯ ᠤᠨ ᠱᠦᠵᠢ᠂ ᠬᠢᠨᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ         ᠹᠧᠩ ᠰᠢᠶᠣᠣ ᠢᠦᠢ       ᠨᠠᠮ ᠤᠨ ᠠᠵᠢᠯᠯᠠᠬᠤ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ         ᠵᠠᠩ ᠶᠠᠨ ᠮᠧᠶ           ᠨᠠᠮ ᠤᠨ ᠠᠵᠢᠯᠯᠠᠬᠤ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠭᠡᠰᠢᠭᠦᠨ᠂ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ         ᠷᠧᠨ ᠬᠠᠢ ᠰᠢᠨ          ᠨᠠᠮ ᠤᠨ ᠠᠵᠢᠯ ᠤᠨ ᠬᠤᠷᠢᠶᠠᠨ ᠤ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ          ᠸᠠᠩ ᡁᠢ ᠴᠢᠶᠠᠩ          ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ︵ᠲᠦᠷ ᠴᠠᠭ ᠲᠤᠰᠢᠶᠠᠯ ᠡᠭᠦᠷᠭᠡᠯᠡᠵᠦ ᠪᠠᠶᠢᠨ᠎ᠠ︶         ᠯᠢ ᠱᠤᠸᠠᠢ               ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ         ᠯᠢᠦ ᠶᠢᠨ ᠬᠤᠸᠠᠨ         ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠠᠶᠢᠩᠭᠤ ᠶᠢᠨ ᠳᠡᠳ᠋ ᠡᠷᠬᠢᠯᠡᠭᠴᠢ         ᠬᠠᠨ ᠯᠦᠩ ᠹᠧᠢ          ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ︵ᠲᠦᠷ ᠴᠠᠭ ᠲᠤᠰᠢᠶᠠᠯ ᠡᠭᠦᠷᠭᠡᠯᠡᠵᠦ ᠪᠠᠶᠢᠨ᠎ᠠ︶᠂ ᠵᠢᠶᠠ ᠾᠧ ᠨᠡᠶᠢᠭᠡᠮ ᠲᠣᠭᠤᠷᠢᠭ ᠲᠤ ᠰᠠᠭᠤᠭ᠎ᠠ ᠨᠢᠭᠡᠳᠦᠭᠡᠷ ᠱᠦᠵᠢ᠂ ᠠᠵᠢᠯᠯᠠᠬᠤ ᠠᠩᠭᠢ ᠶᠢᠨ ᠳᠠᠷᠤᠭ᠎ᠠ        ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ        1. ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠄ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ ᠭᠠᠵᠠᠷ ᠤᠨ ᠡᠳᠦᠷ ᠲᠤᠲᠤᠮ ᠤᠨ ᠠᠵᠢᠯᠯᠠᠭ᠎ᠠ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ ᠭᠠᠵᠠᠷ ᠤᠨ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ᠂ ᠺᠠᠳ᠋ᠷ ᠤᠨ ᠬᠠᠮᠢᠶᠠᠷᠤᠯᠲᠠ᠂ ᠨᠢᠭᠤᠴᠠ ᠶᠢ ᠬᠠᠮᠠᠭᠠᠯᠠᠬᠤ᠂ ᠲᠠᠩᠰᠠ ᠡᠪᠬᠡᠮᠡᠯ ᠤᠨ ᠬᠠᠮᠢᠶᠠᠷᠤᠯᠲᠠ ᠪᠠ ᠪᠠᠶᠢᠭᠤᠯᠤᠮᠵᠢ ᠶᠢᠨ ᠣᠷᠣᠨ ᠲᠤᠭ᠎ᠠ᠂ ᠬᠤᠶᠢᠴᠢ ᠦᠶ᠎ᠡ ᠪᠠ ᠠᠬᠠᠮᠠᠳ ᠺᠠᠳ᠋ᠷᠴᠤᠳ ᠢ ᠬᠠᠯᠠᠮᠵᠢᠯᠠᠬᠤ ᠵᠡᠷᠭᠡ ᠠᠵᠢᠯ ᠢ ᠬᠠᠷᠢᠭᠤᠴᠠᠨ᠎ᠠ᠃ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ ᠭᠠᠵᠠᠷ ᠤᠨ ᠰᠢᠢᠳᠪᠦᠷᠢᠲᠦ ᠪᠣᠳᠣᠯᠭ᠎ᠠ ᠶᠢ ᠱᠠᠯᠠᠪᠳᠠᠭᠤᠯᠤᠨ ᠪᠠᠶᠢᠴᠠᠭᠠᠬᠤ᠂ ᠬᠢᠨᠠᠨ ᠰᠢᠯᠭᠠᠬᠤ ᠪᠠ ᠡᠯ᠎ᠡ ᠱᠠᠲᠤᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠬᠠᠷᠢᠭᠤᠴᠠᠨ᠎ᠠ᠃ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠬᠤᠷᠢᠶᠠᠨ ᠤ ᠡᠳᠦᠷ ᠲᠤᠲᠤᠮ ᠤᠨ ᠠᠵᠢᠯ ᠢ ᠡᠭᠦᠷᠭᠡᠯᠡᠵᠦ᠂  ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠠᠵᠢᠯ ᠢ ᠵᠣᠬᠢᠴᠠᠭᠤᠯᠤᠨ ᠬᠠᠮᠵᠢᠯᠴᠠᠨ ᠰᠠᠶᠢᠲᠤᠷ ᠬᠢᠨ᠎ᠠ᠃        2. ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠄ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠵᠡᠭᠡᠯᠢ ᠭᠤᠳᠤᠮᠵᠢ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠢ ᠬᠠᠷᠢᠭᠤᠴᠠᠨ᠎ᠠ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠨᠢᠭᠡᠳᠦᠮᠡᠯ ᠹᠷᠣᠨᠲ᠂ ᠱᠠᠰᠢᠨ ᠰᠤᠷᠲᠠᠬᠤᠨ ᠤ ᠠᠵᠢᠯ ᠢ ᠬᠠᠷᠢᠭᠤᠴᠠᠨ᠎ᠠ᠃ ᠤᠬᠠᠭᠤᠯᠭ᠎ᠠ᠂ ᠦᠵᠡᠯ ᠰᠣᠷᠲᠠᠯ᠂ ᠰᠦᠯᠵᠢᠶᠡᠨ ᠤ ᠦᠵᠡᠯ ᠰᠣᠷᠲᠠᠯ᠂ ᠤᠶᠤᠨ ᠤ ᠪᠣᠯᠪᠠᠰᠤᠨ᠂ ᠱᠠᠯᠢᠭ ᠪᠠ ᠬᠠᠤᠯᠢ ᠪᠤᠰᠤ ᠬᠡᠪᠯᠡᠯ ᠲᠠᠢ ᠲᠡᠮᠡᠴᠡᠬᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ᠂ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ᠂ ᠤᠨᠤᠯ ᠢ ᠤᠬᠠᠭᠤᠯᠤᠨ ᠲᠠᠶᠢᠯᠪᠤᠷᠢᠯᠠᠬᠤ᠂ ᠰᠠᠶᠢᠨ ᠳᠤᠷ᠎ᠠ ᠶᠢᠨ ᠦᠢᠯᠡᠴᠢᠯᠡᠭᠡ ᠪᠣᠯᠤᠨ ᠡᠪ ᠬᠠᠮᠲᠤ ᠵᠠᠯᠠᠭᠤᠴᠤᠳ ᠤᠨ ᠡᠪᠯᠡᠯ ᠵᠡᠷᠭᠡ ᠠᠵᠢᠯ ᠢ ᠬᠠᠷᠢᠭᠤᠴᠠᠨ᠎ᠠ᠃        3. ᠬᠤᠳᠠ ᠶᠢᠨ ᠬᠠᠮᠢᠶᠠᠷᠤᠯᠲᠠ ᠶᠢᠨ ᠠᠯᠪᠠᠨ ᠭᠡᠷ᠄ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠨᠠᠷᠢᠯᠢᠭᠵᠢᠭᠤᠯᠤᠨ ᠬᠠᠮᠢᠶᠠᠷᠬᠤ ᠠᠵᠢᠯ ᠢ ᠬᠠᠷᠢᠭᠤᠴᠠᠨ᠎ᠠ᠃  ᠠᠮᠢᠲᠠᠨ ᠤ ᠬᠢᠵᠢᠭ ᠢ ᠰᠡᠷᠭᠡᠶᠢᠯᠡᠬᠦ ᠪᠠ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ ᠵᠡᠭᠡᠯᠢ ᠭᠤᠳᠤᠮᠵᠢ ᠶᠢᠨ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠰᠥᠪ ᠢ ᠬᠢᠨᠠᠨ ᠬᠠᠷᠭᠤᠭᠤᠯᠬᠤ᠂ ᠳᠠᠭᠠᠭᠠᠴᠢᠯᠠᠯᠲᠠ ᠵᠠᠷᠯᠠᠬᠤ᠂ ᠳᠠᠭᠠᠭᠠᠴᠢᠯᠠᠯᠲᠠ ᠬᠦᠯᠢᠶᠡᠬᠦ ᠵᠡᠷᠭᠡ ᠠᠵᠢᠯ ᠢ ᠬᠠᠷᠢᠭᠤᠴᠠᠨ᠎ᠠ᠃ ᠭᠤᠣᠯ ᠤᠨ ᠳᠠᠷᠤᠭ᠎ᠠ ᠶᠢᠨ ᠳᠦᠷᠢᠮ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠢ ᠬᠠᠷᠢᠭᠤᠴᠠᠨ᠎ᠠ᠃ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠵᠢᠵᠢᠭ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠥᠷᠨᠢᠭᠦᠯᠦᠨ᠎ᠡ᠃ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ᠃ ᠬᠠᠷᠢᠶᠠᠲᠤ ᠣᠷᠣᠨ ᠤ ᠳᠣᠲᠣᠷᠠᠬᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠲᠥᠯᠦᠪᠵᠢᠭᠦᠯᠭᠡ ᠪᠠ ᠬᠠᠷᠢᠶᠠᠲᠤ ᠣᠷᠣᠨ ᠤ ᠳᠣᠲᠣᠷᠠᠬᠢ ᠪᠠᠷᠢᠯᠭ᠎ᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠵᠢᠵᠢᠭ ᠲᠣᠭᠤᠷᠢᠭ ᠤᠨ ᠲᠥᠯᠦᠪᠵᠢᠭᠦᠯᠭᠡ ᠶᠢ ᠰᠢᠯᠭᠠᠨ ᠠᠪᠬᠤ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠡ᠃        4. ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ᠄ ᠰᠣᠶᠣᠯ ᠪᠣᠯᠪᠠᠰᠤᠷᠠᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠦᠨᠳᠦᠰᠦᠲᠡᠨ ᠤ ᠬᠡᠷᠡᠭ ᠶᠠᠪᠤᠳᠠᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠠᠵᠢᠯ ᠢ ᠬᠠᠷᠢᠭᠤᠴᠠᠨ᠎ᠠ᠃ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠲᠥᠯᠥᠪᠯᠡᠭᠡᠲᠦ  ᠬᠦᠩᠭᠡᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ ᠤᠨ ᠦᠢᠯᠡᠰ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠢ ᠠᠵᠢᠯ ᠪᠠ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ᠂ ᠥᠮᠴᠢᠲᠡᠨ ᠤ ᠵᠥᠪᠯᠡᠯ ᠵᠡᠷᠭᠡ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠥᠷᠨᠢᠭᠦᠯᠬᠦ ᠶᠢ ᠵᠢᠯᠤᠭᠤᠳᠬᠤ ᠶᠢ ᠬᠠᠷᠢᠭᠤᠴᠠᠨ᠎ᠠ᠃ ᠡᠯ᠎ᠡ ᠲᠦᠷᠦᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠣᠶᠢᠵᠢᠭᠤᠯᠤᠨ ᠬᠥᠭᠵᠢᠭᠦᠯᠬᠦ᠂ ᠴᠡᠷᠢᠭ ᠤᠨ ᠠᠯᠪᠠ  ᠠᠴᠠ ᠬᠠᠯᠠᠭᠳᠠᠭᠰᠠᠳ ᠤᠨ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠶᠢ ᠲᠡᠳᠬᠦᠬᠦ᠂ ᠠᠰᠠᠷᠠᠨ ᠬᠠᠷᠠᠭᠠᠯᠵᠠᠵᠤ ᠬᠠᠪᠰᠤᠷᠤᠨ ᠲᠡᠳᠬᠦᠬᠦ᠂ ᠡᠷᠬᠢᠨ ᠦᠵᠡᠵᠦ ᠲᠣᠬᠤᠨᠢᠭᠤᠯᠬᠤ᠂ ᠵᠠᠬᠢᠳᠠᠯ ᠰᠣᠷᠪᠤᠯᠵᠢᠯᠠᠭ᠎ᠠ ᠭᠥᠯᠢᠶᠡᠨ ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠵᠦ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠬᠠᠷᠠᠭᠠᠯᠵᠠᠬᠤ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃        5. ᠠᠮᠤᠷ ᠲᠦᠪᠰᠢᠨ ᠤ  ᠪᠠᠶᠢᠭᠤᠯᠤᠯᠲᠠ ᠶᠢᠨ ᠠᠯᠪᠠᠨ ᠭᠡᠷ᠄ ᠬᠠᠷᠢᠶᠠᠲᠤ ᠣᠷᠣᠨ ᠤ ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠬᠠᠷᠢᠶᠠᠲᠤ ᠣᠷᠣᠨ ᠤ ᠳᠣᠲᠣᠷᠠᠬᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠨ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠪᠠ ᠡᠶᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠵᠢᠭᠤ ᠨᠣᠮᠯᠠᠯ᠂ ᠬᠤᠣᠷᠲᠤ ᠡᠳ᠋ ᠢ ᠴᠠᠭᠠᠵᠠᠯᠠᠬᠤ ᠵᠡᠷᠭᠡ ᠠᠵᠢᠯ ᠢ ᠶᠡᠷᠦᠩᠬᠡᠶᠢᠯᠡᠨ ᠵᠣᠬᠢᠴᠠᠭᠤᠯᠵᠤ ᠰᠡᠷᠭᠡᠶᠢᠯᠡᠬᠦ ᠪᠠ ᠰᠢᠢᠳᠪᠦᠷᠢᠯᠡᠨ᠎ᠡ᠃ ᠬᠠᠷᠢᠶᠠᠲᠤ ᠣᠷᠣᠨ ᠤ ᠬᠠᠤᠯᠢ ᠲᠦᠭᠡᠮᠡᠯᠵᠢᠭᠦᠯᠬᠦ ᠬᠠᠤᠯᠢ ᠶᠣᠰᠣᠭᠠᠷ ᠵᠠᠰᠠᠬᠤ ᠠᠵᠢᠯ ᠢ ᠬᠠᠷᠢᠭᠤᠴᠠᠨ ᠠᠬᠢᠭᠤᠯᠤᠨ᠎ᠠ᠃ ᠬᠠᠷᠢᠶᠠᠲᠤ ᠣᠷᠣᠨ ᠤ ᠳᠣᠲᠣᠷᠠᠬᠢ ᠲᠣᠥᠷᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠬᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠬᠦ ᠵᠡᠷᠭᠡ ᠠᠵᠢᠯ ᠢ ᠬᠠᠷᠢᠭᠤᠴᠠᠨ᠎ᠠ᠃ ᠵᠡᠭᠡᠯᠢ ᠭᠤᠳᠤᠮᠵᠢ ᠶᠢᠨ ᠠᠵᠢᠯᠴᠢᠨ ᠤ ᠡᠪᠯᠡᠯ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃        ᠭᠤᠷᠪᠠ᠂ ᠠᠵᠢᠯ ᠦᠢᠯᠡᠰ ᠤᠨ ᠨᠢᠭᠡᠴᠡ        ᠨᠢᠭᠡ ᠳᠡᠳ᠋ ᠰᠠᠯᠠᠭᠠᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠶᠢ  ᠲᠣᠬᠢᠷᠠᠭᠤᠯᠣᠨ᠎ᠠ᠂ ᠳᠠᠷᠣᠢ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ︵ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠫᠠᠶᠢᠰᠠ ᠶᠢ ᠡᠯᠭᠦᠨ᠎ᠡ︶᠃ ᠡᠭᠦᠷᠭᠡ ᠬᠠᠷᠢᠭᠤᠴᠠᠯᠭ᠎ᠠ ᠨᠢ ᠳᠣᠣᠷᠠᠬᠢ ᠮᠡᠲᠦ᠄        ᠨᠠᠮ ᠤᠨ ᠭᠡᠰᠢᠭᠦᠨ ᠤᠯᠠᠨ ᠲᠦᠮᠡᠨ ᠳᠤ ᠦᠢᠯᠡᠴᠢᠯᠡᠬᠦ ᠵᠦᠢᠯᠡᠰ ᠢ ᠲᠣᠬᠢᠷᠠᠭᠤᠯᠬᠤ ᠠᠵᠢᠯ ᠢ ᠡᠭᠦᠷᠭᠡᠯᠡᠵᠦ᠂ ᠨᠠᠮ ᠤᠨ ᠭᠡᠰᠢᠭᠦᠨ ᠪᠠ ᠤᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡ ᠬᠠᠩᠭᠠᠨ᠎ᠠ᠃ ᠬᠠᠷᠢᠶ᠎ᠠ ᠣᠷᠣᠨ ᠤ ᠳᠣᠲᠣᠷᠠᠬᠢ ᠨᠠᠮ ᠤᠨ ᠭᠡᠰᠢᠭᠦᠨ ᠲᠠᠢ ᠬᠠᠷᠢᠯᠴᠠᠬᠤ ᠪᠠ ᠦᠢᠯᠡᠴᠢᠯᠡᠬᠦ ᠠᠵᠢᠯ ᠢ ᠡᠭᠦᠷᠭᠡᠯᠡᠨ᠎ᠡ᠃ ᠨᠠᠮ ᠪᠠ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠤᠨ ᠦᠢᠯᠡᠴᠢᠯᠡᠬᠦ ᠴᠢᠳᠠᠮᠵᠢ ᠶᠢᠨ ᠲᠥᠯᠦᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠵᠡᠷᠭᠡ ᠠᠵᠢᠯ ᠢ ᠡᠭᠦᠷᠭᠡᠯᠡᠨ᠎ᠡ᠃ ᠠᠷᠠᠳ ᠲᠤ ᠲᠥᠬᠦᠮ ᠦᠵᠡᠭᠦᠯᠬᠦ ᠶᠢ ᠬᠢᠨᠠᠨ ᠵᠥᠪᠰᠢᠶᠡᠷᠡᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃                 ᠬᠠᠷᠢᠯᠴᠠᠬᠤ ᠬᠠᠶ᠋ᠢᠭ᠄ ᠣᠷᠳᠣᠰ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ  ᠤᠨ L1 ᠭᠠᠵᠠᠷ ᠤᠨ ᠺᠠᠩ ᠰᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ                  ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00 --- 12᠄ 00                                                   ᠦᠳᠡ ᠶᠢᠨ ᠬᠤᠶᠢᠨᠠᠬᠢ 14᠄ 00 --- 17᠄ 30                  ᠬᠠᠷᠢᠯᠴᠠᠬᠤ ᠤᠲᠠᠰᠤ᠄ 0477—— 8394803 
ᠢᠷᠡᠯᠲᠡ᠄ ᠲᠣᠰ ᠰᠥᠯᠵᠢᠶ᠎ᠡ