︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠦᠷᠡᠵᠢᠯ ᠤᠨ ᠳᠠᠭᠠᠳᠬᠠᠯ ᠤᠨ ᠡᠮᠴᠢᠯᠡᠭᠡᠨ ᠤ ᠬᠠᠷᠠᠭᠠᠯᠵᠠᠯ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/7/6
      ᠨᠢᠭᠡ᠂ ᠠᠬᠤᠢ ᠪᠠᠶᠢᠳᠠᠯ ᠵᠢᠴᠢ ᠦᠨᠳᠦᠰᠦᠯᠡᠯ            ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠬᠦ ᠶᠢᠨ ᠲᠤᠰᠠᠳᠠ᠂ ︽ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ ᠬᠥᠮᠥᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ   ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ᠪᠠ ︽ᠭᠤᠷᠪᠠᠨ ᠬᠡᠦᠬᠡᠳ ᠠᠪᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠦᠷᠡᠵᠢᠯ ᠤᠨ ᠳᠠᠭᠠᠳᠬᠠᠯ ᠤᠨ ᠠᠵᠢᠯ ᠢ ᠰᠠᠶᠢᠲᠤᠷ ᠬᠢᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ ᠤᠨ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠪᠣᠳᠠᠲᠠᠢ ᠲᠠᠢ ᠤᠶᠠᠯᠳᠤᠭᠤᠯᠤᠭᠠᠳ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠦᠷᠡᠵᠢᠯ ᠤᠨ ᠳᠠᠭᠠᠳᠬᠠᠯ ᠤᠨ ᠡᠮᠴᠢᠯᠡᠭᠡᠨ ᠤ ᠬᠠᠷᠠᠭᠠᠯᠵᠠᠯ ᠳᠤ ᠲᠣᠬᠢᠷᠠᠭᠤᠯᠤᠯᠲᠠ ᠬᠢᠪᠡ᠃             ᠬᠤᠶᠠᠷ᠂ ᠭᠤᠣᠯ ᠠᠭᠤᠯᠭ᠎ᠠ           ︵ᠨᠢᠭᠡ︶ ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠦᠷᠡᠵᠢᠯ ᠤᠨ ᠳᠠᠭᠠᠳᠬᠠᠯ ᠤᠨ ᠡᠮᠴᠢᠯᠡᠭᠡᠨ ᠤ ᠬᠠᠷᠠᠭᠠᠯᠵᠠᠯ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ᠨᠢ ᠨᠡᠶᠢᠲᠡ ᠭᠤᠷᠪᠠᠨ ᠬᠡᠰᠡᠭ ᠢᠶᠠᠷ ᠪᠦᠷᠢᠯᠳᠦᠵᠡᠢ᠃ ᠲᠣᠰ ᠠᠷᠭ᠎ᠠ  ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠳᠠᠭᠠᠳᠬᠠᠯ ᠳᠤ ᠣᠷᠣᠯᠴᠠᠭᠰᠠᠨ ᠡᠯ᠎ᠡ ᠨᠢᠭᠡᠴᠢ᠂ ᠳᠠᠭᠠᠳᠬᠠᠯ ᠳᠤ ᠣᠷᠣᠯᠴᠠᠭᠰᠠᠨ ᠬᠥᠮᠥᠰ ᠲᠤ ᠬᠡᠷᠡᠭᠵᠢᠭᠦᠯᠬᠦ ᠳᠤ ᠲᠣᠬᠢᠷᠠᠨ᠎ᠠ᠃           ︵ᠬᠤᠶᠠᠷ︶ ᠡᠮᠨᠡᠯᠭᠡ ᠳᠤ ᠰᠠᠭᠤᠬᠤ᠃ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠬᠥᠩᠭᠡᠵᠢᠬᠦ᠂ ᠣᠷᠤᠭ ᠤᠨᠠᠭᠠᠬᠤ᠂ ᠦᠷᠡᠵᠢᠯ ᠢ  ᠬᠢᠵᠠᠭᠠᠷᠯᠠᠬᠤ ᠪᠤᠶᠤ ᠦᠷᠡᠵᠢᠯ ᠢ ᠲᠠᠰᠤᠯᠬᠤ ᠮᠡᠰᠡ ᠵᠠᠰᠠᠯ ᠠᠴᠠ ᠡᠭᠦᠰᠦᠭᠰᠡᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠳᠤ ᠬᠠᠷᠠᠭᠠᠯᠵᠠᠯ ᠤᠨ ᠬᠤᠪᠢ ᠬᠥᠮᠥᠨ ᠤ ᠡᠭᠦᠷᠭᠡᠯᠡᠬᠦ ᠵᠠᠷᠤᠳᠠᠯ ᠤᠨ  ᠬᠢᠵᠠᠭᠠᠷ ᠲᠣᠬᠢᠷᠠᠭᠤᠯᠬᠤ ᠦᠭᠡᠢ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠠᠴᠠ ᠪᠣᠳᠠᠲᠤ ᠪᠠᠷᠢᠮᠲᠠ ᠶᠢ ᠦᠨᠳᠦᠰᠦᠯᠡᠨ ᠲᠥᠯᠥᠨ᠎ᠡ᠃            ︵ᠭᠤᠷᠪᠠ︶ ᠡᠭᠦᠳᠡᠨ ᠡᠮᠨᠡᠯᠭᠡ ᠳᠤ ᠡᠮᠨᠡᠭᠦᠯᠬᠦ᠃ ᠨᠢᠭᠡ ᠳᠤ᠂ ᠡᠮᠡᠭᠲᠡᠢ ᠠᠵᠢᠯᠲᠠᠨ ᠠᠵᠢᠯᠴᠢᠨ ᠤ ᠵᠢᠷᠮᠦᠰᠦᠯᠡᠭᠰᠡᠨ ᠬᠤᠭᠤᠴᠠᠭ᠎ᠠ᠂ ᠬᠥᠩᠭᠡᠵᠢᠬᠦ ᠬᠤᠭᠤᠴᠠᠭ᠎ᠠ᠂ ᠨᠢᠷᠠᠶᠢᠯᠠᠬᠤ ᠬᠤᠭᠤᠴᠠᠭᠠᠨ ᠳᠤ ᠡᠭᠦᠰᠦᠭᠰᠡᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠭᠦᠳᠡᠨ ᠡᠮᠨᠡᠯᠭᠡ ᠳᠤ ᠬᠢᠯᠭᠡᠭᠰᠡᠨ ᠬᠥᠩᠭᠡᠵᠢᠬᠦ ᠠᠴᠠ ᠡᠮᠦᠨᠡᠬᠢ ᠪᠠᠶᠢᠴᠠᠭᠠᠯᠲᠠ ᠶᠢᠨ ᠵᠠᠷᠤᠳᠠᠯ ᠳᠤ ᠬᠠᠷᠠᠭᠠᠯᠵᠠᠯ ᠤᠨ ᠬᠤᠪᠢ ᠬᠥᠮᠥᠨ ᠤ ᠡᠭᠦᠷᠭᠡᠯᠡᠬᠦ ᠵᠠᠷᠤᠳᠠᠯ ᠤᠨ ᠬᠢᠵᠠᠭᠠᠷ ᠪᠠ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠠᠴᠠ ᠲᠥᠯᠥᠬᠦ ᠳᠡᠭᠡᠳᠦ ᠬᠢᠵᠠᠭᠠᠷ ᠲᠣᠬᠢᠷᠠᠭᠤᠯᠬᠤ ᠦᠭᠡᠢ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠠᠴᠠ ᠪᠣᠳᠠᠲᠤ ᠪᠠᠷᠢᠮᠲᠠ ᠶᠢ ᠦᠨᠳᠦᠰᠦᠯᠡᠨ ᠲᠥᠯᠥᠨ᠎ᠡ᠃ ᠬᠤᠶᠠᠷ ᠲᠤ᠂ ᠡᠭᠦᠳᠡᠨ ᠡᠮᠨᠡᠯᠭᠡ ᠳᠤ ᠣᠷᠤᠭ ᠤᠨᠠᠭᠠᠭᠰᠠᠨ ᠪᠤᠶᠤ ᠦᠷᠡᠵᠢᠯ ᠢ ᠬᠢᠵᠠᠭᠠᠷᠯᠠᠬᠤ ᠮᠡᠰᠡ ᠵᠠᠰᠠᠯ ᠬᠢᠯᠭᠡᠭᠰᠡᠨ ᠪᠠᠶᠢᠪᠠᠯ᠂ ᠬᠠᠷᠠᠭᠠᠯᠵᠠᠯ ᠤᠨ ᠬᠤᠪᠢ ᠬᠥᠮᠥᠨ ᠤ ᠡᠭᠦᠷᠭᠡᠯᠡᠬᠦ ᠵᠠᠷᠤᠳᠠᠯ ᠤᠨ ᠬᠢᠵᠠᠭᠠᠷ  ᠲᠣᠬᠢᠷᠠᠭᠤᠯᠬᠤ ᠦᠭᠡᠢ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠮᠴᠢᠯᠡᠭᠡᠨ ᠤ ᠵᠠᠷᠤᠳᠠᠯ ᠢ ᠲᠥᠯᠥᠬᠦ ᠳᠡᠭᠡᠳᠦ ᠬᠢᠵᠠᠭᠠᠷ ᠨᠢ 2000 ᠲᠥᠭᠦᠷᠢᠭ ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠬᠡᠲᠦᠷᠡᠭᠰᠡᠨ ᠬᠡᠰᠡᠭ ᠢ ᠲᠥᠯᠥᠵᠦ ᠥᠭᠬᠦ  ᠦᠭᠡᠢ᠂ ᠬᠢᠵᠠᠭᠠᠷᠯᠠᠭᠰᠠᠨ ᠲᠤᠭ᠎ᠠ ᠶᠢᠨ ᠳᠣᠲᠣᠷ᠎ᠠ ᠪᠣᠳᠠᠲᠠᠢ ᠪᠠᠷᠢᠮᠲᠠ ᠶᠢ ᠦᠨᠳᠦᠰᠦᠯᠡᠨ ᠲᠥᠯᠥᠨ᠎ᠡ᠃ ᠭᠤᠷᠪᠠ ᠳᠤ᠂ ᠡᠭᠦᠳᠡᠨ ᠡᠮᠨᠡᠯᠭᠡ ᠳᠤ ᠦᠷᠡᠵᠢᠯ ᠢ ᠲᠠᠰᠤᠯᠬᠤ  ᠮᠡᠰᠡ ᠵᠠᠰᠠᠯ ᠬᠢᠯᠭᠡᠭᠰᠡᠨ ᠪᠠᠶᠢᠪᠠᠯ᠂ ᠬᠠᠷᠠᠭᠠᠯᠵᠠᠯ ᠤᠨ ᠬᠤᠪᠢ ᠬᠥᠮᠥᠨ ᠤ ᠡᠭᠦᠷᠭᠡᠯᠡᠬᠦ ᠵᠠᠷᠤᠳᠠᠯ ᠤᠨ ᠬᠢᠵᠠᠭᠠᠷ ᠲᠣᠬᠢᠷᠠᠭᠤᠯᠬᠤ ᠦᠭᠡᠢ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠮᠴᠢᠯᠡᠭᠡᠨ ᠤ ᠵᠠᠷᠤᠳᠠᠯ ᠢ ᠲᠥᠯᠥᠬᠦ ᠳᠡᠭᠡᠳᠦ ᠬᠢᠵᠠᠭᠠᠷ ᠨᠢ 2500 ᠲᠥᠭᠦᠷᠢᠭ ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠬᠡᠲᠦᠷᠡᠭᠰᠡᠨ ᠬᠡᠰᠡᠭ ᠢ ᠲᠥᠯᠥᠵᠦ ᠥᠭᠬᠦ ᠦᠭᠡᠢ᠂ ᠬᠢᠵᠠᠭᠠᠷᠯᠠᠭᠰᠠᠨ ᠲᠤᠭ᠎ᠠ ᠶᠢᠨ ᠳᠣᠲᠣᠷ᠎ᠠ ᠪᠣᠳᠠᠲᠠᠢ ᠪᠠᠷᠢᠮᠲᠠ  ᠦᠨᠳᠦᠰᠦᠯᠡᠨ ᠲᠥᠯᠥᠨ᠎ᠡ᠃             ︵ᠳᠥᠷᠪᠡ︶ ᠦᠷᠡᠵᠢᠯ ᠤᠨ ᠨᠡᠮᠡᠯᠭᠡ ᠶᠢᠨ ᠪᠠᠷᠢᠮᠵᠢᠶ᠎ᠠ᠃ ᠨᠢᠭᠡ ᠳᠤ᠂ ᠡᠳ᠋ ᠤᠨ ᠵᠠᠰᠠᠭ ᠤᠨ ᠬᠠᠩᠭᠠᠯᠲᠠ ᠳᠤ ᠡᠰᠡ ᠬᠠᠮᠤᠷᠤᠭᠳᠠᠬᠤ ᠨᠢᠭᠡᠴᠢ ᠶᠢᠨ ᠳᠠᠭᠠᠳᠬᠠᠯ ᠳᠤ ᠣᠷᠣᠯᠴᠠᠭᠰᠠᠨ ᠡᠮᠡᠭᠲᠡᠢ ᠠᠵᠢᠯᠲᠠᠨ ᠠᠵᠢᠯᠴᠢᠨ ᠤ ᠦᠷᠡᠵᠢᠯ ᠤᠨ ᠨᠡᠮᠡᠯᠭᠡ ᠶᠢ ᠬᠥᠮᠥᠨ ᠬᠡᠷᠡᠭᠯᠡᠬᠦ ᠨᠢᠭᠡᠴᠢ ᠶᠢᠨ ᠳᠡᠭᠡᠷ᠎ᠡ ᠵᠢᠯ ᠤᠨ ᠠᠵᠢᠯ ᠤᠨ  ᠪᠠᠶᠢᠷᠢᠨ ᠳᠤ ᠪᠠᠨ ᠪᠠᠶᠢᠭ᠎ᠠ ᠠᠵᠢᠯᠲᠠᠨ ᠠᠵᠢᠯᠴᠢᠨ ᠤ ᠰᠦᠢᠳᠬᠡᠯ ᠲᠤᠰᠢᠶᠠᠭᠰᠠᠨ ᠰᠠᠷ᠎ᠠ ᠶᠢᠨ ᠳᠤᠮᠳᠠᠴᠢ ᠰᠠᠭᠤᠷᠢ ᠲᠤᠭ᠎ᠠ ᠪᠠᠷ ᠪᠤᠳᠤᠵᠤ ᠣᠯᠭᠤᠬᠤ ᠪᠠᠷᠢᠮᠵᠢᠶ᠎ᠠ ᠪᠣᠯᠭᠠᠨ᠎ᠠ᠃ ᠡᠷᠡᠭᠲᠡᠢ ᠠᠵᠢᠯᠲᠠᠨ ᠠᠵᠢᠯᠴᠢᠨ ᠤ ᠰᠤᠪᠢᠯᠠᠯᠲᠠ ᠶᠢᠨ ᠴᠢᠯᠦᠭᠡᠨ ᠤ ᠨᠡᠮᠡᠯᠭᠡ ᠶᠢ ᠠᠳᠠᠯᠢᠬᠠᠨ ᠰᠠᠭᠤᠷᠢ ᠲᠣᠭᠠᠨ ᠤ ᠪᠠᠷᠢᠮᠵᠢᠶ᠎ᠠ ᠪᠠᠷ ᠬᠡᠷᠡᠭᠵᠢᠭᠦᠯᠦᠨ᠎ᠡ᠃  ᠬᠤᠶᠠᠷ ᠲᠤ᠂ ᠲᠤᠬᠠᠢ ᠶᠢᠨ ᠵᠢᠯ ᠳᠤ ᠰᠢᠨ᠎ᠡ ᠪᠠᠷ ᠳᠠᠭᠠᠳᠬᠠᠯ ᠳᠤ ᠣᠷᠣᠯᠴᠠᠭᠰᠠᠨ ᠡᠳ᠋ ᠤᠨ ᠵᠠᠰᠠᠭ ᠤᠨ ᠬᠠᠩᠭᠠᠯᠲᠠ ᠳᠤ ᠡᠰᠡ ᠬᠠᠮᠤᠷᠤᠭᠳᠠᠬᠤ ᠨᠢᠭᠡᠴᠢ ᠶᠢᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠦᠷᠡᠵᠢᠯ ᠤᠨ ᠨᠡᠮᠡᠯᠭᠡ ᠶᠢ ᠠᠵᠢᠯᠲᠠᠨ ᠠᠵᠢᠯᠴᠢᠨ ᠤ ᠬᠥᠩᠭᠡᠵᠢᠭᠰᠡᠨ ᠲᠣᠰ ᠰᠠᠷ᠎ᠠ ᠳᠠᠬᠢ ᠪᠠᠶᠢᠭᠤᠯᠭ᠎ᠠ  ᠨᠢᠭᠡᠴᠢ ᠶᠢᠨ ᠠᠵᠢᠯ ᠤᠨ ᠪᠠᠶᠢᠷᠢᠨ ᠳᠤ ᠪᠠᠨ ᠪᠠᠶᠢᠭ᠎ᠠ ᠠᠵᠢᠯᠲᠠᠨ ᠠᠵᠢᠯᠴᠢᠨ ᠤ ᠰᠦᠢᠳᠬᠡᠯ ᠲᠤᠰᠢᠶᠠᠭᠰᠠᠨ ᠳᠤᠮᠳᠠᠴᠢ ᠰᠠᠭᠤᠷᠢ ᠲᠤᠭ᠎ᠠ ᠪᠠᠷ ᠦᠷᠡᠵᠢᠯ ᠤᠨ ᠨᠡᠮᠡᠯᠭᠡ ᠶᠢ ᠪᠤᠳᠤᠵᠤ ᠣᠯᠭᠤᠬᠤ ᠪᠠᠷᠢᠮᠵᠢᠶ᠎ᠠ ᠪᠣᠯᠭᠠᠨ᠎ᠠ᠃      
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ