ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ︽ᠬᠥᠬᠡᠭᠴᠢᠨ ᠲᠦᠷᠦᠯ ᠤᠨ | ᠬᠥᠬᠡᠭᠴᠢᠨ ᠬᠠᠮᠢᠶᠠᠷᠤᠯᠲᠠ︾ ᠶᠢᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠪᠣᠯᠣᠨ ᠥᠪᠡᠷᠲᠡᠭᠡᠨ ᠵᠠᠰᠠᠬᠤ ᠣᠷᠣᠨ᠂ ᠪᠦᠬᠦ ᠬᠤᠳᠠ ᠶᠢᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠲᠠᠪᠣᠷᠢᠵᠢᠭᠤᠯᠣᠨ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ | ᠪᠣᠯᠪᠠᠰᠤᠷᠠᠯ ᠤᠨ ᠲᠦᠪᠰᠢᠨ ᠢ ᠲᠦᠷᠭᠡᠨ ᠳᠡᠭᠡᠭᠰᠢᠯᠡᠭᠦᠯᠵᠦ᠂ ᠡᠷᠡᠭᠦᠯ ᠡᠩᠭᠡ ᠬᠢᠶ᠎ᠠ ᠪᠠᠭᠰᠢ ᠶᠢᠨ ᠪᠦᠲᠦᠭᠡᠨ ᠪᠠᠶᠢᠭᠤᠯᠤᠯᠲᠠ ᠶᠢ ᠨᠡᠩ ᠰᠠᠶᠢᠲᠤᠷ ᠠᠬᠢᠭᠤᠯᠬᠤ ᠶᠢᠨ | ᠲᠥᠯᠥᠭᠡ᠂ ᠲᠤᠰ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ᠢ ᠣᠨᠴᠠᠭᠠᠶᠢᠯᠠᠨ ᠲᠣᠭᠲᠠᠭᠠᠪᠠ᠃ | | | ᠨᠢᠭᠡ᠂ ᠠᠵᠢᠯᠯᠠᠭᠠᠨ ᠤ ᠬᠠᠷᠠᠯᠲᠠ | ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠦᠨᠳᠦᠰᠦᠨ ᠮᠡᠳᠡᠯᠭᠡ ᠪᠠ ᠮᠡᠷᠭᠡᠵᠢᠯ ᠴᠢᠳᠠᠪᠤᠷᠢ ᠶᠢ ᠣᠶᠢᠯᠠᠭᠠᠬᠤ ᠨᠣᠷᠮ᠎ᠠ᠂ ᠡᠷᠡᠭᠦᠯ ᠴᠢᠭᠢᠷᠠᠭ | ᠠᠮᠢᠳᠤᠷᠠᠯ ᠤᠨ ᠠᠷᠭ᠎ᠠ ᠮᠠᠶ᠋ᠢᠭ ᠬᠢᠭᠡᠳ ᠦᠶᠯᠡ ᠠᠵᠢᠯᠯᠠᠭ᠎ᠠ ᠶᠢᠨ ᠪᠦᠷᠢᠯᠳᠦᠬᠦ ᠨᠣᠷᠮ᠎ᠠ ᠪᠠ ᠡᠷᠡᠭᠦᠯ ᠮᠡᠨᠳᠦ ᠶᠢᠨ ᠮᠡᠷᠭᠡᠵᠢᠯ ᠴᠢᠳᠠᠪᠤᠷᠢ ᠶᠢ ᠡᠵᠡᠮᠰᠢᠬᠦ ᠨᠣᠷᠮ᠎ᠠ ᠶᠢ | ᠪᠥᠬᠦ ᠲᠠᠯ᠎ᠠ ᠪᠠᠷ ᠳᠡᠭᠡᠭᠰᠢᠯᠡᠭᠦᠯᠬᠦ ᠪᠠᠷ ᠳᠠᠮᠵᠢᠭᠤᠯᠤᠨ᠂ ᠬᠥᠮᠥᠨ ᠨᠢᠭᠡᠪᠦᠷᠢ ᠴᠥᠮ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠤ ᠦᠵᠡᠯᠲᠡ ᠢ | ᠪᠣᠶ ᠪᠣᠯᠭᠠᠨ᠎ᠠ᠃ ᠰᠢᠨᠵᠢᠯᠡᠬᠦ ᠤᠬᠠᠭᠠᠨᠴᠢ ᠡᠷᠡᠭᠦᠯ ᠮᠡᠨᠳᠦ ᠶᠢᠨ ᠦᠵᠡᠯᠲᠡ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ᠂ ᠤᠳᠠᠭᠠᠨ ᠴᠢᠨᠠᠷᠲᠠᠶ ᠡᠪᠡᠳᠴᠢᠨ ᠢ | ᠰᠡᠷᠭᠡᠶᠢᠯᠡᠨ ᠵᠠᠰᠠᠬᠤ᠂ ᠠᠮᠤᠷ ᠲᠦᠪᠰᠢᠨ ᠬᠢᠭᠡᠳ ᠲᠦᠷᠭᠡᠨ ᠠᠪᠤᠷᠠᠯᠲᠠ᠂ ᠦᠨᠳᠦᠰᠦᠨ ᠡᠮᠴᠢᠯᠡᠭᠡ ᠪᠠ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠬᠡᠪ | ᠪᠣᠯᠪᠠᠰᠤᠷᠠᠯ ᠢ ᠳᠡᠭᠡᠭᠰᠢᠯᠡᠭᠦᠯᠵᠦ᠂ ᠬᠠᠯᠳᠠᠪᠤᠷᠢᠲᠤ ᠡᠪᠡᠳᠴᠢᠨ᠂ ᠤᠵᠢᠭ ᠡᠪᠡᠳᠴᠢᠨ᠂ ᠣᠷᠣᠨ ᠨᠤᠲᠤᠭ ᠤᠨ ᠡᠪᠡᠳᠴᠢᠨ ᠵᠡᠷᠭᠡ ᠡᠪᠡᠳᠴᠢᠨ ᠡᠮᠭᠡᠭ ᠤᠨ ᠡᠭᠦᠰᠬᠦ | ᠨᠤᠷᠮ᠎ᠠ ᠶᠢ ᠪᠠᠭᠤᠷᠠᠭᠤᠯᠤᠨ᠎ᠠ᠃ 2023 ᠣᠨ ᠤ ᠰᠡᠭᠦᠯᠴᠢ ᠪᠣᠯᠬᠤ ᠳᠤ᠂ ᠬᠢᠶ᠎ᠠ ᠪᠠᠭᠰᠢ ᠲᠣᠭᠤᠷᠢᠭ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ | ᠪᠣᠯᠪᠠᠰᠤᠷᠠᠯ ᠤᠨ ᠬᠢᠷᠢ ᠲᠦᠪᠰᠢᠨ ᠢ 28% ᠠᠴᠠ ᠳᠡᠭᠡᠭᠰᠢ ᠳᠤ ᠬᠦᠷᠦᠭᠦᠯᠦᠨ᠎ᠡ᠃ | | | ᠬᠤᠶᠠᠷ᠂ ᠠᠵᠢᠯᠯᠠᠭᠠᠨ ᠤ ᠡᠭᠦᠷᠭᠡ | ︵ᠨᠢᠭᠡ︶ ᠬᠤᠰᠢᠭᠤ ᠲᠣᠭᠤᠷᠢᠭ ᠤᠨ ᠱᠠᠲᠣᠨ ᠤ ᠡᠭᠦᠷᠭᠡ | 1. ᠪᠦᠬᠦ ᠲᠠᠯ᠎ᠠ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ᠃ ᠬᠠᠷᠢᠶ᠎ᠠ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ | ᠢᠳᠡᠪᠬᠢᠲᠡᠶ ᠪᠠᠷ ᠵᠣᠬᠢᠶᠠᠨ ᠪᠠᠶᠢᠭᠤᠯᠤᠨ ᠪᠥᠬᠦ ᠲᠣᠭᠤᠷᠢᠭ ᠤᠨ ︽ᠮᠢᠨᠦ ᠡᠷᠡᠭᠦᠯ ᠮᠡᠨᠳᠦ ᠶᠢ ᠪᠢ ᠦᠪᠡᠷᠲᠡᠭᠡᠨ ᠡᠵᠡᠨ ᠮᠡᠳᠡᠬᠦ︾ ᠡᠷᠡᠭᠦᠯ ᠮᠡᠨᠳᠦ ᠶᠢᠨ ᠬᠡᠪ | ᠪᠣᠯᠪᠠᠰᠤᠷᠠᠯ ᠤᠨ ᠭᠤᠣᠯᠯᠠᠬᠤ ᠮᠡᠳᠡᠯᠭᠡ ᠶᠢᠨ ᠸᠢᠴᠠᠲ ᠤᠨ ᠰᠡᠳᠦᠪ ᠬᠠᠷᠢᠭᠤᠯᠵᠣ ᠪᠡᠯᠡᠭ ᠠᠪᠬᠤ ᠠᠵᠢᠯᠯᠠᠭ᠎ᠠ ᠳᠤ ᠣᠷᠣᠯᠴᠠᠭᠤᠯᠵᠤ᠂ ᠵᠡᠭᠡᠯᠢ ᠭᠤᠳᠤᠮᠵᠢ᠂ ᠨᠡᠶᠢᠭᠡᠮ | ᠲᠣᠭᠤᠷᠢᠭ ᠤᠨ ᠰᠦᠯᠵᠢᠶᠡᠨ ᠤ ᠠᠵᠢᠯᠲᠠᠨ ᠸᠢᠴᠠᠲ ᠤᠨ ᠪᠦᠯᠦᠭᠯᠡᠯ ᠢ ᠵᠣᠬᠢᠴᠠᠭᠤᠯᠵᠤ ᠪᠠᠶᠢᠭᠠᠳ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠭᠤᠣᠯᠯᠠᠬᠤ | ᠮᠡᠳᠡᠯᠭᠡ ᠶᠢ ᠴᠠᠭ ᠲᠤᠬᠠᠢ ᠳᠤᠨᠢ ᠨᠡᠶᠢᠲᠡᠯᠡᠬᠦ ᠪᠠ ᠰᠢᠯᠵᠢᠭᠦᠯᠦᠨ ᠪᠠᠭᠤᠯᠭᠠᠬᠤ ᠬᠡᠷᠡᠭᠲᠡᠢ᠃ | ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠤᠤᠯ ᠡᠷᠡᠭᠦᠯ ᠮᠡᠨᠳᠦ ᠶᠢᠨ ᠠᠰᠠᠭᠤᠳᠠᠯ ᠲᠠᠢ ᠤᠶᠠᠯᠳᠤᠭᠤᠯᠤᠨ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠪᠠᠶᠠᠷ ᠤᠨ ᠡᠳᠦᠷ ᠲᠤ ᠡᠮᠨᠡᠯᠭᠡ ᠶᠢᠨ ᠠᠵᠢᠯᠲᠠᠳ ᠢ ᠵᠣᠬᠢᠶᠠᠨ ᠪᠠᠶᠢᠭᠤᠯᠤᠨ ᠨᠡᠶᠢᠭᠡᠮ ᠲᠣᠭᠤᠷᠢᠭ᠂ ᠡᠷᠡᠭᠦᠯ ᠮᠡᠨᠳᠦ ᠶᠢᠨ ᠭᠤᠤᠯ ᠰᠡᠳᠦᠪᠲᠦ ᠴᠡᠴᠡᠷᠯᠢᠭ᠂ | ᠰᠣᠶᠣᠯ ᠤᠨ ᠠᠭᠤᠳᠠᠮ ᠲᠠᠯᠠᠪᠠᠶ ᠵᠡᠷᠭᠡ ᠳᠤ ᠭᠦᠨᠵᠡᠭᠡᠶᠢᠷᠡᠨ ᠠᠯᠪᠠᠨ ᠵᠢᠷᠤᠮ ᠤᠨ ᠡᠮᠴᠢᠯᠡᠭᠡ᠂ ᠠᠰᠠᠭᠤᠨ ᠯᠠᠪᠯᠠᠬᠤ᠂ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ | ᠠᠵᠢᠯᠯᠠᠭ᠎ᠠ ᠶᠢ ᠥᠷᠨᠢᠭᠦᠯᠵᠦ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠭᠤᠤᠯ ᠮᠡᠳᠡᠯᠭᠡ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠰᠠᠷ᠎ᠠ ᠪᠦᠷᠢ ᠠᠳᠠᠭ ᠲᠠᠭᠠᠨ | ᠬᠤᠶᠠᠷ ᠤᠳᠠᠭ᠎ᠠ ᠲᠠᠷᠬᠠᠭᠠᠨ᠎ᠠ᠃ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢᠶᠠᠷ ᠳᠣᠤᠷ᠎ᠠ ᠪᠠᠶᠢᠭ᠎ᠠ ᠨᠠᠰᠤᠲᠠᠶᠢᠴᠤᠳ ᠲᠤ ᠴᠢᠭᠯᠡᠭᠦᠯᠦᠨ᠂ ᠨᠠᠮ ᠤᠨ ᠭᠡᠰᠢᠭᠦᠨ᠂ ᠬᠡᠷ | ᠪᠦᠯᠢ ᠶᠢᠨ ᠡᠮᠴᠢ᠂ ᠡᠷᠡᠭᠦᠯ ᠮᠡᠨᠳᠦ ᠶᠢᠨ ᠵᠢᠭᠠᠨ ᠵᠢᠯᠣᠭᠤᠳᠣᠭᠴᠢ᠂ ᠰᠦᠯᠵᠢᠶᠡᠨ ᠤ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠭᠤᠤᠯᠯᠠᠭᠴᠢ | ᠬᠦᠴᠦᠨ ᠤ ᠦᠢᠯᠡᠳᠦᠯ ᠢ ᠪᠠᠳᠠᠷᠠᠭᠤᠯᠵᠤ᠂ ᠡᠷᠦᠬᠡ ᠳᠤ ᠣᠷᠣᠵᠤ ᠤᠬᠠᠭᠤᠯᠤᠨ ᠬᠥᠮᠦᠵᠢᠭᠦᠯᠬᠦ᠂ ᠣᠯᠭᠤᠮᠵᠢ ᠲᠠᠢ ᠠᠰᠠᠭᠤᠯᠲᠠ ᠵᠡᠷᠭᠡ ᠣᠯᠠᠨ ᠵᠦᠢᠯ ᠤᠨ ᠬᠡᠯᠪᠡᠷᠢ | ᠪᠠᠷ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠭᠤᠤᠯ ᠮᠡᠳᠡᠯᠭᠡ ᠶᠢ ᠲᠦᠭᠡᠮᠡᠯᠵᠢᠭᠦᠯᠬᠦ ᠶᠢ ᠠᠮᠢᠳᠤᠯᠢᠭ ᠢᠶᠠᠷ ᠥᠷᠨᠢᠭᠦᠯᠵᠦ᠂ ᠨᠠᠰᠤᠲᠠᠶᠢᠴᠤᠳ ᠤᠨ ᠡᠷᠡᠭᠦᠯ | ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠬᠡᠷᠡᠭᠲᠡᠶ᠃ | ᠳᠠᠭᠤᠰᠬᠠᠬᠤ ᠴᠠᠭ᠄ 4 ᠰᠠᠷ᠎ᠠ - 12 ᠰᠠᠷ᠎ᠠ | 2. ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠨ᠎ᠡ᠃ ᠬᠠᠷᠢᠶ᠎ᠠ ᠡᠯ᠎ᠡ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠴᠢᠭᠯᠡᠭᠦᠯᠦᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠭᠤᠤᠯ ᠮᠡᠳᠡᠯᠭᠡ ᠶᠢ | ᠲᠦᠭᠡᠮᠡᠯᠵᠢᠭᠦᠯᠦᠨ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ ᠵᠢᠯ ᠤᠨ ᠳᠣᠲᠣᠷ᠎ᠠ ᠨᠠᠭᠠᠳᠤ ᠵᠠᠬ᠎ᠠ ᠳᠠᠭᠠᠨ ᠨᠢᠭᠡ ᠬᠤᠭᠤᠴᠠᠭ᠎ᠠ ᠡᠷᠭᠢᠯᠡᠵᠦ᠂ ᠨᠡᠶᠢᠭᠡᠮ | ᠲᠣᠭᠤᠷᠢᠭ ᠤᠨ ᠬᠡᠷ ᠪᠦᠯᠢ ᠶᠢᠨ ᠡᠮᠴᠢ ᠶᠢᠨ ᠡᠷᠡᠭᠦᠯ ᠮᠡᠨᠳᠦ ᠶᠢᠨ ᠬᠥᠮᠦᠵᠢᠯ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠪᠡᠶᠡᠯᠡᠭᠦᠯᠬᠦ ᠴᠠᠭ᠄ 4 ᠰᠠᠷ᠎ᠠ - 9 ᠰᠠᠷ᠎ᠠ | 3. ᠮᠡᠷᠭᠡᠵᠢᠯ ᠤᠨ ᠳᠡᠮᠵᠢᠯᠭᠡ ᠪᠠ ᠵᠢᠯᠣᠭᠤᠳᠤᠯᠭ᠎ᠠ ᠬᠠᠩᠭᠠᠨ᠎ᠠ᠃ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠠ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠬᠡᠷ ᠨᠢ ᠲᠣᠰ ᠭᠠᠵᠠᠷ ᠣᠷᠣᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠮᠡᠷᠭᠡᠵᠢᠯ ᠤᠨ | ᠵᠢᠯᠣᠭᠤᠳᠣᠯᠭ᠎ᠠ ᠬᠢᠵᠦ᠂ ᠬᠠᠷᠢᠶ᠎ᠠ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠮᠡᠷᠭᠡᠵᠢᠯ ᠤᠨ | ᠪᠠᠲᠤᠯᠠᠭ᠎ᠠ ᠬᠠᠩᠭᠠᠨ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠬᠢᠨᠠᠨ ᠬᠡᠮᠵᠢᠬᠦ ᠴᠡᠭ ᠤᠨ ᠵᠡᠭᠡᠯᠢ ᠭᠤᠳᠤᠮᠵᠢ ᠳᠤ ᠮᠡᠷᠭᠡᠵᠢᠯ ᠤᠨ ᠳᠡᠮᠵᠢᠯᠭᠡ ᠶᠢ ᠭᠤᠤᠯᠳᠠᠯᠭ᠎ᠠ ᠲᠠᠢ | ᠴᠢᠩᠭᠠᠳᠬᠠᠵᠤ᠂ ᠬᠠᠭᠠᠰ ᠰᠠᠷ᠎ᠠ ᠳᠤ ᠨᠢᠭᠡ ᠤᠳᠠᠭ᠎ᠠ ᠵᠢᠯᠣᠭᠤᠳᠣᠨ᠂ ᠡᠳᠦᠷ ᠪᠦᠷᠢ ᠨᠢᠭᠡ ᠤᠳᠠᠭ᠎ᠠ ᠲᠣᠬᠢᠷᠠᠭᠤᠯᠣᠨ᠂ ᠲᠤᠬᠠᠶ ᠶᠢᠨ ᠵᠢᠯ ᠤᠨ ᠬᠢᠨᠠᠨ ᠬᠡᠮᠵᠢᠬᠦ | ᠡᠭᠦᠷᠭᠡ ᠪᠠᠨ ᠪᠡᠶᠡᠯᠡᠭᠦᠯᠦᠨ᠎ᠡ᠃ | ᠪᠡᠶᠡᠯᠡᠭᠦᠯᠬᠦ ᠴᠠᠭ᠄ 4 ᠰᠠᠷ᠎ᠠ - 9 ᠰᠠᠷ᠎ᠠ | | | ︵ᠬᠤᠶᠠᠷ︶ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠱᠠᠲᠣᠨ ᠤ ᠡᠭᠦᠷᠭᠡ | 1. ᠡᠷᠡᠭᠦᠯ ᠮᠡᠨᠳᠦ ᠶᠢᠨ ᠬᠦᠮᠦᠵᠢᠯ ᠢ ᠤᠯᠠᠮᠵᠢᠯᠠᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠦᠨ᠎ᠡ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠨᠢ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠢ ᠵᠣᠬᠢᠴᠠᠭᠤᠯᠵᠤ ᠪᠠᠶᠢᠭᠠᠳ ᠰᠠᠭᠤᠭᠠᠯᠢ ᠠᠷᠠᠳ ᠤᠨ | ᠸᠢᠴᠠᠲ ᠤᠨ ᠪᠦᠯᠦᠭᠯᠡᠯ ᠳᠤ ᠴᠠᠭ ᠲᠤᠬᠠᠶ ᠳᠤᠨᠢ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠭᠤᠤᠯ ᠮᠡᠳᠡᠯᠭᠡ ᠶᠢ ᠨᠡᠶᠢᠲᠡᠯᠡᠵᠦ᠂ ᠰᠢᠯᠵᠢᠭᠦᠯᠦᠨ ᠪᠠᠭᠤᠯᠭᠠᠬᠤ | ᠬᠡᠷᠡᠭᠲᠡᠶ᠃ ᠰᠠᠭᠤᠭᠠᠯᠢ ᠠᠷᠠᠳ ᠢ ᠵᠣᠬᠢᠶᠠᠨ ᠪᠠᠶᠢᠭᠤᠯᠵᠤ ︽ᠮᠢᠨᠦ ᠡᠷᠡᠭᠦᠯ ᠮᠡᠨᠳᠦ ᠶᠢ ᠪᠢ ᠦᠪᠡᠷᠲᠡᠭᠡᠨ ᠡᠵᠡᠨ ᠮᠡᠳᠡᠬᠦ︾ ᠡᠷᠡᠭᠦᠯ ᠮᠡᠨᠳᠦ ᠶᠢᠨ ᠬᠡᠪ | ᠪᠣᠯᠪᠠᠰᠤᠷᠠᠯ ᠤᠨ ᠬᠠᠮᠢᠶ᠎ᠠ ᠪᠦᠬᠦᠢ ᠮᠡᠳᠡᠯᠭᠡ ᠶᠢᠨ ᠸᠢᠴᠠᠲ ᠤᠨ ᠣᠯᠭᠤᠮᠵᠢ ᠲᠠᠢ ᠠᠰᠠᠭᠤᠯᠲᠠ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠣᠨ᠎ᠠ᠃ ᠭᠤᠣᠯ | ᠰᠡᠳᠦᠪᠲᠦ ᠤᠬᠠᠭᠤᠯᠭ᠎ᠠ ᠶᠢᠨ ᠡᠳᠣᠷ ᠲᠠᠢ ᠤᠶᠠᠯᠳᠤᠭᠤᠯᠤᠨ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠭᠤᠣᠯ ᠮᠡᠳᠡᠯᠭᠡ ᠶᠢᠨ ᠤᠬᠠᠭᠤᠯᠭ᠎ᠠ ᠶᠢᠨ ᠮᠠᠲ᠋ᠧᠷᠢᠶᠠᠯ ᠢ | ᠦᠢᠯᠡᠳᠦᠨ ᠲᠠᠷᠬᠠᠭᠠᠵᠤ᠂ ᠤᠯᠠᠨ ᠵᠦᠢᠯ ᠤᠨ ᠬᠡᠯᠪᠡᠷᠢ ᠶᠢᠨ ᠤᠬᠠᠭᠤᠯᠭ᠎ᠠ ᠬᠥᠮᠦᠵᠢᠯ ᠢ ᠥᠷᠨᠢᠭᠦᠯᠦᠨ᠎ᠡ᠃ ᠡᠯ᠎ᠡ ᠬᠢᠨᠠᠨ ᠬᠡᠮᠵᠢᠬᠦ ᠴᠡᠭ ᠨᠢ ᠡᠷᠡᠭᠦᠯ ᠮᠡᠨᠳᠦ ᠶᠢᠨ ᠬᠡᠪ | ᠪᠣᠯᠪᠠᠰᠤᠷᠠᠯ ᠤᠨ ᠭᠤᠤᠯ ᠮᠡᠳᠡᠯᠭᠡ ᠶᠢᠨ ᠤᠬᠠᠭᠤᠯᠭ᠎ᠠ ᠶᠢᠨ ᠲᠠᠪᠲᠠᠮᠵᠢ ᠪᠠᠨ ᠨᠡᠮᠡᠭᠳᠡᠭᠦᠯᠦᠨ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠠᠮᠢᠶ᠎ᠠ ᠪᠦᠬᠦᠢ | ᠮᠡᠳᠡᠯᠭᠡ ᠶᠢ ᠪᠦᠯᠦᠭ ᠬᠤᠪᠢᠶᠠᠨ ᠤᠬᠠᠭᠤᠯᠤᠨ ᠬᠥᠮᠦᠵᠢᠭᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠲᠦᠷᠭᠡᠨ ᠳᠡᠭᠡᠭᠰᠢᠯᠡᠭᠦᠯᠬᠦ ᠶᠢ | ᠦᠨᠡᠨᠬᠦ ᠪᠠᠲᠤᠯᠠᠬᠤ ᠬᠡᠷᠡᠭᠲᠡᠶ᠃ ᠡᠯ᠎ᠡ ᠬᠢᠨᠠᠨ ᠬᠡᠮᠵᠢᠬᠦ ᠴᠡᠭ ᠨᠢ ᠭᠠᠷᠠᠭ ᠪᠦᠷᠢ ᠠᠳᠠᠭ ᠲᠠᠭᠠᠨ ᠨᠢᠭᠡ ᠤᠳᠠᠭ᠎ᠠ ᠣᠬᠠᠭᠤᠯᠣᠨ᠎ᠠ᠃ | ᠳᠠᠭᠤᠰᠬᠠᠬᠤ ᠴᠠᠭ᠄ 4 ᠰᠠᠷ᠎ᠠ - 12 ᠰᠠᠷ᠎ᠠ | 2. ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠡᠷᠦᠬᠡ ᠳᠤ ᠣᠷᠣᠵᠣ ᠵᠢᠭᠠᠨ ᠵᠢᠯᠣᠭᠤᠳᠬᠤ ᠶᠢ ᠪᠦᠬᠦ ᠲᠠᠯ᠎ᠠ ᠪᠠᠷ ᠥᠷᠨᠢᠭᠦᠯᠦᠨ᠎ᠡ᠃ ᠳᠡᠭᠡᠷ᠎ᠡ ᠵᠢᠯ ᠤᠨ | ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠬᠢᠨᠠᠨ ᠬᠡᠮᠵᠢᠭᠰᠡᠨ ᠦᠷ᠎ᠡ ᠳ᠋ᠦᠩ ᠢ ᠦᠨᠳᠦᠰᠦᠯᠡᠨ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠬᠢᠨᠠᠨ ᠬᠡᠮᠵᠢᠭᠰᠡᠨ | ᠠᠭᠤᠯᠭ᠎ᠠ ᠶᠢᠨ ᠪᠠᠭᠤᠷᠠᠢ ᠲᠠᠯ᠎ᠠ ᠶᠢᠨ ᠲᠣᠭᠤᠷᠢᠨ ᠳᠤ᠂ ᠨᠡᠶᠢᠭᠡᠮ ᠲᠣᠭᠤᠷᠢᠭ ᠤᠨ ᠭᠡᠷ ᠪᠦᠯᠢ ᠶᠢᠨ ᠡᠮᠴᠢ ᠶᠢ ᠠᠰᠢᠭᠯᠠᠨ ᠡᠷᠦᠬᠡ ᠳᠤ ᠬᠦᠷᠴᠦ ᠤᠬᠠᠭᠤᠯᠤᠨ | ᠲᠠᠶᠢᠯᠪᠤᠷᠢᠯᠠᠬᠤ ᠪᠠ ᠵᠢᠯᠤᠭᠤᠳᠬᠤ ᠶᠢ ᠥᠷᠨᠢᠭᠦᠯᠵᠦ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠭᠤᠣᠯᠯᠠᠬᠤ ᠮᠡᠳᠡᠯᠭᠡ ᠶᠢ ᠨᠢᠭᠤᠷᠲᠠᠨ ᠨᠠᠷᠢᠯᠢᠭ ᠣᠨᠣᠴᠠᠲᠠᠢ ᠪᠠᠷ | ᠣᠬᠠᠭᠤᠯᠣᠨ᠂ ᠰᠠᠷ᠎ᠠ ᠪᠦᠷᠢ ᠠᠳᠠᠭ ᠲᠠᠭᠠᠨ ᠨᠢᠭᠡ ᠤᠳᠠᠭ᠎ᠠ ᠥᠷᠨᠢᠭᠦᠯᠦᠨ᠎ᠡ᠃ | ᠳᠠᠭᠤᠰᠬᠠᠬᠤ ᠴᠠᠭ᠄ 4 ᠰᠠᠷ᠎ᠠ ᠶᠢᠨ - 9 ᠰᠠᠷ᠎ᠠ ᠶᠢᠨ ᠳᠤᠮᠳᠠᠴᠢ | 3.ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠲᠠᠶᠢᠯᠤᠮᠵᠢ ᠬᠢᠨ᠎ᠡ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ᠨᠢ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠡᠷᠡᠭᠦᠯ ᠮᠡᠨᠳᠦ ᠶᠢᠨ ᠬᠥᠮᠦᠵᠢᠯ ᠤᠨ ᠲᠥᠷᠥᠯ ᠵᠦᠢᠯ ᠲᠠᠢ ᠤᠶᠠᠯᠳᠤᠭᠤᠯᠤᠨ | ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠭᠤᠣᠯᠯᠠᠬᠤ ᠮᠡᠳᠡᠯᠭᠡ ᠶᠢᠨ ᠪᠣᠯᠪᠠᠰᠤᠷᠠᠭᠤᠯᠤᠯ ᠢ ᠬᠤᠭᠤᠴᠠᠭ᠎ᠠ ᠬᠤᠪᠢᠶᠠᠨ ᠥᠷᠨᠢᠭᠦᠯᠵᠦ᠂ ᠠᠭᠤᠯᠭ᠎ᠠ ᠳᠤᠨᠢ | ᠬᠠᠯᠳᠠᠪᠤᠷᠢᠲᠤ ᠡᠪᠡᠳᠴᠢᠨ ᠢ ᠬᠡᠷᠬᠢᠨ ᠰᠡᠷᠭᠡᠶᠢᠯᠡᠨ ᠬᠢᠵᠠᠭᠠᠷᠯᠠᠬᠤ᠂ ᠤᠳᠠᠭᠠᠨ ᠴᠢᠨᠠᠷᠲᠠᠢ ᠡᠪᠡᠳᠴᠢᠨ ᠢ ᠬᠡᠷᠬᠢᠨ ᠰᠡᠷᠭᠡᠶᠢᠯᠡᠬᠦ᠂ ᠢᠳᠡᠭᠡᠨ ᠤᠮᠳᠠᠭᠠᠨ ᠢᠶᠠᠨ ᠵᠣᠬᠢᠰᠲᠠᠢ | ᠪᠠᠶᠢᠯᠭᠠᠬᠤ᠂ ᠵᠣᠬᠢᠬᠤ ᠬᠡᠮᠵᠢᠶᠡᠨ ᠤ ᠬᠥᠳᠡᠯᠭᠡᠭᠡᠨ ᠬᠢᠬᠦ᠂ ᠲᠠᠮᠠᠬᠢ ᠪᠠᠨ ᠵᠣᠭᠰᠣᠵᠤ ᠠᠷᠢᠬᠢ ᠶᠢ ᠬᠢᠵᠠᠭᠠᠷᠯᠠᠬᠤ᠂ ᠰᠡᠳᠬᠢᠴᠡ ᠪᠠᠨ ᠲᠡᠩᠴᠡᠭᠦᠷᠢᠲᠡᠢ ᠪᠠᠶᠢᠯᠭᠠᠬᠤ ᠶᠢ | ᠰᠠᠨᠠᠭᠠᠴᠢᠯᠠᠬᠤ᠂ ᠨᠡᠶᠢᠲᠡ ᠶᠢᠨ ᠰᠢᠨᠠᠭ᠎ᠠ ᠨᠡᠶᠢᠲᠡ ᠶᠢᠨ ᠰᠠᠪᠬ᠎ᠠ᠂ ᠬᠤᠪᠢᠳᠠᠨ ᠬᠤᠭᠤᠯᠠᠯᠠᠬᠤ ᠳᠦᠷᠢᠮ ᠵᠡᠷᠭᠡ ᠪᠣᠬᠢᠷᠲᠤᠯ ᠦᠭᠡᠢ ᠣᠷᠴᠢᠨ ᠠᠬᠤᠢ ᠶᠢ ᠬᠠᠮᠠᠭᠠᠯᠠᠬᠤ | ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢ ᠳᠡᠯᠭᠡᠷᠡᠭᠦᠯᠦᠨ ᠬᠡᠷᠡᠭᠯᠡᠬᠦ ᠶᠢ ᠪᠠᠭᠲᠠᠭᠠᠵᠤ᠂ ᠭᠠᠯ ᠤᠨ ᠭᠠᠮᠰᠢᠭ᠂ ᠭᠠᠵᠠᠷ ᠬᠥᠳᠡᠯᠦᠯᠲᠡ᠂ ᠵᠢᠷᠦᠬᠡ ᠠᠭᠤᠰᠬᠢᠨ ᠤ | ᠰᠡᠷᠭᠦᠭᠡᠯᠲᠡ ᠵᠡᠷᠭᠡ ᠣᠷᠣᠰᠢᠨ ᠲᠣᠭᠲᠠᠨᠢᠬᠤ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠦᠨᠳᠦᠰᠦᠨ ᠮᠡᠳᠡᠯᠭᠡ ᠪᠠ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ | ᠴᠢᠩᠭᠠᠳᠬᠠᠵᠤ᠂ ᠰᠠᠷ᠎ᠠ ᠪᠦᠷᠢ ᠠᠳᠠᠭ ᠲᠠᠭᠠᠨ ᠨᠢᠭᠡ ᠤᠳᠠᠭ᠎ᠠ ᠥᠷᠨᠢᠭᠦᠯᠦᠨ᠎ᠡ᠃ | ᠳᠠᠭᠤᠰᠬᠠᠬᠤ ᠴᠠᠭ᠄ 4 ᠰᠠᠷ᠎ᠠ ᠶᠢᠨ - 9 ᠰᠠᠷ᠎ᠠ ᠶᠢᠨ ᠳᠤᠮᠳᠠᠴᠢ | | | ᠭᠤᠷᠪᠠ᠂ ᠠᠵᠢᠯᠯᠠᠭᠠᠨ ᠤ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠨᠢᠭᠡᠴᠡ ᠨᠦᠭᠦᠳ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ | ᠮᠡᠳᠡᠯᠭᠡ ᠶᠢ ᠲᠦᠭᠡᠮᠡᠯᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠭᠦᠨ ᠢ ᠰᠢᠨ᠎ᠡ ᠲᠢᠲᠢᠮᠯᠢᠭ ᠸᠢᠷᠦ᠋ᠰ ᠤᠨ | ᠬᠠᠯᠳᠠᠪᠤᠷᠢᠯᠠᠯ ᠤᠨ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠪᠠ ᠡᠷᠡᠭᠦᠯ ᠡᠩᠬᠡ ᠣᠷᠳᠣᠰ ᠂ ᠡᠷᠡᠭᠦᠯ ᠡᠩᠬᠡ ᠬᠢᠶ᠎ᠠ ᠪᠠᠭᠰᠢ ᠶᠢᠨ ᠪᠦᠳᠦᠭᠡᠨ | ᠪᠠᠶᠢᠭᠤᠯᠣᠯᠲᠠ ᠵᠢᠨᠠᠵᠢᠯᠯᠠᠭ᠎ᠠ ᠶᠢᠨ ᠴᠢᠬᠤᠯᠠ ᠠᠵᠢᠯ ᠪᠣᠯᠭᠠᠨ ᠠᠳᠬᠤᠬᠤ ᠬᠡᠷᠡᠭᠲᠡᠶ᠃ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠰᠢᠰᠲ᠋ᠧᠮ ᠤᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢᠨ ᠬᠤᠭᠤᠴᠠᠭᠠᠨ ᠳᠠᠬᠢ | ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠭᠤᠤᠯ ᠮᠡᠳᠡᠯᠭᠡ ᠶᠢ ᠲᠦᠭᠡᠮᠡᠯᠵᠢᠭᠦᠯᠦᠨ ᠳᠡᠭᠡᠭᠰᠢᠯᠡᠭᠦᠯᠬᠦ ᠠᠵᠢᠯ ᠢ ᠰᠠᠶᠢᠲᠤᠷ ᠬᠢᠵᠦ᠂ ᠬᠢᠵᠢᠭ ᠤᠨ ᠬᠤᠭᠤᠴᠠᠭᠠᠨ ᠳᠤ | ᠪᠦᠷᠢᠯᠳᠦᠭᠰᠡᠨ ᠰᠠᠶᠢᠨ ᠰᠠᠶᠢᠬᠠᠨ ᠡᠷᠡᠭᠦᠯ ᠮᠡᠨᠳᠦ ᠶᠢᠨ ᠦᠢᠯᠡ ᠠᠵᠢᠯᠯᠠᠭ᠎ᠠ ᠶᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠬᠡᠷᠡᠭᠲᠡᠶ᠃ | ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠡᠷᠡᠭᠦᠯ ᠮᠡᠨᠳᠦ ᠶᠢᠨ ᠬᠥᠮᠦᠵᠢᠯ ᠤᠨ ᠲᠥᠷᠥᠯ | ᠵᠦᠢᠯ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠠᠬᠢᠭᠤᠯᠬᠤ ᠲᠥᠷᠥᠯ ᠵᠦᠢᠯ ᠪᠠ ᠶᠡᠷᠦᠩᠬᠡᠶᠢᠯᠡᠭᠰᠡᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ | ᠬᠥᠮᠦᠵᠢᠯ ᠤᠨ ᠵᠠᠷᠤᠳᠠᠯ ᠤᠨ ᠬᠡᠷᠡᠭᠯᠡᠯᠲᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠠᠵᠢᠯᠯᠠᠭ᠎ᠠ ᠶᠢᠨ ᠳᠤᠮᠳᠠᠬᠢ ᠬᠥᠮᠦᠨ᠂ ᠵᠣᠭᠤᠰ | ᠮᠥᠩᠭᠦ᠂ ᠪᠣᠳᠠᠰ ᠵᠡᠷᠭᠡ ᠠᠵᠢᠯ ᠤᠨ ᠬᠡᠷᠡᠭᠴᠡᠭᠡ ᠶᠢ ᠬᠠᠩᠭᠠᠨ᠂ ᠠᠵᠢᠯᠯᠠᠭ᠎ᠠ ᠶᠢᠨ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ | ᠬᠡᠷᠡᠭᠲᠡᠶ᠃ | ︵ᠬᠤᠶᠠᠷ︶ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠦᠨ᠎ᠡ᠃ ᠡᠯ᠎ᠡ ᠨᠢᠭᠡᠴᠡ ᠨᠦᠭᠦᠳ ᠭᠤᠤᠯ ᠴᠣᠭᠴᠠ ᠶᠢᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠵᠤ᠂ ᠵᠣᠬᠢᠴᠠᠩᠭᠤᠶ ᠠᠵᠢᠯ ᠤᠨ ᠲᠣᠭᠲᠠᠴᠠ ᠶᠢ ᠪᠠᠶᠢᠭᠤᠯᠤᠨ᠂ ᠤᠬᠠᠭᠤᠯᠬᠤ ᠠᠷᠭ᠎ᠠ ᠶᠢᠨ ᠰᠢᠨ᠎ᠡ ᠶᠢ ᠡᠭᠦᠳᠴᠦ᠂ ᠣᠯᠠᠨ ᠵᠦᠢᠯ ᠤᠨ | ᠬᠡᠯᠪᠡᠷᠢ ᠪᠠᠷ ︽ᠡᠷᠡᠭᠦᠯ ᠮᠡᠨᠳᠦ ᠶᠢᠨ ᠬᠡᠪ ᠪᠣᠯᠪᠠᠰᠤᠷᠠᠯ︾ ᠤᠨ ᠮᠡᠳᠡᠯᠭᠡ ᠶᠢ ᠲᠦᠭᠡᠮᠡᠯᠵᠢᠭᠦᠯᠬᠦ ᠶᠢ ᠥᠷᠨᠢᠭᠦᠯᠵᠦ᠂ ᠢᠯᠠᠩᠭᠤᠶ᠎ᠠ ᠰᠢᠨ᠎ᠡ ᠵᠠᠭᠤᠴᠢᠯᠠᠭᠤᠷ ᠢ ᠠᠰᠢᠭᠯᠠᠨ᠂ | ᠰᠦᠯᠵᠢᠶᠡᠨ ᠳᠡᠭᠡᠷ᠎ᠡ ᠢᠯᠡᠭᠦᠬᠡᠨ ᠦᠨᠡᠯᠡᠯᠲᠡ ᠬᠢᠵᠦ ᠪᠠᠶᠢᠭᠠᠳ ᠰᠠᠭᠤᠭᠠᠯᠢ ᠠᠷᠠᠳ ᠤᠨ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠵᠢᠵᠢᠭ ᠸᠢᠳᠢᠣ᠋ ᠵᠣᠬᠢᠶᠠᠵᠤ ᠪᠠᠶᠠᠷ ᠴᠡᠩᠭᠡᠯ ᠲᠠᠢ ᠵᠢᠭᠠᠬᠤ ᠵᠡᠷᠭᠡ ᠠᠷᠭ᠎ᠠ ᠮᠠᠶ᠋ᠢᠭ ᠢᠶᠠᠷ ᠤᠬᠠᠭᠤᠯᠭ᠎ᠠ ᠬᠥᠮᠦᠵᠢᠯ ᠬᠢᠬᠦ ᠬᠡᠷᠡᠭᠲᠡᠶ᠃ ᠰᠦᠯᠵᠢᠶᠡᠨ ᠤ | ᠠᠵᠢᠯᠲᠠᠨ ᠵᠢᠵᠢᠭ ᠲᠣᠭᠤᠷᠢᠭ ᠤᠨ ᠰᠦᠷᠦᠭᠵᠢᠯ ᠳᠤ ᠥᠷᠭᠡᠨ ᠢᠶᠠᠷ ᠤᠯᠠᠮᠵᠢᠯᠠᠨ ᠲᠠᠷᠬᠠᠭᠠᠬᠤ ᠪᠠ ᠬᠡᠷ ᠪᠦᠯᠢ ᠶᠢᠨ ᠡᠮᠴᠢ ᠶᠢᠨ ᠬᠡᠷ ᠲᠤᠨᠢ ᠬᠦᠷᠴᠦ ᠤᠬᠠᠭᠤᠯᠤᠨ | ᠬᠥᠮᠦᠵᠢᠭᠦᠯᠬᠦ ᠵᠡᠷᠭᠡ ᠣᠯᠠᠨ ᠵᠦᠢᠯ ᠤᠨ ᠠᠷᠭ᠎ᠠ ᠶᠢ ᠣᠷᠭᠠᠨᠢᠭ ᠢᠶᠠᠷ ᠤᠶᠠᠯᠳᠤᠭᠤᠯᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ | ᠪᠣᠯᠪᠠᠰᠤᠷᠠᠯ ᠤᠨ ᠬᠢᠷᠢ ᠲᠦᠪᠰᠢᠨ ᠢ ᠲᠦᠷᠭᠡᠨ ᠳᠡᠭᠡᠭᠰᠢᠯᠡᠭᠦᠯᠵᠦ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠭᠤᠤᠯ ᠮᠡᠳᠡᠯᠭᠡ ᠶᠢᠨ ᠤᠬᠠᠭᠤᠯᠭ᠎ᠠ ᠵᠡᠷᠭᠡ ᠡᠯ᠎ᠡ | ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠵᠢᠯ ᠤᠨ ᠡᠬᠢᠨ ᠳᠤ ᠲᠣᠭᠲᠠᠭᠠᠭᠰᠠᠨ ᠠᠵᠢᠯ ᠤᠨ ᠬᠠᠷᠠᠯᠲᠠ ᠶᠢ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ︵ᠭᠤᠷᠪᠠ︶ ᠵᠢᠯᠤᠭᠤᠳᠤᠨ ᠲᠤᠬᠢᠷᠠᠭᠤᠯᠬᠤ ᠶᠢ ᠴᠢᠩᠭᠠᠳᠬᠠᠨ᠎ᠠ᠃ ᠠᠵᠢᠯᠯᠠᠭ᠎ᠠ ᠶᠢᠨ ᠬᠡᠷᠡᠭᠵᠢᠭᠦᠯᠬᠦ ᠨᠠᠷᠢᠨ ᠳᠦᠷᠢᠮ ᠤᠨ ᠱᠠᠭᠠᠷᠳᠠᠯᠭ᠎ᠠ ᠶᠣᠰᠣᠭᠠᠷ | ᠲᠣᠭᠲᠠᠮᠠᠯ ᠬᠤᠭᠤᠴᠠᠭ᠎ᠠ ᠲᠠᠢ ᠪᠠᠷ ᠵᠢᠭᠠᠨ ᠵᠢᠯᠣᠭᠤᠳᠬᠤ ᠪᠠ ᠲᠣᠬᠢᠷᠠᠭᠤᠯᠵᠤ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠴᠠᠭ ᠲᠤᠬᠠᠶ ᠳᠤᠨᠢ ᠴᠡᠭᠴᠡᠯᠡᠨ | ᠰᠠᠶᠢᠵᠢᠷᠠᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠠᠵᠢᠯᠯᠠᠭᠠᠨ ᠤ ᠡᠭᠦᠷᠭᠡ ᠶᠢ ᠠᠬᠢᠭᠤᠯᠤᠭᠰᠠᠨ ᠪᠠ | ᠪᠡᠶᠡᠯᠡᠭᠦᠯᠦᠭᠰᠡᠨ ᠪᠠᠶᠢᠳᠠᠯ ᠢ ᠵᠢᠯ ᠤᠨ ᠡᠴᠦᠰ ᠤᠨ ᠡᠷᠡᠭᠦᠯ ᠮᠡᠨᠳᠦ ᠬᠢᠶ᠎ᠠ ᠪᠠᠭᠰᠢ ᠶᠢᠨ ᠠᠵᠢᠯᠯᠠᠭᠠᠨ ᠤ ᠭᠦᠢᠴᠡᠳᠬᠡᠯ ᠲᠤᠭ᠎ᠠ ᠶᠢᠨ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠬᠤ ᠶᠢᠨ ᠬᠠᠮᠲᠤ ᠬᠤᠪᠢ ᠶᠢᠨ ᠥᠷᠲᠡᠭ ᠤᠨ ᠬᠠᠷᠢᠴᠠᠯ ᠢ ᠨᠡᠮᠡᠭᠳᠡᠭᠦᠯᠦᠨ᠎ᠡ᠃ ᠤᠳᠠᠭ᠎ᠠ ᠪᠦᠷᠢ ᠶᠢᠨ ᠵᠢᠭᠠᠨ | ᠵᠢᠯᠣᠭᠤᠳᠴᠤ ᠲᠣᠬᠢᠷᠠᠭᠤᠯᠤᠭᠰᠠᠨ ᠦᠷ᠎ᠡ ᠳ᠋ᠦᠩ ᠢ ᠵᠠᠷᠯᠠᠨ ᠮᠡᠳᠡᠭᠳᠡᠵᠦ᠂ ᠰᠠᠶᠢᠲᠤᠷ ᠬᠢᠭᠰᠡᠨ ᠨᠢᠭᠡᠴᠡ ᠶᠢ ᠰᠠᠶᠢᠰᠢᠶᠠᠨ᠂ ᠨᠠᠶᠢᠳᠠᠪᠤᠷᠢᠵᠢᠭᠤᠯᠤᠭᠰᠠᠨ ᠢᠶᠠᠷ | ᠬᠦᠷᠦᠯᠴᠡᠬᠦ ᠥᠬᠡᠶ ᠶᠢ ᠨᠢ ᠵᠠᠷᠯᠠᠨ ᠰᠢᠭᠦᠮᠵᠢᠯᠡᠨ᠎ᠡ᠃ | ︵ᠲᠦᠷᠪᠡ︶ ᠵᠢᠱᠢᠶ᠎ᠡ ᠦᠵᠡᠭᠦᠯᠬᠦ ᠳ᠋ᠦᠩᠨᠡᠯᠲᠡ ᠶᠢ ᠰᠠᠶᠢᠲᠤᠷ ᠠᠳᠬᠤᠨ᠎ᠠ᠃ ᠡᠯ᠎ᠡ ᠨᠢᠭᠡᠴᠡ ᠶᠢᠨ ᠬᠢᠨ ᠬᠡᠷᠡᠭᠵᠢᠭᠦᠯᠬᠦ ᠶᠠᠪᠤᠴᠠ ᠳᠤ ᠲᠤᠷᠰᠢᠯᠭ᠎ᠠ᠂ | ᠰᠠᠶᠢᠨ ᠠᠷᠭ᠎ᠠ ᠬᠢᠳᠡᠯ ᠢᠶᠠᠨ ᠢᠳᠡᠪᠬᠢᠲᠡᠢ ᠳ᠋ᠦᠩᠨᠡᠵᠦ᠂ ᠴᠠᠭ ᠲᠤᠬᠠᠢ ᠳᠤᠨᠢ ᠰᠤᠷᠤᠯᠴᠠᠨ ᠤᠬᠠᠭᠤᠯᠵᠤ ᠳᠡᠯᠭᠡᠷᠡᠭᠦᠯᠦᠨ᠂ ᠵᠢᠱᠢᠶ᠎ᠡ ᠦᠵᠡᠭᠦᠯᠵᠦ ᠬᠦᠳᠦᠯᠦᠨ | ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠮᠡᠳᠡᠯᠭᠡ ᠶᠢ ᠲᠦᠭᠡᠮᠡᠯᠵᠢᠭᠦᠯᠦᠨ ᠳᠡᠭᠡᠭᠰᠢᠯᠡᠭᠦᠯᠬᠦ | ᠠᠵᠢᠯᠯᠠᠭ᠎ᠠ ᠶᠢᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠨᠢᠭᠡᠴᠡ 2023 ᠣᠨ ᠤ 6 ᠰᠠᠷ᠎ᠠ ᠶᠢᠨ 20 ᠤ ᠡᠳᠦᠷ ᠪᠠ | 12 ᠰᠠᠷ᠎ᠠ ᠶᠢᠨ 20 ᠤ ᠡᠳᠦᠷ ᠠᠴᠠ ᠡᠮᠦᠨ᠎ᠡ ᠠᠵᠢᠯᠯᠠᠭ᠎ᠠ ᠶᠢᠨ ᠡᠭᠦᠷᠭᠡ ᠶᠢ ᠠᠬᠢᠭᠤᠯᠤᠭᠰᠠᠨ ᠵᠢᠴᠢ ᠪᠡᠶᠡᠯᠡᠭᠦᠯᠦᠭᠰᠡᠨ ᠪᠠᠶᠢᠳᠠᠯ ᠢᠶᠠᠨ ᠦᠰᠦᠭ ᠪᠢᠴᠢᠭ ᠤᠨ | ᠮᠠᠲ᠋ᠧᠷᠢᠶᠠᠯ ᠢᠶᠠᠷ ᠬᠢᠶ᠎ᠠ ᠪᠠᠭᠰᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠮᠡᠳᠡᠭᠦᠯᠵᠡᠢ᠃ | | | |