︽2023 ᠣᠨ ᠤ ᠬᠢᠶ᠎ᠠ ᠪᠠᠭᠰᠢ ᠲᠣᠭᠤᠷᠢᠭ ᠤᠨ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠬᠢᠶ᠎ᠠ ᠪᠠᠭᠰᠢ ᠲᠣᠭᠤᠷᠢᠭ ᠤᠨ ᠲᠠᠷᠢᠶᠠᠯᠠᠩ ᠮᠠᠯ ᠠᠵᠦ ᠠᠬᠤᠢ ᠪᠠ ᠤᠰᠤᠨ ᠠᠰᠢᠭᠯᠠᠯᠳᠠ  ᠶᠢᠨ ᠲᠣᠪᠴᠢᠶ᠎ᠠ  ᠬᠢᠶ᠎ᠠ ᠪᠠᠭᠰᠢ ᠲᠣᠭᠤᠷᠢᠭ ᠤᠨ ᠡᠳ᠋ ᠤᠨ ᠵᠠᠰᠠᠭ ᠤᠨ ᠳᠣᠪᠴᠢᠶᠠᠨ ᠤ ᠮᠡᠳᠡᠭᠳᠡᠯ
ᠨᠡᠶᠢᠲᠡᠯᠡᠭᠰᠡᠨ ᠴᠠᠭ᠄
2023/7/28
          ᠤᠷᠳᠤᠰ ᠬᠢᠶ᠎ᠠ ᠲᠠᠷᠢᠶᠠᠯᠠᠩ ᠣᠰᠣ ᠳᠠᠷᠬᠠᠭᠠᠭᠰᠠᠨ ︹2023︺ 8 ᠳ᠋ᠤᠭᠠᠷ ᠲᠣᠭᠠᠲᠤ    ᠬᠢᠶ᠎ᠠ ᠪᠠᠭᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠺᠠᠩ ᠰᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ᠄            ᠡᠳᠦᠭᠡ ︽2023 ᠣᠨ ᠤ ᠬᠢᠶ᠎ᠠ ᠪᠠᠭᠰᠢ ᠲᠣᠭᠤᠷᠢᠭ ᠤᠨ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠪᠠ᠂ ᠬᠠᠮᠢᠶ᠎ᠠ ᠪᠥᠬᠦᠶ  ᠨᠢᠭᠡᠴᠢ ᠨᠠᠷᠢᠨ ᠬᠢᠨᠠᠮᠠᠭᠠᠶ ᠬᠡᠷᠡᠭᠵᠢᠭᠦᠯᠦᠭᠡᠷᠡᠢ᠃           ᠣᠨᠴᠠᠭᠠᠶᠢᠯᠠᠨ ᠮᠡᠳᠡᠭᠳᠡᠪᠡ᠃                                                     ᠣᠷᠳᠣᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠲᠠᠷᠢᠶᠠᠯᠠᠩ                                                   ᠮᠠᠯ ᠠᠵᠦ ᠠᠬᠤᠢ ᠪᠠ ᠤᠰᠤᠨ ᠠᠰᠢᠭᠯᠠᠯᠳᠠ ᠶᠢᠨ ᠲᠣᠪᠴᠢᠶ᠎ᠠ                                                             2023 ᠣᠨ ᠤ 6 ᠰᠠᠷ᠎ᠠ ᠶᠢᠨ 8                           2023 ᠣᠨ ᠤ ᠬᠢᠶ᠎ᠠ ᠪᠠᠭᠰᠢ ᠲᠣᠭᠤᠷᠢᠭ ᠤᠨ                          ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ                          ᠨᠥᠬᠦᠪᠥᠷᠢ ᠶᠢᠨ ᠲᠦᠷᠦᠯ ᠵᠦᠢᠯ ᠢ ᠬᠡᠷᠡᠭᠵᠢᠭᠦᠯᠬᠦ ᠲᠦᠰᠦᠯ            ᠮᠠᠨ ᠤ ᠲᠤᠭᠤᠷᠢᠭ ᠤᠨ 2023 ᠣᠨ ᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠬᠤᠪᠢᠶᠠᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ︽2023 ᠣᠨ ᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ   ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠶ ᠲᠠᠷᠢᠮᠠᠯ ᠲᠠᠷᠬᠠᠭᠠᠭᠰᠠᠨ ︹2023︺ 118 ᠳ᠋ᠤᠭᠠᠷ ᠲᠣᠭᠠᠲᠤ︶᠂ ︽2023 ᠣᠨ ᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ    ᠡᠳ᠋ ᠤᠨ ᠵᠠᠰᠠᠭ ᠤᠨ ᠳᠣᠪᠴᠢᠶᠠᠨ ᠤ ᠮᠡᠳᠡᠭᠳᠡᠯ︾ ︵ᠣᠷᠳᠣᠰ ᠲᠠᠷᠢᠶᠠᠯᠠᠩ ᠮᠠᠯ ᠠᠵᠤ ᠠᠬᠤᠶ ᠲᠠᠷᠬᠠᠭᠠᠭᠰᠠᠨ ﹇2023﹈ 62 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠲᠤᠭᠤᠷᠢᠭ ᠤᠨ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃       ᠨᠢᠭᠡ᠂ ᠨᠥᠬᠦᠪᠥᠷᠢ ᠥᠭᠬᠦ ᠲᠥᠷᠥ ᠶᠢᠨ ᠪᠣᠳᠣᠯᠭ᠎ᠠ           ︵ᠨᠢᠭᠡ︶ ᠨᠦᠬᠦᠪᠦᠷᠢ ᠬᠦᠷᠳᠡᠬᠦ ᠡᠲᠡᠭᠡᠳ    ᠲᠠᠷᠢᠶᠠᠨ ᠭᠠᠵᠠᠷ ᠤᠨ ᠬᠦᠴᠦᠨ ᠢ ᠬᠠᠮᠠᠭᠠᠯᠠᠬᠤ ᠨᠥᠬᠦᠪᠥᠷᠢ ᠥᠭᠬᠦ ᠡᠲᠡᠭᠡᠳ ᠨᠢ ᠵᠠᠷᠴᠢᠮ ᠳᠡᠭᠡᠷ᠎ᠡ ᠪᠠᠨ ᠲᠠᠷᠢᠶᠠᠨ ᠭᠠᠵᠠᠷ ᠤᠨ ᠳᠠᠭᠠᠭᠠᠴᠢᠯᠠᠯᠲᠠ ᠶᠢᠨ ᠡᠷᠬᠡ ᠲᠠᠢ ᠪᠥᠭᠡᠳ ᠪᠣᠳᠠᠲᠠᠶ ᠲᠠᠷᠢᠭᠰᠠᠨ ᠲᠠᠷᠢᠶᠠᠴᠢᠨ ᠪᠣᠯᠤᠨ᠎ᠠ᠃ ᠨᠢᠭᠡᠨᠲᠡ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠭᠠᠳ ᠡᠷᠦᠬᠡ ᠳᠤ ᠬᠦᠷᠭᠡᠭᠰᠡᠨ ᠪᠠᠶᠢᠪᠠᠯ᠂ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠭᠠᠳ ᠡᠷᠦᠬᠡ ᠳᠤ ᠬᠦᠷᠭᠡᠭᠰᠡᠨ ᠪᠥᠭᠡᠳ ᠪᠣᠳᠠᠲᠠᠢ ᠳᠠᠷᠢᠭᠰᠠᠨ ᠲᠠᠷᠢᠶᠠᠨ ᠭᠠᠵᠠᠷ ᠤᠨ ᠲᠠᠯᠠᠪᠠᠶ ᠶᠢ ᠦᠨᠳᠦᠰᠦᠯᠡᠨ᠎ᠡ ᠃ ᠲᠦᠷ ᠴᠠᠭ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠭᠠᠳ ᠡᠷᠦᠬᠡ ᠳᠤ ᠬᠦᠷᠭᠡᠭᠰᠡᠨ ᠦᠭᠡᠢ ᠪᠣᠯ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠬᠤ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠣᠶᠢᠲᠤ ᠭᠠᠵᠠᠷ ᠪᠣᠯᠤᠨ ᠨᠢᠭᠡᠨᠲᠡ ᠲᠠᠲᠠᠪᠤᠷᠢᠯᠠᠭᠰᠠᠨ ᠲᠠᠷᠢᠶᠠᠨ ᠭᠠᠵᠠᠷ ᠮᠥᠷᠲᠡᠭᠡᠨ ᠪᠣᠳᠠᠲᠠᠶ ᠲᠠᠷᠢᠭᠰᠠᠨ ᠲᠠᠷᠢᠶᠠᠨ ᠭᠠᠵᠠᠷ ᠤᠨ ᠲᠠᠯᠠᠪᠠᠶ ᠶᠢ ᠨᠢ ᠬᠢᠨᠠᠨ ᠬᠠᠰᠤᠬᠤ ᠬᠡᠷᠡᠭᠲᠡᠶ᠃ ᠣᠶ ᠮᠣᠳᠣ ᠳᠠᠷᠢᠬᠤ ᠪᠠ ᠨᠢᠭᠡᠨᠲᠡ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠲᠠᠯᠠᠪᠠᠶ ᠪᠣᠯᠭᠠᠨ ᠬᠡᠷᠡᠭᠯᠡᠭᠰᠡᠨ ᠲᠠᠷᠢᠶᠠᠨ ᠭᠠᠵᠠᠷ᠂ ᠬᠡᠰᠡᠭᠯᠡᠭᠰᠡᠨ ᠠᠮᠤ ᠪᠤᠳᠠᠭᠠᠨ ᠤ ᠲᠠᠷᠢᠶᠠᠨ ᠭᠠᠵᠠᠷ ᠢ ᠲᠦᠬᠦᠭᠡᠷᠦᠮᠵᠢᠳᠦ ᠲᠠᠷᠢᠶᠠᠯᠠᠩ ᠳᠤ ᠬᠡᠷᠡᠭᠯᠡᠬᠦ ᠭᠠᠵᠠᠷ᠂ ᠳᠠᠭᠠᠯᠲᠠ ᠪᠠ ᠲᠦᠬᠦᠷ ᠪᠡᠯᠡᠳᠬᠡᠮᠵᠢ ᠶᠢᠨ ᠬᠡᠷᠡᠭᠯᠡᠬᠦ ᠭᠠᠵᠠᠷ᠂ ᠲᠠᠷᠢᠶᠠᠯᠠᠩ ᠤᠨ ᠪᠤᠰᠤ ᠲᠠᠲᠠᠪᠤᠷᠢᠯᠠᠬᠤ ︵ᠡᠵᠡᠯᠡᠬᠦ︶ ᠲᠠᠷᠢᠶᠠᠨ ᠭᠠᠵᠠᠷ ᠵᠡᠷᠭᠡ ᠬᠡᠷᠡᠭᠴᠡᠭᠡ ᠪᠠᠨ ᠨᠢᠭᠡᠨᠲᠡ ᠬᠤᠪᠢᠷᠠᠭᠤᠯᠤᠭᠰᠠᠨ ᠲᠠᠷᠢᠶᠠᠨ ᠭᠠᠵᠠᠷ᠂ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠳᠤᠮᠳᠠ ︽ᠨᠥᠬᠦᠪᠥᠷᠢᠯᠡᠬᠦ︾ ᠲᠠᠯᠠᠪᠠᠶ ᠪᠠ ᠶᠠᠰᠤ ᠴᠢᠨᠠᠷ ᠨᠢ ᠲᠠᠷᠢᠶᠠᠯᠠᠬᠤ ᠨᠥᠬᠦᠴᠡᠯ ᠳᠤ ᠨᠡᠶᠢᠴᠡᠬᠦ ᠥᠬᠡᠶ ᠲᠠᠷᠢᠶᠠᠨ ᠭᠠᠵᠠᠷ ︵ᠲᠤᠬᠠᠶᠢᠯᠠᠪᠠᠯ ᠤᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠢᠩᠬᠢᠮ ᠤᠨ ︽ᠲᠠᠷᠢᠶᠠᠨ ᠭᠠᠵᠠᠷ ᠤᠨ ᠶᠠᠰᠤ ᠴᠢᠨᠠᠷ ᠢ ᠨᠥᠬᠦᠪᠦᠷᠢᠯᠡᠬᠦ ᠶᠢ ᠦᠨᠡᠯᠡᠬᠦ ᠠᠵᠢᠯ ᠪᠠ ᠮᠡᠷᠭᠡᠵᠢᠯ ᠤᠨ ᠵᠢᠷᠤᠮᠵᠢᠯ︾ ᠳᠤ ᠨᠡᠶᠢᠴᠡᠬᠦ ᠦᠭᠡᠢ ᠲᠠᠷᠢᠶᠠᠨ ᠭᠠᠵᠠᠷ︶ ᠪᠠ 2022 ᠣᠨ ᠤ ᠲᠠᠷᠢᠶᠠᠯᠠᠬᠤ ᠶᠢ ᠵᠣᠭᠰᠣᠭᠠᠬᠤ ᠬᠡᠪᠴᠢᠶᠡᠨ ᠳᠤ ᠨᠢᠭᠡᠨᠲᠡ ᠣᠷᠣᠭᠤᠯᠤᠭᠰᠠᠨ ᠪᠠᠶᠢᠪᠠᠯ ᠨᠥᠬᠦᠪᠥᠷᠢ ᠥᠭᠬᠦ ᠥᠬᠡᠶ︔ ᠨᠢᠭᠡᠨᠲᠡ ᠨᠢᠭᠡ ᠵᠢᠯ ᠠᠴᠠ ᠳᠡᠭᠡᠭᠰᠢ ᠠᠲᠠᠷᠰᠢᠭᠤᠯᠤᠭᠰᠠᠨ ᠪᠠᠶᠢᠪᠠᠯ ᠨᠥᠬᠦᠪᠦᠷᠢ ᠥᠭᠬᠦ ᠦᠭᠡᠢ︔ ᠰᠦᠯᠢᠶᠣᠣ ᠪᠦᠷᠬᠦᠪᠴᠢ ᠶᠢ ᠬᠡᠷᠡᠭᠯᠡᠭᠰᠡᠨ᠂ ᠭᠡᠪᠡᠴᠦ ᠰᠦᠯᠢᠶᠣᠣ ᠪᠦᠷᠬᠦᠪᠴᠢ ᠶᠢ ᠲᠠᠷᠢᠶᠠᠨ ᠭᠠᠵᠠᠷ ᠠᠴᠠ ᠰᠠᠯᠭᠠᠬᠤ ᠠᠷᠭ᠎ᠠ ᠬᠡᠮᠵᠢᠶ᠎ᠡ ᠠᠪᠤᠭᠰᠠᠨ ᠥᠬᠡᠶ ᠪᠤᠶᠤ ᠲᠠᠷᠢᠶᠠᠨ ᠭᠠᠵᠠᠷ ᠠᠴᠠ ᠰᠠᠯᠭᠠᠭᠰᠠᠨ ᠬᠠᠷᠢᠴᠠᠯ ᠨᠢ ᠱᠠᠭᠠᠷᠳᠠᠯᠭ᠎ᠠ ᠳᠤ ᠬᠦᠷᠦᠭᠰᠡᠨ ᠥᠬᠡᠶ ᠪᠠᠶᠢᠪᠠᠯ᠂ ᠨᠥᠬᠦᠪᠥᠷᠢ ᠪᠠᠯᠠ ᠮᠥᠩᠭᠦ  ᠥᠭᠬᠦ ᠶᠢ ᠬᠤᠶᠢᠰᠢᠯᠠᠭᠤᠯᠬᠤ ᠪᠤᠶᠤ ᠣᠯᠭᠤᠬᠤ ᠶᠢ ᠲᠦᠷ ᠵᠣᠭᠰᠣᠭᠠᠨ᠎ᠠ︔ ᠬᠠᠲᠤᠨ ᠭᠤᠣᠯ ᠤᠨ ᠲᠠᠩ ᠭᠠᠵᠠᠷ ᠵᠡᠷᠭᠡ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠭᠰᠠᠨ ᠣᠷᠣᠨ ᠪᠦᠰᠡ ᠶᠢᠨ ᠲᠠᠷᠢᠶᠠᠨ ᠭᠠᠵᠠᠷ ᠲᠤ ᠲᠣᠭᠲᠠᠭᠠᠯ ᠠᠴᠠ ᠵᠥᠷᠢᠴᠡᠨ ᠥᠨᠳᠥᠷ ᠡᠰᠢᠲᠦ ᠲᠠᠷᠢᠮᠠᠯ ᠳᠠᠷᠢᠭᠰᠠᠨ ᠪᠠᠶᠢᠪᠠᠯ᠂ ᠨᠥᠬᠦᠪᠦᠷᠢ ᠪᠡᠯᠡ ᠮᠥᠩᠭᠦ ᠥᠭᠬᠦ ᠶᠢ ᠬᠤᠶᠢᠰᠢᠯᠠᠭᠤᠯᠬᠤ ᠪᠤᠶᠤ ᠲᠦᠷ ᠵᠣᠭᠰᠣᠭᠠᠨ᠎ᠠ᠃       ︵ᠬᠤᠶᠠᠷ︶ ᠨᠥᠬᠦᠪᠥᠷᠢ ᠥᠭᠬᠦ ᠦᠨᠳᠦᠰᠦᠯᠡᠯ ᠪᠠ ᠵᠣᠭᠤᠰ ᠤᠨ ᠲᠤᠭ᠎ᠠ           ︽2023 ᠤᠨ ᠤ ᠲᠦᠪ ᠤᠨ ᠡᠳ᠋ ᠤᠨ ᠵᠠᠰᠠᠭ ᠤᠨ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠪᠠᠯᠠ ᠮᠥᠩᠭᠦ ᠶᠢ ᠪᠠᠭᠤᠯᠭᠠᠬᠤ ᠲᠤᠬᠠᠶ ᠣᠷᠳᠣᠰ ᠬᠤᠲᠠ ᠶᠢᠨ ᠡᠳ᠋ ᠤᠨ ᠵᠠᠰᠠᠭ ᠤᠨ ᠳᠣᠪᠴᠢᠶᠠᠨ ᠤ ᠮᠡᠳᠡᠭᠳᠡᠯ︾ ︵ᠤᠷᠳᠤᠰ ᠡᠳ᠋ ᠲᠠᠷᠢᠶᠠᠯᠠᠩ ᠵᠢᠭᠠᠯᠲᠠ ︹2023︺ 280 ᠳ᠋ᠤᠭᠠᠷ ᠲᠣᠭᠠᠲᠤ︶ ᠢ ᠦᠨᠳᠦᠰᠦᠯᠡᠨ᠂ ᠮᠠᠨ ᠤ ᠲᠤᠭᠤᠷᠢᠭ ᠤᠨ 2023 ᠣᠨ ᠤ ᠲᠥᠪ ᠤᠨ ᠡᠳ᠋ ᠤᠨ ᠵᠠᠰᠠᠭ ᠤᠨ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠪᠠᠯᠠ ᠮᠥᠩᠭᠦ 4 ᠲᠦᠮᠡᠨ ᠲᠥᠭᠦᠷᠢᠭ ᠢ ᠪᠠᠭᠤᠯᠭᠠᠵᠤ᠂ ᠲᠠᠷᠢᠶᠠᠨ ᠭᠠᠵᠠᠷ ᠤᠨ ᠳᠠᠭᠠᠭᠠᠴᠢᠯᠠᠯᠲᠠ ᠶᠢᠨ ᠡᠷᠬᠡ ᠲᠠᠢ ᠪᠥᠭᠡᠳ ᠪᠣᠳᠠᠲᠠᠶ ᠲᠠᠷᠢᠭᠰᠠᠨ ᠲᠠᠷᠢᠶᠠᠴᠢᠳ ᠲᠤ ᠨᠥᠬᠦᠪᠥᠷᠢ ᠥᠭᠬᠦ ᠳᠤ ᠬᠡᠷᠡᠭᠯᠡᠨ᠎ᠡ᠃       ︵ᠭᠤᠷᠪᠠ︶ ᠨᠦᠬᠦᠪᠦᠷᠢ ᠥᠭᠬᠦ ᠠᠷᠭ᠎ᠠ ᠮᠠᠶ᠋ᠢᠭ ᠪᠠ ᠪᠠᠷᠢᠮᠵᠢᠶ᠎ᠠ       ᠨᠥᠬᠦᠪᠥᠷᠢ ᠪᠡᠯᠡ ᠮᠥᠩᠭᠦ ᠶᠢ ︽ᠪᠦᠷᠢᠨ ᠴᠢᠳᠠᠮᠵᠢᠳᠦ ᠺᠠᠷᠲ︾ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠪᠢᠶᠠᠨ᠎ᠠ᠃ ᠨᠥᠬᠦᠪᠥᠷᠢ ᠶᠢᠨ ᠪᠠᠷᠢᠮᠵᠢᠶ᠎ᠠ ᠶᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠪᠠᠭᠤᠯᠭᠠᠭᠰᠠᠨ ᠪᠠᠯᠠ ᠮᠥᠩᠭᠦ ᠶᠢᠨ ᠶᠡᠷᠦᠩᠬᠡᠶ ᠬᠡᠮᠵᠢᠶ᠎ᠡ ᠪᠠ ᠨᠥᠬᠦᠪᠥᠷᠢ ᠶᠢ ᠲᠣᠭᠲᠠᠭᠠᠭᠰᠠᠨ ᠶᠡᠷᠦᠩᠬᠡᠶ ᠮᠥ ᠶᠢᠨ ᠲᠤᠭ᠎ᠠ ᠶᠢᠨ ᠶᠡᠷᠦᠩᠬᠡᠶᠢᠯᠡᠭᠰᠡᠨ ᠲᠥᠰᠦᠭᠡᠯᠡᠨ ᠪᠣᠳᠣᠯᠲᠠ ᠶᠢ ᠦᠨᠳᠦᠰᠦᠯᠡᠨ 2023 ᠣᠨ ᠤ ᠳᠤᠮᠳᠠᠴᠢ ᠮᠥ ᠪᠦᠷᠢ ᠶᠢᠨ ᠨᠥᠬᠦᠪᠥᠷᠢ ᠶᠢᠨ ᠪᠠᠷᠢᠮᠵᠢᠶ᠎ᠠ ᠶᠢ ᠲᠣᠭᠲᠠᠭᠠᠨ᠎ᠠ᠃ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠶᠢ ᠵᠤᠷᠢᠭᠵᠢᠭᠤᠯᠤᠨ᠂ ᠪᠣᠬᠢᠷᠲᠤᠯ ᠦᠭᠡᠢ ᠠᠮᠢ ᠠᠬᠤᠶ ᠪᠠᠷ ᠤᠳᠤᠷᠢᠳᠤᠮᠵᠢ ᠪᠣᠯᠭᠠᠵᠤ᠂ ᠨᠥᠬᠦᠪᠥᠷᠢ ᠪᠡᠯᠡ ᠮᠥᠩᠭᠦ ᠶᠢ ᠲᠠᠷᠢᠶᠠᠴᠢᠳ ᠤᠨ ᠲᠠᠷᠢᠶᠠᠨ ᠭᠠᠵᠠᠷ ᠤᠨ ᠬᠦᠴᠦᠨ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠳᠡᠮᠵᠢᠬᠦ ᠯᠦᠭᠡ ᠬᠠᠷᠢᠯᠴᠠᠨ ᠬᠤᠯᠪᠣᠵᠤ᠂ ᠲᠠᠷᠢᠶᠠᠴᠢᠳ ᠢ ᠬᠥᠲᠥᠯᠥᠨ ᠵᠢᠯᠣᠭᠤᠳᠴᠤ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ᠂ ᠡᠰᠢ ᠰᠦᠷᠡᠯ ᠢ ᠲᠠᠷᠢᠶᠠᠨ ᠳᠤ ᠪᠤᠴᠠᠭᠠᠬᠤ᠂ ᠭᠦᠨ ᠬᠠᠭᠠᠯᠪᠤᠷᠢᠯᠠᠵᠤ ᠭᠦᠨ ᠰᠤᠯᠠᠷᠠᠭᠤᠯᠬᠤ ᠵᠡᠷᠭᠡ ᠠᠷᠭ᠎ᠠ ᠬᠡᠮᠵᠢᠶ᠎ᠡ ᠠᠪᠤᠭᠤᠯᠵᠤ᠂ ᠲᠠᠷᠢᠶᠠᠯᠠᠩ ᠤᠨ ᠠᠮᠢ ᠠᠬᠤᠶ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠦᠨᠡᠨ ᠬᠦ ᠴᠢᠩᠭᠠᠳᠬᠠᠵᠤ᠂ ᠲᠠᠷᠢᠶᠠᠨ ᠭᠠᠵᠠᠷ ᠤᠨ ᠬᠦᠴᠦᠨ ᠢ ᠤᠬᠠᠮᠰᠠᠷ ᠠᠴᠠ ᠪᠠᠨ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠲᠥᠷᠥ ᠶᠢᠨ ᠪᠣᠳᠣᠯᠭ᠎ᠠ ᠶᠢᠨ ᠬᠠᠷᠠᠯᠲᠠ ᠲᠠᠢ ᠨᠠᠩ ᠨᠢᠭᠡᠳᠦᠯᠲᠡᠶ ᠪᠣᠯᠭᠠᠬᠤ ᠶᠢ ᠪᠡᠶᠡᠯᠡᠭᠦᠯᠦᠨ᠎ᠡ᠃       ᠬᠤᠶᠠᠷ᠂ ᠨᠥᠬᠦᠪᠥᠷᠢ ᠥᠭᠬᠦ ᠶᠠᠪᠤᠴᠠ          ᠨᠡᠶᠢᠭᠡᠮ ᠲᠣᠭᠤᠷᠢᠭ ᠤᠨ ᠲᠤᠬᠠᠶ ᠶᠢᠨ ᠭᠠᠵᠠᠷ ᠲᠤᠨᠢ ᠬᠢᠨᠠᠨ ᠬᠠᠷᠭᠤᠭᠤᠯᠬᠤ᠂ ᠲᠠᠷᠢᠶᠠᠴᠢᠨ ᠡᠷᠦᠬᠡ ᠨᠤᠲᠠᠯᠠᠨ ᠵᠥᠪᠰᠢᠶᠡᠷᠡᠵᠦ ᠭᠠᠷ ᠤᠨ ᠦᠰᠦᠭ ᠵᠢᠷᠤᠬᠤ᠂ ᠳᠠᠩᠰᠠᠯᠠᠬᠤ᠂ ᠵᠠᠷᠯᠠᠨ ᠨᠡᠶᠢᠲᠡᠯᠡᠬᠦ᠂ ᠵᠡᠭᠡᠯᠢ ᠭᠤᠳᠤᠮᠵᠢ ᠨᠤᠲᠠᠯᠠᠬᠤ᠂ ᠲᠤᠭᠤᠷᠢᠭ ᠤᠨ ᠳᠡᠰ ᠠᠴᠠ ᠰᠤᠭᠤᠴᠢᠨ ᠪᠠᠶᠢᠴᠠᠭᠠᠬᠤ ᠶᠠᠪᠤᠴᠠ ᠶᠣᠰᠣᠭᠠᠷ᠂ ᠨᠥᠬᠦᠪᠥᠷᠢ ᠥᠭᠬᠦ ᠲᠠᠷᠢᠶᠠᠨ ᠭᠠᠵᠠᠷ ᠤᠨ ᠲᠠᠯᠠᠪᠠᠢ ᠶᠢ ᠳᠣᠭᠳᠠᠭᠠᠨ᠎ᠠ᠃       ︵ᠨᠢᠭᠡ︶ ᠨᠡᠶᠢᠭᠡᠮ ᠲᠣᠭᠤᠷᠢᠭ ᠠᠴᠠ ᠳᠠᠩᠰᠠᠯᠠᠬᠤ᠃ ᠨᠡᠶᠢᠭᠡᠮ ᠲᠣᠭᠤᠷᠢᠭ ᠨᠥᠬᠦᠪᠥᠷᠢ ᠥᠭᠬᠦ ᠲᠠᠯᠠᠪᠠᠢ ᠶᠢ ᠬᠢᠨᠠᠨ ᠲᠣᠭᠲᠠᠭᠠᠬᠤ ᠱᠠᠭᠠᠷᠳᠠᠯᠭ᠎ᠠ ᠶᠣᠰᠣᠭᠠᠷ ᠂ ᠲᠠᠷᠢᠶᠠᠴᠢᠨ ᠡᠷᠦᠬᠡ ᠶᠢᠨ ᠲᠠᠷᠢᠶᠠᠨ ᠭᠠᠵᠠᠷ ᠤᠨ ᠬᠦᠴᠦᠨ ᠤ ᠨᠥᠬᠦᠪᠥᠷᠢ ᠥᠭᠬᠦ ᠲᠠᠯᠠᠪᠠᠢ ᠶᠢ ᠲᠤᠬᠠᠶ ᠶᠢᠨ ᠭᠠᠵᠠᠷ ᠲᠤᠨᠢ ᠡᠷᠦᠬᠡ ᠳᠠᠷᠠᠭᠠᠯᠠᠨ ᠳᠠᠩᠰᠠᠯᠠᠵᠤ᠂ ᠲᠠᠷᠢᠶᠠᠴᠢᠨ ᠡᠷᠦᠬᠡ ᠪᠠᠷ ᠭᠠᠷ ᠤᠨ ᠦᠰᠦᠭ ᠵᠢᠷᠤᠭᠤᠯᠵᠤ ᠨᠤᠲᠠᠯᠠᠭᠤᠯᠬᠤ᠂ ᠵᠠᠷᠯᠠᠨ ᠨᠡᠶᠢᠲᠡᠯᠡᠬᠦ ︵ᠵᠠᠷᠯᠠᠨ ᠨᠡᠶᠢᠲᠡᠯᠡᠬᠦ ᠴᠠᠭ ᠪᠣᠯ 5 ᠠᠵᠢᠯᠯᠠᠬᠤ ᠡᠳᠦᠷ ᠪᠣᠯᠤᠨ᠎ᠠ︶ ᠵᠡᠷᠭᠡ ᠶᠠᠪᠣᠴᠠ ᠶᠢᠨ ᠳᠠᠷᠠᠭ᠎ᠠ᠂ ᠡᠷᠦᠬᠡ ᠳᠤ ᠬᠦᠷᠲᠡᠯ᠎ᠡ ᠲᠡᠮᠳᠡᠭᠯᠡᠭᠰᠡᠨ ᠲᠠᠷᠢᠶᠠᠨ ᠭᠠᠵᠠᠷ ᠤᠨ ᠲᠠᠯᠠᠪᠠᠶ ᠪᠠᠨ ᠪᠠᠶᠢᠭ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠮᠡᠳᠡᠭᠦᠯᠦᠨ᠎ᠡ᠃       ︵ᠬᠤᠶᠠᠷ︶ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ  ᠠᠴᠠ ᠳᠣᠭᠳᠠᠭᠠᠬᠤ᠃ ᠲᠠᠷᠢᠶᠠᠯᠠᠩ ᠳᠤ ᠬᠤᠯᠪᠣᠭᠳᠠᠬᠤ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠡᠶᠢᠭᠡᠮ ᠲᠣᠭᠤᠷᠢᠭ ᠤᠨ ᠳᠡᠭᠡᠭᠰᠢ ᠮᠡᠳᠡᠭᠦᠯᠦᠭᠰᠡᠨ ᠲᠠᠷᠢᠶᠠᠴᠢᠨ ᠡᠷᠦᠬᠡ ᠪᠣᠯᠤᠨ ᠲᠠᠷᠢᠶᠠᠨ ᠭᠠᠵᠠᠷ ᠤᠨ ᠲᠠᠯᠠᠪᠠᠶ ᠶᠢ ᠤᠯᠠᠮ ᠨᠢᠭᠡ ᠠᠯᠬᠤᠮ ᠬᠢᠨᠠᠨ ᠬᠠᠷᠭᠤᠭᠤᠯᠵᠤ ᠨᠤᠲᠠᠯᠠᠭᠰᠠᠨ ᠤ ᠳᠠᠷᠠᠭ᠎ᠠ ᠵᠠᠷᠯᠠᠨ ᠨᠡᠶᠢᠳᠡᠯᠡᠬᠦ ᠶᠢ ᠵᠤᠬᠢᠶᠠᠨ ᠪᠠᠶᠢᠭᠤᠯᠵᠤ ︵ᠵᠠᠷᠯᠠᠨ ᠨᠡᠶᠢᠲᠡᠯᠡᠬᠦ ᠴᠠᠭ ᠨᠢ 5 ᠠᠵᠢᠯᠯᠠᠬᠤ ᠡᠳᠦᠷ ᠪᠣᠯᠤᠨ᠎ᠠ︶᠂ ᠵᠠᠷᠯᠠᠨ ᠨᠡᠶᠢᠲᠡᠯᠡᠭᠡᠳ ᠣᠨᠳᠣᠣ ᠰᠠᠨᠠᠯ ᠦᠭᠡᠢ ᠪᠣᠯ᠂ ᠵᠢᠩᠬᠢᠨᠢ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠠ ᠤᠰᠤᠨ ᠠᠰᠢᠭᠯᠠᠯᠲᠠ ᠶᠢᠨ ᠲᠣᠪᠴᠢᠶ᠎ᠠ ᠬᠢᠭᠡᠳ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ᠎ᠡ᠃            ︵ᠭᠤᠷᠪᠠ︶ ᠲᠣᠭᠤᠷᠢᠭ ᠤᠨ ᠲᠡᠰ ᠠᠴᠠ ᠰᠤᠭᠤᠴᠢᠨ ᠪᠠᠶᠢᠴᠠᠭᠠᠬᠤ᠃ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠬᠠᠮᠢᠶ᠎ᠠ ᠪᠥᠬᠦᠶ ᠨᠥᠬᠦᠪᠥᠷᠢ ᠶᠢᠨ ᠲᠤᠭ᠎ᠠ ᠪᠠᠷᠢᠮᠲᠠ ᠶᠢ ᠰᠤᠭᠤᠴᠢᠨ ᠪᠠᠶᠢᠴᠠᠭᠠᠬᠤ ᠶᠢ ᠬᠠᠷᠢᠭᠤᠴᠠᠵᠤ᠂ ᠬᠡᠷᠪᠡ ᠠᠰᠠᠭᠤᠳᠠᠯ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠳᠠᠬᠢᠨ ᠬᠢᠨᠠᠨ ᠬᠠᠷᠭᠤᠭᠤᠯᠵᠤ᠂ ᠵᠠᠷᠯᠠᠨ ᠨᠡᠶᠢᠲᠡᠯᠡᠵᠦ᠂ ᠳᠡᠭᠡᠭᠰᠢ ᠮᠡᠳᠡᠭᠦᠯᠬᠦ ᠬᠡᠷᠡᠭᠲᠡᠶ᠃        ᠭᠤᠷᠪᠠ᠂ ᠠᠵᠢᠯ ᠤᠨ ᠠᠷᠭ᠎ᠠ ᠬᠡᠮᠵᠢᠶ᠎ᠡ            ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠨᠢ ᠥᠷᠭᠡᠨ ᠣᠯᠠᠨ ᠲᠠᠷᠢᠶᠠᠴᠢᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠤᠭᠳᠠᠨ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠠ ᠣᠲᠣ ᠦᠶ᠎ᠡ ᠶᠢᠨ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠳᠤ ᠬᠤᠯᠪᠣᠭᠳᠠᠵᠤ ᠪᠠᠶᠢᠭ᠎ᠠ ᠪᠣᠯᠬᠤᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠤᠬᠠᠭᠤᠯᠵᠤ᠂ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ ᠶᠢ ᠴᠢᠩᠭᠠᠷᠠᠭᠤᠯᠤᠨ᠂ ᠠᠵᠢᠯ ᠤᠨ ᠡᠷᠴᠢᠮ ᠢᠶᠠᠨ ᠴᠢᠩᠭᠠᠳᠬᠠᠨ᠂ ᠨᠥᠬᠦᠪᠥᠷᠢ ᠶᠢᠨ ᠴᠠᠭ ᠲᠤᠬᠠᠶ ᠳᠤᠨᠢ᠂ ᠨᠠᠷᠢᠯᠢᠭ ᠣᠨᠣᠪᠴᠢᠲᠠᠶ᠂ ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃        ︵ᠨᠢᠭᠡ︶ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ ᠪᠠᠨ ᠴᠢᠩᠭᠠᠳᠬᠠᠬᠤ᠃ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠨ᠂ ᠠᠵᠢᠯ ᠤᠨ ᠲᠣᠭᠲᠠᠴᠠ ᠶᠢ ᠪᠠᠶᠢᠭᠤᠯᠤᠨ ᠳᠡᠭᠦᠯᠳᠡᠷᠵᠢᠭᠦᠯᠵᠦ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠨᠢᠭᠲᠠᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ᠎ᠠ᠃ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠪᠠᠯᠠ ᠮᠥᠩᠭᠦ ᠰᠠᠯᠭᠠᠨ ᠥᠭᠬᠦ ᠪᠠ ᠬᠠᠮᠢᠶᠠᠷᠬᠤ ᠶᠢ ᠬᠠᠷᠢᠭᠤᠴᠠᠨ᠎ᠠ︔ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠶᠢᠨ ᠲᠣᠪᠴᠢᠶ᠎ᠠ ᠲᠠᠷᠢᠶᠠᠯᠠᠩ ᠳᠤ ᠬᠤᠯᠪᠣᠭᠳᠠᠬᠤ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠮᠡᠳᠡᠭᠦᠯᠦᠭᠰᠡᠨ ᠨᠥᠬᠦᠪᠥᠷᠢ ᠥᠭᠬᠦ ᠲᠠᠯᠠᠪᠠᠶ ᠶᠢ ᠦᠨᠳᠦᠰᠦᠯᠡᠨ᠂ ᠨᠥᠬᠦᠪᠥᠷᠢ ᠥᠭᠬᠦ ᠪᠠᠷᠢᠮᠵᠢᠶ᠎ᠠ ᠶᠢ ᠳᠣᠭᠠᠴᠠᠭᠠᠯᠠᠵᠤ᠂ ᠨᠥᠬᠦᠪᠥᠷᠢ ᠶᠢᠨ ᠪᠠᠯᠠ ᠮᠥᠩᠭᠦ ᠶᠢ ᠬᠤᠪᠢᠶᠠᠨ᠎ᠠ︔ ᠲᠠᠷᠢᠶᠠᠯᠠᠩ ᠳᠤ ᠬᠤᠯᠪᠣᠭᠳᠠᠬᠤ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠳᠠᠲᠠᠶ ᠬᠡᠷᠡᠭᠵᠢᠭᠦᠯᠬᠦ ᠶᠢ ᠬᠠᠷᠢᠭᠤᠴᠠᠵᠤ᠂ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠨ᠎ᠠ᠃        ︵ᠬᠤᠶᠠᠷ︶ ᠠᠵᠢᠯᠯᠠᠬᠤ ᠶᠠᠪᠤᠴᠠ ᠶᠢ ᠵᠢᠷᠤᠮᠵᠢᠭᠤᠯᠬᠤ᠃ ᠲᠠᠷᠢᠶᠠᠯᠠᠩ ᠳᠤ ᠬᠤᠯᠪᠣᠭᠳᠠᠬᠤ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠨᠥᠬᠦᠪᠥᠷᠢ  ᠬᠤᠪᠢᠶᠠᠬᠤ ᠲᠣᠭᠲᠠᠭᠠᠯ ᠢ ᠴᠢᠩᠭ᠎ᠠ ᠵᠢᠷᠤᠮᠯᠠᠨ ᠨᠥᠬᠦᠪᠥᠷᠢ ᠬᠤᠪᠢᠶᠠᠬᠤ ᠲᠠᠯᠠᠪᠠᠢ ᠶᠢ ᠬᠢᠨᠠᠨ ᠲᠣᠭᠲᠠᠭᠠᠬᠤ᠂ ᠳᠠᠩᠰᠠᠯᠠᠨ ᠲᠡᠮᠳᠡᠭᠯᠡᠬᠦ᠂ ᠢᠯᠡ ᠪᠠᠷ ᠵᠠᠷᠯᠠᠨ ᠨᠡᠶᠢᠲᠡᠯᠡᠬᠦ᠂ ᠬᠢᠨᠠᠨ ᠬᠠᠷᠭᠤᠭᠤᠯᠵᠤ ᠬᠤᠷᠢᠶᠠᠩᠭᠤᠶᠢᠯᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ ᠨᠥᠬᠦᠪᠥᠷᠢ ᠪᠡᠯᠡ ᠮᠥᠩᠭᠦ ᠶᠢ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ︽ᠪᠦᠷᠢᠨ ᠴᠢᠳᠠᠮᠵᠢᠳᠦ ᠺᠠᠷᠲ︾ ᠢᠶᠠᠷ ᠳᠠᠮᠵᠢᠭᠤᠯᠤᠨ ᠲᠠᠷᠢᠶᠠᠴᠢᠳ ᠲᠤ ᠤᠯᠭᠤᠬᠤ ᠬᠡᠷᠡᠭᠲᠡᠶ᠃       ︵ᠭᠤᠷᠪᠠ︶ ᠬᠢᠨᠠᠯᠲᠠ ᠲᠠᠯᠪᠢᠨ ᠵᠢᠯᠣᠭᠤᠳᠬᠤ ᠪᠠᠨ ᠴᠢᠩᠭᠠᠳᠬᠠᠬᠤ᠃ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠶᠢᠨ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠴᠠᠭ ᠲᠤᠬᠠᠶ ᠳᠤᠨᠢ  ᠱᠠᠭᠠᠷᠳᠠᠨ᠂ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠨᠢᠭᠲᠠ ᠮᠥᠷᠳᠡᠵᠦ᠂ ᠮᠡᠳᠡᠭᠡ ᠵᠠᠩᠭᠢ ᠶᠢᠨ ᠨᠡᠪᠲᠡᠷᠡᠯᠴᠡᠭᠡ ᠪᠠᠨ ᠴᠢᠩᠭᠠᠳᠬᠠᠨ᠂ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠳᠤ ᠬᠢᠨᠠᠯᠲᠠ ᠲᠠᠯᠪᠢᠵᠤ ᠵᠢᠯᠣᠭᠤᠳᠬᠤ ᠶᠢ ᠰᠠᠶᠢᠲᠤᠷ ᠬᠢᠵᠦ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃        ︵ᠲᠦᠷᠪᠡ︶ ᠤᠬᠠᠭᠤᠯᠭ᠎ᠠ ᠪᠤᠯᠪᠠᠰᠣᠷᠠᠯ ᠢ ᠥᠷᠨᠢᠭᠦᠯᠬᠦ᠃ ᠰᠣᠨᠢᠨ ᠮᠡᠳᠡᠭᠡᠨ ᠤ ᠵᠠᠭᠤᠴᠢᠯᠠᠭᠤᠷ ᠤᠨ ᠦᠢᠯᠡᠳᠦᠯ ᠢ ᠪᠠᠳᠠᠷᠠᠭᠤᠯᠵᠤ᠂ ᠷᠠᠳᠢᠣ᠋ ᠨᠡᠪᠲᠡᠷᠡᠭᠦᠯᠭᠡ ᠂ ᠲᠧᠯᠸᠢᠰ᠂ ᠰᠣᠨᠢᠨ᠂ ᠢᠨᠲ᠋ᠧᠷ ᠰᠦᠯᠵᠢᠶ᠎ᠡ᠂ ᠭᠠᠷ ᠤᠲᠠᠰᠤ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ᠂ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠪᠣᠳᠠᠲᠠᠶ ᠠᠭᠤᠯᠭ᠎ᠠ ᠶᠢ ᠨᠡᠶᠢᠭᠡᠮ ᠲᠣᠭᠤᠷᠢᠭ ᠡᠷᠦᠬᠡ ᠳᠤ ᠬᠦᠷᠲᠡᠯ᠎ᠡ ᠤᠬᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠪᠠᠯᠠ ᠮᠥᠩᠭᠦ ᠪᠠᠷ ᠲᠠᠷᠢᠶᠠᠨ ᠭᠠᠵᠠᠷ ᠤᠨ ᠬᠦᠴᠦᠨ ᠢ ᠳᠡᠭᠡᠭᠰᠢᠯᠡᠬᠦᠯᠬᠦ ᠬᠥᠲᠥᠯᠦᠨ ᠵᠢᠯᠣᠭᠤᠳᠬᠤ ᠦᠢᠯᠡᠳᠦᠯ ᠢ ᠨᠠᠩ ᠶᠡᠭᠡ ᠬᠡᠮᠵᠢᠶ᠎ᠡ ᠪᠠᠷ ᠪᠠᠳᠠᠷᠠᠭᠤᠯᠬᠤ ᠪᠠᠷ ᠴᠢᠷᠮᠠᠶᠢᠨ᠂ ᠲᠠᠷᠢᠶᠠᠴᠢᠨ ᠲᠦᠮᠡᠨ ᠤ ᠠᠰᠠᠭᠤᠨ ᠯᠠᠪᠯᠠᠬᠤ ᠪᠠ ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ ᠶᠢ ᠴᠠᠭ ᠲᠤᠬᠠᠶ ᠳᠤᠨᠢ ᠰᠠᠶᠢᠲᠤᠷ ᠬᠢᠬᠦ ᠬᠡᠷᠡᠭᠲᠡᠶ᠃  
ᠢᠷᠡᠯᠲᠡ᠄ ᠳᠣᠰ ᠰᠦᠯᠵᠢᠶ᠎ᠡ