ᠤᠷᠳᠤᠰ ᠤᠨ ᠤᠶᠤᠨᠴᠢ ᠪᠡᠶ᠎ᠡ ᠶᠢᠨ ᠲᠠᠮᠢᠷ ᠤᠨ ᠴᠡᠴᠡᠷᠯᠢᠭ ᠠᠰᠢᠭᠯᠠᠯᠳᠠ ᠳᠤ ᠤᠷᠤᠯ᠎ᠠ
ᠨᠡᠶᠢᠲᠡᠯᠡᠭᠰᠡᠨ ᠴᠠᠭ᠄
2023/8/14
1.jpg
         ᠤᠷᠳᠤᠰ ᠤᠨ ᠤᠶᠤᠨᠴᠢ ᠪᠡᠶ᠎ᠡ ᠶᠢᠨ ᠲᠠᠮᠢᠷ ᠤᠨ ᠴᠡᠴᠡᠷᠯᠢᠭ ᠨᠢ ᠤᠷᠳᠤᠰ ᠤᠨ ᠤᠯᠠᠨ ᠤᠯᠤᠰ ᠤᠨ ᠬᠤᠷᠠᠯ ᠦᠵᠡᠭᠦᠯᠭᠡ ᠶᠢᠨ ᠲᠥᠪ ᠤᠨ ᠡᠮᠦᠨ᠎ᠡ ᠲᠠᠯ᠎ᠠ ᠳᠤ ᠪᠠᠶᠢᠷᠢᠯᠠᠵᠤ᠂ ᠤᠷᠳᠤᠰ ᠬᠤᠲᠠ ᠶᠢᠨ ᠠᠩᠬᠠᠳᠠᠭᠴᠢ ᠤᠶᠤᠨᠴᠢ + ᠪᠡᠶ᠎ᠡ ᠶᠢᠨ ᠲᠠᠮᠢᠷ ᠤᠨ  ᠶᠡᠷᠦᠩᠬᠡᠶᠢᠯᠡᠭᠰᠡᠨ ᠰᠢᠨᠵᠢᠳᠠᠢ ᠴᠡᠴᠡᠷᠯᠢᠭ ᠪᠣᠯᠣᠨ᠎ᠠ᠃ ᠴᠡᠴᠡᠷᠯᠢᠭ ᠤᠨ ᠶᠡᠷᠦᠩᠬᠡᠢ ᠲᠠᠯᠠᠪᠠᠶ ᠨᠢ ᠪᠠᠷᠤᠭ 19.7  ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠪᠡᠶ᠎ᠡ ᠴᠢᠬᠢᠷᠬᠠᠵᠢᠭᠤᠯᠬᠤ ᠂ ᠰᠡᠯᠡᠬᠦᠴᠡᠬᠦ᠂  ᠵᠤᠭ᠎ᠠ ᠴᠡᠩᠭᠡᠯ ᠵᠡᠷᠭᠡ ᠣᠯᠠᠨ ᠵᠦᠢᠯ ᠤᠨ ᠴᠢᠳᠠᠮᠵᠢ ᠶᠢ ᠪᠠᠭᠲᠠᠭᠠᠭᠰᠠᠨ ᠪᠠᠶᠢᠨ᠎ᠠ᠃        ᠴᠡᠴᠡᠷᠯᠢᠭ ᠨᠢ ᠵᠠᠯᠠᠭᠤᠴᠤᠳ ᠤᠨ ᠬᠥᠳᠡᠯᠭᠡᠭᠡᠨ ᠤ ᠲᠣᠭᠤᠷᠢᠭ᠂ ᠶᠡᠷᠦᠩᠭᠡᠶᠢᠯᠡᠭᠰᠡᠨ ᠬᠥᠳᠡᠯᠭᠡᠭᠡᠨ ᠤ ᠲᠣᠭᠤᠷᠢᠭ ᠵᠡᠷᠭᠡ ᠲᠠᠪᠤᠨ ᠶᠡᠭᠡ ᠲᠣᠭᠤᠷᠢᠭ ᠬᠤᠪᠢᠶᠠᠵᠤ᠂ ᠲᠣᠣᠷ ᠪᠥᠮᠪᠦᠭᠡ ᠶᠢᠨ ᠲᠠᠯᠠᠪᠤᠷ᠂ ᠰᠠᠭᠰᠤᠨ ᠪᠥᠮᠪᠦᠭᠡ ᠶᠢᠨ ᠲᠠᠯᠠᠪᠤᠷ᠂ ᠥᠳᠦᠨ ᠪᠥᠮᠪᠦᠭᠡ ᠶᠢᠨ ᠲᠠᠯᠠᠪᠤᠷ ᠵᠡᠷᠭᠡ ᠡᠯ᠎ᠡ ᠳᠦᠷᠦᠯ ᠤᠨ ᠪᠡᠶ᠎ᠡ ᠶᠢᠨ ᠲᠠᠮᠢᠷ ᠤᠨ ᠲᠠᠯᠠᠪᠤᠷ ᠪᠠᠶᠢᠵᠤ᠂ 12 ᠵᠦᠢᠯ ᠤᠨ ᠪᠠᠶ᠎ᠡ ᠶᠢᠨ ᠲᠠᠮᠢᠷ ᠤᠨ ᠬᠥᠳᠡᠯᠭᠡᠭᠡᠨ ᠢ ᠬᠠᠮᠲᠤ ᠳᠤᠨᠢ ᠥᠷᠨᠢᠭᠦᠯᠵᠦ ᠳᠡᠶᠢᠯᠬᠦ ᠮᠥᠷᠳᠡᠭᠡᠨ 800 ᠬᠥᠮᠥᠨ ᠪᠡᠶ᠎ᠡ ᠴᠢᠬᠢᠷᠠᠭᠵᠢᠭᠤᠯᠵᠤ ᠂ 1800 ᠬᠥᠮᠥᠨ ᠰᠡᠯᠡᠭᠦᠴᠡᠨ ᠵᠤᠭᠠᠴᠠᠵᠤ ᠪᠣᠯᠣᠨ᠎ᠠ᠃        ᠴᠡᠴᠡᠷᠯᠢᠭ ᠲᠤ 1320 ᠮᠧᠲᠷ ᠤᠨ ᠤᠶᠤᠨᠴᠢ ᠭᠦᠶᠦᠯᠲᠡ ᠶᠢᠨ ᠵᠠᠮ ᠲᠣᠬᠢᠷᠠᠭᠤᠯᠵᠤ᠂ ᠭᠦᠶᠦᠯᠲᠡ ᠶᠢᠨ ᠵᠠᠮ ᠳᠤ ᠣᠶᠣᠨᠴᠢ ᠦᠢᠯᠡᠳᠦᠯᠴᠡᠬᠦ ᠴᠢᠳᠠᠮᠵᠢ  ᠶᠢ ᠨᠠᠮᠡᠵᠦ᠂ ᠭᠦᠶᠦᠬᠦ ᠶᠠᠪᠤᠴᠠ ᠳᠤ ᠲᠤᠭ᠎ᠠ ᠪᠠᠷᠢᠮᠲᠠ ᠴᠤᠭᠯᠠᠭᠤᠯᠵᠤ ᠲᠠᠶᠢᠯᠤᠨ᠎ᠠ᠃
7.jpg
 
11.jpg
18.jpg
 
ᠢᠷᠡᠯᠲᠡ᠄ ᠤᠷᠲᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ