2023 ᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ
ᠨᠡᠶᠢᠲᠡᠯᠡᠭᠰᠡᠨ ᠴᠠᠭ᠄
2023/7/28
               ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ                                                    ᠥᠪᠥᠷ ᠵᠠᠰᠠᠭ ᠲᠠᠷᠬᠠᠭᠠᠭᠰᠠᠨ ﹇2023﹈ 8 ᠳ᠋ᠤᠭᠠᠷ ᠲᠣᠭᠠᠲᠤ             2023 ᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ             ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄            ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠨᠢ ᠤᠯᠤᠰ ᠤᠨ ᠭᠠᠵᠠᠷ ᠰᠢᠷᠣᠢ ᠠᠮᠢ ᠠᠬᠤᠢ ᠶᠢᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠠ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠶᠡᠭᠡ ᠲᠠᠯ᠎ᠠ ᠲᠠᠢ ᠬᠤᠯᠪᠣᠭᠳᠠᠨ᠎ᠠ᠃ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠪᠦᠲᠦᠮᠵᠢᠲᠡᠶ ᠰᠡᠷᠭᠡᠶᠢᠯᠡᠨ ᠤᠨᠲᠠᠷᠠᠭᠠᠵᠤ ᠠᠪᠤᠷᠠᠯᠳᠠ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠠ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠤᠰᠠᠳᠠ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠳᠣᠣᠷᠠᠬᠢ ᠮᠡᠲᠦ ᠵᠠᠷᠯᠢᠭ ᠢ ᠨᠡᠶᠢᠲᠡᠯᠡᠪᠡ᠃        ᠨᠢᠭᠡ᠂ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠴᠠᠭ ᠪᠠ ᠣᠷᠣᠨ ᠪᠦᠰᠡ ᠶᠢ ᠲᠣᠭᠲᠠᠭᠠᠬᠤ ᠬᠡᠷᠡᠭᠲᠡᠢ             2023 ᠣᠨ ᠤ ᠬᠠᠪᠤᠷ ᠤᠨ ᠤᠯᠠᠷᠢᠯ ᠳᠠᠬᠢ ᠪᠥᠬᠦ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠤᠨ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ ᠪᠣᠯ 4 ᠳ᠋ᠦ᠋ᠭᠡᠷ ᠰᠠᠷ᠎ᠠ ᠶᠢᠨ 1 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ ᠪᠣᠯᠣᠨ᠎ᠠ᠃ ᠡᠯ᠎ᠡ ᠭᠠᠵᠠᠷ ᠣᠷᠣᠨ ᠨᠢ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ ᠪᠠᠨ ᠤᠷᠢᠳᠴᠢᠯᠠᠭᠤᠯᠬᠤ ᠪᠤᠶᠤ ᠬᠤᠶᠢᠰᠢᠯᠠᠭᠤᠯᠵᠤ ᠪᠣᠯᠣᠨ᠎ᠠ᠃ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠣᠷᠣᠨ ᠪᠦᠰᠡ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠬᠤᠪᠢᠶᠠᠷᠢᠯᠠᠨ ᠲᠣᠭᠲᠠᠭᠠᠨ᠎ᠠ᠃ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ ᠬᠢᠵᠠᠭᠠᠷ ᠪᠣᠯᠣᠨ ᠣᠷᠣᠨ ᠪᠦᠰᠡ ᠶᠢ ᠨᠡᠶᠢᠭᠡᠮ ᠳᠤ ᠨᠡᠶᠢᠲᠡᠯᠡᠬᠦ ᠶᠢᠨ ᠬᠠᠮᠲᠤ᠂ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠲᠤ ᠳᠠᠩᠰᠠᠯᠠᠭᠤᠯᠬᠤ ᠬᠡᠷᠡᠭᠲᠡᠢ᠃             ᠬᠤᠶᠠᠷ᠂ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠬᠡᠷᠡᠭᠲᠡᠢ             ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠯᠭᠠᠲᠤ ᠳᠦᠷᠢᠮ ᠢ ᠴᠢᠩᠭ᠎ᠠ ᠬᠡᠷᠡᠭᠵᠢᠭᠦᠯᠵᠦ᠂ ᠬᠠᠷᠢᠶ᠎ᠠ ᠭᠠᠵᠠᠷ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠠᠵᠢᠯ ᠲᠥᠷᠥᠯ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠣᠨ ᠦᠢᠯᠡᠳᠪᠦᠷᠢᠯᠡᠨ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠤᠨ᠂ ᠬᠠᠷᠢᠭᠤᠴᠠᠯᠭ᠎ᠠ ᠶᠢᠨ ᠣᠷᠣᠨ ᠢᠶᠠᠨ ᠬᠤᠪᠢᠶᠠᠷᠢᠯᠠᠨ ᠲᠣᠭᠲᠠᠭᠠᠵᠤ᠂ ᠬᠠᠷᠢᠭᠤᠴᠠᠯᠭ᠎ᠠ ᠶᠢᠨ ᠪᠢᠴᠢᠭ ᠵᠢᠷᠤᠵᠤ ᠲᠣᠭᠲᠠᠨ᠂ ᠨᠢᠭᠲᠠ ᠴᠢᠩᠭ᠎ᠠ ᠪᠦᠬᠦᠢ ᠲᠣᠣᠷᠵᠢᠭᠤᠯᠤᠭᠰᠠᠨ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠪᠠᠶᠢᠭᠤᠯᠵᠤ᠂ ᠡᠯ᠎ᠡ ᠵᠦᠢᠯ ᠤᠨ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ︽ᠡᠴᠦᠰ ᠤᠨ ᠨᠢᠭᠡ ᠮᠧᠲᠷ︾᠂ ᠬᠠᠮᠤᠭ ᠤᠨ ᠪᠠᠭ᠎ᠠ ᠨᠢᠭᠡᠴᠢ ᠬᠦᠷᠲᠡᠯ᠎ᠡ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠪᠦᠷᠢᠯᠳᠦᠭᠦᠨ ᠨᠢᠭᠡᠴᠢ ᠨᠢ ᠲᠤᠰ ᠲᠣᠰ ᠤᠨ ᠡᠭᠦᠷᠭᠡ ᠲᠤᠰᠢᠶᠠᠯ ᠪᠠ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠡᠯ᠎ᠡ ᠵᠦᠢᠯ ᠤᠨ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠬᠦ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ᠰᠡᠷᠭᠡᠶᠢᠯᠡᠵᠦ ᠠᠪᠤᠷᠠᠬᠤ ᠬᠠᠷᠢᠭᠤᠴᠠᠯᠭ᠎ᠠ ᠶᠢᠨ ᠬᠡᠯᠬᠢᠶ᠎ᠡ ᠪᠠᠨ ᠨᠢᠭᠲᠠ ᠵᠣᠯᠭᠠᠯᠳᠤᠭᠤᠯᠤᠨ᠂ ᠭᠠᠯ ᠲᠦᠢᠮᠡᠷ ᠢ ᠰᠡᠷᠭᠡᠶᠢᠯᠡᠬᠦ ᠪᠠ ᠭᠠᠯ ᠲᠦᠢᠮᠡᠷ ᠡᠭᠦᠰᠦᠭᠰᠡᠨ ᠡᠬᠢᠨ ᠤ ᠬᠤᠭᠤᠴᠠᠭᠠᠨ ᠳᠠᠬᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠭᠠᠯ ᠲᠦᠢᠮᠡᠷ ᠢ ᠤᠨᠲᠠᠷᠠᠭᠠᠵᠤ ᠠᠪᠤᠷᠠᠯᠲᠠ ᠬᠢᠬᠦ ᠪᠥᠬᠦ ᠶᠠᠪᠤᠴᠠ ᠳᠤ ᠣᠷᠣᠯᠴᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠭᠠᠯ ᠲᠦᠢᠮᠡᠷ ᠢ ᠰᠡᠷᠭᠡᠶᠢᠯᠡᠨ ᠡᠵᠡᠮᠳᠡᠬᠦ ᠠᠵᠢᠯ ᠢ ᠶᠡᠷᠦᠩᠬᠡᠶᠢᠯᠡᠨ ᠵᠢᠯᠤᠭᠤᠳᠴᠤ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠯᠡᠨ᠂ ᠭᠠᠯ ᠲᠦᠢᠮᠡᠷ ᠢ ᠤᠨᠲᠠᠷᠠᠭᠠᠵᠤ ᠠᠪᠤᠷᠠᠯᠲᠠ ᠬᠢᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ ᠵᠣᠬᠢᠴᠠᠭᠤᠯᠵᠤ᠂ ᠶᠡᠭᠡ ᠭᠠᠯ ᠲᠦᠢᠮᠡᠷ ᠠᠴᠠ ᠪᠣᠯᠤᠭᠰᠠᠨ ᠬᠦᠨᠳᠦ ᠬᠡᠴᠡᠭᠦᠦ ᠭᠠᠮᠰᠢᠭ ᠢ ᠠᠷᠭᠠᠴᠠᠭᠠᠬᠤ ᠪᠡᠯᠡᠳᠬᠡᠯ ᠠᠵᠢᠯ ᠪᠠ ᠤᠨᠲᠠᠷᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠭᠠᠯ ᠲᠦᠢᠮᠡᠷ ᠭᠠᠷᠤᠭᠰᠠᠨ ᠭᠠᠵᠠᠷ ᠤᠨ ᠰᠡᠷᠭᠡᠶᠢᠯᠡᠨ ᠰᠡᠷᠡᠮᠵᠢᠯᠡᠭᠦᠯᠬᠦ᠂ ᠵᠠᠮ ᠬᠠᠷᠢᠯᠴᠠᠭ᠎ᠠ ᠶᠢ ᠨᠡᠪᠲᠡᠷᠡᠭᠦᠯᠬᠦ᠂ ᠠᠮᠤᠷ ᠢ ᠬᠠᠮᠠᠭᠠᠯᠠᠬᠤ᠂ ᠭᠠᠯ ᠲᠦᠢᠮᠡᠷ ᠤᠨ ᠬᠡᠷᠡᠭ ᠢ ᠲᠠᠩᠨᠠᠨ ᠢᠯᠡᠷᠡᠭᠦᠯᠬᠦ ᠵᠡᠷᠭᠡ ᠠᠵᠢᠯ ᠢ ᠰᠠᠶᠢᠲᠤᠷ ᠬᠢᠵᠦ᠂ ᠤᠬᠠᠭᠤᠯᠬᠤ᠂ ᠵᠢᠭᠰᠠᠭᠠᠨ ᠪᠠᠶᠢᠴᠠᠭᠠᠬᠤ᠂ ᠲᠣᠭᠤᠷᠢᠨ ᠬᠠᠮᠠᠭᠠᠯᠠᠬᠤ ᠵᠢᠴᠢ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ ᠢ ᠰᠢᠢᠳᠬᠡᠨ ᠲᠣᠷᠭᠠᠬᠤ ᠵᠡᠷᠭᠡ ᠠᠵᠢᠯ ᠢ ᠬᠠᠮᠵᠢᠯᠴᠠᠨ ᠥᠷᠨᠢᠭᠦᠯᠬᠦ ᠬᠡᠷᠡᠭᠲᠡᠢ᠃             ᠭᠤᠷᠪᠠ᠂ ᠭᠠᠯ ᠲᠦᠢᠮᠡᠷ  ᠤᠨ ᠰᠡᠷᠭᠡᠶᠢᠯᠡᠯᠲᠡ ᠶᠢ ᠴᠢᠩᠭᠠᠳᠬᠠᠬᠤ ᠬᠡᠷᠡᠭᠲᠡᠢ             ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠪᠠ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠵᠣᠬᠢᠶᠠᠨ ᠪᠠᠶᠢᠭᠤᠯᠵᠤ ᠥᠷᠨᠢᠭᠦᠯᠦᠨ᠂ ᠵᠠᠩᠭᠢᠯᠠᠭ᠎ᠠ ᠶᠢᠨ ᠴᠢᠬᠤᠯᠠ ᠠᠰᠠᠭᠤᠳᠠᠯ ᠢ ᠨᠡᠷᠡᠯᠡᠨ ᠵᠢᠭᠠᠵᠤ ᠰᠢᠮᠳᠠᠭᠤᠯᠤᠨ ᠭᠦᠢᠴᠡᠳᠬᠡᠯᠭᠡᠬᠦ ᠬᠡᠷᠡᠭᠲᠡᠢ᠃ ᠭᠤᠣᠯᠳᠠᠯᠭ᠎ᠠ ᠪᠣᠯᠬᠤ ᠣᠷᠣᠨ ᠪᠠᠶᠢᠷᠢ ᠳᠠᠬᠢ ᠤᠢ ᠶᠢᠨ ᠬᠤᠷᠮᠣᠢ ᠶᠢᠨ ᠰᠢᠲᠠᠮᠠᠬᠠᠢ ᠪᠣᠳᠠᠰ ᠢ ᠴᠡᠪᠡᠷᠯᠡᠨ ᠠᠷᠢᠯᠭᠠᠬᠤ ᠪᠠᠨ ᠴᠢᠩᠭᠠᠳᠬᠠᠵᠤ᠂ ᠬᠡᠰᠡᠭ ᠪᠤᠰᠠᠭ ᠣᠩᠭᠤᠨ ᠪᠤᠯᠠᠰᠢ ᠶᠢ ᠰᠢᠯᠵᠢᠭᠦᠯᠬᠦ ᠪᠠ ᠲᠥᠪᠯᠡᠷᠡᠭᠦᠯᠦᠨ ᠬᠠᠮᠢᠶᠠᠷᠬᠤ ᠶᠢ ᠢᠳᠡᠪᠬᠢᠲᠡᠢ ᠪᠠᠷ ᠠᠬᠢᠭᠤᠯᠤᠨ ᠬᠥᠲᠥᠯᠥᠨ ᠵᠢᠯᠤᠭᠤᠳᠴᠤ᠂ ᠠᠭᠤᠯᠠ᠂ ᠭᠤᠤ ᠰᠤᠪᠠᠭ᠂ ᠭᠤᠣᠯ ᠤᠨ ᠲᠣᠬᠤᠢ ᠶᠢ ᠴᠡᠪᠡᠷᠯᠡᠬᠦ ᠠᠵᠢᠯ ᠢ ᠴᠠᠭ ᠲᠤᠬᠠᠢ ᠳᠤ ᠨᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃ ᠠᠰᠠᠭᠤᠳᠠᠯ ᠢ ᠣᠯᠵᠤ ᠮᠡᠳᠡᠭᠡᠳ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠵᠢᠴᠢ ᠬᠠᠮᠢᠶᠠᠷᠤᠯᠲᠠ ᠶᠢ ᠲᠠᠭᠠᠬᠤ ᠦᠭᠡᠢ ᠪᠤᠶᠤ ᠵᠣᠷᠢᠭᠤᠳᠠ ᠵᠤᠷᠢᠴᠡᠭᠰᠡᠳ ᠢ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠴᠢᠩᠭ᠎ᠠ ᠰᠢᠢᠳᠬᠡᠨ ᠰᠢᠢᠳᠪᠦᠷᠢᠯᠡᠬᠦ ᠬᠡᠷᠡᠭᠲᠡᠢ᠃ ᠪᠠᠷᠢᠮᠵᠢᠶ᠎ᠠ ᠶᠣᠰᠣᠭᠠᠷ ᠭᠠᠯ ᠲᠦᠢᠮᠡᠷ ᠤᠨ ᠰᠡᠷᠭᠡᠶᠢᠯᠡᠯᠲᠡ ᠶᠢᠨ ᠲᠤᠰᠠᠭᠠᠷᠯᠠᠬᠤ ᠪᠦᠰᠡ ᠭᠠᠷᠭᠠᠵᠤ᠂ ᠮᠣᠩᠭᠤᠯ ᠤᠯᠤᠰ᠂ ᠣᠷᠣᠰ ᠤᠨ ᠬᠤᠯᠪᠣᠭᠳᠠᠯ ᠪᠦᠬᠦᠢ ᠲᠠᠯ᠎ᠠ ᠯᠤᠭ᠎ᠠ ᠶᠢᠨ ᠬᠠᠮᠲᠤᠷᠠᠨ ᠰᠡᠷᠭᠡᠶᠢᠯᠡᠵᠦ ᠬᠤᠯᠪᠣᠭ᠎ᠠ ᠠᠪᠬᠤ ᠪᠠᠨ ᠴᠢᠩᠭᠠᠳᠬᠠᠨ᠂ ᠬᠥᠷᠰᠢ ᠵᠡᠷᠭᠡᠯᠡᠳᠡᠭᠡ ᠭᠠᠵᠠᠷ ᠣᠷᠣᠨ ᠤ ᠨᠢᠭᠡᠴᠢ ᠶᠢᠨ ᠬᠤᠭᠤᠷᠣᠨᠳᠣᠬᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠴᠢᠩᠭᠠᠷᠠᠭᠤᠯᠵᠤ᠂ ᠬᠢᠯᠢ ᠶᠢᠨ ᠭᠠᠳᠠᠨᠠᠬᠢ ᠭᠠᠯ ᠲᠦᠢᠮᠡᠷ ᠢ ᠰᠡᠷᠭᠡᠶᠢᠯᠡᠨ ᠬᠠᠰᠢᠬᠤ ᠪᠠ ᠬᠢᠯᠢ ᠶᠢᠨ ᠳᠣᠲᠣᠷᠠᠬᠢ ᠠᠭᠤᠯᠵᠠᠷ ᠭᠠᠵᠠᠷ ᠬᠡᠰᠡᠭ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭᠠᠨ ᠳᠤ ᠳᠣᠣᠷᠠᠬᠢ ᠲᠣᠭᠲᠠᠭᠠᠯ ᠢ ᠵᠢᠷᠤᠮᠯᠠᠬᠤ ᠬᠡᠷᠡᠭᠲᠡᠢ᠄            ︵ᠨᠢᠭᠡ︶ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠣᠷᠣᠨ ᠪᠦᠰᠡᠨ ᠳᠤ ᠲᠠᠮᠠᠬᠢ ᠲᠠᠲᠠᠬᠤ᠂ ᠬᠡᠭᠡᠷ᠎ᠡ ᠬᠤᠭᠤᠯᠠᠯᠠᠬᠤ᠂ ᠴᠠᠭᠠᠰᠤ ᠰᠢᠲᠠᠭᠠᠬᠤ᠂ ᠬᠦᠵᠢ ᠠᠰᠠᠭᠠᠬᠤ᠂ ᠫᠤᠤᠵᠢᠩ ᠲᠠᠯᠪᠢᠬᠤ᠂ ᠭᠠᠯ ᠨᠣᠴᠣᠭᠠᠵᠤ ᠳᠤᠯᠠᠭᠠᠯᠠᠬᠤ᠂ ᠬᠤᠭ ᠨᠣᠪᠰᠢ ᠰᠢᠲᠠᠭᠠᠬᠤ ᠵᠢᠴᠢ ᠪᠤᠰᠤᠳ ᠦᠢᠯᠡᠳᠪᠦᠷᠢᠯᠡᠯ ᠤᠨ ᠪᠤᠰᠤ ᠬᠡᠷᠡᠭᠴᠡᠭᠡᠨ ᠳᠤ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃             ︵ᠬᠤᠶᠠᠷ︶ ᠬᠡᠭᠡᠷ᠎ᠡ ᠭᠠᠳᠠᠨ᠎ᠠ ᠦᠢᠯᠡᠳᠪᠦᠷᠢᠯᠡᠯ ᠤᠨ ᠬᠡᠷᠡᠭᠴᠡᠭᠡ ᠪᠠᠷ ᠭᠠᠯ ᠬᠡᠷᠡᠭᠯᠡᠬᠦ ᠳᠤ ᠬᠢᠨᠠᠨ ᠵᠥᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠦᠨᠡᠨ ᠬᠦ ᠣᠨᠴᠠᠭᠠᠢ ᠰᠢᠯᠲᠠᠭᠠᠨ ᠠᠴᠠ ᠪᠣᠯᠵᠤ ᠬᠡᠭᠡᠷ᠎ᠡ ᠭᠠᠳᠠᠨ᠎ᠠ ᠦᠢᠯᠡᠳᠪᠦᠷᠢᠯᠡᠯ ᠠᠮᠢᠳᠤᠷᠠᠯ ᠬᠢᠭᠡᠳ ᠲᠠᠷᠢᠶᠠᠯᠠᠩ ᠤᠨ ᠶᠠᠪᠤᠳᠠᠯ ᠳᠤ ᠭᠠᠯ ᠬᠡᠷᠡᠭᠯᠡᠬᠦ ᠴᠢᠬᠤᠯᠠ ᠲᠠᠢ ᠪᠣᠯ ᠲᠤᠬᠠᠢ ᠶᠢᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠡᠳ᠂ ᠵᠢᠭᠠᠨ ᠲᠣᠭᠲᠠᠭᠠᠭᠰᠠᠨ ᠴᠠᠭ ᠬᠤᠭᠤᠴᠠᠭ᠎ᠠ᠂ ᠵᠢᠭᠠᠨ ᠲᠣᠭᠲᠠᠭᠠᠭᠰᠠᠨ ᠭᠠᠵᠠᠷ ᠣᠷᠣᠨ ᠳᠤ ᠬᠠᠷᠢᠭᠤᠴᠠᠯᠭ᠎ᠠ ᠡᠭᠦᠷᠭᠡᠯᠡᠭᠴᠢ ᠶᠢ ᠲᠣᠳᠣᠷᠬᠠᠶᠢᠯᠠᠵᠤ ᠪᠠᠶᠢᠭᠠᠳ ᠰᠡᠷᠭᠡᠶᠢᠯᠡᠵᠦ ᠠᠪᠤᠷᠠᠬᠤ ᠪᠡᠯᠡᠳᠬᠡᠯ ᠢ ᠰᠠᠶᠢᠲᠤᠷ ᠬᠢᠭᠰᠡᠨ ᠤᠷᠢᠲᠠᠯ ᠳᠣᠣᠷ᠎ᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃             ︵ᠭᠤᠷᠪᠠ︶ ᠡᠯ᠎ᠡ ᠪᠠᠶᠢᠴᠠᠭᠠᠬᠤ ᠥᠷᠲᠡᠭᠡ᠂ ᠠᠵᠢᠭᠯᠠᠨ ᠪᠠᠷᠠᠯᠠᠬᠤ ᠲᠠᠶᠢᠰᠠ᠂ ᠴᠠᠭᠳᠠᠨ ᠲᠣᠭᠤᠷᠢᠵᠤ ᠬᠠᠮᠠᠭᠠᠯᠠᠬᠤ ᠠᠵᠢᠯ ᠤᠨ ᠪᠠᠶᠢᠷᠢᠨ ᠳᠠᠬᠢ ᠬᠥᠮᠥᠰ ᠨᠢ ᠪᠦᠬᠦᠯᠢ ᠡᠳᠦᠷ ᠢᠶᠠᠷ ᠵᠢᠵᠢᠭᠦᠷᠯᠡᠨ ᠰᠠᠬᠢᠵᠤ᠂ ︽ᠭᠠᠯ ᠲᠦᠢᠮᠡᠷ ᠤᠨ ᠰᠡᠷᠭᠡᠶᠢᠯᠡᠯᠲᠡ ᠶᠢᠨ ᠮᠡᠷᠭᠡᠨ ᠴᠣᠬᠤᠷ︾ ᠲᠣᠬᠢᠷᠠᠭᠤᠯᠤᠨ᠂ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠣᠷᠣᠨ ᠪᠦᠰᠡᠨ ᠳᠤ ᠣᠷᠣᠬᠤ ᠬᠥᠮᠥᠰ ᠪᠠ ᠲᠡᠷᠭᠡ ᠬᠥᠰᠬᠡ ᠶᠢ ᠴᠢᠩᠭ᠎ᠠ ᠵᠠᠬᠢᠷᠤᠨ ᠬᠠᠮᠢᠶᠠᠷᠴᠤ᠂ ᠭᠠᠯ ᠤᠨ ᠴᠤᠭ ᠪᠤᠶᠤ ᠨᠣᠴᠣᠮᠠᠲᠠᠭᠠᠢ ᠳᠡᠯᠪᠡᠷᠡᠮᠡᠲᠡᠭᠡᠢ ᠡᠳ᠋ ᠪᠣᠳᠠᠰ ᠠᠪᠴᠤ ᠣᠷᠣᠬᠤ ᠶᠢ ᠴᠢᠩᠭ᠎ᠠ ᠴᠠᠭᠠᠵᠠᠯᠠᠨ᠂ ᠴᠢᠬᠤᠯᠠ ᠲᠠᠢ ᠦᠶ᠎ᠡ ᠳᠤ ︽ᠭᠠᠯ ᠰᠡᠷᠭᠡᠶᠢᠯᠡᠬᠦ ᠪᠦᠲᠡᠭᠡᠯᠭᠡ︾ ᠨᠡᠮᠡᠨ ᠤᠭᠰᠠᠷᠠᠵᠤ ᠪᠤᠬ᠎ᠠ ᠲᠡᠷᠭᠡ ᠳᠦᠷᠡᠯᠵᠡᠨ ᠨᠣᠴᠣᠬᠤ ᠶᠢ ᠰᠡᠷᠭᠡᠶᠢᠯᠡᠬᠦ᠂ ᠨᠡᠭᠦᠷᠡᠰᠦ ᠲᠡᠭᠡᠭᠡᠭᠰᠡᠨ ᠲᠡᠷᠭᠡᠨ ᠤ ᠸᠠᠭᠤᠨ ᠢ ᠪᠢᠲᠡᠭᠦᠯᠡᠵᠦ ᠨᠡᠭᠦᠷᠡᠰᠦᠨ ᠬᠡᠮᠬᠡᠳᠡᠭ ᠨᠢ ᠰᠠᠳᠠᠷᠠᠵᠦ ᠭᠤᠭᠤᠵᠢᠭᠠᠳ ᠠᠶᠠᠨᠳᠠᠭᠠᠨ ᠨᠣᠴᠣᠬᠤ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠬᠤ ᠬᠡᠷᠡᠭᠲᠡᠢ᠃             ᠳᠥᠷᠪᠡ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠᠨ ᠴᠢᠩᠭᠠᠷᠠᠭᠤᠯᠬᠤ ᠬᠡᠷᠡᠭᠲᠡᠢ             ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠤᠨ ᠴᠠᠭ ᠠᠭᠤᠷ ᠤᠨ ᠮᠡᠳᠡᠭᠡ  ᠪᠠᠨ ᠤᠷᠢᠳᠴᠢᠯᠠᠨ ᠮᠡᠳᠡᠭᠡᠯᠡᠬᠦ ᠪᠠᠨ ᠴᠢᠩᠭᠠᠳᠬᠠᠵᠤ᠂ ᠭᠠᠯ ᠲᠦᠢᠮᠡᠷ ᠤᠨ ᠠᠶᠤᠯ ᠶᠡᠬᠡᠲᠡᠢ ᠴᠠᠭ ᠠᠭᠤᠷ ᠪᠣᠯ ᠴᠠᠭ ᠲᠤᠬᠠᠢ ᠳᠤ ᠨᠢ ᠵᠠᠯᠭᠠᠭ᠎ᠠ ᠵᠠᠯᠭᠠᠭ᠎ᠠ ᠪᠠᠷ ᠰᠡᠷᠡᠮᠵᠢ ᠶᠢᠨ ᠳᠣᠬᠢᠶ᠎ᠠ ᠨᠡᠶᠢᠲᠡᠯᠡᠨ᠂ ᠤᠷᠢᠳᠴᠢᠯᠠᠨ ᠠᠷᠭᠠᠴᠠᠭᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ ᠡᠯ᠎ᠡ ᠱᠠᠲᠤᠨ ᠤ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠰᠠᠯᠠᠭ᠎ᠠ ᠮᠥᠴᠢᠷ ᠪᠣᠯᠣᠨ ᠬᠠᠷᠢᠭᠤᠴᠠᠯᠭᠠᠲᠤ ᠨᠢᠭᠡᠴᠢ ᠨᠢ 24 ᠴᠠᠭ ᠢᠶᠠᠷ ᠵᠢᠵᠢᠭᠦᠷᠯᠡᠬᠦ᠂ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ᠂ ᠭᠠᠯ ᠲᠦᠢᠮᠡᠷ ᠤᠨ ᠪᠠᠶᠢᠳᠠᠯ ᠤᠨ ᠮᠡᠳᠡᠭᠡ ᠵᠠᠩᠭᠢ ᠶᠢ ︽ᠰᠢᠰᠲ᠋ᠧᠮᠵᠢᠭᠦᠯᠦᠨ ᠮᠡᠳᠡᠭᠦᠯᠬᠦ︾ ︽ᠭᠠᠯ ᠲᠦᠢᠮᠡᠷ ᠭᠠᠷᠪᠠᠯ ᠵᠠᠪᠠᠯ ᠮᠡᠳᠡᠭᠦᠯᠬᠦ︾ ᠪᠠ ᠴᠢᠬᠤᠯᠠ ᠴᠠᠭ ᠬᠤᠭᠤᠴᠠᠭᠠᠨ ᠳᠤ ︽ᠡᠳᠦᠷ ᠤᠨ ᠮᠡᠳᠡᠭᠦᠯᠦᠯᠲᠡ︾ ︽ᠭᠠᠯ ᠲᠦᠢᠮᠡᠷ ᠦᠭᠡᠢ ᠮᠡᠳᠡᠭᠦᠯᠦᠯᠲᠡ︾ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠨᠢᠭᠤᠵᠤ ᠮᠡᠳᠡᠭᠦᠯᠬᠦ ᠦᠭᠡᠢ᠂ ᠬᠤᠵᠢᠭᠤ ᠮᠡᠳᠡᠭᠦᠯᠬᠦ ᠵᠡᠷᠭᠡ ᠦᠶᠯᠡ ᠠᠵᠢᠯᠯᠠᠭ᠎ᠠ ᠶᠢ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠬᠡᠯᠡᠯᠴᠡᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠦᠭᠦᠳ ᠭᠠᠯ ᠲᠦᠢᠮᠡᠷ ᠤᠨ ᠪᠠᠶᠢᠳᠠᠯ ᠢ ᠨᠢᠭᠲᠠ ᠠᠵᠢᠭᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢᠶᠠᠨ ᠲᠡᠭᠦᠯᠳᠡᠷᠵᠢᠭᠦᠯᠦᠨ᠂ ᠡᠩᠨᠡᠭᠡᠨ ᠤ ᠪᠠᠶᠢᠷᠢᠯᠠᠭᠤᠯᠤᠯᠲᠠ ᠪᠠᠨ ᠰᠢᠯᠢᠳᠡᠭᠵᠢᠭᠦᠯᠵᠦ᠂ ᠶᠡᠷᠦᠩᠬᠡᠶᠢᠯᠡᠭᠰᠡᠨ ᠪᠠᠲᠤᠯᠠᠭ᠎ᠠ ᠪᠠᠨ ᠴᠢᠩᠭᠠᠳᠬᠠᠨ᠂ ᠭᠡᠨᠡᠳᠲᠡ ᠡᠭᠦᠰᠦᠭᠰᠡᠨ ᠭᠠᠯ ᠲᠦᠢᠮᠡᠷ ᠢ ᠪᠤᠰᠢᠭᠤ ᠲᠦᠷᠭᠡᠨ ᠤᠨᠲᠠᠷᠠᠭᠠᠵᠤ᠂ ᠥᠨᠳᠥᠷ ᠪᠦᠲᠦᠮᠵᠢᠲᠡᠶ ᠰᠢᠢᠳᠪᠦᠷᠢᠯᠡᠨ᠂ ︽ᠡᠷᠲᠡ ᠠᠴᠠ ᠨᠢ ᠪᠠᠭ᠎ᠠ ᠳᠡᠭᠡᠷ᠎ᠡ ᠨᠢ ᠪᠦᠷᠢᠮᠦᠰᠦᠨ ᠤᠨᠲᠠᠷᠠᠭᠠᠬᠤ︾  ᠶᠢ ᠦᠨᠡᠨ ᠬᠦ ᠪᠠᠲᠤᠯᠠᠬᠤ ᠬᠡᠷᠡᠭᠲᠡᠢ᠃ ᠭᠠᠯ ᠲᠦᠢᠮᠡᠷ ᠢ ᠤᠨᠲᠠᠷᠠᠭᠠᠵᠤ ᠠᠪᠤᠷᠠᠯᠲᠠ ᠬᠢᠬᠦ ᠳᠤ ᠬᠠᠷᠢᠶ᠎ᠠ ᠭᠠᠵᠠᠷ ᠢᠶᠠᠷ ᠭᠤᠣᠯ ᠪᠣᠯᠭᠠᠬᠤ ᠵᠠᠷᠴᠢᠮ ᠢ ᠪᠠᠷᠢᠮᠲᠠᠯᠠᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠡᠷᠬᠡ ᠰᠦᠷ ᠢ ᠪᠠᠳᠠᠷᠠᠭᠠᠵᠤ᠂ ᠨᠢᠭᠡᠳᠦᠯᠲᠡᠢ ᠵᠢᠯᠣᠭᠤᠳᠤᠨ᠂ ᠰᠢᠨᠵᠢᠯᠡᠬᠦ ᠤᠬᠠᠭᠠᠨᠴᠢ ᠪᠠᠷ ᠤᠨᠲᠠᠷᠠᠭᠠᠵᠤ ᠠᠪᠤᠷᠠᠬᠤ ᠬᠡᠷᠡᠭᠲᠡᠢ᠃ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠲᠠᠢ᠂ ᠭᠠᠯ ᠲᠦᠢᠮᠡᠷ ᠤᠨᠲᠠᠷᠠᠭᠠᠬᠤ ᠲᠤᠰᠬᠠᠶᠢᠵᠢᠭᠰᠠᠨ ᠵᠠᠮ ᠢᠶᠠᠷ ᠵᠠᠮᠨᠠᠵᠤ᠂ ᠣᠯᠠᠨ ᠲᠦᠮᠡᠨ ᠤ ᠭᠠᠯ ᠲᠦᠢᠮᠡᠷ ᠤᠨᠲᠠᠷᠠᠭᠠᠬᠤ ᠠᠵᠢᠯ ᠳᠤ ᠰᠢᠭᠤᠳ ᠣᠷᠤᠯᠴᠠᠬᠤ ᠠᠴᠠ ᠡᠷᠡᠰ ᠵᠠᠶᠢᠯᠠᠰᠬᠢᠵᠦ᠂ ᠨᠠᠰᠤᠲᠠᠶᠢᠴᠤᠳ᠂ ᠨᠠᠰᠤᠨ ᠳᠤ ᠥᠯᠥ ᠬᠦᠷᠦᠭᠰᠡᠳ᠂ ᠰᠤᠷᠤᠭᠴᠢᠳ ᠵᠡᠷᠭᠡ ᠤᠨ ᠭᠠᠯ ᠲᠦᠢᠮᠡᠷ ᠤᠨᠲᠠᠷᠠᠭᠠᠬᠤ ᠳᠤ ᠣᠷᠣᠯᠴᠠᠬᠤ ᠶᠢ ᠴᠠᠭᠠᠵᠠᠯᠠᠵᠤ᠂ ᠬᠥᠮᠥᠨ ᠬᠠᠷ᠎ᠠ ᠠᠳᠡᠵᠦ ᠰᠢᠷᠬᠠᠲᠤᠬᠤ ᠭᠡᠨᠡᠳᠡᠯ ᠭᠠᠷᠬᠤ ᠠᠴᠠ ᠴᠢᠩᠭ᠎ᠠ ᠰᠡᠷᠭᠡᠶᠢᠯᠡᠬᠦ ᠬᠡᠷᠡᠭᠲᠡᠢ᠃             ᠲᠠᠪᠤ᠂ ᠰᠢᠮᠳᠠᠭᠤᠯᠤᠨ ᠵᠢᠯᠤᠭᠤᠳᠴᠤ ᠬᠠᠷᠢᠭᠤᠴᠠᠯᠭ᠎ᠠ ᠲᠤᠯᠭᠠᠨ ᠬᠡᠯᠡᠯᠴᠡᠬᠦ ᠶᠢ ᠴᠢᠩᠳᠠᠯᠠᠬᠤ ᠬᠡᠷᠡᠭᠲᠡᠢ             ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠬᠡᠷᠡᠭ ᠪᠦᠷᠢ ᠶᠢ ᠵᠠᠪᠠᠯ ᠪᠠᠶᠢᠴᠠᠭᠠᠵᠤ᠂ ᠬᠡᠷᠡᠭ ᠪᠦᠷᠢ ᠠᠴᠠ ᠵᠠᠪᠠᠯ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠰᠠᠬᠢᠯᠭ᠎ᠠ ᠪᠠᠲᠤ ᠶᠢ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠭᠠᠯ ᠲᠦᠢᠮᠡᠷ ᠰᠡᠷᠭᠡᠶᠢᠯᠡᠵᠦ ᠤᠨᠲᠠᠷᠠᠭᠠᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠦᠭᠡᠢ ᠪᠤᠶᠤ ᠨᠠᠶᠢᠳᠠᠪᠤᠷᠢᠵᠢᠭᠤᠯᠤᠭᠰᠠᠨ ᠢᠶᠠᠷ ᠠᠨᠠᠶᠢᠬᠠᠨ ᠠᠴᠠ ᠪᠣᠯᠵᠤ ᠬᠦᠨᠳᠦ ᠣᠨᠴᠠ ᠶᠡᠭᠡ ᠭᠠᠯ ᠲᠦᠢᠮᠡᠷ ᠭᠠᠷᠤᠭᠰᠠᠨ ᠪᠤᠶᠤ ᠬᠥᠮᠥᠨ ᠬᠠᠷ᠎ᠠ ᠠᠳᠡᠵᠦ ᠰᠢᠷᠬᠠᠲᠤᠭᠰᠠᠨ ᠭᠡᠨᠡᠳᠡᠯ ᠭᠠᠷᠤᠭᠰᠠᠨ ᠭᠠᠵᠠᠷ ᠣᠷᠣᠨ᠂ ᠨᠢᠭᠡᠴᠢ ᠪᠣᠯᠣᠨ ᠬᠠᠷᠢᠭᠤᠴᠠᠯᠭᠠᠲᠠᠨ ᠠᠴᠠ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃       ᠵᠢᠷᠭᠤᠭ᠎ᠠ᠂ ᠤᠬᠠᠭᠤᠯᠭ᠎ᠠ ᠬᠥᠮᠦᠵᠢᠯ ᠢ ᠴᠢᠩᠭᠠᠳᠬᠠᠬᠤ ᠬᠡᠷᠡᠭᠲᠡᠢ             ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢᠭᠡᠴᠢ ᠨᠢ ᠡᠯ᠎ᠡ ᠵᠦᠢᠯ ᠤᠨ ᠵᠠᠭᠤᠴᠢᠯᠠᠭᠤᠷ ᠢ ᠭᠦᠢᠴᠡᠳ ᠠᠰᠢᠭᠯᠠᠨ᠂ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠣᠶ ᠰᠢᠭᠤᠢ ᠶᠢᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ ᠢ ᠥᠷᠭᠡᠨ ᠳᠡᠯᠭᠡᠷ ᠥᠷᠨᠢᠭᠦᠯᠦᠨ᠂ ᠣᠯᠠᠨ ᠨᠡᠶᠢᠲᠡ ᠶᠢᠨ ᠬᠠᠷᠢᠭᠤᠴᠠᠯᠭᠠᠲᠤ ᠦᠵᠡᠯ ᠤᠬᠠᠮᠰᠠᠷ᠂ ᠠᠮᠤᠷ ᠲᠦᠪᠰᠢᠨ ᠤ ᠦᠵᠡᠯ ᠤᠬᠠᠮᠰᠠᠷ ᠪᠣᠯᠣᠨ ᠬᠠᠤᠯᠢ ᠪᠠᠷ ᠵᠠᠰᠠᠬᠤ ᠦᠵᠡᠯ ᠤᠬᠠᠮᠰᠠᠷ ᠢ ᠨᠢ ᠨᠡᠮᠡᠭᠳᠡᠭᠦᠯᠵᠦ᠂ ᠣᠯᠠᠨ ᠨᠡᠶᠢᠲᠡ ᠶᠢᠨ ᠤᠷᠢᠳᠴᠢᠯᠠᠨ ᠰᠡᠷᠭᠡᠶᠢᠯᠡᠬᠦ᠂ ᠠᠶᠤᠯ ᠠᠴᠠ ᠵᠠᠶᠢᠯᠠᠰᠬᠢᠬᠦ᠂ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠪᠠ ᠭᠠᠮᠰᠢᠭ ᠢ ᠪᠠᠭᠠᠰᠬᠠᠬᠤ ᠴᠢᠳᠠᠪᠤᠷᠢ ᠶᠢ   ᠨᠢ ᠳᠡᠭᠡᠭᠰᠢᠯᠡᠭᠦᠯᠵᠦ᠂ ᠭᠠᠯ ᠲᠦᠢᠮᠡᠷ ᠭᠠᠷᠤᠭᠰᠠᠨ ᠴᠦ ᠭᠠᠮᠰᠢᠭ ᠪᠣᠯᠬᠤ ᠦᠭᠡᠢ᠂ ᠭᠠᠯ ᠤᠨ ᠭᠠᠮᠰᠢᠭ ᠡᠭᠦᠰᠦᠭᠰᠡᠨ ᠴᠦ ᠠᠳᠡᠵᠦ ᠰᠢᠷᠬᠠᠲᠤᠭᠰᠠᠨ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃             2023 ᠣᠨ ᠤ 3 ᠳ᠋ᠤᠭᠠᠷ ᠰᠠᠷ᠎ᠠ ᠶᠢᠨ 19 ᠤ ᠡᠳᠦᠷ              ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ