︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠠᠤᠯᠢ︾
ᠨᠡᠶᠢᠲᠡᠯᠡᠭᠰᠡᠨ ᠴᠠᠭ᠄
2023/7/21
ᠭᠤᠷᠪᠠᠳᠤᠭᠠᠷ ᠪᠦᠯᠦᠭ    ᠰᠠᠭᠠᠳ ᠦᠭᠡᠢ ᠮᠡᠳᠡᠭᠡ ᠵᠠᠩᠭᠢ ᠶᠢᠨ ᠰᠣᠯᠢᠯᠴᠠᠭ᠎ᠠ           ᠬᠤᠷᠢ ᠶᠢᠰᠦᠳᠦᠭᠡᠷ ᠵᠦᠢᠯ᠄ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠡᠮᠳᠡᠭᠴᠦᠳ᠂ ᠨᠠᠰᠤᠲᠠᠶᠢᠴᠤᠳ ᠤᠨ ᠤᠯᠠᠨ ᠨᠡᠶᠢᠲᠡ ᠶᠢᠨ ᠮᠡᠳᠡᠭᠡ ᠵᠠᠩᠭᠢ ᠶᠢ ᠣᠯᠬᠤ ᠳᠤ ᠲᠦᠬᠦᠮ ᠦᠵᠡᠭᠦᠯᠬᠦ ᠬᠡᠷᠡᠭᠲᠡᠢ᠃ ᠪᠠᠶᠢᠭᠠᠯᠢ ᠶᠢᠨ ᠭᠠᠮᠰᠢᠭ᠂ ᠠᠳᠡᠯ ᠤᠨ ᠭᠠᠢ ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ᠂ ᠨᠡᠶᠢᠭᠡᠮ ᠤᠨ ᠠᠮᠤᠷ ᠲᠦᠪᠰᠢᠨ ᠤ ᠬᠡᠷᠡᠭ ᠵᠡᠷᠭᠡ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠨᠡᠶᠢᠲᠡᠯᠡᠬᠦ ᠦᠶ᠎ᠡ ᠳᠤ  ᠨᠥᠬᠦᠴᠡᠯ ᠪᠦᠷᠢᠳᠦᠭᠰᠡᠨ ᠪᠠᠶᠢᠪᠠᠯ ᠠᠪᠢᠶ᠎ᠠ᠂ ᠲᠣᠮᠣ ᠥᠰᠥᠭ᠂ ᠰᠣᠬᠤᠷᠴᠤᠳ ᠤᠨ ᠥᠰᠥᠭ᠂ ᠳᠣᠬᠢᠶᠠᠨ ᠤ ᠬᠡᠯᠡ ᠵᠡᠷᠭᠡ ᠰᠠᠭᠠᠳ ᠦᠭᠡᠢ ᠮᠡᠳᠡᠭᠡ ᠵᠠᠩᠭᠢ ᠶᠢᠨ ᠰᠣᠯᠢᠯᠴᠠᠬᠤ ᠠᠷᠭ᠎ᠠ ᠶᠢ ᠵᠡᠷᠭᠡ ᠪᠠᠷ ᠬᠡᠷᠡᠭᠯᠡᠨ᠎ᠡ᠃           ᠭᠤᠴᠢᠳᠤᠭᠠᠷ ᠵᠦᠢᠯ᠄ ᠡᠳ᠋ ᠤᠨ ᠵᠠᠰᠠᠭ ᠤᠨ ᠪᠡᠯᠡ ᠮᠥᠩᠭᠦ ᠶᠢ ᠠᠰᠢᠭᠯᠠᠨ ᠪᠠᠶᠢᠭᠤᠯᠤᠭᠰᠠᠨ ᠲᠧᠯᠸᠢᠰ ᠬᠤᠷᠢᠶ᠎ᠠ ᠲᠧᠯᠸᠢᠰ ᠤᠨ ᠫᠷᠣᠭ᠍ᠷᠠᠮ ᠢ ᠨᠡᠪᠲᠡᠷᠡᠭᠦᠯᠬᠦ ᠳᠤ ᠪᠠᠨ ᠢᠵᠢᠯᠢ ᠠᠯᠬᠤᠮᠲᠤ ᠦᠰᠦᠭ ᠤᠨ ᠬᠥᠰᠢᠭᠡ ᠲᠣᠬᠢᠷᠠᠭᠤᠯᠵᠤ᠂ ᠨᠥᠬᠦᠴᠡᠯ ᠪᠦᠷᠢᠳᠦᠭᠰᠡᠨ ᠪᠠᠶᠢᠪᠠᠯ ᠲᠤᠬᠢᠶᠠᠨ ᠤ ᠬᠡᠯᠡ ᠪᠠᠷ ᠨᠡᠪᠲᠡᠷᠡᠭᠦᠯᠬᠦ ᠰᠣᠨᠢᠨ ᠮᠡᠳᠡᠭᠡᠨ ᠤ ᠫᠷᠣᠭ᠍ᠷᠠᠮ ᠢ ᠡᠳᠦᠷ ᠪᠦᠷᠢ ᠠᠳᠠᠭ ᠲᠤ ᠪᠠᠨ ᠨᠢᠭᠡ ᠤᠳᠠᠭ᠎ᠠ ᠨᠡᠪᠲᠡᠷᠡᠭᠦᠯᠬᠦ ᠶᠢᠨ ᠬᠠᠮᠲᠤ ᠲᠤᠬᠢᠶᠠᠨ ᠤ ᠬᠡᠯᠡ ᠪᠠᠷ ᠨᠡᠪᠲᠡᠷᠡᠭᠦᠯᠬᠦ ᠫᠷᠣᠭ᠍ᠷᠠᠮ ᠤᠨ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠬᠦ ᠬᠡᠷᠡᠭᠲᠡᠢ᠃           ᠢᠯᠡ ᠪᠠᠷ ᠬᠡᠪᠯᠡᠨ ᠲᠠᠷᠬᠠᠭᠠᠬᠤ ᠺᠢᠨᠣ᠋ ᠲᠧᠯᠸᠢᠰ ᠤᠨ ᠲᠦᠷᠦᠯ ᠤᠨ ᠳᠦᠷᠰᠦ ᠰᠢᠩᠭᠡᠭᠡᠯᠲᠡ ᠶᠢᠨ ᠪᠦᠲᠦᠭᠡᠭᠳᠡᠬᠦᠨ᠂ ᠰᠦᠯᠵᠢᠶᠡᠨ ᠤ ᠸᠢᠳᠢᠤ᠋ ᠫᠷᠣᠭ᠍ᠷᠠᠮ ᠳᠤ ᠦᠰᠦᠭ ᠤᠨ ᠬᠥᠰᠢᠭᠡ᠂ ᠲᠤᠬᠢᠶᠠᠨ ᠤ ᠬᠡᠯᠡ ᠪᠤᠶᠤ ᠶᠠᠷᠢᠶᠠᠨ ᠤ ᠠᠪᠢᠶᠠᠨ ᠤ ᠵᠢᠮ ᠢ ᠨᠡᠮᠡᠬᠦ ᠶᠢ ᠤᠯᠤᠰ ᠠᠴᠠ  ᠵᠣᠷᠢᠭᠵᠢᠭᠤᠯᠤᠨ᠎ᠠ᠃           ᠭᠤᠴᠢᠨ ᠨᠢᠭᠡᠳᠦᠭᠡᠷ ᠵᠦᠢᠯ᠄  ᠢᠯᠡ ᠪᠠᠷ ᠬᠡᠪᠯᠡᠨ ᠲᠠᠷᠬᠠᠭᠠᠬᠤ ᠨᠣᠮ ᠪᠢᠴᠢᠭ᠂ ᠰᠣᠨᠢᠨ ᠰᠡᠳᠬᠦᠯ ᠳᠤ ᠳᠠᠭᠤᠲᠤ ᠂ ᠲᠣᠮᠣ ᠦᠰᠦᠭ᠂ ᠰᠣᠬᠤᠷᠴᠤᠳ ᠤᠨ ᠦᠰᠦᠭ᠂ ᠡᠯᠧᠺᠲᠷᠣᠨ ᠵᠡᠷᠭᠡ ᠰᠠᠭᠠᠳ ᠦᠭᠡᠢ ᠬᠡᠪᠯᠡᠯ ᠲᠣᠬᠢᠷᠠᠭᠤᠯᠬᠤ ᠶᠢ ᠵᠣᠷᠢᠭᠵᠢᠭᠤᠯᠵᠤ᠂ ᠵᠡᠮᠳᠡᠭᠴᠦᠳ᠂ ᠨᠠᠰᠤᠲᠠᠶᠢᠴᠤᠳ ᠤᠨ ᠨᠣᠮ ᠤᠩᠰᠢᠬᠤ ᠳᠤ ᠤᠯᠤᠰ ᠠᠴᠠ ᠲᠦᠬᠦᠮ ᠦᠵᠡᠭᠦᠯᠦᠨ᠎ᠡ᠃           ᠵᠢᠭᠠᠬᠤ ᠮᠠᠲ᠋ᠧᠷᠢᠶᠠᠯ ᠨᠠᠶᠢᠷᠠᠭᠤᠯᠬᠤ᠂ ᠬᠡᠪᠯᠡᠭᠦᠯᠬᠦ ᠨᠢᠭᠡᠴᠢ ᠶᠢᠨ ᠠᠳᠠᠯᠢ ᠪᠤᠰᠤ ᠰᠤᠷᠭᠠᠨ ᠬᠥᠮᠦᠵᠢᠯ ᠤᠨ ᠱᠠᠲᠤᠨ ᠤ ᠪᠣᠳᠠᠲᠤ ᠪᠠᠶᠢᠳᠠᠯ ᠢᠶᠠᠨ ᠦᠨᠳᠦᠰᠦᠯᠡᠨ᠂ ᠰᠣᠬᠤᠷᠴᠤᠳ ᠤᠨ ᠦᠰᠦᠭ ᠤᠨ ᠬᠡᠪᠯᠡᠯ᠂ ᠬᠠᠷᠠᠭ᠎ᠠ ᠮᠠᠭᠤᠳᠠᠶᠢᠴᠤᠳ ᠤᠨ ᠬᠡᠪᠯᠡᠯ ᠤᠨ ᠵᠢᠭᠠᠨ ᠰᠤᠷᠭᠠᠯᠲᠠ ᠳᠤ ᠬᠡᠷᠡᠭᠯᠡᠬᠦ ᠨᠣᠮ ᠢ ᠨᠠᠶᠢᠷᠠᠭᠤᠯᠬᠤ ᠪᠠ ᠬᠡᠪᠯᠡᠭᠦᠯᠵᠦ᠂ ᠰᠣᠬᠤᠷᠴᠤᠳ ᠪᠠ ᠬᠠᠷᠠᠭᠠᠨ ᠤ ᠰᠠᠭᠠᠳ ᠲᠠᠢ ᠪᠤᠰᠤᠳ ᠰᠤᠷᠤᠭᠴᠢᠳ ᠤᠨ ᠰᠤᠷᠤᠯᠴᠠᠬᠤ ᠬᠡᠷᠡᠭᠴᠡᠭᠡ ᠶᠢ ᠬᠠᠩᠭᠠᠬᠤ ᠶᠢ ᠤᠯᠤᠰ ᠠᠴᠠ ᠵᠣᠷᠢᠭᠵᠢᠭᠤᠯᠤᠨ᠎ᠠ᠃           ᠭᠤᠴᠢᠨ ᠬᠤᠶᠠᠳᠤᠭᠠᠷ ᠵᠦᠢᠯ᠄ ᠡᠳ᠋ ᠤᠨ ᠵᠠᠰᠠᠭ ᠤᠨ ᠪᠡᠯᠡ ᠮᠥᠩᠭᠦ ᠶᠢ ᠠᠰᠢᠭᠯᠠᠨ ᠪᠠᠶᠢᠭᠤᠯᠤᠭᠰᠠᠨ ᠢᠨᠲ᠋ᠧᠷ ᠰᠦᠯᠵᠢᠶ᠎ᠡ ᠶᠢᠨ ᠲᠠᠪᠴᠠᠩ᠂ ᠦᠢᠯᠡᠴᠢᠯᠡᠭᠡᠨ ᠤ ᠲᠠᠪᠴᠠᠩ᠂ ᠰᠢᠯᠵᠢᠮᠡᠯ ᠢᠨᠲ᠋ᠧᠷ ᠰᠦᠯᠵᠢᠶᠡᠨ ᠤ ᠬᠡᠷᠡᠭᠯᠡᠭᠡᠨ ᠤ ᠫᠷᠣᠭ᠍ᠷᠠᠮ ᠨᠢ  ᠰᠠᠭᠠᠳ ᠦᠭᠡᠢ ᠰᠦᠯᠵᠢᠶᠡᠨ ᠤ ᠦᠷᠳᠡᠭᠡ ᠶᠢ ᠵᠢᠷᠤᠵᠤ ᠲᠥᠯᠥᠪᠯᠡᠬᠦ ᠪᠠᠷᠢᠮᠵᠢᠶ᠎ᠠ ᠪᠠ ᠤᠯᠤᠰ ᠤᠨ ᠮᠡᠳᠡᠭᠡ ᠵᠠᠩᠭᠢ ᠶᠢᠨ   ᠰᠠᠭᠠᠳ ᠦᠭᠡᠢ ᠪᠠᠶᠢᠬᠤ ᠪᠠᠷᠢᠮᠵᠢᠶ᠎ᠠ ᠳᠤ ᠠᠯᠬᠤᠮ ᠠᠯᠬᠤᠮ ᠢᠶᠠᠷ  ᠨᠡᠶᠢᠴᠡᠬᠦ ᠬᠡᠷᠡᠭᠲᠡᠢ᠃           ᠰᠣᠨᠢᠨ ᠮᠡᠳᠡᠭᠡᠨ ᠤ ᠮᠡᠳᠡᠭᠡ ᠵᠠᠩᠭᠢ᠂ ᠨᠡᠶᠢᠭᠡᠮ ᠤᠨ ᠬᠠᠷᠢᠯᠴᠠᠭᠠᠨ ᠤ ᠮᠡᠳᠡᠭᠡ ᠬᠤᠯᠪᠣᠭ᠎ᠠ᠂ ᠠᠮᠢᠳᠤᠷᠠᠯ ᠤᠨ ᠪᠠᠷᠠᠭ᠎ᠠ ᠬᠤᠳᠠᠯᠳᠤᠨ ᠠᠪᠬᠤ᠂ ᠡᠮ ᠡᠮᠨᠡᠯᠭᠡ ᠡᠷᠡᠭᠦᠯ ᠮᠡᠨᠳᠤ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠰᠤᠷᠤᠯᠴᠠᠯᠭ᠎ᠠ ᠬᠥᠮᠦᠵᠢᠯ᠂ ᠵᠠᠮ ᠬᠠᠷᠢᠯᠴᠠᠭ᠎ᠠ᠂ ᠶᠠᠪᠤᠵᠤ ᠰᠠᠭᠤᠬᠤ ᠵᠡᠷᠭᠡ ᠬᠦᠷᠢᠶ᠎ᠡ ᠴᠠᠷᠠᠭ᠎ᠠ ᠳᠤ ᠬᠢ ᠢᠨᠲ᠋ᠧᠷ ᠰᠦᠯᠵᠢᠶᠡᠨ ᠤ  ᠲᠠᠪᠴᠠᠩ᠂ ᠰᠢᠯᠵᠢᠮᠡᠯ ᠢᠨᠲ᠋ᠧᠷ ᠰᠦᠯᠵᠢᠶᠡᠨ ᠤ ᠬᠡᠷᠡᠭᠯᠡᠭᠡᠨ ᠤ ᠫᠷᠣᠭ᠍ᠷᠠᠮ ᠢ ᠤᠯᠤᠰ ᠠᠴᠠ  ᠵᠣᠷᠢᠭᠵᠢᠭᠤᠯᠵᠤ᠂ ᠰᠠᠭᠠᠳ ᠦᠭᠡᠢ ᠰᠦᠯᠵᠢᠶᠡᠨ ᠤ ᠦᠷᠳᠡᠭᠡ ᠶᠢ ᠵᠢᠷᠤᠵᠤ ᠲᠥᠯᠥᠪᠯᠡᠬᠦ ᠪᠠᠷᠢᠮᠵᠢᠶ᠎ᠠ ᠪᠠ ᠤᠯᠤᠰ ᠤᠨ ᠮᠡᠳᠡᠭᠡ ᠵᠠᠩᠭᠢ ᠶᠢᠨ ᠰᠠᠭᠠᠳ ᠦᠭᠡᠢ ᠪᠠᠶᠢᠬᠤ ᠪᠠᠷᠢᠮᠵᠢᠶ᠎ᠠ ᠳᠤ ᠠᠯᠬᠤᠮ ᠠᠯᠬᠤᠮ ᠢᠶᠠᠷ ᠨᠡᠶᠢᠴᠡᠭᠦᠯᠦᠨ᠎ᠡ᠃          ᠵᠠᠮᠴᠢ ᠭᠠᠵᠠᠷ ᠤᠨ ᠵᠢᠷᠤᠭ ᠤᠨ ᠣᠷᠣᠨ ᠪᠠᠶᠢᠷᠢ ᠲᠣᠭᠲᠠᠭᠠᠬᠤ ᠦᠢᠯᠡᠳᠬᠦᠨ ᠤ ᠰᠠᠭᠠᠳ ᠦᠭᠡᠢ ᠲᠥᠬᠦᠭᠡᠷᠦᠮᠵᠢ ᠶᠢᠨ ᠢᠯᠡᠳᠬᠡᠮᠵᠢ ᠲᠡᠮᠳᠡᠭ ᠪᠠ ᠰᠠᠭᠠᠳ ᠦᠭᠡᠢ ᠠᠶᠠᠯᠠᠯ ᠤᠨ ᠵᠠᠮᠴᠢᠯᠠᠭ᠎ᠠ ᠶᠢᠨ ᠴᠢᠳᠠᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ ᠶᠢ ᠤᠯᠤᠰ ᠠᠴᠠ ᠵᠣᠷᠢᠭᠵᠢᠭᠤᠯᠤᠨ᠎ᠠ᠃           ᠭᠤᠴᠢᠨ ᠭᠤᠷᠪᠠᠳᠤᠭᠠᠷ ᠵᠦᠢᠯ᠄ ᠲᠠᠭᠤ ᠳᠦᠷᠰᠦ ᠰᠢᠩᠭᠡᠭᠡᠯᠲᠡ ᠪᠠ ᠤᠯᠠᠨ ᠵᠠᠭᠤᠴᠢᠲᠤ ᠲᠥᠬᠦᠭᠡᠷᠦᠮᠵᠢ᠂ ᠰᠢᠯᠵᠢᠮᠡᠯ ᠣᠶᠤᠨᠲᠤ  ᠴᠢᠮᠡᠭᠡ ᠬᠤᠯᠪᠣᠭᠠᠨ ᠤ ᠲᠥᠬᠦᠭᠡᠷᠦᠮᠵᠢ᠂ ᠴᠠᠬᠢᠯᠭᠠᠨ ᠬᠤᠯᠪᠣᠭᠠᠨ ᠤ ᠲᠥᠬᠦᠭᠡᠷᠦᠮᠵᠢ ᠶᠢ ᠦᠢᠯᠡᠳᠦᠭᠴᠢ ᠶᠢᠨ ᠬᠠᠩᠭᠠᠭᠰᠠᠨ ᠦᠢᠯᠡᠳᠬᠦᠨ ᠨᠢ ᠠᠪᠢᠶ᠎ᠠ᠂ ᠲᠣᠮᠣ ᠦᠰᠦᠭ ᠵᠡᠷᠭᠡ ᠰᠠᠭᠠᠳ ᠦᠭᠡᠢ ᠴᠢᠳᠠᠮᠵᠢ ᠶᠢ ᠠᠯᠬᠤᠮ ᠠᠯᠬᠤᠮ ᠢᠶᠠᠷ ᠪᠦᠷᠢᠯᠳᠦᠭᠦᠯᠬᠦ ᠬᠡᠷᠡᠭᠲᠡᠢ᠃          ᠪᠠᠩᠬᠢ᠂ ᠡᠮᠨᠡᠯᠭᠡ ᠶᠢᠨ ᠬᠤᠷᠢᠶ᠎ᠠ᠂ ᠬᠤᠳᠠ ᠶᠢᠨ ᠵᠢᠮᠳᠤ ᠵᠠᠮ ᠬᠠᠷᠢᠯᠴᠠᠭᠠᠨ ᠤ ᠲᠡᠷᠭᠡᠨ ᠦᠷᠳᠡᠭᠡ᠂ ᠠᠷᠠᠳ ᠤᠨ ᠬᠡᠷᠡᠭᠯᠡᠭᠡᠨ ᠤ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠠᠶᠠᠯᠠᠯ ᠤᠨ ᠦᠷᠳᠡᠭᠡ ᠶᠢᠨ ᠲᠣᠭᠤᠷᠢᠭ᠂ ᠠᠶᠠᠨᠴᠢᠳ ᠤᠨ ᠲᠡᠭᠡᠭᠡᠪᠦᠷᠢ ᠶᠢᠨ ᠦᠷᠳᠡᠭᠡ᠂ ᠠᠶᠠᠨᠴᠢᠳ ᠤᠨ ᠲᠡᠭᠡᠭᠡᠪᠦᠷᠢ ᠶᠢᠨ ᠭᠠᠷᠠᠮ᠂ ᠲᠣᠮᠣ ᠬᠡᠯᠪᠡᠷᠢ ᠶᠢᠨ ᠦᠵᠡᠮᠵᠢ ᠶᠢᠨ ᠣᠷᠣᠨ ᠵᠡᠷᠭᠡ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠥᠪᠡᠰᠦᠪᠡᠨ ᠦᠢᠯᠡᠴᠢᠯᠡᠬᠦ  ᠡᠯᠧᠺᠲᠷᠣᠨ ᠲᠥᠬᠦᠭᠡᠷᠦᠮᠵᠢ ᠨᠢ ᠠᠪᠢᠶ᠎ᠠ᠂ ᠲᠣᠮᠣ ᠦᠰᠦᠭ᠂ ᠰᠣᠬᠤᠷᠴᠤᠳ ᠤᠨ ᠦᠰᠦᠭ ᠵᠡᠷᠭᠡ ᠰᠠᠭᠠᠳ ᠦᠭᠡᠢ ᠴᠢᠳᠠᠮᠵᠢ ᠶᠢ ᠪᠦᠷᠢᠯᠳᠦᠭᠦᠯᠬᠦ ᠬᠡᠷᠡᠭᠲᠡᠢ᠃           ᠭᠤᠴᠢᠨ ᠳᠥᠷᠪᠡᠳᠦᠭᠡᠷ ᠵᠦᠢᠯ᠄ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠡᠵᠡᠩᠨᠡᠭᠴᠢ ᠰᠠᠭᠤᠷᠢ ᠴᠠᠬᠢᠯᠭᠠᠨ ᠬᠤᠯᠪᠣᠭᠠᠨ ᠤ ᠦᠢᠯᠡᠴᠢᠯᠡᠭᠡ ᠬᠠᠩᠭᠠᠬᠤ ᠳᠠᠭᠠᠨ ᠵᠡᠮᠳᠡᠭᠴᠦᠳ᠂ ᠨᠠᠰᠤᠲᠠᠶᠢᠴᠤᠳ ᠲᠤ ᠴᠢᠬᠤᠯᠠ ᠪᠦᠬᠦᠢ ᠠᠪᠢᠶ᠎ᠠ᠂ ᠲᠣᠮᠣ ᠦᠰᠦᠭᠲᠦ ᠮᠡᠳᠡᠭᠡ ᠵᠠᠩᠭᠢ ᠶᠢᠨ ᠦᠢᠯᠡᠴᠢᠯᠡᠭᠡ ᠪᠤᠶᠤ ᠬᠥᠮᠥᠨ ᠤ ᠬᠦᠴᠦᠨ ᠤ ᠦᠢᠯᠡᠴᠢᠯᠡᠭᠡ ᠬᠠᠩᠭᠠᠬᠤ ᠬᠡᠷᠡᠭᠲᠡᠢ᠃           ᠭᠤᠴᠢᠨ ᠲᠠᠪᠤᠳᠤᠭᠠᠷ ᠵᠦᠢᠯ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠪᠠᠶᠢᠩᠭᠤ ᠶᠢᠨ ᠤᠲᠠᠰᠤ ᠪᠠ ᠲᠦᠭᠰᠢᠭᠦᠷᠢ ᠮᠡᠳᠡᠭᠦᠯᠵᠦ ᠲᠤᠰᠠᠯᠠᠮᠵᠢ ᠭᠤᠶᠤᠴᠢᠯᠠᠬᠤ᠂ ᠭᠠᠯ ᠤᠨᠲᠠᠷᠠᠭᠠᠬᠤ ᠪᠠᠴᠢᠮ ᠪᠠᠶᠢᠳᠠᠯ ᠢ  ᠠᠷᠭᠠᠴᠠᠭᠠᠬᠤ᠂ ᠵᠠᠮ ᠬᠠᠷᠢᠯᠴᠠᠭᠠᠨ ᠤ ᠠᠳᠡᠯ᠂ ᠡᠮᠴᠢᠯᠡᠭᠡᠨ ᠤ ᠲᠦᠷᠭᠡᠨ ᠠᠪᠤᠷᠠᠯᠲᠠ ᠵᠡᠷᠭᠡ ᠪᠠᠴᠢᠮ ᠳᠠᠭᠤᠳᠠᠯᠲᠠ ᠶᠢᠨ ᠰᠢᠰᠲ᠋ᠧᠮ ᠨᠢ ᠠᠪᠢᠶ᠎ᠠ᠂ ᠲᠣᠮᠣ ᠥᠰᠥᠭ᠂ ᠰᠣᠬᠤᠷᠴᠤᠳ ᠤᠨ ᠥᠰᠥᠭ᠂ ᠨᠢᠭᠡ ᠳᠠᠷᠤᠪᠴᠢ ᠪᠠᠷ ᠳᠠᠭᠤᠳᠠᠬᠤ ᠵᠡᠷᠭᠡ ᠰᠠᠭᠠᠳ ᠦᠭᠡᠢ ᠴᠢᠳᠠᠮᠵᠢ ᠶᠢ ᠠᠯᠬᠤᠮ ᠠᠯᠬᠤᠮ ᠢᠶᠠᠷ ᠪᠦᠷᠢᠯᠳᠦᠭᠦᠯᠬᠦ ᠬᠡᠷᠡᠭᠲᠡᠢ᠃           ᠭᠤᠴᠢᠨ ᠵᠢᠷᠭᠤᠳᠤᠭᠠᠷ ᠵᠦᠢᠯ᠄ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠠᠩᠭᠠᠬᠤ ᠨᠣᠮ ᠤᠨ ᠰᠠᠩ᠂ ᠮᠦᠽᠧᠢ᠂ ᠰᠣᠶᠣᠯ ᠤᠨ ᠣᠷᠳᠣᠨ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠵᠡᠷᠭᠡ ᠨᠢ ᠵᠡᠮᠳᠡᠭᠴᠦᠳ᠂ ᠨᠠᠰᠤᠲᠠᠶᠢᠴᠤᠳ ᠤᠨ ᠣᠨᠴᠠᠯᠢᠭ ᠢ ᠪᠣᠳᠣᠯᠬᠢᠯᠠᠵᠤ᠂ ᠢᠳᠡᠪᠬᠢᠲᠡᠢ ᠪᠠᠷ ᠨᠥᠬᠦᠴᠡᠯ ᠪᠦᠷᠢᠯᠳᠦᠭᠦᠯᠵᠦ ᠪᠠᠶᠢᠭᠠᠳ ᠬᠡᠷᠡᠭᠴᠡᠭᠡ ᠳᠤ ᠨᠢ ᠲᠣᠬᠢᠷᠠᠭᠰᠠᠨ ᠲᠤᠯᠭᠤᠷ ᠪᠢᠴᠢᠭ ᠤᠨ ᠮᠡᠳᠡᠭᠡ ᠵᠠᠩᠭᠢ᠂ ᠰᠠᠭᠠᠳ ᠦᠭᠡᠢ ᠲᠥᠬᠦᠭᠡᠷᠦᠮᠵᠢ ᠪᠠ ᠦᠢᠯᠡᠴᠢᠯᠡᠭᠡ  ᠬᠠᠩᠭᠠᠬᠤ ᠬᠡᠷᠡᠭᠲᠡᠢ᠃           ᠭᠤᠴᠢᠨ ᠳᠣᠯᠣᠳᠤᠭᠠᠷ ᠵᠦᠢᠯ᠄ ᠲᠦᠷᠤ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠮ ᠤᠨ ᠵᠦᠢᠯ ᠤᠨ ᠱᠣᠰᠢᠭ᠎ᠠ᠂ ᠲᠣᠳᠣᠷᠬᠠᠶᠢᠯᠠᠯᠲᠠ ᠶᠢᠨ ᠪᠢᠴᠢᠭ ᠤᠨ ᠬᠠᠮᠢᠶᠠᠷᠤᠯᠲᠠ ᠶᠢᠨ ᠵᠢᠷᠤᠮᠵᠢᠯ ᠢ ᠲᠡᠭᠦᠯᠳᠡᠷᠵᠢᠭᠦᠯᠵᠦ᠂ ᠡᠮ ᠤᠨ ᠵᠦᠢᠯ  ᠢ ᠦᠢᠯᠡᠳᠪᠦᠷᠢᠯᠡᠨ ᠡᠵᠡᠩᠨᠡᠭᠴᠢ ᠪᠠᠷ ᠠᠪᠢᠶ᠎ᠠ᠂ ᠲᠣᠮᠣ ᠤᠶᠢᠰᠦᠭ᠂ ᠰᠣᠬᠤᠷᠴᠤᠳ ᠤᠨ ᠪᠢᠴᠢᠭ᠂ ᠡᠯᠧᠺᠲᠷᠣᠨ ᠵᠡᠷᠭᠡ ᠰᠠᠭᠠᠳ ᠦᠭᠡᠢ ᠬᠡᠪᠯᠡᠯ ᠤᠨ ᠱᠣᠰᠢᠭ᠎ᠠ᠂ ᠲᠣᠳᠣᠷᠬᠠᠶᠢᠯᠠᠯᠲᠠ ᠶᠢᠨ ᠪᠢᠴᠢᠭ ᠬᠠᠩᠭᠠᠯᠭᠠᠬᠤ ᠪᠠᠷ ᠱᠠᠭᠠᠷᠳᠠᠬᠤ ᠬᠡᠷᠡᠭᠲᠡᠢ᠃          ᠤᠯᠤᠰ ᠠᠴᠠ ᠪᠤᠰᠤᠳ ᠲᠠᠸᠠᠷ ᠤᠨ ᠦᠢᠯᠡᠳᠪᠦᠷᠢᠯᠡᠨ ᠡᠵᠡᠩᠨᠡᠭᠴᠢ ᠶᠢᠨ ᠠᠪᠢᠶ᠎ᠠ᠂ ᠲᠣᠮᠣ ᠦᠰᠦᠭ᠂ ᠰᠣᠬᠤᠷᠴᠤᠳ ᠤᠨ ᠦᠰᠦᠭ᠂ ᠡᠯᠧᠺᠲᠷᠣᠨ ᠵᠡᠷᠭᠡ ᠰᠠᠭᠠᠳ ᠦᠭᠡᠢ ᠵᠠᠭᠪᠤᠷ ᠤᠨ ᠬᠡᠪᠯᠡᠯ ᠤᠨ ᠱᠣᠰᠢᠭ᠎ᠠ᠂ ᠲᠣᠳᠣᠷᠬᠠᠶᠢᠯᠠᠯᠲᠠ ᠶᠢᠨ ᠪᠢᠴᠢᠭ ᠬᠠᠩᠭᠠᠬᠤ ᠶᠢ ᠵᠣᠷᠢᠭᠵᠢᠭᠤᠯᠵᠤ᠂ ᠵᠡᠮᠳᠡᠭᠴᠦᠳ᠂ ᠨᠠᠰᠤᠲᠠᠶᠢᠴᠤᠳ ᠤᠨ ᠢᠯᠭᠠᠨ ᠲᠠᠨᠢᠬᠤ ᠪᠠ ᠬᠡᠷᠡᠭᠯᠡᠬᠦ ᠳᠤ ᠲᠦᠭᠦᠮ ᠦᠵᠡᠭᠦᠯᠦᠨ᠎ᠡ᠃             ᠭᠤᠴᠢᠨ ᠨᠠᠢᠮᠠᠳᠤᠭᠠᠷ ᠵᠦᠢᠯ᠄  ᠤᠯᠤᠰ ᠤᠨ ᠨᠡᠶᠢᠳᠡᠮ ᠬᠡᠷᠡᠭᠯᠡᠬᠦ ᠲᠤᠬᠢᠶᠠᠨ ᠤ ᠬᠡᠯᠡ᠂ ᠤᠯᠤᠰ ᠤᠨ ᠨᠡᠶᠢᠳᠡᠮ ᠬᠡᠷᠡᠭᠯᠡᠬᠦ  ᠰᠣᠬᠤᠷᠴᠤᠳ ᠤᠨ ᠪᠢᠴᠢᠭ ᠢ ᠤᠯᠤᠰ ᠠᠴᠠ ᠳᠡᠯᠭᠡᠷᠡᠭᠦᠯᠦᠨ ᠬᠡᠷᠡᠭᠯᠡᠨ᠎ᠡ᠃ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠳᠤ ᠲᠤᠬᠢᠶᠠᠨ ᠤ ᠬᠡᠯᠡ᠂ ᠰᠣᠬᠤᠷᠴᠤᠳ ᠤᠨ ᠪᠢᠴᠢᠭ ᠢ ᠬᠡᠷᠡᠭᠯᠡᠬᠦ ᠪᠠ ᠰᠤᠷᠭᠠᠭᠤᠯᠢ ᠨᠤᠭᠤᠳ ᠲᠤᠬᠢᠶᠠᠨ ᠤ ᠬᠡᠯᠡ᠂ ᠰᠣᠬᠤᠷᠴᠤᠳ ᠤᠨ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠥᠷᠨᠢᠭᠦᠯᠬᠦ ᠳᠤ ᠪᠠᠨ ᠤᠯᠤᠰ ᠤᠨ ᠨᠡᠶᠢᠳᠡᠮ ᠬᠡᠷᠡᠭᠯᠡᠬᠦ ᠲᠤᠬᠢᠶᠠᠨ ᠤ ᠬᠡᠯᠡ᠂ ᠤᠯᠤᠰ ᠤᠨ ᠨᠡᠶᠢᠳᠡᠮ ᠬᠡᠷᠡᠭᠯᠡᠬᠦ ᠰᠣᠬᠤᠷᠴᠤᠳ ᠤᠨ ᠪᠢᠴᠢᠭ ᠢ ᠬᠡᠷᠡᠭᠯᠡᠬᠦ ᠬᠡᠷᠡᠭᠲᠡᠢ᠃   
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠣᠩᠭᠤᠯ ᠰᠦᠯᠵᠢᠶ᠎ᠡ