ᠤᠯᠵᠠᠴᠢ ᠶᠢᠨ ᠮᠡᠳᠡᠭᠡ ᠲᠦᠷᠦᠬᠦᠭᠡᠨ᠂ ᠣᠲᠤᠭ ᠤᠨ ᠡᠮᠦᠨᠡᠲᠦ ᠬᠤᠰᠢᠭᠤᠨ ᠤ ︽ᠲᠠᠯ᠎ᠠ ᠨᠤᠲᠤᠭ ᠤᠨ VA︾ ︵ᠥᠪᠥᠷ ᠮᠣᠩᠭᠤᠯ ᠱᠠᠨᠰᠢ ᠭᠠᠨᠰᠤ | ᠨᠢᠩᠰᠢᠶᠠ ᠱᠠᠨ ᠰᠢ︶ ᠲᠠᠪᠤᠨ ᠮᠤᠵᠢ ᠣᠷᠣᠨ ᠤ ᠮᠠᠯᠴᠢᠨ ᠲᠠᠷᠢᠶᠠᠴᠢᠨ ᠤ ᠠᠯᠠᠭᠠᠳᠠᠬᠤ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠤᠳᠤᠭ ᠤᠨ ᠡᠮᠦᠨᠡᠳᠤ | ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠳᠤ ᠠᠮᠵᠢᠯᠲᠠ ᠲᠠᠢ ᠥᠨᠳᠥᠷᠯᠡᠪᠡ᠃ | ᠲᠤᠰ ᠤᠳᠠᠭ᠎ᠠ ᠶᠢᠨ ᠤᠷᠤᠯᠳᠤᠭᠠᠨ 4 ᠡᠳᠦᠷ ᠶᠠᠪᠤᠭᠳᠠᠵᠤ᠂ ᠤᠷᠤᠯᠳᠤᠭᠠᠨ ᠢ ᠡᠷᠡᠭᠲᠡᠢ ᠶᠢᠨ ᠳᠤᠭᠤᠶᠢᠯᠠᠩ᠂ ᠡᠮᠡᠭᠲᠡᠢ ᠶᠢᠨ ᠳᠤᠭᠤᠶᠢᠯᠠᠩ᠂ ᠡᠷᠡᠭᠳᠡᠢ | ᠡᠮᠡᠭᠳᠡᠢ ᠵᠠᠯᠠᠭᠤᠴᠤᠳ ᠤᠨ ᠳᠤᠭᠤᠶᠢᠯᠠᠩ᠂ ᠡᠷᠡᠭᠳᠡᠢ ᠡᠮᠡᠭᠳᠡᠢ ᠨᠠᠰᠤᠲᠠᠶᠢᠴᠤᠳ ᠤᠨ ᠳᠤᠭᠤᠶᠢᠯᠠᠩ ᠭᠡᠵᠦ 4 ᠳᠤᠭᠤᠶᠢᠯᠠᠩ ᠬᠤᠪᠢᠶᠠᠵᠤ᠂ ᠥᠪᠥᠷ ᠮᠣᠩᠭᠤᠯ᠂ | ᠱᠠᠨᠰᠢ᠂ ᠭᠠᠨᠰᠤ᠂ ᠨᠢᠩᠰᠢᠶᠠ᠂ ᠱᠠᠨ ᠰᠢ ᠵᠡᠷᠭᠡ ᠲᠠᠪᠤᠨ ᠮᠤᠵᠢ ᠣᠷᠣᠨ ᠤ 87 ᠳᠤᠭᠤᠶᠢᠯᠠᠩ ᠤᠨ 800 ᠭᠠᠷᠤᠢ ᠲᠠᠮᠢᠷᠴᠢᠨ ᠤᠷᠤᠯᠳᠤᠭᠠᠨ ᠳᠤ ᠤᠷᠤᠯᠴᠠᠭᠰᠠᠨ | ᠪᠠᠶᠢᠨ᠎ᠠ᠃ | ᠲᠦᠷᠪᠡᠨ ᠡᠳᠤᠷ ᠤᠨ ᠪᠠᠴᠢᠮ ᠰᠢᠷᠦᠭᠦᠨ ᠭᠤᠶᠢᠳᠠ ᠰᠠᠶᠢᠬᠠᠨ ᠥᠷᠢᠰᠦᠯᠳᠦᠭᠡᠨ ᠢᠶᠠᠷ ᠳᠠᠮᠵᠢᠭᠤᠯᠤᠨ᠂ ᠡᠷᠡᠭᠲᠡᠢ ᠶᠢᠨ ᠳᠤᠭᠤᠶᠢᠯᠠᠩ ᠳᠤ ᠤᠲᠤᠭ | ᠬᠤᠰᠢᠭᠤᠨ ᠤ ᠲᠥᠯᠣᠭᠡᠯᠡᠭᠴᠢᠳ ᠤᠨ ᠠᠩᠭᠢ ᠲᠠᠷᠢᠬᠦᠯᠡᠵᠦ᠂ ᠱᠠᠨ ᠰᠢ ᠮᠤᠵᠢ ᠶᠢᠨ ᠲᠠᠶᠢᠶᠤᠸᠠᠨ ᠬᠤᠳᠠ ᠶᠢᠨ ᠲᠥᠯᠣᠭᠡᠯᠡᠭᠴᠢᠳ ᠤᠨ ᠠᠩᠭᠢ ᠳᠡᠳ᠋ᠯᠡᠵᠦ᠂ | ᠳ᠋ᠦᠩᠱᠧᠩ ᠲᠣᠭᠤᠷᠢᠭ ᠤᠨ ᠲᠥᠯᠣᠭᠡᠯᠡᠭᠴᠢᠳ ᠤᠨ ᠠᠩᠭᠢ ᠭᠤᠷᠪᠠᠳᠤᠭᠠᠷ ᠲᠤ ᠣᠷᠣᠪᠠ᠃ ᠡᠮᠡᠭᠲᠡᠢ ᠶᠢᠨ ᠳᠤᠭᠤᠶᠢᠯᠠᠩ ᠳᠤ ᠱᠠᠨ ᠰᠢ ᠮᠤᠵᠢ ᠶᠢᠨ ᠲᠠᠶᠢᠶᠤᠸᠠᠨ | ᠬᠤᠳᠠ ᠶᠢᠨ ᠲᠥᠯᠣᠭᠡᠯᠡᠭᠴᠢᠳ ᠤᠨ ᠠᠩᠭᠢ ᠲᠠᠷᠢᠬᠦᠯᠡᠵᠦ᠂ ᠨᠢᠩᠰᠢᠶᠠ ᠶᠢᠨ ᠱᠢ ᠽᠦᠢ ᠱᠠᠨ ᠬᠤᠳᠠ ᠶᠢᠨ ᠲᠥᠯᠣᠭᠡᠯᠡᠭᠴᠢᠳ ᠤᠨ ᠠᠩᠭᠢ ᠳᠡᠳ᠋ᠯᠡᠵᠦ᠂ ᠳ᠋ᠦᠩᠱᠧᠩ | ᠲᠣᠭᠤᠷᠢᠭ ᠤᠨ ᠲᠥᠯᠣᠭᠡᠯᠡᠭᠴᠢᠳ ᠤᠨ ᠠᠩᠭᠢ ᠭᠤᠷᠪᠠᠳᠤᠭᠠᠷ ᠲᠤ ᠣᠷᠣᠪᠠ᠃ ᠡᠷᠡᠭᠳᠡᠢ ᠡᠮᠡᠭᠳᠡᠢ ᠵᠠᠯᠠᠭᠤᠴᠤᠳ ᠤᠨ ᠳᠤᠭᠤᠶᠢᠯᠠᠩ ᠳᠤ ᠰᠦᠯᠳᠡ ᠭᠠᠴᠠᠭ᠎ᠠ ᠶᠢᠨ | ᠭᠤᠷᠪᠠᠳᠤᠭᠠᠷ ᠲᠤᠭᠤᠶᠢᠯᠠᠩ ᠤᠨ ᠲᠠᠮᠢᠷᠴᠢᠳ ᠲᠠᠷᠢᠬᠦᠯᠡᠵᠦ᠂ ᠪᠠᠶᠠᠨᠬᠤᠷᠠᠬᠤ ᠭᠠᠴᠠᠭ᠎ᠠ ᠶᠢᠨ ᠲᠥᠯᠣᠭᠡᠯᠡᠭᠴᠢᠳ ᠤᠨ ᠠᠩᠭᠢ ᠳᠡᠳ᠋ᠯᠡᠵᠦ᠂ ᠰᠦᠯᠳᠡ ᠭᠠᠴᠠᠭ᠎ᠠ ᠶᠢᠨ | ᠲᠥᠯᠣᠭᠡᠯᠡᠭᠴᠢᠳ ᠤᠨ ᠠᠩᠭᠢ ᠭᠤᠷᠪᠠᠳᠤᠭᠠᠷ ᠲᠤ ᠣᠷᠣᠪᠠ᠃ ᠨᠠᠰᠤᠲᠠᠶᠢᠴᠤᠳ ᠤᠨ ᠡᠷᠡᠭᠳᠡᠢ ᠡᠮᠡᠭᠳᠡᠢ ᠶᠢᠨ ᠳᠤᠭᠤᠶᠢᠯᠠᠩ ᠳᠤ ᠪᠠᠶᠠᠨᠰᠢᠯᠢ ᠭᠠᠴᠠᠭ᠎ᠠ ᠶᠢᠨ | ᠲᠥᠯᠣᠭᠡᠯᠡᠭᠴᠢᠳ ᠤᠨ ᠠᠩᠭᠢ ᠮᠠᠩᠯᠠᠶᠢᠯᠠᠵᠤ᠂ ᠮᠣᠭᠠᠶᠢᠲᠤ ᠭᠠᠴᠠᠭ᠎ᠠ ᠶᠢᠨ ᠬᠤᠶᠠᠳᠤᠭᠠᠷ ᠲᠤᠭᠤᠶᠢᠯᠠᠩ ᠤᠨ ᠲᠠᠮᠢᠷᠴᠢᠳ ᠳᠡᠳ᠋ᠯᠡᠵᠦ᠂ ᠪᠠᠶᠠᠨᠰᠢᠯᠢ ᠭᠠᠴᠠᠭ᠎ᠠ ᠶᠢᠨ ︽ | ᠰᠠᠶᠢᠨ ᠠᠶᠢᠯ ᠠᠶᠢᠮᠠᠭ︾ ᠲᠥᠯᠣᠭᠡᠯᠡᠭᠴᠢᠳ ᠤᠨ ᠠᠩᠭᠢ ᠭᠤᠷᠪᠠᠳᠤᠭᠠᠷ ᠲᠤ ᠣᠷᠣᠪᠠ᠃ | ᠤᠷᠤᠯᠳᠤᠭᠠᠨ ᠤ ᠮᠠᠩᠯᠠᠢ ᠪᠤᠯᠢᠶᠠᠭᠰᠠᠨ ᠲᠤᠭᠤᠶᠢᠯᠠᠩ ᠳᠤ ᠲᠤᠰ ᠪᠦᠷᠢ 10000 ᠲᠦᠬᠦᠷᠢᠭ ᠤᠨ ᠦᠷᠳᠡᠭ ᠪᠦᠬᠦᠢ 1 ᠠᠩᠭᠧᠰ ᠦᠬᠡᠷ ᠱᠠᠩᠨᠠᠵᠤ᠂ | ᠬᠤᠶᠠᠳᠤᠭᠠᠷ ᠲᠤᠨᠢ ᠲᠤᠰ ᠪᠦᠷᠢ 8000 ᠲᠦᠬᠦᠷᠢᠭ ᠤᠨ ᠦᠷᠲᠡᠭ ᠪᠦᠬᠦᠢ 1 ᠪᠤᠳᠤᠭᠤ ᠱᠠᠩᠨᠠᠵᠤ᠂ ᠭᠤᠷᠪᠠᠳᠤᠭᠠᠷ ᠲᠤᠨᠢ ᠲᠤᠰ ᠪᠦᠷᠢ 6000 | ᠲᠦᠬᠦᠷᠢᠭ ᠤᠨ ᠦᠷᠲᠡᠭ ᠪᠦᠬᠦᠢ 1 ᠤᠨᠠᠭ᠎ᠠ ᠱᠠᠩᠨᠠᠭᠰᠠᠨ ᠪᠠᠶᠢᠨ᠎ᠠ᠃ | ᠲᠣᠰ ᠤᠳᠠᠭ᠎ᠠ ᠶᠢᠨ ᠮᠠᠯᠴᠢᠨ ᠲᠠᠷᠢᠶᠠᠴᠢᠨ ᠤ ᠠᠯᠠᠭᠠᠳᠠᠬᠤ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠢ ᠠᠮᠵᠢᠯᠲᠠ ᠲᠠᠢ ᠶᠠᠪᠤᠭᠳᠠᠭᠤᠯᠤᠭᠰᠠᠨ ᠨᠢ ᠥᠷᠭᠡᠨ | ᠣᠯᠠᠨ ᠠᠯᠠᠭᠠᠳᠠᠬᠤ ᠪᠥᠮᠪᠦᠭᠡ ᠶᠢᠨ ᠪᠠᠭᠠᠲᠠᠳ ᠲᠤ ᠲᠤᠮᠤ ᠭᠡᠪᠴᠢᠶᠠᠨ ᠤ ᠤᠷᠤᠯᠳᠤᠭᠠᠨ ᠳᠤ ᠪᠠᠶ᠎ᠡ ᠪᠠᠷ ᠢᠶᠠᠨ ᠤᠷᠤᠯᠴᠠᠬᠤ ᠵᠠᠪᠰᠢᠶᠠᠨ ᠤᠯᠭᠤᠵᠤ᠂ ᠪᠠᠶᠠᠷ ᠪᠠᠶᠠᠰᠤᠯ | ᠭᠥᠷᠳᠡᠵᠦ᠂ ᠰᠣᠶᠣᠯ ᠢ ᠮᠡᠳᠡᠷᠡᠨ᠂ ᠨᠥᠬᠦᠷᠯᠡᠯ ᠢᠶᠠᠨ ᠰᠤᠯᠢᠯᠴᠠᠵᠤ ᠴᠢᠳᠠᠭᠰᠠᠨ ᠮᠦᠷᠳᠡᠭᠡᠨ ᠬᠦᠷᠰᠢ ᠵᠡᠷᠭᠡᠯᠡᠳᠡᠭᠡ ᠭᠠᠵᠠᠷ ᠤᠷᠤᠨ ᠬᠠᠮᠳᠤ ᠪᠠᠷ ᠰᠣᠶᠣᠯ ᠢ | ᠴᠡᠴᠡᠭᠯᠡᠭᠦᠯᠣᠨ ᠬᠦᠭᠵᠢᠬᠦᠯᠵᠦ᠂ ᠪᠣᠯᠪᠠᠰᠤᠨ ᠢ ᠡᠷᠬᠢᠮᠯᠡᠨ᠂ ᠡᠶ᠎ᠡ ᠵᠣᠬᠢᠴᠠᠯ ᠢ ᠠᠬᠢᠭᠤᠯᠵᠤ᠂ ᠠᠵᠤ ᠦᠢᠯᠡᠰ ᠢ ᠬᠥᠭᠵᠢᠭᠦᠯᠣᠨ ᠮᠠᠨᠳᠤᠭᠤᠯᠬᠤ ᠠᠮᠢᠳᠤᠯᠢᠭ | ᠦᠢᠯᠡᠳᠦᠯᠭᠡ ᠪᠤᠯᠤᠭᠰᠠᠨ ᠪᠠᠶᠢᠨ᠎ᠠ᠃ |