2023 ᠣᠨ ᠤ ᠪᠥᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶᠠᠨ ᠤ ᠬᠤᠯᠪᠣᠭᠳᠠᠯ ᠪᠦᠬᠦᠢ ᠤᠴᠢᠷ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/8/30
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ                                                                                  ᠥᠪᠥᠷ ᠵᠠᠰᠠᠭ ᠦᠰᠦᠭ ﹇ 2023 ﹈ 52 ᠳ᠋ᠤᠭᠠᠷ ᠲᠣᠭᠠᠲᠤ                         2023 ᠣᠨ ᠤ ᠪᠥᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶᠠᠨ ᠤ ᠬᠤᠯᠪᠣᠭᠳᠠᠯ ᠪᠦᠬᠦᠢ ᠤᠴᠢᠷ ᠤᠨ                        ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ‌ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ ᠄            ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠳᠡᠰ ᠳᠠᠪᠬᠤᠷᠭ᠎ᠠ ᠪᠠ ᠲᠥᠷᠥᠯ‌ᠠᠩᠭᠢᠯᠠᠭᠰᠠᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠣᠭᠲᠠᠯᠴᠠᠭ᠎ᠠ ᠶᠢ ᠲᠦᠷᠭᠡᠳᠬᠡᠨ ᠪᠦᠷᠢᠨᠰᠢᠭᠦᠯᠵᠦ ᠂ ᠪᠥᠬᠦ ᠣᠷᠣᠨ ᠤ ᠬᠦᠴᠢᠷᠳᠡᠯᠲᠡᠢ ᠣᠯᠠᠨ ᠲᠦᠮᠡᠨ ‍ᠤ‌ᠦᠨᠳᠦᠰᠦᠨ ᠠᠮᠢᠳᠤᠷᠠᠯ ᠢ ᠲᠡᠩᠬᠡᠷᠡᠭᠦᠯᠦᠨ ᠲᠤᠰᠠᠯᠠᠬᠤ ᠠᠵᠢᠯ ᠢ ᠦᠨᠡᠨ ᠬᠦ ᠰᠠᠶᠢᠲᠤᠷ ᠬᠢᠵᠦ ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ‌‍ᠪᠦ᠋ᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ ᠂ ᠬᠦᠴᠢᠷᠳᠡᠯᠲᠡᠢ ᠣᠯᠠᠨ ᠲᠦᠮᠡᠨ ᠤ ᠭᠦᠷᠳᠡᠬᠡᠮᠵᠢᠲᠦ ᠰᠡᠳᠬᠢᠯᠭᠡ ᠂ ᠵᠣᠯ ᠵᠢᠷᠭᠠᠯᠲᠤ ᠰᠡᠳᠬᠢᠯᠭᠡ ᠂ ᠠᠮᠤᠷ‌‍ᠲ᠋ᠦ᠋ᠪᠰᠢᠨ ᠰᠡᠳᠬᠢᠯᠭᠡ ᠶᠢ ᠨᠢ ᠲᠠᠰᠤᠷᠠᠯᠲᠠ ᠦᠭᠡᠢ ᠨᠡᠮᠡᠭᠳᠡᠭᠦᠯᠬᠦ ᠶᠢᠨ ᠲᠤᠰᠠᠳᠠ ᠂ ᠡᠳᠦᠭᠡ 2023 ᠣᠨ ᠤ ᠪᠥᠬᠦ ᠣᠷᠣᠨ ᠤ ᠨᠡᠶᠢᠭᠡᠮ ᠤᠨ ᠲᠡᠩᠬᠡᠷᠡᠭᠦᠯᠦᠨ‌‍ᠲ᠋ᠤᠰᠠᠯᠠᠬᠤ ᠪᠠᠷᠢᠮᠵᠢᠶᠠᠨ ᠤ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ ᠃            ᠨᠢᠭᠡ ᠂ ᠬᠢᠨᠠᠨ ᠬᠠᠷᠭᠤᠭᠤᠯᠵᠤ ᠲᠣᠭᠲᠠᠭᠠᠭᠰᠠᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ            ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠭᠰᠠᠨ 2023 ᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ‌‍ᠪᠠᠷᠢᠮᠵᠢᠶ᠎ᠠ ᠶᠢ 2023 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ ᠂ ᠡᠯ᠎ᠡ ᠭᠠᠵᠠᠷ ᠣᠷᠣᠨ ᠨᠢ ᠴᠠᠭ ᠲᠤᠬᠠᠢ ᠳᠤ ᠨᠢ ᠨᠡᠶᠢᠭᠡᠮ‌ᠨᠡᠶᠢᠳᠡ ᠳᠤ ᠨᠡᠶᠢᠲᠡᠯᠡᠬᠦ ᠬᠡᠷᠡᠭᠲᠡᠢ ᠃ ᠲᠣᠰ ᠣᠨ ᠤ ᠳᠣᠲᠣᠷ᠎ᠠ ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠳᠠᠬᠢᠨᠲᠠ ᠲᠣᠬᠢᠷᠠᠭᠤᠯᠬᠤ ᠴᠢᠬᠤᠯᠠ ᠲᠠᠢ‌‍ᠪᠣᠯ ᠡᠷᠬᠡᠪᠰᠢ ᠬᠤᠯᠪᠣᠭᠳᠠᠯ ᠪᠦᠬᠦᠢ ᠲᠠᠰ ᠳᠠᠷᠠᠭᠠᠯᠠᠯ ᠶᠣᠰᠣᠭᠠᠷ ᠳᠡᠭᠡᠭᠰᠢ ᠮᠡᠳᠡᠭᠦᠯᠵᠦ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠶ᠋ᠠᠷ‌ᠵᠥ᠋ᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ ᠃ ᠡᠯ᠎ᠡ ᠭᠠᠵᠠᠷ ᠣᠷᠣᠨ ᠨᠢ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠤ ᠳᠠᠷᠠᠭᠠᠬᠢ ᠰᠢᠨ᠎ᠡ ᠪᠡᠷ‌ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠡᠬᠦ ᠪᠠᠷ ᠭᠤᠶᠤᠴᠢᠯᠠᠭᠰᠠᠨ ᠂ ᠣᠨᠴᠠ ᠬᠦᠴᠢᠷᠳᠡᠯᠲᠡᠢ ᠬᠥᠮᠥᠰ ᠢᠶᠠᠷ ᠭᠤᠶᠤᠴᠢᠯᠠᠭᠰᠠᠨ‌‍ᠭᠡᠷ ᠪᠦᠯᠢ ᠶᠢᠨ ᠬᠢᠨ ᠤ ᠣᠷᠣᠯᠭ᠎ᠠ ᠶᠢ ᠲᠥᠰᠥᠭᠡᠯᠡᠨ ᠪᠣᠳᠣᠬᠤ ᠪᠠ ᠤᠤᠯ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠂ ᠣᠨᠴᠠ ᠬᠦᠴᠢᠷᠳᠡᠯᠲᠡᠢ ᠬᠥᠮᠥᠰ ‍ᠤᠨ‌ᠨᠥ᠋ᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠵᠡᠷᠭᠡ ᠠᠵᠢᠯ ᠢ ᠰᠠᠶᠢᠲᠤᠷ ᠬᠢᠵᠦ ᠂ ᠪᠠᠲᠤᠯᠠᠪᠠᠰᠤ ᠵᠣᠬᠢᠬᠤ ᠶᠢ ᠨᠢ ᠴᠢᠳᠠᠬᠤ ᠶᠢᠨ ᠳᠣᠲᠣᠷ᠎ᠠ ᠪᠠᠲᠤᠯᠠᠬᠤ ᠶᠢ ᠦᠨᠡᠨ ᠬᠦ‌‍ᠪᠠᠲᠤᠯᠠᠬᠤ ᠬᠡᠷᠡᠭᠲᠡᠢ ᠃            ᠬᠤᠶᠠᠷ ᠂ ᠪᠦᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠳᠤ ᠬᠤᠳᠡ ᠬᠥᠳᠡᠭᠡ ᠶᠢ ᠨᠢᠭᠡᠳᠦᠯᠲᠡᠢ ᠲᠥᠯᠥᠪᠯᠡᠬᠦ ᠪᠠᠨ ᠲᠦᠷᠭᠡᠳᠬᠡᠬᠦ ᠬᠡᠷᠡᠭᠲᠡᠢ            ᠡᠯ᠎ᠡ ᠭᠠᠵᠠᠷ ᠣᠷᠣᠨ ᠨᠢ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ ᠠᠷᠪᠠᠨ ᠳᠥᠷᠪᠡᠳᠦᠭᠡᠷ ᠲᠠᠪᠤᠨ ᠵᠢᠯ ﹀ ᠤᠨ ᠠᠷᠠᠳ ᠤᠨ ᠶᠠᠪᠤᠳᠠᠯ ‍ᠤᠨ‌ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ︾ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠬᠤᠲᠠ‌‍ᠬᠥ᠋ᠳᠡᠭᠡ ᠪᠠ ᠣᠷᠣᠨ ᠪᠦᠰᠡ ᠶᠢᠨ ᠵᠥᠷᠢᠶ᠎ᠡ ᠶᠢ ᠤᠯᠠᠮ ᠨᠢᠭᠡ ᠠᠯᠬᠤᠮ ᠪᠠᠭᠠᠰᠬᠠᠨ ᠂ ᠦᠨᠳᠦᠰᠦᠨ ᠠᠮᠢᠳᠤᠷᠠᠯ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠳ᠋ᠥ‌‍ᠬᠥ᠋ᠳᠡᠯᠦᠩᠭᠦᠢ ᠪᠠᠷ ᠲᠣᠬᠢᠷᠠᠭᠤᠯᠤᠯᠲᠠ ᠬᠢᠬᠦ ᠲᠣᠭᠲᠠᠴᠠ ᠶᠢ ᠲᠡᠭᠦᠯᠳᠡᠷᠵᠢᠭᠦᠯᠵᠦ ᠂ ᠬᠦᠴᠢᠷᠳᠡᠯᠲᠡᠢ ᠣᠯᠠᠨ ᠲᠦᠮᠡᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ‌‍ᠪᠦ᠋ᠲᠦᠭᠡᠯ ᠢ ᠴᠠᠭ ᠲᠤᠬᠠᠢ ᠳᠤ ᠨᠢ ᠭᠦᠢᠴᠡᠳ ᠬᠦᠷᠲᠡᠭᠡᠬᠦ ᠪᠠᠷ ᠴᠢᠷᠮᠠᠶᠢᠬᠤ ᠬᠡᠷᠡᠭᠲᠡᠢ ᠃ 2023 ᠣᠨ ᠳᠤ ᠂ ᠠᠯᠠᠱᠠ ᠠᠶᠢᠮᠠᠭ ᠢ ᠪᠥᠬᠦ ᠣᠷᠣᠨ ᠤ ᠠᠶᠢᠮᠠᠭ‌ᠬᠤᠲᠠ ᠶᠢᠨ ᠱᠠᠲᠤᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠳᠠᠬᠢ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠬᠦ ᠲᠤᠷᠰᠢᠯᠲᠠ ᠶᠢᠨ ᠴᠡᠭ ᠵᠶ᠋ᠠᠷ‌‍ᠲ᠋ᠣᠭᠲᠠᠭᠠᠵᠤ ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠂ ᠬᠥᠯᠥᠨ ᠪᠤᠶᠢᠷ ᠬᠤᠲᠠ ᠶᠢᠨ ᠣᠷᠴᠣᠨ ᠬᠤᠰᠢᠭᠤ ᠪᠠ ᠣᠷᠳᠣᠰ ᠬᠤᠲᠠ ᠶᠢᠨ ᠳ᠋ᠦᠩᠱᠧᠩ‌‍ᠲ᠋ᠣᠭᠤᠷᠢᠭ ᠂ ᠣᠲᠤᠭ ᠬᠤᠰᠢᠭᠤ ᠶᠢ ᠪᠥᠬᠦ ᠣᠷᠣᠨ ᠤ ᠬᠤᠰᠢᠭᠤ ᠰᠢᠶᠠᠨ ᠤ ᠱᠠᠲᠤᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠳᠠᠬᠢ ᠬᠤᠲᠠ ᠬᠥᠳᠡᠭᠡ ᠵᠢ‌ᠨᠢᠭᠡᠳᠦᠯᠲᠡᠢ ᠲᠥᠯᠥᠪᠯᠡᠬᠦ ᠲᠤᠷᠰᠢᠯᠲᠠ ᠶᠢᠨ ᠴᠡᠭ ᠢᠶᠠᠷ ᠲᠣᠭᠲᠠᠭᠠᠪᠠ ᠃ ᠡᠯ᠎ᠡ ᠲᠤᠷᠰᠢᠯᠲᠠ ᠶᠢᠨ ᠴᠡᠭ ᠤᠨ ᠭᠠᠵᠠᠷ ᠣᠷᠣᠨ ᠨᠢ ᠬᠤᠯᠪᠣᠭᠳᠠᠯ ᠪᠦᠬᠦᠢ ᠱᠠᠭᠠᠷᠳᠠᠯᠭ᠎ᠠ‌‍ᠶᠣᠰᠣᠭᠠᠷ ᠂ ᠠᠵᠢᠯ ᠢᠶᠠᠨ ᠯᠠᠪᠳᠠᠭᠤᠨ ᠪᠠᠲᠤᠲᠠᠢ ᠥᠷᠨᠢᠭᠦᠯᠵᠦ ᠂ ᠠᠵᠢᠯ ᠢᠶᠠᠨ ᠡᠮᠬᠢ ᠵᠢᠷᠤᠮ ᠲᠠᠢ ᠪᠠᠷ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃       ᠭᠤᠷᠪᠠ ᠂ ᠬᠦᠴᠢᠷᠳᠡᠯᠲᠡᠢ ᠣᠯᠠᠨ ᠲᠦᠮᠡᠨ ᠳᠤ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠣᠯᠭᠤᠬᠤ ᠶᠢ ᠵᠢᠷᠤᠮᠵᠢᠭᠤᠯᠬᠤ ᠬᠡᠷᠡᠭᠲᠡᠢ            ᠡᠯ᠎ᠡ ᠭᠠᠵᠠᠷ ᠣᠷᠣᠨ ᠨᠢ ︽ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ‌‍ᠴᠢᠩᠭᠠᠳᠬᠠᠬᠤ ᠰᠠᠨᠠᠯ ᠤᠨ ᠲᠤᠬᠠᠢ ᠠᠷᠠᠳ ᠤᠨ ᠶᠠᠪᠤᠳᠠᠯ ᠤᠨ ᠶᠠᠮᠤᠨ ᠡᠳ᠋ ᠤᠨ ᠵᠠᠰᠠᠭ ᠤᠨ ᠶᠠᠮᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠵᠢᠨ‌ᠵᠥ᠋ᠪᠯᠡᠯ ᠤᠨ ᠮᠡᠳᠡᠭᠳᠡᠯ ︾ ︵ᠠᠷᠠᠳ ᠲᠠᠷᠬᠠᠭᠠᠭᠰᠠᠨ ﹇ 2019 ﹈ 139 ᠳ᠋ᠦ᠋ᠭᠡᠷ ᠲᠣᠭᠠᠲᠤ ︶ ᠂ ︽ᠬᠦᠴᠢᠷᠳᠡᠯᠲᠡᠢ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ‌‍ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠠᠷᠠᠳ ᠤᠨ ᠶᠠᠪᠤᠳᠠᠯ ᠤᠨ ᠶᠠᠮᠤᠨ ᠡᠳ᠋ ᠤᠨ ᠵᠠᠰᠠᠭ ‍ᠤᠨ‌‍ᠶᠠᠮᠤᠨ ᠤ ᠰᠠᠨᠠᠯ ︾ ︵ᠠᠷᠠᠳ ᠲᠠᠷᠬᠠᠭᠠᠭᠰᠠᠨ ﹇ 2022 ﹈ 95 ᠳ᠋ᠤᠭᠠᠷ ᠲᠣᠭᠠᠲᠤ ︶ ᠪᠠ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠴᠢᠷᠳᠡᠯᠲᠡᠢ‌ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦᠨ ᠤ ᠬᠠᠮᠢᠶᠠᠷᠤᠯᠲᠠ ᠶᠢᠨ ᠠᠷᠭ᠎ᠠ ︾ ︵ᠥᠪᠥᠷ ᠡᠳ᠋ ᠨᠡᠶᠢᠭᠡᠮ  ﹇ 2022 ﹈ 1109ᠳ᠋ᠦ᠋ᠭᠡᠷ ᠲᠣᠭᠠᠲᠤ ︶ ᠵᠡᠷᠭᠡ ᠬᠠᠮᠢᠶ᠎ᠠ ᠪᠦᠬᠦᠢ ᠲᠣᠭᠲᠠᠭᠠᠯ ᠢ ᠬᠢᠨᠠᠮᠠᠭᠠᠢ ᠬᠡᠷᠡᠭᠵᠢᠭᠦᠯᠵᠦ ᠂ ᠬᠦᠴᠢᠷᠳᠡᠯᠲᠡᠢ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠦᠷᠢ ᠵᠢᠨ‌‍ᠪᠡᠯᠡ ᠮᠥᠩᠭᠦᠨ ᠤ ᠲᠥᠰᠥᠪ ᠤᠨ ᠬᠡᠷᠡᠭᠵᠢᠭᠦᠯᠦᠯᠲᠡ ᠪᠠ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠃ ᠡᠯ᠎ᠡ ᠠᠶᠢᠮᠠᠭ‌ᠬᠤᠲᠠ ᠵᠢᠴᠢ ᠬᠠᠷᠢᠶ᠎ᠠ ᠬᠤᠰᠢᠭᠤ ᠰᠢᠶᠠᠨ ︵ ᠬᠤᠲᠠ ᠂ ᠲᠣᠭᠤᠷᠢᠭ ︶ ᠨᠢ ᠬᠦᠴᠢᠷᠳᠡᠯᠲᠡᠢ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ‌ᠮᠥ᠋ᠩᠭᠦ ᠶᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠪᠠᠨ ᠣᠷᠣᠭᠤᠯᠵᠤ ᠂ ᠪᠡᠯᠡ ᠮᠥᠩᠭᠦ ᠶᠢ ᠳᠠᠭᠠᠭᠠᠨ ᠪᠠᠲᠤᠯᠠᠬᠤ ᠬᠠᠷᠢᠭᠤᠴᠠᠯᠭ᠎ᠠ ᠶᠢ ᠴᠢᠩᠭ᠎ᠠ‌ᠨᠠᠶᠢᠳᠠᠪᠤᠷᠢᠵᠢᠭᠤᠯᠬᠤ ᠬᠡᠷᠡᠭᠲᠡᠢ ᠃ ᠡᠳ᠋ ᠤᠨ ᠵᠠᠰᠠᠭ ᠤᠨ ᠦᠯᠡᠳᠡᠭᠡᠯ ᠪᠡᠯᠡ ᠮᠥᠩᠭᠦ ᠶᠢ ᠢᠳᠡᠪᠬᠢᠲᠡᠢ ᠪᠠᠷ ᠴᠢᠯᠦᠭᠡᠲᠡᠢ ᠭᠦᠢᠯᠬᠡᠬᠡᠵᠦ ᠂ ᠳ᠋ᠦᠩᠨᠡᠨ ᠰᠢᠯᠵᠢᠭᠦᠯᠦᠭᠰᠡᠨ‌ᠦᠯᠡᠳᠡᠪᠦᠷᠢ ᠪᠡᠯᠡ ᠮᠥᠩᠭᠦ ᠶᠢ ᠰᠢᠩᠭᠡᠭᠡᠬᠦ ᠡᠷᠴᠢᠮ ᠢᠶᠠᠨ ᠴᠢᠩᠭᠠᠷᠠᠭᠤᠯᠤᠨ ᠂ 2023 ᠣᠨ ᠤ 6 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ ᠰᠢᠨ᠎ᠡ‌‍ᠪᠠᠷᠢᠮᠵᠢᠶ᠎ᠠ ᠶᠣᠰᠣᠭᠠᠷ ᠳᠡᠭᠡᠷ᠎ᠡ ᠬᠠᠭᠠᠰ ᠵᠢᠯ ᠤᠨ ᠪᠡᠯᠡ ᠮᠥᠩᠭᠦ ᠪᠠᠨ ᠨᠥᠬᠦᠨ ᠣᠯᠭᠤᠵᠤ ᠳᠠᠭᠤᠰᠬᠠᠬᠤ ᠶᠢ ᠦᠨᠡᠨ ᠬᠦ ᠪᠠᠲᠤᠯᠠᠵᠤ ᠂ 7 ᠳ᠋ᠤᠭᠠᠷ ᠰᠠᠷ᠎ᠠ ᠠᠴᠠ ᠬᠤᠶᠢᠰᠢ‌‍ᠰᠢᠨ᠎ᠡ ᠪᠠᠷᠢᠮᠵᠢᠶ᠎ᠠ ᠪᠠᠷ ᠣᠯᠭᠤᠬᠤ ᠬᠡᠷᠡᠭᠲᠡᠢ ᠃  ᠳᠠᠭᠠᠯᠳᠤᠭᠤᠯᠤᠯ ᠄ 1.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶᠠᠨ ‍ᠤ‌‍ᠲ᠋ᠣᠳᠣᠷᠬᠠᠶᠢᠯᠠᠯ ᠤᠨ ᠬᠦᠰᠦᠨᠦᠭᠲᠦ            2.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ‍ᠤᠨ‌‍ᠪᠠᠷᠢᠮᠵᠢᠶᠠᠨ ᠤ ᠲᠣᠳᠣᠷᠬᠠᠶᠢᠯᠠᠯ ᠤᠨ ᠬᠦᠰᠦᠨᠦᠭᠲᠦ            3.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠣᠨᠴᠠ ᠬᠦᠴᠢᠷᠳᠡᠯᠲᠡᠢ ᠬᠥᠮᠥᠰ ᠢ ᠠᠰᠠᠷᠠᠵᠤ ᠰᠤᠪᠢᠯᠠᠬᠤ ᠪᠠᠷᠢᠮᠵᠢᠶᠠᠨ ‍ᠤ‌‍ᠲ᠋ᠣᠳᠣᠷᠬᠠᠶᠢᠯᠠᠯ ᠤᠨ ᠬᠦᠰᠦᠨᠦᠭᠲᠦ                                                                                                                                            2023 ᠣᠨ ᠤ 4 ᠳ᠋ᠦ᠋ᠭᠡᠷ ᠰᠠᠷ᠎ᠠ ᠶᠢᠨ 29  ᠤ ᠡᠳᠦᠷ      ︵ᠲᠤᠰ ᠪᠢᠴᠢᠭ ᠮᠠᠲ᠋ᠧ‌ᠷᠢᠶᠠᠯ ᠢ ᠢᠯᠡ ᠨᠡᠶᠢᠲᠡᠯᠡᠨ᠎ᠡ ︶       
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ