2023 ᠣᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠮᠡᠳᠡᠯᠭᠡ ᠶᠢ ᠲᠦᠭᠡᠮᠡᠯᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2023/8/7
         ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ︽ᠬᠥᠬᠡᠭᠴᠢᠨ ᠲᠦᠷᠦᠯ ᠤᠨ ᠬᠥᠬᠡᠭᠴᠢᠨ ᠬᠠᠮᠢᠶᠠᠷᠤᠯᠲᠠ︾ ᠶᠢᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠪᠣᠯᠣᠨ ᠥᠪᠡᠷᠲᠡᠭᠡᠨ ᠵᠠᠰᠠᠬᠤ ᠣᠷᠣᠨ᠂ ᠪᠦᠬᠦ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠲᠠᠪᠣᠷᠢᠵᠢᠭᠤᠯᠣᠨ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠲᠦᠪᠰᠢᠨ ᠢ ᠲᠦᠷᠭᠡᠨ ᠳᠡᠭᠡᠭᠰᠢᠯᠡᠭᠦᠯᠵᠦ᠂ ᠡᠷᠡᠭᠦᠯ ᠡᠩᠭᠡ ᠬᠢᠶ᠎ᠠ ᠪᠠᠭᠰᠢ ᠶᠢᠨ ᠪᠦᠲᠦᠭᠡᠨ ᠪᠠᠶᠢᠭᠤᠯᠤᠯᠲᠠ ᠶᠢ ᠨᠡᠩ ᠰᠠᠶᠢᠲᠤᠷ ᠠᠬᠢᠭᠤᠯᠬᠤ ᠶᠢᠨ ᠲᠥᠯᠥᠭᠡ᠂ ᠲᠤᠰ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ᠢ ᠣᠨᠴᠠᠭᠠᠶᠢᠯᠠᠨ ᠲᠣᠭᠲᠠᠭᠠᠪᠠ᠃         ᠨᠢᠭᠡ᠂ ᠠᠵᠢᠯᠯᠠᠭᠠᠨ ᠤ ᠬᠠᠷᠠᠯᠲᠠ         ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠦᠨᠳᠦᠰᠦᠨ ᠮᠡᠳᠡᠯᠭᠡ ᠪᠠ ᠮᠡᠷᠭᠡᠵᠢᠯ ᠴᠢᠳᠠᠪᠤᠷᠢ ᠶᠢ ᠣᠶᠢᠯᠠᠭᠠᠬᠤ ᠨᠣᠷᠮ᠎ᠠ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠬᠢᠭᠡᠳ ᠦᠶᠯᠡ ᠠᠵᠢᠯᠯᠠᠭ᠎ᠠ ᠶᠢᠨ ᠪᠦᠷᠢᠯᠳᠦᠬᠦ ᠨᠣᠷᠮ᠎ᠠ ᠪᠠ ᠡᠷᠡᠭᠦᠯ ᠮᠡᠨᠳᠦ ᠶᠢᠨ ᠮᠡᠷᠭᠡᠵᠢᠯ ᠴᠢᠳᠠᠪᠤᠷᠢ ᠶᠢ ᠡᠵᠡᠮᠰᠢᠬᠦ ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠠᠷ ᠳᠠᠮᠵᠢᠭᠤᠯᠤᠨ᠂ ᠬᠥᠮᠥᠨ ᠨᠢᠭᠡᠪᠦᠷᠢ ᠴᠥᠮ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠤ ᠦᠵᠡᠯᠲᠡ ᠢ ᠪᠣᠶ ᠪᠣᠯᠭᠠᠨ᠎ᠠ᠃ ᠰᠢᠨᠵᠢᠯᠡᠬᠦ ᠤᠬᠠᠭᠠᠨᠴᠢ ᠡᠷᠡᠭᠦᠯ ᠮᠡᠨᠳᠦ ᠶᠢᠨ ᠦᠵᠡᠯᠲᠡ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ᠂ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠵᠠᠰᠠᠬᠤ᠂ ᠠᠮᠤᠷ ᠲᠦᠪᠰᠢᠨ ᠬᠢᠭᠡᠳ ᠲᠦᠷᠭᠡᠨ ᠠᠪᠤᠷᠠᠯᠲᠠ᠂ ᠦᠨᠳᠦᠰᠦᠨ ᠡᠮᠴᠢᠯᠡᠭᠡ ᠪᠠ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠬᠠᠯᠳᠠᠪᠤᠷᠢᠲᠤ ᠡᠪᠡᠳᠴᠢᠨ᠂ ᠤᠵᠢᠭ ᠡᠪᠡᠳᠴᠢᠨ᠂ ᠣᠷᠣᠨ ᠨᠤᠲᠤᠭ ᠤᠨ ᠡᠪᠡᠳᠴᠢᠨ ᠵᠡᠷᠭᠡ ᠡᠪᠡᠳᠴᠢᠨ ᠡᠮᠭᠡᠭ ᠤᠨ ᠡᠭᠦᠰᠬᠦ ᠨᠤᠷᠮ᠎ᠠ ᠶᠢ ᠪᠠᠭᠤᠷᠠᠭᠤᠯᠤᠨ᠎ᠠ᠃ 2023 ᠣᠨ ᠤ ᠰᠡᠭᠦᠯᠴᠢ ᠪᠣᠯᠬᠤ ᠳᠤ᠂ ᠬᠢᠶ᠎ᠠ ᠪᠠᠭᠰᠢ ᠲᠣᠭᠤᠷᠢᠭ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ 28% ᠠᠴᠠ ᠳᠡᠭᠡᠭᠰᠢ ᠳᠤ ᠬᠦᠷᠦᠭᠦᠯᠦᠨ᠎ᠡ᠃        ᠬᠤᠶᠠᠷ᠂ ᠠᠵᠢᠯᠯᠠᠭᠠᠨ ᠤ ᠡᠭᠦᠷᠭᠡ        ︵ᠨᠢᠭᠡ︶ ᠬᠤᠰᠢᠭᠤ ᠲᠣᠭᠤᠷᠢᠭ ᠤᠨ ᠱᠠᠲᠣᠨ ᠤ ᠡᠭᠦᠷᠭᠡ        1. ᠪᠦᠬᠦ ᠲᠠᠯ᠎ᠠ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ᠃ ᠬᠠᠷᠢᠶ᠎ᠠ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠪᠥᠬᠦ ᠲᠣᠭᠤᠷᠢᠭ ᠤᠨ ︽ᠮᠢᠨᠦ ᠡᠷᠡᠭᠦᠯ ᠮᠡᠨᠳᠦ ᠶᠢ ᠪᠢ ᠦᠪᠡᠷᠲᠡᠭᠡᠨ ᠡᠵᠡᠨ ᠮᠡᠳᠡᠬᠦ︾ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ  ᠭᠤᠣᠯᠯᠠᠬᠤ ᠮᠡᠳᠡᠯᠭᠡ ᠶᠢᠨ ᠸᠢᠴᠠᠲ ᠤᠨ ᠰᠡᠳᠦᠪ ᠬᠠᠷᠢᠭᠤᠯᠵᠣ ᠪᠡᠯᠡᠭ ᠠᠪᠬᠤ ᠠᠵᠢᠯᠯᠠᠭ᠎ᠠ ᠳᠤ ᠣᠷᠣᠯᠴᠠᠭᠤᠯᠵᠤ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠸᠢᠴᠠᠲ ᠤᠨ ᠪᠦᠯᠦᠭᠯᠡᠯ ᠢ ᠵᠣᠬᠢᠴᠠᠭᠤᠯᠵᠤ ᠪᠠᠶᠢᠭᠠᠳ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠭᠤᠣᠯᠯᠠᠬᠤ ᠮᠡᠳᠡᠯᠭᠡ ᠶᠢ ᠴᠠᠭ ᠲᠤᠬᠠᠢ ᠳᠤᠨᠢ ᠨᠡᠶᠢᠲᠡᠯᠡᠬᠦ ᠪᠠ ᠰᠢᠯᠵᠢᠭᠦᠯᠦᠨ ᠪᠠᠭᠤᠯᠭᠠᠬᠤ ᠬᠡᠷᠡᠭᠲᠡᠢ᠃        ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠤᠤᠯ ᠡᠷᠡᠭᠦᠯ ᠮᠡᠨᠳᠦ ᠶᠢᠨ ᠠᠰᠠᠭᠤᠳᠠᠯ ᠲᠠᠢ ᠤᠶᠠᠯᠳᠤᠭᠤᠯᠤᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠠᠶᠠᠷ ᠤᠨ ᠡᠳᠦᠷ ᠲᠤ ᠡᠮᠨᠡᠯᠭᠡ ᠶᠢᠨ ᠠᠵᠢᠯᠲᠠᠳ ᠢ ᠵᠣᠬᠢᠶᠠᠨ ᠪᠠᠶᠢᠭᠤᠯᠤᠨ ᠨᠡᠶᠢᠭᠡᠮ ᠲᠣᠭᠤᠷᠢᠭ᠂ ᠡᠷᠡᠭᠦᠯ ᠮᠡᠨᠳᠦ ᠶᠢᠨ ᠭᠤᠤᠯ ᠰᠡᠳᠦᠪᠲᠦ ᠴᠡᠴᠡᠷᠯᠢᠭ᠂ ᠰᠣᠶᠣᠯ ᠤᠨ ᠠᠭᠤᠳᠠᠮ ᠲᠠᠯᠠᠪᠠᠶ ᠵᠡᠷᠭᠡ ᠳᠤ ᠭᠦᠨᠵᠡᠭᠡᠶᠢᠷᠡᠨ ᠠᠯᠪᠠᠨ ᠵᠢᠷᠤᠮ ᠤᠨ ᠡᠮᠴᠢᠯᠡᠭᠡ᠂ ᠠᠰᠠᠭᠤᠨ ᠯᠠᠪᠯᠠᠬᠤ᠂ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠠᠵᠢᠯᠯᠠᠭ᠎ᠠ ᠶᠢ ᠥᠷᠨᠢᠭᠦᠯᠵᠦ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠭᠤᠤᠯ ᠮᠡᠳᠡᠯᠭᠡ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠰᠠᠷ᠎ᠠ ᠪᠦᠷᠢ ᠠᠳᠠᠭ ᠲᠠᠭᠠᠨ ᠬᠤᠶᠠᠷ ᠤᠳᠠᠭ᠎ᠠ ᠲᠠᠷᠬᠠᠭᠠᠨ᠎ᠠ᠃ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢᠶᠠᠷ ᠳᠣᠤᠷ᠎ᠠ ᠪᠠᠶᠢᠭ᠎ᠠ ᠨᠠᠰᠤᠲᠠᠶᠢᠴᠤᠳ ᠲᠤ ᠴᠢᠭᠯᠡᠭᠦᠯᠦᠨ᠂ ᠨᠠᠮ ᠤᠨ ᠭᠡᠰᠢᠭᠦᠨ᠂ ᠬᠡᠷ ᠪᠦᠯᠢ ᠶᠢᠨ ᠡᠮᠴᠢ᠂ ᠡᠷᠡᠭᠦᠯ ᠮᠡᠨᠳᠦ ᠶᠢᠨ ᠵᠢᠭᠠᠨ ᠵᠢᠯᠣᠭᠤᠳᠣᠭᠴᠢ᠂ ᠰᠦᠯᠵᠢᠶᠡᠨ ᠤ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠭᠤᠤᠯᠯᠠᠭᠴᠢ ᠬᠦᠴᠦᠨ ᠤ ᠦᠢᠯᠡᠳᠦᠯ ᠢ ᠪᠠᠳᠠᠷᠠᠭᠤᠯᠵᠤ᠂ ᠡᠷᠦᠬᠡ ᠳᠤ ᠣᠷᠣᠵᠤ ᠤᠬᠠᠭᠤᠯᠤᠨ ᠬᠥᠮᠦᠵᠢᠭᠦᠯᠬᠦ᠂ ᠣᠯᠭᠤᠮᠵᠢ ᠲᠠᠢ ᠠᠰᠠᠭᠤᠯᠲᠠ ᠵᠡᠷᠭᠡ ᠣᠯᠠᠨ ᠵᠦᠢᠯ ᠤᠨ ᠬᠡᠯᠪᠡᠷᠢ  ᠪᠠᠷ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠭᠤᠤᠯ ᠮᠡᠳᠡᠯᠭᠡ ᠶᠢ ᠲᠦᠭᠡᠮᠡᠯᠵᠢᠭᠦᠯᠬᠦ ᠶᠢ ᠠᠮᠢᠳᠤᠯᠢᠭ ᠢᠶᠠᠷ ᠥᠷᠨᠢᠭᠦᠯᠵᠦ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠬᠡᠷᠡᠭᠲᠡᠶ᠃        ᠳᠠᠭᠤᠰᠬᠠᠬᠤ ᠴᠠᠭ᠄ 4 ᠰᠠᠷ᠎ᠠ - 12 ᠰᠠᠷ᠎ᠠ        2. ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠨ᠎ᠡ᠃ ᠬᠠᠷᠢᠶ᠎ᠠ ᠡᠯ᠎ᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠴᠢᠭᠯᠡᠭᠦᠯᠦᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠭᠤᠤᠯ ᠮᠡᠳᠡᠯᠭᠡ ᠶᠢ ᠲᠦᠭᠡᠮᠡᠯᠵᠢᠭᠦᠯᠦᠨ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ ᠵᠢᠯ ᠤᠨ ᠳᠣᠲᠣᠷ᠎ᠠ ᠨᠠᠭᠠᠳᠤ ᠵᠠᠬ᠎ᠠ ᠳᠠᠭᠠᠨ ᠨᠢᠭᠡ ᠬᠤᠭᠤᠴᠠᠭ᠎ᠠ ᠡᠷᠭᠢᠯᠡᠵᠦ᠂ ᠨᠡᠶᠢᠭᠡᠮ ᠲᠣᠭᠤᠷᠢᠭ ᠤᠨ ᠬᠡᠷ ᠪᠦᠯᠢ ᠶᠢᠨ ᠡᠮᠴᠢ ᠶᠢᠨ ᠡᠷᠡᠭᠦᠯ ᠮᠡᠨᠳᠦ ᠶᠢᠨ ᠬᠥᠮᠦᠵᠢᠯ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃        ᠪᠡᠶᠡᠯᠡᠭᠦᠯᠬᠦ ᠴᠠᠭ᠄ 4 ᠰᠠᠷ᠎ᠠ - 9 ᠰᠠᠷ᠎ᠠ        3. ᠮᠡᠷᠭᠡᠵᠢᠯ ᠤᠨ ᠳᠡᠮᠵᠢᠯᠭᠡ ᠪᠠ ᠵᠢᠯᠣᠭᠤᠳᠤᠯᠭ᠎ᠠ ᠬᠠᠩᠭᠠᠨ᠎ᠠ᠃ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠬᠡᠷ ᠨᠢ ᠲᠣᠰ ᠭᠠᠵᠠᠷ ᠣᠷᠣᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠮᠡᠷᠭᠡᠵᠢᠯ ᠤᠨ ᠵᠢᠯᠣᠭᠤᠳᠣᠯᠭ᠎ᠠ ᠬᠢᠵᠦ  ᠬᠠᠷᠢᠶ᠎ᠠ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠮᠡᠷᠭᠡᠵᠢᠯ ᠤᠨ ᠪᠠᠲᠤᠯᠠᠭ᠎ᠠ ᠬᠠᠩᠭᠠᠨ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠬᠢᠨᠠᠨ ᠬᠡᠮᠵᠢᠬᠦ ᠴᠡᠭ ᠤᠨ ᠵᠡᠭᠡᠯᠢ ᠭᠤᠳᠤᠮᠵᠢ ᠳᠤ ᠮᠡᠷᠭᠡᠵᠢᠯ ᠤᠨ ᠳᠡᠮᠵᠢᠯᠭᠡ ᠶᠢ ᠭᠤᠤᠯᠳᠠᠯᠭ᠎ᠠ ᠲᠠᠢ ᠴᠢᠩᠭᠠᠳᠬᠠᠵᠤ᠂ ᠬᠠᠭᠠᠰ ᠰᠠᠷ᠎ᠠ ᠳᠤ ᠨᠢᠭᠡ ᠤᠳᠠᠭ᠎ᠠ ᠵᠢᠯᠣᠭᠤᠳᠣᠨ᠂ ᠡᠳᠦᠷ ᠪᠦᠷᠢ ᠨᠢᠭᠡ ᠤᠳᠠᠭ᠎ᠠ ᠲᠣᠬᠢᠷᠠᠭᠤᠯᠣᠨ᠂ ᠲᠤᠬᠠᠶ ᠶᠢᠨ ᠵᠢᠯ ᠤᠨ ᠬᠢᠨᠠᠨ ᠬᠡᠮᠵᠢᠬᠦ ᠡᠭᠦᠷᠭᠡ ᠪᠠᠨ ᠪᠡᠶᠡᠯᠡᠭᠦᠯᠦᠨ᠎ᠡ᠃       ᠪᠡᠶᠡᠯᠡᠭᠦᠯᠬᠦ ᠴᠠᠭ᠄ 4 ᠰᠠᠷ᠎ᠠ - 9 ᠰᠠᠷ᠎ᠠ       ︵ᠬᠤᠶᠠᠷ︶ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠱᠠᠲᠣᠨ ᠤ ᠡᠭᠦᠷᠭᠡ        1. ᠡᠷᠡᠭᠦᠯ ᠮᠡᠨᠳᠦ ᠶᠢᠨ ᠬᠦᠮᠦᠵᠢᠯ ᠢ ᠤᠯᠠᠮᠵᠢᠯᠠᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠦᠨ᠎ᠡ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠨᠢ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠢ ᠵᠣᠬᠢᠴᠠᠭᠤᠯᠵᠤ ᠪᠠᠶᠢᠭᠠᠳ ᠰᠠᠭᠤᠭᠠᠯᠢ ᠠᠷᠠᠳ ᠤᠨ ᠸᠢᠴᠠᠲ ᠤᠨ ᠪᠦᠯᠦᠭᠯᠡᠯ ᠳᠤ  ᠴᠠᠭ ᠲᠤᠬᠠᠶ ᠳᠤᠨᠢ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠭᠤᠤᠯ ᠮᠡᠳᠡᠯᠭᠡ ᠶᠢ ᠨᠡᠶᠢᠲᠡᠯᠡᠵᠦ᠂ ᠰᠢᠯᠵᠢᠭᠦᠯᠦᠨ ᠪᠠᠭᠤᠯᠭᠠᠬᠤ ᠬᠡᠷᠡᠭᠲᠡᠶ᠃ ᠰᠠᠭᠤᠭᠠᠯᠢ ᠠᠷᠠᠳ ᠢ ᠵᠣᠬᠢᠶᠠᠨ ᠪᠠᠶᠢᠭᠤᠯᠵᠤ ︽ᠮᠢᠨᠦ ᠡᠷᠡᠭᠦᠯ ᠮᠡᠨᠳᠦ ᠶᠢ ᠪᠢ ᠦᠪᠡᠷᠲᠡᠭᠡᠨ ᠡᠵᠡᠨ ᠮᠡᠳᠡᠬᠦ︾ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠠᠮᠢᠶ᠎ᠠ ᠪᠦᠬᠦᠢ ᠮᠡᠳᠡᠯᠭᠡ ᠶᠢᠨ ᠸᠢᠴᠠᠲ ᠤᠨ ᠣᠯᠭᠤᠮᠵᠢ ᠲᠠᠢ ᠠᠰᠠᠭᠤᠯᠲᠠ ᠶᠢᠨ ᠠᠵᠢᠯᠯᠠᠭ᠎ᠠ ᠳᠤ ᠢᠳᠡᠪᠬᠢᠲᠡᠢ  ᠣᠷᠣᠯᠴᠠᠭᠤᠯᠣᠨ᠎ᠠ᠃ ᠭᠤᠣᠯ ᠰᠡᠳᠦᠪᠲᠦ ᠤᠬᠠᠭᠤᠯᠭ᠎ᠠ ᠶᠢᠨ ᠡᠳᠣᠷ ᠲᠠᠢ ᠤᠶᠠᠯᠳᠤᠭᠤᠯᠤᠨ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠭᠤᠣᠯ ᠮᠡᠳᠡᠯᠭᠡ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠦᠢᠯᠡᠳᠦᠨ ᠲᠠᠷᠬᠠᠭᠠᠵᠤ᠂ ᠤᠯᠠᠨ ᠵᠦᠢᠯ ᠤᠨ ᠬᠡᠯᠪᠡᠷᠢ ᠶᠢᠨ ᠤᠬᠠᠭᠤᠯᠭ᠎ᠠ ᠬᠥᠮᠦᠵᠢᠯ ᠢ ᠥᠷᠨᠢᠭᠦᠯᠦᠨ᠎ᠡ᠃ ᠡᠯ᠎ᠡ ᠬᠢᠨᠠᠨ ᠬᠡᠮᠵᠢᠬᠦ ᠴᠡᠭ ᠨᠢ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠭᠤᠤᠯ ᠮᠡᠳᠡᠯᠭᠡ ᠶᠢᠨ ᠤᠬᠠᠭᠤᠯᠭ᠎ᠠ ᠶᠢᠨ ᠲᠠᠪᠲᠠᠮᠵᠢ ᠪᠠᠨ  ᠨᠡᠮᠡᠭᠳᠡᠭᠦᠯᠦᠨ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠠᠮᠢᠶ᠎ᠠ ᠪᠦᠬᠦᠢ ᠮᠡᠳᠡᠯᠭᠡ ᠶᠢ ᠪᠦᠯᠦᠭ ᠬᠤᠪᠢᠶᠠᠨ ᠤᠬᠠᠭᠤᠯᠤᠨ ᠬᠥᠮᠦᠵᠢᠭᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠲᠦᠷᠭᠡᠨ ᠳᠡᠭᠡᠭᠰᠢᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃  ᠡᠯ᠎ᠡ ᠬᠢᠨᠠᠨ ᠬᠡᠮᠵᠢᠬᠦ ᠴᠡᠭ ᠨᠢ ᠭᠠᠷᠠᠭ ᠪᠦᠷᠢ ᠠᠳᠠᠭ ᠲᠠᠭᠠᠨ ᠨᠢᠭᠡ ᠤᠳᠠᠭ᠎ᠠ  ᠣᠬᠠᠭᠤᠯᠣᠨ᠎ᠠ᠃        ᠳᠠᠭᠤᠰᠬᠠᠬᠤ ᠴᠠᠭ᠄ 4 ᠰᠠᠷ᠎ᠠ - 12 ᠰᠠᠷ᠎ᠠ        2. ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠡᠷᠦᠬᠡ ᠳᠤ ᠣᠷᠣᠵᠣ ᠵᠢᠭᠠᠨ ᠵᠢᠯᠣᠭᠤᠳᠬᠤ ᠶᠢ ᠪᠦᠬᠦ ᠲᠠᠯ᠎ᠠ ᠪᠠᠷ ᠥᠷᠨᠢᠭᠦᠯᠦᠨ᠎ᠡ᠃ ᠳᠡᠭᠡᠷ᠎ᠡ ᠵᠢᠯ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠬᠢᠨᠠᠨ ᠬᠡᠮᠵᠢᠭᠰᠡᠨ ᠦᠷ᠎ᠡ ᠳ᠋ᠦᠩ ᠢ ᠦᠨᠳᠦᠰᠦᠯᠡᠨ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠬᠢᠨᠠᠨ ᠬᠡᠮᠵᠢᠭᠰᠡᠨ ᠠᠭᠤᠯᠭ᠎ᠠ ᠶᠢᠨ ᠪᠠᠭᠤᠷᠠᠢ ᠲᠠᠯ᠎ᠠ ᠶᠢᠨ ᠲᠣᠭᠤᠷᠢᠨ ᠳᠤ᠂ ᠨᠡᠶᠢᠭᠡᠮ ᠲᠣᠭᠤᠷᠢᠭ ᠤᠨ ᠭᠡᠷ ᠪᠦᠯᠢ ᠶᠢᠨ ᠡᠮᠴᠢ ᠶᠢ ᠠᠰᠢᠭᠯᠠᠨ ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠬᠤ ᠪᠠ ᠵᠢᠯᠤᠭᠤᠳᠬᠤ ᠶᠢ ᠥᠷᠨᠢᠭᠦᠯᠵᠦ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠭᠤᠣᠯᠯᠠᠬᠤ ᠮᠡᠳᠡᠯᠭᠡ ᠶᠢ ᠨᠢᠭᠤᠷᠲᠠᠨ ᠨᠠᠷᠢᠯᠢᠭ ᠣᠨᠣᠴᠠᠲᠠᠢ ᠪᠠᠷ ᠣᠬᠠᠭᠤᠯᠣᠨ᠂ ᠰᠠᠷ᠎ᠠ ᠪᠦᠷᠢ ᠠᠳᠠᠭ ᠲᠠᠭᠠᠨ ᠨᠢᠭᠡ ᠤᠳᠠᠭ᠎ᠠ ᠥᠷᠨᠢᠭᠦᠯᠦᠨ᠎ᠡ᠃        ᠳᠠᠭᠤᠰᠬᠠᠬᠤ ᠴᠠᠭ᠄ 4 ᠰᠠᠷ᠎ᠠ ᠶᠢᠨ - 9 ᠰᠠᠷ᠎ᠠ ᠶᠢᠨ ᠳᠤᠮᠳᠠᠴᠢ        3.ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠲᠠᠶᠢᠯᠤᠮᠵᠢ ᠬᠢᠨ᠎ᠡ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠨᠢ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠡᠷᠡᠭᠦᠯ ᠮᠡᠨᠳᠦ ᠶᠢᠨ ᠬᠥᠮᠦᠵᠢᠯ ᠤᠨ ᠲᠥᠷᠥᠯ ᠵᠦᠢᠯ ᠲᠠᠢ ᠤᠶᠠᠯᠳᠤᠭᠤᠯᠤᠨ ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠭᠤᠣᠯᠯᠠᠬᠤ ᠮᠡᠳᠡᠯᠭᠡ ᠶᠢᠨ ᠪᠣᠯᠪᠠᠰᠤᠷᠠᠭᠤᠯᠤᠯ ᠢ ᠬᠤᠭᠤᠴᠠᠭ᠎ᠠ ᠬᠤᠪᠢᠶᠠᠨ  ᠥᠷᠨᠢᠭᠦᠯᠵᠦ᠂ ᠠᠭᠤᠯᠭ᠎ᠠ ᠳᠤᠨᠢ ᠬᠠᠯᠳᠠᠪᠤᠷᠢᠲᠤ ᠡᠪᠡᠳᠴᠢᠨ ᠢ ᠬᠡᠷᠬᠢᠨ ᠰᠡᠷᠭᠡᠶᠢᠯᠡᠨ ᠬᠢᠵᠠᠭᠠᠷᠯᠠᠬᠤ᠂ ᠤᠳᠠᠭᠠᠨ ᠴᠢᠨᠠᠷᠲᠠᠢ ᠡᠪᠡᠳᠴᠢᠨ ᠢ ᠬᠡᠷᠬᠢᠨ ᠰᠡᠷᠭᠡᠶᠢᠯᠡᠬᠦ᠂ ᠢᠳᠡᠭᠡᠨ ᠤᠮᠳᠠᠭᠠᠨ ᠢᠶᠠᠨ ᠵᠣᠬᠢᠰᠲᠠᠢ ᠪᠠᠶᠢᠯᠭᠠᠬᠤ᠂ ᠵᠣᠬᠢᠬᠤ ᠬᠡᠮᠵᠢᠶᠡᠨ ᠤ ᠬᠥᠳᠡᠯᠭᠡᠭᠡᠨ ᠬᠢᠬᠦ᠂ ᠲᠠᠮᠠᠬᠢ ᠪᠠᠨ ᠵᠣᠭᠰᠣᠵᠤ ᠠᠷᠢᠬᠢ ᠶᠢ ᠬᠢᠵᠠᠭᠠᠷᠯᠠᠬᠤ᠂  ᠰᠡᠳᠬᠢᠴᠡ ᠪᠠᠨ ᠲᠡᠩᠴᠡᠭᠦᠷᠢᠲᠡᠢ ᠪᠠᠶᠢᠯᠭᠠᠬᠤ ᠶᠢ ᠰᠠᠨᠠᠭᠠᠴᠢᠯᠠᠬᠤ᠂ ᠨᠡᠶᠢᠲᠡ ᠶᠢᠨ ᠰᠢᠨᠠᠭ᠎ᠠ ᠨᠡᠶᠢᠲᠡ ᠶᠢᠨ ᠰᠠᠪᠬ᠎ᠠ᠂ ᠬᠤᠪᠢᠳᠠᠨ ᠬᠤᠭᠤᠯᠠᠯᠠᠬᠤ ᠳᠦᠷᠢᠮ ᠵᠡᠷᠭᠡ ᠪᠣᠬᠢᠷᠲᠤᠯ ᠦᠭᠡᠢ ᠣᠷᠴᠢᠨ ᠠᠬᠤᠢ ᠶᠢ ᠬᠠᠮᠠᠭᠠᠯᠠᠬᠤ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢ ᠳᠡᠯᠭᠡᠷᠡᠭᠦᠯᠦᠨ ᠬᠡᠷᠡᠭᠯᠡᠬᠦ ᠶᠢ ᠪᠠᠭᠲᠠᠭᠠᠵᠤ᠂ ᠭᠠᠯ ᠤᠨ ᠭᠠᠮᠰᠢᠭ᠂ ᠭᠠᠵᠠᠷ ᠬᠥᠳᠡᠯᠦᠯᠲᠡ᠂ ᠵᠢᠷᠦᠬᠡ ᠠᠭᠤᠰᠬᠢᠨ ᠤ ᠰᠡᠷᠭᠦᠭᠡᠯᠲᠡ ᠵᠡᠷᠭᠡ ᠣᠷᠣᠰᠢᠨ ᠲᠣᠭᠲᠠᠨᠢᠬᠤ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠦᠨᠳᠦᠰᠦᠨ ᠮᠡᠳᠡᠯᠭᠡ ᠪᠠ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠰᠠᠷ᠎ᠠ ᠪᠦᠷᠢ ᠠᠳᠠᠭ ᠲᠠᠭᠠᠨ ᠨᠢᠭᠡ ᠤᠳᠠᠭ᠎ᠠ ᠥᠷᠨᠢᠭᠦᠯᠦᠨ᠎ᠡ᠃        ᠳᠠᠭᠤᠰᠬᠠᠬᠤ ᠴᠠᠭ᠄ 4 ᠰᠠᠷ᠎ᠠ ᠶᠢᠨ - 9 ᠰᠠᠷ᠎ᠠ ᠶᠢᠨ ᠳᠤᠮᠳᠠᠴᠢ        ᠭᠤᠷᠪᠠ᠂ ᠠᠵᠢᠯᠯᠠᠭᠠᠨ ᠤ ᠱᠠᠭᠠᠷᠳᠠᠯᠭ᠎ᠠ        ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠨᠢᠭᠡᠴᠡ ᠨᠦᠭᠦᠳ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠮᠡᠳᠡᠯᠭᠡ ᠶᠢ ᠲᠦᠭᠡᠮᠡᠯᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠭᠦᠨ ᠢ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ︽ᠬᠥᠬᠡᠭᠴᠢᠨ ᠲᠥᠷᠥᠯ ᠤᠨ ᠬᠥᠬᠡᠭᠴᠢᠨ  ᠬᠠᠮᠢᠶᠠᠷᠤᠯᠲᠠ︾ ᠪᠠ ᠡᠷᠡᠭᠦᠯ ᠡᠩᠬᠡ ᠣᠷᠳᠣᠰ ᠂ ᠡᠷᠡᠭᠦᠯ ᠡᠩᠬᠡ ᠬᠢᠶ᠎ᠠ ᠪᠠᠭᠰᠢ ᠶᠢᠨ  ᠪᠦᠳᠦᠭᠡᠨ ᠪᠠᠶᠢᠭᠤᠯᠣᠯᠲᠠ ᠵᠢᠨ‌ᠠᠵᠢᠯᠯᠠᠭ᠎ᠠ ᠶᠢᠨ ᠴᠢᠬᠤᠯᠠ ᠠᠵᠢᠯ ᠪᠣᠯᠭᠠᠨ ᠠᠳᠬᠤᠬᠤ ᠬᠡᠷᠡᠭᠲᠡᠶ᠃ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠰᠢᠰᠲ᠋ᠧᠮ ᠤᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢᠨ ᠬᠤᠭᠤᠴᠠᠭᠠᠨ ᠳᠠᠬᠢ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠭᠤᠤᠯ ᠮᠡᠳᠡᠯᠭᠡ ᠶᠢ ᠲᠦᠭᠡᠮᠡᠯᠵᠢᠭᠦᠯᠦᠨ ᠳᠡᠭᠡᠭᠰᠢᠯᠡᠭᠦᠯᠬᠦ ᠠᠵᠢᠯ ᠢ ᠰᠠᠶᠢᠲᠤᠷ ᠬᠢᠵᠦ᠂ ᠬᠢᠵᠢᠭ ᠤᠨ ᠬᠤᠭᠤᠴᠠᠭᠠᠨ ᠳᠤ ᠪᠦᠷᠢᠯᠳᠦᠭᠰᠡᠨ ᠰᠠᠶᠢᠨ ᠰᠠᠶᠢᠬᠠᠨ ᠡᠷᠡᠭᠦᠯ ᠮᠡᠨᠳᠦ ᠶᠢᠨ ᠦᠢᠯᠡ ᠠᠵᠢᠯᠯᠠᠭ᠎ᠠ ᠶᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠬᠡᠷᠡᠭᠲᠡᠶ᠃ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠡᠷᠡᠭᠦᠯ ᠮᠡᠨᠳᠦ ᠶᠢᠨ ᠬᠥᠮᠦᠵᠢᠯ ᠤᠨ ᠲᠥᠷᠥᠯ ᠵᠦᠢᠯ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠠᠬᠢᠭᠤᠯᠬᠤ ᠲᠥᠷᠥᠯ ᠵᠦᠢᠯ ᠪᠠ ᠶᠡᠷᠦᠩᠬᠡᠶᠢᠯᠡᠭᠰᠡᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠤᠨ ᠵᠠᠷᠤᠳᠠᠯ ᠤᠨ ᠬᠡᠷᠡᠭᠯᠡᠯᠲᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠠᠵᠢᠯᠯᠠᠭ᠎ᠠ ᠶᠢᠨ ᠳᠤᠮᠳᠠᠬᠢ ᠬᠥᠮᠦᠨ᠂ ᠵᠣᠭᠤᠰ ᠮᠥᠩᠭᠦ᠂ ᠪᠣᠳᠠᠰ ᠵᠡᠷᠭᠡ ᠠᠵᠢᠯ ᠤᠨ ᠬᠡᠷᠡᠭᠴᠡᠭᠡ ᠶᠢ ᠬᠠᠩᠭᠠᠨ᠂ ᠠᠵᠢᠯᠯᠠᠭ᠎ᠠ ᠶᠢᠨ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃       ︵ᠬᠤᠶᠠᠷ︶ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠦᠨ᠎ᠡ᠃ ᠡᠯ᠎ᠡ ᠨᠢᠭᠡᠴᠡ ᠨᠦᠭᠦᠳ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠵᠣᠬᠢᠴᠠᠩᠭᠤᠶ ᠠᠵᠢᠯ ᠤᠨ ᠲᠣᠭᠲᠠᠴᠠ ᠶᠢ ᠪᠠᠶᠢᠭᠤᠯᠤᠨ᠂ ᠤᠬᠠᠭᠤᠯᠬᠤ ᠠᠷᠭ᠎ᠠ ᠶᠢᠨ ᠰᠢᠨ᠎ᠡ ᠶᠢ ᠡᠭᠦᠳᠴᠦ᠂ ᠣᠯᠠᠨ ᠵᠦᠢᠯ ᠤᠨ ᠬᠡᠯᠪᠡᠷᠢ ᠪᠠᠷ ︽ᠡᠷᠡᠭᠦᠯ ᠮᠡᠨᠳᠦ ᠶᠢᠨ ᠬᠡᠪ ᠪᠣᠯᠪᠠᠰᠤᠷᠠᠯ︾ ᠤᠨ ᠮᠡᠳᠡᠯᠭᠡ ᠶᠢ ᠲᠦᠭᠡᠮᠡᠯᠵᠢᠭᠦᠯᠬᠦ ᠶᠢ ᠥᠷᠨᠢᠭᠦᠯᠵᠦ᠂ ᠢᠯᠠᠩᠭᠤᠶ᠎ᠠ ᠰᠢᠨ᠎ᠡ ᠵᠠᠭᠤᠴᠢᠯᠠᠭᠤᠷ ᠢ ᠠᠰᠢᠭᠯᠠᠨ᠂ ᠰᠦᠯᠵᠢᠶᠡᠨ ᠳᠡᠭᠡᠷ᠎ᠡ ᠢᠯᠡᠭᠦᠬᠡᠨ ᠦᠨᠡᠯᠡᠯᠲᠡ ᠬᠢᠵᠦ ᠪᠠᠶᠢᠭᠠᠳ ᠰᠠᠭᠤᠭᠠᠯᠢ ᠠᠷᠠᠳ ᠤᠨ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠵᠢᠭ ᠸᠢᠳᠢᠣ᠋ ᠵᠣᠬᠢᠶᠠᠵᠤ ᠪᠠᠶᠠᠷ ᠴᠡᠩᠭᠡᠯ ᠲᠠᠢ ᠵᠢᠭᠠᠬᠤ ᠵᠡᠷᠭᠡ ᠠᠷᠭ᠎ᠠ ᠮᠠᠶ᠋ᠢᠭ ᠢᠶᠠᠷ ᠤᠬᠠᠭᠤᠯᠭ᠎ᠠ ᠬᠥᠮᠦᠵᠢᠯ ᠬᠢᠬᠦ ᠬᠡᠷᠡᠭᠲᠡᠶ᠃ ᠰᠦᠯᠵᠢᠶᠡᠨ ᠤ ᠠᠵᠢᠯᠲᠠᠨ ᠵᠢᠵᠢᠭ ᠲᠣᠭᠤᠷᠢᠭ ᠤᠨ ᠰᠦᠷᠦᠭᠵᠢᠯ ᠳᠤ ᠥᠷᠭᠡᠨ ᠢᠶᠠᠷ ᠤᠯᠠᠮᠵᠢᠯᠠᠨ ᠲᠠᠷᠬᠠᠭᠠᠬᠤ ᠪᠠ ᠬᠡᠷ ᠪᠦᠯᠢ ᠶᠢᠨ ᠡᠮᠴᠢ ᠶᠢᠨ ᠬᠡᠷ ᠲᠤᠨᠢ ᠬᠦᠷᠴᠦ ᠤᠬᠠᠭᠤᠯᠤᠨ ᠬᠥᠮᠦᠵᠢᠭᠦᠯᠬᠦ ᠵᠡᠷᠭᠡ ᠣᠯᠠᠨ ᠵᠦᠢᠯ ᠤᠨ ᠠᠷᠭ᠎ᠠ ᠶᠢ ᠣᠷᠭᠠᠨᠢᠭ ᠢᠶᠠᠷ ᠤᠶᠠᠯᠳᠤᠭᠤᠯᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠲᠦᠷᠭᠡᠨ ᠳᠡᠭᠡᠭᠰᠢᠯᠡᠭᠦᠯᠵᠦ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠭᠤᠤᠯ ᠮᠡᠳᠡᠯᠭᠡ ᠶᠢᠨ ᠤᠬᠠᠭᠤᠯᠭ᠎ᠠ ᠵᠡᠷᠭᠡ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠵᠢᠯ ᠤᠨ ᠡᠬᠢᠨ ᠳᠤ ᠲᠣᠭᠲᠠᠭᠠᠭᠰᠠᠨ ᠠᠵᠢᠯ ᠤᠨ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃       ︵ᠭᠤᠷᠪᠠ︶ ᠵᠢᠯᠤᠭᠤᠳᠤᠨ ᠲᠤᠬᠢᠷᠠᠭᠤᠯᠬᠤ ᠶᠢ ᠴᠢᠩᠭᠠᠳᠬᠠᠨ᠎ᠠ᠃ ᠠᠵᠢᠯᠯᠠᠭ᠎ᠠ ᠶᠢᠨ ᠬᠡᠷᠡᠭᠵᠢᠭᠦᠯᠬᠦ ᠨᠠᠷᠢᠨ ᠳᠦᠷᠢᠮ ᠤᠨ ᠱᠠᠭᠠᠷᠳᠠᠯᠭ᠎ᠠ ᠶᠣᠰᠣᠭᠠᠷ ᠲᠣᠭᠲᠠᠮᠠᠯ ᠬᠤᠭᠤᠴᠠᠭ᠎ᠠ ᠲᠠᠢ ᠪᠠᠷ ᠵᠢᠭᠠᠨ ᠵᠢᠯᠣᠭᠤᠳᠬᠤ ᠪᠠ ᠲᠣᠬᠢᠷᠠᠭᠤᠯᠵᠤ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠠᠵᠢᠯᠯᠠᠭᠠᠨ ᠤ ᠡᠭᠦᠷᠭᠡ ᠶᠢ ᠠᠬᠢᠭᠤᠯᠤᠭᠰᠠᠨ ᠪᠠ ᠪᠡᠶᠡᠯᠡᠭᠦᠯᠦᠭᠰᠡᠨ ᠪᠠᠶᠢᠳᠠᠯ ᠢ ᠵᠢᠯ ᠤᠨ ᠡᠴᠦᠰ ᠤᠨ ᠡᠷᠡᠭᠦᠯ ᠮᠡᠨᠳᠦ ᠬᠢᠶ᠎ᠠ ᠪᠠᠭᠰᠢ ᠶᠢᠨ ᠠᠵᠢᠯᠯᠠᠭᠠᠨ ᠤ ᠭᠦᠢᠴᠡᠳᠬᠡᠯ ᠲᠤᠭ᠎ᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠬᠤ ᠶᠢᠨ ᠬᠠᠮᠲᠤ ᠬᠤᠪᠢ ᠶᠢᠨ ᠥᠷᠲᠡᠭ ᠤᠨ ᠬᠠᠷᠢᠴᠠᠯ ᠢ ᠨᠡᠮᠡᠭᠳᠡᠭᠦᠯᠦᠨ᠎ᠡ᠃ ᠤᠳᠠᠭ᠎ᠠ ᠪᠦᠷᠢ ᠶᠢᠨ ᠵᠢᠭᠠᠨ ᠵᠢᠯᠣᠭᠤᠳᠴᠤ ᠲᠣᠬᠢᠷᠠᠭᠤᠯᠤᠭᠰᠠᠨ ᠦᠷ᠎ᠡ ᠳ᠋ᠦᠩ ᠢ ᠵᠠᠷᠯᠠᠨ ᠮᠡᠳᠡᠭᠳᠡᠵᠦ᠂ ᠰᠠᠶᠢᠲᠤᠷ ᠬᠢᠭᠰᠡᠨ ᠨᠢᠭᠡᠴᠡ ᠶᠢ ᠰᠠᠶᠢᠰᠢᠶᠠᠨ᠂ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠶᠢ ᠨᠢ ᠵᠠᠷᠯᠠᠨ ᠰᠢᠭᠦᠮᠵᠢᠯᠡᠨ᠎ᠡ᠃       ︵ᠲᠦᠷᠪᠡ︶ ᠵᠢᠱᠢᠶ᠎ᠡ ᠦᠵᠡᠭᠦᠯᠬᠦ ᠳ᠋ᠦᠩᠨᠡᠯᠲᠡ ᠶᠢ ᠰᠠᠶᠢᠲᠤᠷ ᠠᠳᠬᠤᠨ᠎ᠠ᠃ ᠡᠯ᠎ᠡ ᠨᠢᠭᠡᠴᠡ ᠶᠢᠨ ᠬᠢᠨ ᠬᠡᠷᠡᠭᠵᠢᠭᠦᠯᠬᠦ ᠶᠠᠪᠤᠴᠠ ᠳᠤ ᠲᠤᠷᠰᠢᠯᠭ᠎ᠠ᠂ ᠰᠠᠶᠢᠨ ᠠᠷᠭ᠎ᠠ ᠬᠢᠳᠡᠯ ᠢᠶᠠᠨ ᠢᠳᠡᠪᠬᠢᠲᠡᠢ ᠳ᠋ᠦᠩᠨᠡᠵᠦ᠂ ᠴᠠᠭ ᠲᠤᠬᠠᠢ ᠳᠤᠨᠢ ᠰᠤᠷᠤᠯᠴᠠᠨ ᠤᠬᠠᠭᠤᠯᠵᠤ ᠳᠡᠯᠭᠡᠷᠡᠭᠦᠯᠦᠨ᠂ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠮᠡᠳᠡᠯᠭᠡ ᠶᠢ ᠲᠦᠭᠡᠮᠡᠯᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠨᠢᠭᠡᠴᠡ 2023 ᠣᠨ ᠤ 6 ᠰᠠᠷ᠎ᠠ ᠶᠢᠨ 20 ᠤ ᠡᠳᠦᠷ ᠪᠠ 12 ᠰᠠᠷ᠎ᠠ ᠶᠢᠨ 20 ᠤ ᠡᠳᠦᠷ ᠠᠴᠠ ᠡᠮᠦᠨ᠎ᠡ ᠠᠵᠢᠯᠯᠠᠭ᠎ᠠ ᠶᠢᠨ ᠡᠭᠦᠷᠭᠡ ᠶᠢ ᠠᠬᠢᠭᠤᠯᠤᠭᠰᠠᠨ ᠵᠢᠴᠢ ᠪᠡᠶᠡᠯᠡᠭᠦᠯᠦᠭᠰᠡᠨ ᠪᠠᠶᠢᠳᠠᠯ ᠢᠶᠠᠨ ᠦᠰᠦᠭ ᠪᠢᠴᠢᠭ ᠤᠨ ᠮᠠᠲ᠋ᠧᠷᠢᠶᠠᠯ ᠢᠶᠠᠷ ᠬᠢᠶ᠎ᠠ ᠪᠠᠭᠰᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠮᠡᠳᠡᠭᠦᠯᠵᠡᠢ᠃ 
ᠢᠷᠡᠯᠲᠡ᠄ ᠲᠣᠰ ᠰᠥᠯᠵᠢᠶ᠎ᠡ