ᠠᠮᠤᠷ ᠤᠷᠠᠯᠢᠭ ᠤᠨ ᠨᠠᠶᠢᠷ
ᠨᠡᠶᠢᠲᠡᠯᠡᠭᠰᠡᠨ ᠴᠠᠭ᠄
2023/7/27
        7 ᠰᠠᠷ᠎ᠠ ᠶᠢᠨ 22 ᠤᠨ ᠡᠳᠦᠷ᠂ ᠬᠦᠬᠡ ᠰᠢᠨᠠᠭ᠎ᠠ ᠳᠣᠣᠷ᠎ᠠ ᠨᠡᠭᠦᠷᠠᠰᠦᠳᠦ᠋ᠷᠦᠭᠴᠢᠳᠦ ᠪᠠᠷᠢᠯᠭ᠎ᠠ ᠶᠢᠨ ᠤᠷᠠᠯᠢᠭ ᠤᠨ ᠵᠢᠵᠢᠭ ᠪᠠᠯᠭᠠᠰᠤᠨ ᠳᠤ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠭᠰᠠᠨ ᠠᠮᠤᠷ ︵ᠵᠤᠨ ᠤ ᠡᠳᠦᠷ︶  ᠤᠷᠠᠯᠢᠭ ᠤᠨ ᠨᠠᠶᠢᠷ ᠡᠬᠢᠯᠡᠪᠡ᠃        ᠮᠠᠨ ᠤ ᠬᠤᠳᠠ ᠶᠢᠨ ᠡᠯ᠎ᠡ ᠬᠤᠰᠢᠭᠤ ᠲᠣᠭᠤᠷᠢᠭ ᠪᠣᠯᠣᠨ ᠡᠷᠬᠢᠨ ᠲᠣᠭᠤᠷᠢᠨ ᠤ ᠭᠠᠵᠠᠷ ᠣᠷᠣᠨ ᠠᠴᠠ ᠢᠷᠡᠭᠰᠡᠨ᠂ ᠭᠠᠷ ᠤᠷᠠᠯᠠᠯ᠂ ᠤᠷᠠᠯᠢᠭ᠂ ᠬᠤᠳᠣᠭᠤᠳᠤ᠂ ᠴᠢᠬᠢ᠂ ᠡᠵᠡᠩᠨᠡᠯᠳᠡ᠂ ᠪᠦᠳᠦᠴᠡ ᠵᠡᠷᠭᠡ ᠵᠢᠷᠭᠤᠭᠠᠨ ᠲᠣᠮᠣ ᠬᠡᠰᠡᠭ ᠢ ᠪᠠᠭᠲᠠᠭᠠᠭᠰᠠᠨ ᠣᠨᠴᠠᠯᠢᠭᠲᠤ ᠪᠣᠳᠠᠰ ᠤᠨ ᠪᠤᠰᠤ ᠰᠣᠶᠣᠯ ᠤᠨ ᠥᠪ ᠤᠨ ᠤᠷᠠᠨ ᠰᠠᠶᠢᠬᠠᠨ ᠤ ᠲᠣᠭᠯᠠᠯᠲᠠ ᠭᠤᠶᠢᠳᠠ ᠰᠠᠶᠢᠬᠠᠨ ᠪᠠᠶᠢᠵᠤ᠂ ᠤᠯᠠᠮᠵᠢᠯᠠᠯᠲᠤ ᠭᠠᠷ ᠤᠷᠠᠯᠠᠯ᠂ ᠴᠣᠭᠯᠠᠭ᠎ᠠ ᠮᠠᠶᠢᠮᠠᠢ᠂ ᠢᠳᠡᠭᠡᠨ ᠤᠮᠳᠠᠭᠠᠨ᠂ ᠤᠯᠠᠨ ᠨᠡᠶᠢᠲᠡ ᠶᠢᠨ ᠤᠷᠠᠯᠢᠭ ᠵᠡᠷᠭᠡ ᠭᠤᠶᠢᠳᠠ ᠰᠠᠶᠢᠬᠠᠨ ᠤᠷᠠᠯᠢᠭ ᠤᠨ ᠨᠢᠭᠡᠴᠢ ᠪᠣᠯᠣᠨ ᠰᠣᠯᠢᠯᠴᠠᠭᠠᠨ ᠤ ᠠᠵᠢᠯᠯᠠᠭ᠎ᠠ ᠨᠢ ᠠᠳᠠᠯᠢ ᠪᠤᠰᠤ ᠴᠠᠭ ᠬᠤᠭᠤᠴᠠᠭ᠎ᠠ᠂ ᠠᠳᠠᠯᠢ ᠪᠤᠰᠤ ᠪᠠᠷᠢᠯᠭ᠎ᠠ ᠶᠢᠨ ᠣᠷᠣᠨ ᠵᠠᠢ᠂ ᠬᠦᠷᠢᠶᠡᠨ ᠳᠤ ᠨᠢᠭᠡᠨ ᠤᠳᠠᠭᠠᠨ ᠤ ᠬᠢᠵᠠᠭᠠᠯᠠᠰᠢ ᠦᠭᠡᠢ ᠪᠦᠲᠦᠭᠡᠯᠴᠢ ᠰᠡᠳᠬᠢᠮᠵᠢ ᠲᠠᠢ ᠦᠨᠳᠦᠰᠦᠲᠡᠨ ᠤ ᠰᠣᠶᠣᠯ ᠤᠨ ᠦᠪᠡᠳᠡᠭᠰᠢ ᠨᠠᠶᠢᠷ ᠢ ᠳᠣᠭᠯᠠᠪᠠ᠃        ᠤᠷᠠᠯᠢᠭ ᠤᠨ ᠨᠠᠶᠢᠷ ᠨᠢ ᠲᠤᠬᠠᠢ ᠶᠢᠨ ᠭᠠᠵᠠᠷ ᠤᠨ ᠴᠤᠭᠯᠠᠭᠠᠨ ᠳᠤ ᠣᠴᠢᠬᠤ ᠬᠥᠷ ᠨᠠᠷᠭᠢᠶᠠᠨ ᠪᠠ ᠥᠷᠨᠢᠭᠦᠨ ᠪᠠᠳᠠᠷᠠᠩᠭᠤᠢ ᠵᠣᠴᠢᠨᠰᠠᠭ ᠵᠣᠷᠢᠭ ᠰᠠᠨᠠᠭ᠎ᠠ  ᠶᠢ ᠡᠪᠦᠷᠯᠡᠨ᠂ ᠥᠨᠢ ᠤᠳᠠᠭᠠᠨ ᠤᠯᠠᠮᠵᠢᠯᠠᠯ ᠲᠠᠢ᠂ ᠭᠦᠨ ᠭᠦᠨᠵᠡᠭᠡᠢ ᠲᠤᠬᠠᠢ ᠶᠢᠨ ᠭᠠᠵᠠᠷ ᠤᠨ ᠰᠣᠶᠣᠯ ᠪᠠ ᠡᠯᠪᠡᠭ ᠪᠠᠶᠠᠯᠢᠭ ᠣᠯᠠᠨ ᠶᠠᠩᠵᠤ ᠶᠢᠨ᠂ ᠥᠩᠭᠡ ᠢᠯᠭᠠᠷᠠᠭᠰᠠᠨ ᠦᠨᠳᠦᠰᠦᠲᠡᠨ ᠤ ᠤᠷᠠᠯᠢᠭ ᠤᠨ ᠰᠣᠳᠣᠨ ᠪᠦᠲᠦᠭᠡᠯ ᠵᠢᠴᠢ ᠣᠲᠣ ᠦᠶ᠎ᠡ ᠶᠢᠨ ᠰᠣᠶᠣᠯ ᠢ ᠣᠯᠠᠨ ᠲᠠᠢ ᠬᠤᠪᠢᠶᠠᠯᠴᠠᠭᠰᠠᠨ ᠪᠠᠶᠢᠨ᠎ᠠ᠃        ᠲᠤᠬᠠᠢ ᠶᠢᠨ ᠲᠠᠯᠠᠪᠠᠶ ᠳᠤ ᠪᠠᠰᠠ ᠬᠤᠷᠢ ᠭᠠᠷᠦᠢ ᠪᠥᠬᠦ ᠤᠯᠤᠰ ᠤᠨ ᠥᠪᠡᠷᠮᠢᠴᠡ ᠣᠨᠴᠠᠯᠢᠭ ᠲᠠᠢ ᠳᠠᠭᠤᠤ ᠬᠥᠭᠵᠢᠮᠴᠢᠳ᠂ ᠪᠦᠯᠬᠦᠮ ᠤᠳ ᠴᠤᠭᠯᠠᠷᠠᠵᠤ᠂ ᠬᠤᠷᠢ ᠭᠠᠷᠤᠢ ᠲᠤᠬᠠᠢ ᠶᠢᠨ ᠭᠠᠵᠠᠷ ᠤᠨ ᠢᠳᠡᠭᠡᠨ ᠤᠮᠳᠠᠭᠠᠨ ᠤ ᠥᠨᠳᠥᠷ ᠬᠤᠪᠢ ᠶᠢᠨ ᠳᠡᠯᠭᠡᠭᠦᠷ ᠢ ᠳᠡᠯᠭᠡᠨ᠂ ᠡᠭᠦᠨ ᠠᠴᠠ ᠭᠠᠳᠠᠨ᠎ᠠ ᠪᠠᠰᠠ ᠲᠤᠯᠤᠭᠠᠨ ᠲᠦᠮᠡ ᠭᠠᠷᠤᠢ ᠲᠡᠭᠰᠢ ᠳᠥᠷᠪᠡᠯᠵᠢᠨ ᠮᠧᠲᠷ ᠤᠨ ᠭᠡᠷ ᠤᠨ ᠭᠠᠳᠠᠨᠠᠬᠢ ᠣᠯᠠᠨ ᠨᠡᠶᠢᠲᠡ ᠶᠢᠨ ᠤᠷᠠᠯᠢᠭ ᠤᠨ ᠲᠣᠨᠣᠭᠯᠠᠯ ᠤᠨ ᠪᠦᠯᠦᠭ ᠪᠣᠶ᠂ ᠲᠠᠪᠢ ᠭᠠᠷᠤᠢ ᠤᠷᠠᠯᠢᠭ ᠤᠨ ᠵᠣᠬᠢᠶᠠᠨ ᠪᠦᠲᠦᠭᠡᠭᠴᠢ ᠦᠨᠳᠦᠰᠦᠲᠡᠨ ᠤ ᠰᠣᠩᠭᠤᠳᠠᠭ ᠪᠦᠲᠦᠭᠡᠯ ᠪᠠ  ᠮᠢᠩᠭᠠᠨ ᠵᠦᠢᠯ ᠤᠨ ᠰᠢᠨ᠎ᠡ ᠡᠭᠦᠳᠦᠯᠲᠡ ᠶᠢ ᠠᠪᠴᠢᠷᠠᠨ᠂ ᠥᠷᠭᠡᠨ ᠣᠯᠠᠨ ᠬᠤᠲᠠ ᠶᠢᠨ ᠠᠷᠠᠳ ᠲᠤ ᠦᠨᠳᠦᠰᠦᠲᠡᠨ ᠤ ᠣᠨᠴᠠᠯᠢᠭ ᠢᠶᠠᠷ ᠲᠡᠭᠦᠯᠳᠡᠷ᠂ ᠬᠠᠴᠢᠨ ᠰᠣᠨᠢᠷᠬᠠᠯᠲᠠᠢ᠂ ᠰᠢᠨ᠎ᠡ ᠰᠡᠪᠡᠭᠦᠨ ᠢᠯᠡᠳᠬᠡᠯ ᠲᠠᠢ ᠤᠷᠠᠯᠢᠭ ᠤᠨ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃       ᠤᠷᠠᠯᠢᠭ ᠤᠨ ᠨᠠᠶᠢᠷ ᠲᠤ ᠪᠠᠰᠠ ᠨᠤᠲᠤᠭ ᠤᠨ ᠪᠠᠷᠢᠯᠭᠠᠴᠢᠨ᠂ ᠤᠷᠠᠯᠢᠭᠴᠢᠨ᠂ ᠡᠮᠨᠡᠨ ᠵᠠᠰᠠᠭᠴᠢ᠂ ᠰᠢᠨ᠎ᠡ ᠶᠢ ᠡᠭᠦᠳᠦᠨ ᠦᠢᠯᠡᠳᠦᠯᠭᠡᠵᠢᠭᠦᠯᠦᠭᠴᠢ ᠨᠠᠷ ᠢ ᠤᠷᠢᠵᠤ ᠲᠠᠶᠢᠯᠤᠮᠵᠢ᠂ ᠶᠠᠷᠢᠯᠴᠠᠭᠠᠨ ᠤ ᠬᠤᠷᠠᠯ᠂ ᠠᠵᠢᠯᠯᠠᠬᠤ ᠭᠠᠵᠠᠷ ᠵᠡᠷᠭᠡ ᠥᠪᠡᠷᠮᠢᠴᠡ ᠠᠭᠤᠯᠭ᠎ᠠ ᠶᠢ ᠠᠪᠴᠢᠷᠠᠨ᠂ ᠬᠥᠮᠥᠨ ᠨᠢᠭᠡᠪᠦᠷᠢ ᠶᠢ ᠤᠷᠠᠯᠢᠭ ᠲᠠᠢ ᠣᠶᠢᠷᠠᠲᠤᠭᠤᠯᠵᠤ᠂ ᠪᠦᠲᠦᠭᠡᠯᠴᠢ ᠰᠡᠳᠬᠢᠮᠵᠢ ᠶᠢᠨ ᠡᠭᠦᠰᠦᠭᠰᠡᠨ ᠠᠬᠤᠢ ᠲᠠᠯᠠᠪᠠᠶ ᠶᠢ ᠮᠡᠳᠡᠷᠡᠭᠦᠯᠪᠡ᠃       ᠦᠨᠳᠦᠰᠦᠲᠡᠨ ᠤ ᠪᠦᠯᠬᠦᠮᠳᠡᠯ ᠪᠣᠯ ᠡᠯ᠎ᠡ ᠦᠨᠳᠦᠰᠦᠲᠡᠨ ᠤ ᠠᠷᠠᠳ ᠲᠦᠮᠡᠨ ᠤ ᠠᠮᠢ ᠨᠠᠰᠤᠨ ᠤ ᠱᠤᠭᠤᠮ ᠮᠥᠨ᠂ ᠤᠷᠠᠯᠢᠭ ᠤᠨ ᠨᠠᠶᠢᠷ ᠨᠢ ᠶᠠᠭ ᠨᠢᠭᠡᠨ ᠬᠤᠯᠪᠣᠭᠠᠰᠤ ᠮᠡᠳᠦ᠂ ᠨᠠᠶᠢᠷ ᠤᠨ ᠡᠳᠦᠷ ᠢᠶᠠᠷ ᠲᠠᠪᠴᠠᠩ ᠪᠤᠯᠭᠠᠨ᠂ ᠤᠷᠠᠯᠢᠭ ᠢᠶᠠᠷ ᠵᠠᠭᠤᠴᠢ ᠪᠣᠯᠭᠠᠵᠤ᠂ ᠰᠠᠶᠢᠨ ᠰᠠᠶᠢᠬᠠᠨ ᠦᠨᠳᠦᠰᠦᠲᠡᠨ ᠤ ᠤᠷᠠᠯᠢᠭ ᠢ ᠬᠤᠯᠪᠤᠨ ᠂ ᠦᠨᠳᠦᠰᠦᠲᠡᠨ ᠤ ᠪᠦᠯᠬᠦᠮᠳᠡᠯ ᠤᠨ ᠦᠵᠡᠯ ᠰᠠᠨᠠᠭ᠎ᠠ ᠶᠢ ᠬᠥᠮᠥᠨ ᠪᠦᠬᠦᠨ ᠤ ᠰᠡᠳᠬᠢᠯ ᠳᠤ ᠬᠠᠳᠠᠩᠰᠢᠭᠤᠯᠪᠠ︕ 
ᠢᠷᠡᠯᠲᠡ᠄ ᠳᠣᠰ ᠰᠦᠯᠵᠢᠶ᠎ᠡ