︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠠᠤᠯᠢ︾
ᠨᠡᠶᠢᠲᠡᠯᠡᠭᠰᠡᠨ ᠴᠠᠭ᠄
2023/8/17
ᠳᠥᠷᠪᠡᠳᠦᠭᠡᠷ ᠪᠦᠯᠦᠭ   ᠰᠠᠭᠠᠳ ᠦᠭᠡᠢ ᠨᠡᠶᠢᠭᠡᠮ ᠤᠨ ᠦᠢᠯᠡᠴᠢᠯᠡᠭᠡ            ᠭᠤᠴᠢ ᠶᠢᠰᠦᠳᠦᠭᠡᠷ ᠵᠦᠢᠯ᠄ ᠣᠯᠠᠨ ᠨᠡᠶᠢᠲᠡ ᠶᠢᠨ ᠦᠢᠯᠡᠴᠢᠯᠡᠭᠡᠨ ᠤ ᠲᠠᠯᠠᠪᠤᠷ ᠲᠤ ᠴᠢᠬᠤᠯᠠ ᠪᠦᠬᠦᠢ ᠰᠠᠭᠠᠳ ᠦᠭᠡᠢ ᠲᠥᠬᠦᠭᠡᠷᠦᠮᠵᠢ ᠪᠠ ᠲᠤᠰᠠᠯᠠᠬᠤ ᠪᠠᠭᠠᠵᠢ ᠢ ᠲᠣᠬᠢᠷᠠᠭᠤᠯᠵᠤ᠂ ᠰᠠᠭᠠᠳ ᠦᠭᠡᠢ ᠲᠥᠬᠦᠭᠡᠷᠦᠮᠵᠢ ᠶᠢ ᠵᠢᠭᠠᠨ ᠵᠢᠯᠤᠭᠤᠳᠴᠤ᠂ ᠵᠡᠮᠳᠡᠭᠴᠦᠳ᠂ ᠨᠠᠰᠤᠲᠠᠶᠢᠴᠤᠳ ᠲᠤ ᠰᠠᠭᠠᠳ ᠦᠭᠡᠢ ᠦᠢᠯᠡᠴᠢᠯᠡᠭᠡ ᠬᠠᠩᠭᠠᠬᠤ ᠬᠡᠷᠡᠭᠲᠡᠢ᠃          ᠣᠯᠠᠨ ᠨᠡᠶᠢᠲᠡ ᠶᠢᠨ ᠦᠢᠯᠡᠴᠢᠯᠡᠭᠡᠨ ᠤ ᠲᠠᠯᠠᠪᠤᠷ ᠨᠢ ᠡᠮᠴᠢᠯᠡᠭᠡ ᠡᠷᠡᠭᠦᠯ ᠮᠡᠨᠳᠦ᠂ ᠨᠡᠶᠢᠭᠡᠮ ᠤᠨ ᠪᠠᠲᠤᠯᠠᠭ᠎ᠠ᠂ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ᠂ ᠠᠮᠢᠳᠤᠷᠠᠯ ᠤᠨ ᠰᠦᠢᠳᠬᠡᠯ ᠲᠤᠰᠢᠶᠠᠬᠤ ᠵᠡᠷᠭᠡ ᠦᠢᠯᠡᠴᠢᠯᠡᠭᠡᠨ ᠤ ᠵᠦᠢᠯᠡᠰ  ᠲᠠᠢ ᠬᠤᠯᠪᠣᠭᠳᠠᠪᠠᠯ ᠲᠤᠬᠠᠢ ᠶᠢᠨ ᠲᠠᠯᠠᠪᠤᠷ ᠲᠤ ᠨᠢ ᠵᠢᠯᠤᠭᠤᠳᠬᠤ᠂ ᠬᠥᠮᠥᠨ ᠭᠦᠢᠴᠡᠳᠬᠡᠬᠦ ᠵᠡᠷᠭᠡ ᠤᠯᠠᠮᠵᠢᠯᠠᠯᠲᠤ ᠦᠢᠯᠡᠴᠢᠯᠡᠭᠡᠨ ᠤ ᠠᠷᠭ᠎ᠠ ᠶᠢ ᠦᠯᠡᠳᠡᠭᠡᠬᠦ ᠬᠡᠷᠡᠭᠲᠡᠢ᠃           ᠳᠥᠴᠢᠳᠦᠭᠡᠷ ᠵᠦᠢᠯ᠄ ᠵᠠᠰᠠᠭ ᠵᠠᠬᠢᠷᠭᠠᠨ ᠤ ᠦᠢᠯᠡᠴᠢᠯᠡᠭᠡᠨ ᠤ ᠪᠠᠶᠢᠭᠤᠯᠤᠮᠵᠢ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠪᠠᠶᠢᠭᠤᠯᠤᠮᠵᠢ ᠪᠣᠯᠣᠨ ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠢ ᠬᠠᠩᠭᠠᠬᠤ᠂ ᠢᠯᠴᠢ ᠬᠠᠩᠭᠠᠬᠤ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠳᠣᠣᠷ᠎ᠠ ᠪᠠᠶᠢᠷᠢ ᠶᠢᠨ ᠦᠢᠯᠡᠴᠢᠯᠡᠭᠡᠨ ᠤ ᠲᠠᠪᠴᠠᠩ ᠪᠤᠶᠤ ᠰᠠᠭᠠᠳ ᠦᠭᠡᠢ ᠦᠢᠯᠡᠴᠢᠯᠡᠭᠡᠨ ᠤ ᠴᠣᠩᠬᠤᠪᠴᠢ ᠲᠣᠬᠢᠷᠠᠭᠤᠯᠵᠤ᠂ ᠡᠯᠧᠺᠲᠷᠣᠨ ᠮᠡᠳᠡᠭᠡ ᠵᠠᠩᠭᠢ ᠶᠢᠨ ᠳᠡᠯᠭᠡᠴᠡ᠂ ᠪᠢᠴᠢᠮᠡᠯ ᠬᠠᠪᠲᠠᠰᠤ᠂ ᠠᠪᠢᠶᠠᠨ ᠤ ᠰᠠᠨᠠᠭᠤᠯᠤᠮᠵᠢ ᠵᠡᠷᠭᠡ ᠲᠥᠬᠦᠭᠡᠷᠦᠮᠵᠢ ᠲᠣᠬᠢᠷᠠᠭᠤᠯᠤᠨ᠂ ᠵᠡᠮᠳᠡᠭᠴᠦᠳ᠂ ᠨᠠᠰᠤᠲᠠᠶᠢᠴᠤᠳ ᠲᠤ ᠰᠠᠭᠠᠳ ᠦᠭᠡᠢ ᠦᠢᠯᠡᠴᠢᠯᠡᠭᠡ ᠬᠠᠩᠭᠠᠬᠤ ᠬᠡᠷᠡᠭᠲᠡᠢ᠃           ᠳᠥᠴᠢᠨ ᠨᠢᠭᠡᠳᠦᠭᠡᠷ ᠵᠦᠢᠯ᠄ ᠬᠠᠤᠯᠢ ᠪᠠᠷᠢᠬᠤ ᠪᠠᠶᠢᠭᠤᠯᠭ᠎ᠠ᠂ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ᠂        ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠤᠭᠤᠳ ᠵᠡᠮᠳᠡᠭᠴᠦᠳ᠂ ᠨᠠᠰᠤᠲᠠᠶᠢᠴᠤᠳ ᠤᠨ ᠵᠠᠷᠭᠤᠯᠳᠤᠬᠤ᠂ ᠬᠥᠨᠳᠡᠯᠡᠨ ᠠᠴᠠ  ᠲᠠᠰᠤᠯᠤᠭᠤᠯᠬᠤ ᠠᠵᠢᠯᠯᠠᠭ᠎ᠠ ᠳᠤ ᠣᠷᠣᠯᠴᠠᠬᠤ ᠪᠠ ᠬᠠᠤᠯᠢ ᠴᠠᠭᠠᠵᠠ ᠶᠢᠨ ᠲᠤᠰᠠᠯᠠᠮᠵᠢ ᠣᠯᠬᠤ ᠳᠤ ᠬᠠᠤᠯᠢ ᠶᠣᠰᠣᠭᠠᠷ ᠰᠠᠭᠠᠳ ᠦᠭᠡᠢ ᠦᠢᠯᠡᠴᠢᠯᠡᠭᠡ ᠬᠠᠩᠭᠠᠬᠤ ᠬᠡᠷᠡᠭᠲᠡᠢ᠃    ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠠᠯᠪᠠᠨ ᠭᠡᠷᠡᠴᠢᠯᠡᠭᠡ ᠶᠢᠨ ᠪᠠᠶᠢᠭᠤᠯᠤᠮᠵᠢ᠂ ᠬᠠᠤᠯᠢ ᠴᠠᠭᠠᠵᠠ ᠶᠢᠨ ᠰᠢᠯᠭᠠᠨ ᠲᠣᠭᠲᠠᠭᠠᠯᠲᠠ ᠶᠢᠨ ᠪᠠᠶᠢᠭᠤᠯᠤᠮᠵᠢ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠵᠡᠷᠭᠡ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠩᠭᠠᠭᠰᠠᠨ ᠦᠢᠯᠡᠴᠢᠯᠡᠭᠡᠨ ᠤ ᠠᠭᠤᠯᠭ᠎ᠠ ᠲᠠᠢ ᠪᠠᠨ ᠤᠶᠠᠯᠳᠤᠭᠤᠯᠤᠨ ᠰᠠᠭᠠᠳ ᠦᠭᠡᠢ ᠦᠢᠯᠡᠴᠢᠯᠡᠭᠡ ᠬᠠᠩᠭᠠᠬᠤ ᠶᠢ ᠤᠯᠤᠰ ᠠᠴᠠ  ᠵᠣᠷᠢᠭᠵᠢᠭᠤᠯᠤᠨ᠎ᠠ᠃           ᠳᠥᠴᠢᠨ ᠬᠤᠶᠠᠳᠤᠭᠠᠷ ᠵᠦᠢᠯ᠄ ᠵᠠᠮ ᠬᠠᠷᠢᠯᠴᠠᠭᠠᠨ ᠤ ᠲᠡᠭᠡᠭᠡᠪᠦᠷᠢ ᠶᠢᠨ ᠲᠥᠬᠦᠭᠡᠷᠦᠮᠵᠢ ᠪᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠪᠠᠭᠠᠵᠢ ᠶᠢᠨ ᠡᠵᠡᠩᠨᠡᠯᠲᠡ ᠶᠢᠨ ᠨᠢᠭᠡᠴᠢ ᠡᠯ᠎ᠡ ᠲᠥᠷᠥᠯ ᠤᠨ ᠲᠡᠭᠡᠭᠡᠪᠦᠷᠢ ᠶᠢᠨ ᠠᠷᠭ᠎ᠠ  ᠶᠢᠨ ᠦᠢᠯᠡᠴᠢᠯᠡᠭᠡᠨ ᠤ ᠣᠨᠴᠠᠯᠢᠭ ᠢ ᠦᠨᠳᠦᠰᠦᠯᠡᠵᠦ᠂ ᠲᠥᠬᠦᠭᠡᠷᠦᠮᠵᠢ ᠶᠢᠨ ᠨᠥᠬᠦᠴᠡᠯ ᠪᠠ ᠬᠠᠩᠭᠠᠭᠰᠠᠨ ᠦᠢᠯᠡᠴᠢᠯᠡᠭᠡᠨ ᠤ ᠠᠭᠤᠯᠭ᠎ᠠ ᠲᠠᠢ ᠪᠠᠨ ᠤᠶᠠᠯᠳᠤᠭᠤᠯᠤᠨ᠂ ᠵᠡᠮᠳᠡᠭᠴᠦᠳ᠂ ᠨᠠᠰᠤᠲᠠᠶᠢᠴᠤᠳ ᠲᠤ ᠰᠠᠭᠠᠳ ᠦᠭᠡᠢ ᠦᠢᠯᠡᠴᠢᠯᠡᠭᠡᠨ ᠤ  ᠴᠣᠩᠬᠤᠪᠴᠢ᠂ ᠲᠤᠰᠬᠠᠢ ᠬᠦᠯᠢᠶᠡᠬᠦ ᠣᠷᠣᠨ᠂ ᠰᠠᠭᠠᠳ ᠦᠭᠡᠢ ᠨᠡᠪᠲᠡᠷᠡᠬᠦ ᠵᠠᠮ ᠪᠠ ᠤᠷᠢᠳ ᠢᠶᠠᠷ ᠰᠠᠭᠤᠬᠤ ᠰᠠᠭᠤᠳᠠᠯ ᠲᠣᠬᠢᠷᠠᠭᠤᠯᠵᠤ᠂ ᠲᠤᠰᠠᠯᠠᠬᠤ ᠪᠠᠭᠠᠵᠢ᠂ ᠯᠠᠪᠯᠠᠭ᠎ᠠ ᠥᠭᠴᠦ ᠬᠥᠲᠥᠯᠥᠨ ᠵᠢᠯᠤᠭᠤᠳᠬᠤ᠂ ᠳᠡᠯᠭᠡᠴᠡ ᠶᠢᠨ ᠥᠰᠥᠭ ᠤᠨ ᠥᠷᠲᠡᠭᠡ ᠳᠤ ᠮᠡᠳᠡᠭᠦᠯᠬᠦ᠂ ᠠᠪᠢᠶ᠎ᠠ ᠪᠠᠷ ᠰᠠᠨᠠᠭᠤᠯᠬᠤ᠂ ᠪᠣᠯᠵᠣᠵᠤ ᠵᠠᠬᠢᠶᠠᠯᠠᠨ ᠦᠢᠯᠡᠳᠬᠦ ᠵᠡᠷᠭᠡ ᠰᠠᠭᠠᠳ ᠦᠭᠡᠢ ᠦᠢᠯᠡᠴᠢᠯᠡᠭᠡᠨ ᠢ ᠬᠠᠩᠭᠠᠨ᠎ᠠ᠃           ᠳᠥᠴᠢᠨ ᠭᠤᠷᠪᠠᠳᠤᠭᠠᠷ ᠵᠦᠢᠯ᠄ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠰᠤᠷᠭᠠᠨ ᠬᠥᠮᠦᠵᠢᠯ ᠤᠨ ᠪᠠᠶᠢᠭᠤᠯᠤᠮᠵᠢ ᠨᠤᠭᠤᠳ ᠰᠤᠷᠭᠠᠨ ᠬᠥᠮᠦᠵᠢᠯ ᠤᠨ ᠲᠠᠯᠠᠪᠤᠷ ᠲᠤ ᠰᠠᠭᠠᠳ ᠦᠭᠡᠢ ᠣᠷᠴᠢᠨ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠡᠮᠳᠡᠭ ᠪᠠᠭᠰᠢ ᠰᠤᠷᠤᠭᠴᠢ᠂ ᠠᠵᠢᠯᠲᠠᠨ ᠠᠵᠢᠯᠴᠢᠨ ᠳᠤ ᠰᠠᠭᠠᠳ ᠦᠭᠡᠢ ᠦᠢᠯᠡᠴᠢᠯᠡᠭᠡ ᠬᠠᠩᠭᠠᠬᠤ ᠬᠡᠷᠡᠭᠲᠡᠢ᠃           ᠤᠯᠤᠰ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠰᠢᠯᠭᠠᠯᠲᠠ᠂ ᠠᠵᠢᠯ ᠮᠡᠷᠭᠡᠵᠢᠯ ᠤᠨ ᠬᠢᠷᠢ ᠬᠡ᠊ ᠤᠨ ᠰᠢᠯᠭᠠᠯᠲᠠ᠂ ᠮᠡᠷᠭᠡᠵᠢᠯ ᠤᠷ᠎ᠠ ᠴᠢᠳᠠᠪᠤᠷᠢ ᠶᠢᠨ ᠰᠢᠯᠭᠠᠯᠲᠠ᠂ ᠡᠯᠰᠡᠵᠦ ᠤᠷᠢᠬᠤ ᠰᠢᠯᠭᠠᠯᠲᠠ ᠪᠠ ᠡᠯ᠎ᠡ ᠲᠦᠷᠦᠯ ᠤᠨ ᠰᠤᠷᠭᠠᠭᠤᠯᠢ ᠶᠢᠨ ᠵᠣᠬᠢᠶᠠᠨ ᠪᠠᠶᠢᠭᠤᠯᠤᠭᠰᠠᠨ ᠨᠢᠭᠡᠳᠦᠯᠲᠡᠢ ᠰᠢᠯᠭᠠᠯᠲᠠ ᠳᠤ ᠵᠡᠮᠳᠡᠭ ᠰᠢᠯᠭᠠᠭᠤᠯᠤᠭᠴᠢ ᠳᠤ ᠲᠦᠬᠦᠮ ᠦᠵᠡᠭᠦᠯᠬᠦ ᠦᠢᠯᠡᠴᠢᠯᠡᠭᠡ ᠬᠠᠩᠭᠠᠬᠤ ᠬᠡᠷᠡᠭᠲᠡᠢ᠃         ᠳᠥᠴᠢᠨ ᠳᠥᠷᠪᠡᠳᠦᠭᠡᠷ ᠵᠦᠢᠯ᠄ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠬᠠᠩᠭᠠᠭᠰᠠᠨ ᠦᠢᠯᠡᠴᠢᠯᠡᠭᠡᠨ ᠤ ᠠᠭᠤᠯᠭ᠎ᠠ ᠲᠠᠢ ᠪᠠᠨ ᠤᠶᠠᠯᠳᠤᠭᠤᠯᠤᠨ ᠵᠡᠮᠳᠡᠭᠴᠦᠳ᠂ ᠨᠠᠰᠤᠲᠠᠶᠢᠴᠤᠳ ᠤᠨ ᠡᠪᠡᠳᠴᠢᠨ ᠦᠵᠡᠭᠦᠯᠬᠦ ᠳᠤ ᠲᠦᠬᠦᠮ ᠦᠵᠡᠭᠦᠯᠬᠦ ᠬᠡᠷᠡᠭᠲᠡᠢ᠃            ᠵᠡᠮᠳᠡᠭᠴᠦᠳ᠂ ᠨᠠᠰᠤᠲᠠᠶᠢᠴᠤᠳ ᠲᠠᠢ ᠬᠤᠯᠪᠣᠭᠳᠠᠬᠤ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠰᠠᠭᠠᠳ ᠦᠭᠡᠢ ᠲᠥᠬᠦᠭᠡᠷᠦᠮᠵᠢ ᠲᠣᠬᠢᠷᠠᠭᠤᠯᠵᠤ᠂ ᠠᠮᠢᠳᠤᠷᠠᠯ ᠤᠨ ᠬᠠᠷᠠᠭᠠᠯᠵᠠᠯ᠂ ᠡᠷᠡᠭᠦᠯᠵᠢᠯ ᠤᠨ ᠰᠤᠪᠢᠯᠠᠯᠲᠠ ᠵᠡᠷᠭᠡ ᠲᠠᠯ᠎ᠠ ᠪᠠᠷ ᠰᠠᠭᠠᠳ ᠦᠭᠡᠢ ᠦᠢᠯᠡᠴᠢᠯᠡᠭᠡ ᠬᠠᠩᠭᠠᠬᠤ ᠬᠡᠷᠡᠭᠲᠡᠢ᠃          ᠳᠥᠴᠢᠨ ᠲᠠᠪᠤᠳᠤᠭᠠᠷ ᠵᠦᠢᠯ᠄ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠮᠥᠩᠭᠦᠨ ᠭᠦᠢᠯᠭᠡᠭᠡ᠂ ᠰᠢᠤᠳᠠᠨ ᠂  ᠴᠠᠬᠢᠯᠭᠠᠨ ᠬᠤᠯᠪᠣᠭ᠎ᠠ᠂ ᠵᠠᠮ ᠬᠠᠷᠢᠯᠴᠠᠭ᠎ᠠ᠂ ᠬᠤᠳᠠᠯᠳᠤᠭ᠎ᠠ᠂ ᠬᠤᠭᠤᠯᠠ ᠤᠮᠳᠠ᠂ ᠬᠤᠨᠤᠭ ᠤᠨ ᠪᠠᠭᠤᠳᠠᠯ᠂ ᠠᠳᠠᠯ ᠠᠬᠤᠢ ᠶᠢᠨ ᠬᠠᠮᠢᠶᠠᠷᠤᠯᠲᠠ ᠵᠡᠷᠭᠡ ᠦᠢᠯᠡᠴᠢᠯᠡᠭᠡᠨ ᠤ ᠲᠠᠯᠠᠪᠤᠷ ᠤᠨ ᠬᠠᠩᠭᠠᠭᠰᠠᠨ ᠦᠢᠯᠡᠴᠢᠯᠡᠭᠡᠨ ᠤ ᠠᠭᠤᠯᠭ᠎ᠠ ᠲᠠᠢ ᠪᠠᠨ ᠤᠶᠠᠯᠳᠤᠭᠤᠯᠤᠨ ᠵᠡᠮᠳᠡᠭᠴᠦᠳ᠂ ᠨᠠᠰᠤᠲᠠᠶᠢᠴᠤᠳ ᠲᠤ ᠲᠤᠰᠠᠯᠠᠬᠤ ᠪᠠᠭᠠᠵᠢ᠂ ᠵᠥᠪᠯᠡᠯᠭᠡ ᠥᠭᠴᠦ ᠵᠢᠯᠤᠭᠤᠳᠬᠤ ᠵᠡᠷᠭᠡ ᠰᠠᠭᠠᠳ ᠦᠭᠡᠢ ᠦᠢᠯᠡᠴᠢᠯᠡᠭᠡ ᠬᠠᠩᠭᠠᠬᠤ ᠶᠢ ᠤᠯᠤᠰ ᠠᠴᠠ ᠵᠣᠷᠢᠭᠵᠢᠭᠤᠯᠤᠨ᠎ᠠ᠃           ᠰᠢᠤᠳᠠᠨ᠂ ᠲᠦᠷᠭᠡᠨ ᠬᠦᠷᠭᠡᠬᠦ ᠠᠵᠤ ᠠᠬᠤᠶᠢᠯᠠᠯ ᠤᠨ ᠬᠢᠨ ᠬᠥᠳᠡᠯᠵᠦ ᠪᠠᠷᠢᠬᠤ ᠳᠤ ᠳᠥᠭᠦᠮ ᠦᠭᠡᠢ ᠵᠡᠮᠳᠡᠭᠴᠦᠳ᠂ ᠨᠠᠰᠤᠲᠠᠶᠢᠴᠤᠳ ᠲᠤ ᠭᠡᠷ ᠲᠤ ᠨᠢ ᠬᠦᠷᠴᠦ ᠬᠤᠷᠢᠶᠠᠨ ᠢᠯᠡᠭᠡᠬᠦ ᠦᠢᠯᠡᠴᠢᠯᠡᠭᠡ ᠬᠠᠩᠭᠠᠬᠤ ᠶᠢ ᠤᠯᠤᠰ ᠠᠴᠠ ᠵᠣᠷᠢᠭᠵᠢᠭᠤᠯᠤᠨ᠎ᠠ᠃           ᠳᠥᠴᠢᠨ ᠵᠢᠷᠭᠤᠳᠤᠭᠠᠷ ᠵᠦᠢᠯ᠄ ᠤᠯᠠᠨ ᠨᠡᠶᠢᠲᠡ ᠶᠢᠨ ᠲᠠᠯᠠᠪᠤᠷ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ᠂  ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠬᠦᠭᠡᠷᠦᠮᠵᠢ ᠪᠣᠯᠣᠨ ᠤᠯᠠᠨ ᠨᠡᠶᠢᠲᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠶᠢᠨ ᠡᠵᠡᠩᠨᠡᠯᠲᠡ ᠶᠢᠨ ᠨᠢᠭᠡᠴᠢ ᠨᠦᠭᠦᠳ ᠰᠣᠬᠤᠷ ᠢ ᠳᠠᠭᠠᠭᠤᠯᠬᠤ ᠨᠣᠬᠠᠢ᠂ ᠰᠣᠨᠣᠰᠤᠭᠤᠷ ᠳᠠᠭᠠᠭᠤᠯᠬᠤ ᠨᠣᠬᠠᠢ᠂ ᠲᠤᠰᠠᠯᠠᠬᠤ ᠨᠣᠬᠠᠢ ᠵᠡᠷᠭᠡ ᠦᠢᠯᠡᠴᠢᠯᠡᠭᠡᠨ ᠤ ᠨᠣᠬᠠᠢ ᠶᠢ ᠵᠡᠮᠳᠡᠭᠴᠦᠳ ᠠᠪᠴᠤ ᠶᠠᠪᠤᠬᠤ ᠳᠤ ᠨᠢ ᠲᠥᠭᠦᠮ ᠦᠵᠡᠭᠦᠯᠬᠦ ᠬᠡᠷᠡᠭᠲᠡᠢ᠃            ᠵᠡᠮᠳᠡᠭᠴᠦᠳ ᠦᠢᠯᠡᠴᠢᠯᠡᠭᠡᠨ ᠤ ᠨᠣᠬᠠᠢ ᠪᠠᠨ ᠳᠠᠭᠠᠭᠤᠯᠤᠨ ᠤᠯᠠᠨ ᠨᠡᠶᠢᠲᠡ ᠶᠢᠨ ᠲᠠᠯᠠᠪᠤᠷ ᠲᠤ ᠣᠷᠣᠵᠤ ᠭᠠᠷᠬᠤ ᠂ ᠵᠠᠮ ᠲᠡᠭᠡᠭᠡᠪᠦᠷᠢ ᠶᠢᠨ ᠲᠥᠬᠦᠭᠡᠷᠦᠮᠵᠢ ᠪᠠ ᠤᠯᠠᠨ ᠨᠡᠶᠢᠲᠡ ᠶᠢᠨ ᠵᠠᠮ ᠲᠡᠭᠡᠭᠡᠪᠦᠷᠢ ᠶᠢᠨ ᠪᠠᠭᠠᠵᠢ ᠶᠢ ᠬᠡᠷᠡᠭᠯᠡᠬᠦ ᠳᠤ  ᠪᠠᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠵᠤ᠂ ᠦᠢᠯᠡᠴᠢᠯᠡᠭᠡᠨ ᠤ ᠨᠣᠬᠠᠢ ᠳᠤ ᠢᠯᠡᠷᠬᠡᠢ ᠢᠯᠭᠠᠨ ᠲᠠᠨᠢᠬᠤ ᠲᠣᠨᠣᠭᠯᠠᠯ ᠵᠡᠭᠦᠯᠭᠡᠬᠦ ᠶᠢᠨ ᠬᠠᠮᠲᠤ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ ᠠᠷᠭ᠎ᠠ ᠠᠪᠬᠤ ᠬᠡᠷᠡᠭᠲᠡᠢ᠃          ᠳᠥᠴᠢᠨ ᠳᠣᠯᠣᠳᠤᠭᠠᠷ ᠵᠦᠢᠯ᠄ ᠪᠠᠴᠢᠮ ᠪᠠᠶᠢᠳᠠᠯ ᠢ  ᠠᠷᠭᠠᠴᠠᠭᠠᠵᠤ ᠠᠶᠤᠯ ᠠᠴᠠ ᠵᠠᠶᠢᠯᠠᠬᠤ ᠭᠠᠵᠠᠷ ᠤᠨ ᠬᠠᠮᠢᠶᠠᠷᠤᠭᠴᠢ ᠨᠢ ᠠᠵᠢᠯ ᠤᠨ ᠪᠡᠯᠡᠳᠬᠡᠯ ᠲᠥᠰᠥᠯ ᠢ ᠲᠣᠭᠲᠠᠭᠠᠬᠤ ᠪᠠ ᠬᠡᠷᠡᠭᠵᠢᠭᠦᠯᠬᠦ ᠳᠤ ᠪᠠᠨ ᠵᠡᠮᠳᠡᠭᠴᠦᠳ᠂ ᠨᠠᠰᠤᠲᠠᠶᠢᠴᠤᠳ ᠤᠨ ᠰᠠᠭᠠᠳ ᠦᠭᠡᠢ ᠪᠠᠶᠢᠬᠤ ᠬᠡᠷᠡᠭᠴᠡᠭᠡ ᠶᠢ ᠪᠣᠳᠣᠯᠬᠢᠯᠠᠵᠤ᠂ ᠪᠠᠶᠢᠳᠠᠯ ᠢ ᠨᠢ ᠦᠵᠡᠵᠦ ᠪᠠᠶᠢᠭᠠᠳ ᠠᠪᠢᠶ᠎ᠠ᠂ ᠲᠣᠮᠣ ᠦᠰᠦᠭ᠂ ᠭᠢᠯᠪᠠᠭᠤᠯᠬᠤ ᠵᠡᠷᠭᠡ ᠰᠠᠨᠠᠭᠤᠯᠬᠤ ᠲᠣᠨᠣᠭᠯᠠᠯ ᠲᠣᠬᠢᠷᠠᠭᠤᠯᠵᠤ᠂ ᠰᠠᠭᠠᠳ ᠦᠭᠡᠢ ᠦᠢᠯᠡᠴᠢᠯᠡᠬᠦ ᠴᠢᠳᠠᠮᠵᠢ ᠶᠢ ᠲᠡᠭᠦᠯᠳᠡᠷᠵᠢᠭᠦᠯᠬᠦ ᠬᠡᠷᠡᠭᠲᠡᠢ᠃       ᠳᠥᠴᠢᠨ ᠨᠠᠢᠮᠠᠳᠤᠭᠠᠷ ᠵᠦᠢᠯ᠄ ᠰᠣᠩᠭᠤᠭᠤᠯᠢ ᠶᠢ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠪᠠ ᠨᠢᠭᠡᠴᠢ ᠨᠦᠭᠦᠳ ᠵᠡᠮᠳᠡᠭᠴᠦᠳ᠂ ᠨᠠᠰᠤᠲᠠᠶᠢᠴᠤᠳ ᠤᠨ ᠰᠣᠩᠭᠤᠭᠤᠯᠢ ᠶᠢᠨ ᠠᠷᠠᠳ ᠤᠨ ᠪᠢᠯᠧᠲ ᠥᠭᠬᠦ ᠳᠤ ᠣᠷᠣᠯᠴᠠᠬᠤ ᠳᠤ ᠲᠦᠬᠦᠮ ᠦᠵᠡᠭᠦᠯᠬᠦ ᠪᠠ ᠴᠢᠬᠤᠯᠠ ᠪᠦᠬᠦᠢ ᠬᠠᠪᠰᠤᠷᠤᠯᠭ᠎ᠠ ᠦᠵᠡᠭᠦᠯᠬᠦ ᠠᠷᠭ᠎ᠠ ᠠᠪᠬᠤ ᠬᠡᠷᠡᠭᠲᠡᠢ᠃            ᠳᠥᠴᠢ ᠶᠢᠰᠦᠳᠦᠭᠡᠷ ᠵᠦᠢᠯ᠄ ᠰᠠᠭᠠᠳ ᠦᠭᠡᠢ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠤᠯᠤᠰ ᠠᠴᠠ ᠵᠣᠷᠢᠭᠵᠢᠭᠤᠯᠤᠨ ᠲᠡᠮᠵᠢᠵᠤ᠂ ᠵᠡᠮᠳᠡᠭᠴᠦᠳ᠂ ᠨᠠᠰᠤᠲᠠᠶᠢᠴᠤᠳ ᠲᠤ ᠠᠯᠤᠰ ᠠᠴᠠ ᠴᠠᠭ ᠲᠤᠬᠠᠢ ᠳᠤ ᠨᠢ ᠬᠠᠷᠰᠢ ᠰᠠᠭᠠᠳ ᠦᠭᠡᠢ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠨ᠎ᠠ᠃  
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠣᠩᠭᠤᠯ ᠰᠦᠯᠵᠢᠶ᠎ᠡ