ᠬᠤᠳᠠ ᠶᠢᠨ ᠵᠠᠰᠠᠭ ᠤᠨ ᠤᠷᠳᠤᠨ ᠪᠠᠶᠢᠡᠭᠭᠤ ᠶᠢᠨ ᠶᠠᠪᠤᠳᠡᠯ ᠤᠨ ᠬᠤᠷᠡᠯ ᠬᠤᠷᠡᠯᠳᠤᠭᠤᠯᠪᠡ
ᠨᠡᠶᠢᠲᠡᠯᠡᠭᠰᠡᠨ ᠴᠠᠭ᠄
2023/8/30
                             ᠳ᠋ᠦ᠋ ᠬᠤᠢ ᠯᠢᠶᠠᠩ ᠬᠤᠷᠡᠯ ᠢ ᠡᠷᠭᠢᠯᠡᠪᠡ         ᠤᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠶ ᠯᠢᠶᠠᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠶᠠᠪᠤᠳᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠬᠤᠶᠠᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠨᠠᠶᠢᠳᠠᠪᠤᠷᠢᠵᠢᠭᠤᠯᠪᠠ᠃ ᠲᠠᠷᠢᠶᠠᠨ ᠭᠠᠵᠠᠷ ᠢ ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠬᠡᠷᠡᠭᠵᠢᠬᠦᠯᠦᠨ᠂ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠴᠢᠩᠭ᠎ᠠ ᠰᠠᠬᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠤᠵᠢᠷᠯᠢᠬ ᠭᠠᠵᠠᠷ ᠢ ᠥᠭᠡᠷᠡᠴᠢᠯᠡᠨ ᠠᠰᠢᠭᠯᠠᠬᠤ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠪᠦᠬᠦ ᠬᠦᠴᠦᠨ ᠢᠶᠠᠷ ᠢᠶᠠᠨ ᠲᠡᠬᠡᠭᠰᠢᠯᠡᠬᠦᠯᠦᠨ᠂ ᠪᠦᠬᠦ ᠬᠤᠲᠠ ᠶᠢᠨ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠦᠬᠦ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠪᠣᠯᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠨᠠᠶᠢᠳᠠᠪᠤᠷᠢᠵᠢᠭᠤᠯᠵᠤ᠂ ᠠᠭᠤᠷᠬᠠᠢ ᠶᠢᠨ ᠠᠮᠦᠷ ᠲᠦᠪᠰᠢᠨ ᠤ ᠠᠵᠢᠯ ᠤᠨ ᠬᠠᠷᠢᠭᠤ ᠮᠡᠳᠡᠬᠦᠯᠦᠯᠳᠡ ᠶᠢ ᠰᠣᠨᠣᠰᠪᠠ᠃ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠠᠭᠢ ᠪᠤᠢ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠢᠯᠡᠷᠡᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠬᠦᠷᠢᠶ᠎ᠠ ᠴᠠᠷᠠᠭᠠᠨ ᠤ ᠠᠮᠤᠷ ᠲᠦᠪᠰᠢᠨ ᠤ ᠲᠡᠯᠳᠡ ᠭᠡᠮ ᠢ ᠪᠠᠶᠢᠴᠠᠭᠠᠨ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠵᠢᠯ ᠤᠨ ᠲᠣᠭᠲᠠᠴᠠ ᠶᠢ ᠪᠦᠬᠦ ᠬᠡᠯᠬᠢᠶ᠎ᠠ ᠪᠠᠷ ᠲᠡᠭᠦᠯᠳᠡᠷᠵᠢᠭᠦᠯᠵᠦ᠂ ᠬᠦᠨᠳᠦ ᠶᠡᠭᠡ ᠣᠨᠴᠠ ᠶᠡᠭᠡ ᠭᠡᠷᠡᠭ ᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠳᠦᠭᠡᠨ ᠪᠠᠶᠢᠭᠤᠯᠬᠤ ᠶᠢ ᠠᠬᠢᠭᠤᠯᠬᠤ ᠲᠦᠷᠢᠮ︾ ᠢ ᠤᠯᠠᠮᠵᠢᠯᠠᠨ ᠰᠤᠷᠤᠯᠴᠠᠵᠤ ᠨᠠᠶᠢᠳᠠᠪᠤᠷᠢᠵᠢᠭᠤᠯᠪᠠ᠃ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠡᠵᠡᠮᠳᠡᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠡᠨᠧᠷᠭᠢ ᠶᠢᠨ ᠶᠡᠷᠦᠩᠬᠡᠶᠢᠯᠡᠭᠰᠡᠨ ᠬᠠᠩᠭᠠᠯᠭ᠎ᠠ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠤᠯᠤᠰ ᠤᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠠᠭᠤᠷᠢᠶᠡᠯ ᠦᠵᠡᠭᠦᠯᠬᠦ ᠣᠷᠣᠨ ᠢ ᠲᠦᠷᠭᠡᠳᠭᠡᠨ ᠪᠠᠶᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ ᠳᠡᠯᠡᠬᠡᠢ ᠶᠢᠨ ᠲᠡᠰ ᠤᠨ ᠡᠨᠧᠷᠭᠢ᠂ ᠰᠢᠨ᠎ᠡ ᠡᠨᠧᠷᠭᠢ ᠶᠢᠨ ᠠᠵᠤ ᠦᠢᠯᠡᠰ ᠢ ᠲᠦᠷᠭᠡᠳᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠣᠯᠢ ᠲᠦᠷᠢᠮ ᠠᠴᠠ ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ ᠵᠠᠰᠠᠭᠰᠠᠨ ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠶᠡᠭᠡ ᠬᠤᠷᠠᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠤᠨ ᠬᠤᠪᠢᠷᠠᠭᠤᠯᠤᠭᠰᠠᠨ᠂ ᠬᠠᠣᠯᠢ ᠠᠴᠠ ᠵᠥᠷᠢᠴᠡᠨ ᠭᠠᠵᠠᠷ ᠰᠢᠷᠤᠢ ᠶᠢ ᠬᠡᠷᠡᠭᠯᠡᠭᠰᠡᠨ ᠪᠠᠶᠢᠳᠠᠯ ᠢ ᠬᠠᠯᠠᠨ ᠰᠠᠶᠢᠵᠢᠷᠠᠭᠤᠯᠤᠭᠰᠠᠨ ᠠᠬᠢᠴᠠ ᠵᠡᠷᠭᠡ ᠪᠠᠶᠢᠳᠠᠯ ᠤᠨ ᠲᠤᠬᠠᠶ ᠬᠠᠷᠢᠭᠤ ᠮᠡᠳᠡᠬᠦᠯᠦᠯᠳᠡ ᠶᠢ ᠰᠣᠨᠣᠰᠴᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠬᠡ ᠶᠢᠨ ᠬᠥᠲᠥᠯᠪᠦᠷᠢ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠭᠰᠡᠨ ᠮᠡᠳᠡᠬᠦᠯᠦᠯᠳᠡ ᠵᠡᠷᠭᠡ ᠤᠴᠢᠷ ᠶᠠᠪᠤᠳᠠᠯ ᠤᠳ ᠢ ᠰᠤᠳᠤᠯᠵᠠᠶ᠃            
ᠢᠷᠡᠯᠲᠡ᠄ ᠤᠷᠳᠤᠰ ᠤᠨ ᠡᠳᠤᠷ ᠤᠨ ᠰᠤᠨᠢᠨ