ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ | ᠪᠠᠲᠤᠯᠠᠭ᠎ᠠ ᠵᠢᠨᠲ᠋ᠦ᠋ᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠬᠦ ᠠᠷᠠᠳ ᠢ ᠬᠠᠮᠤᠷᠤᠭᠰᠠᠨ᠂ ᠬᠤᠳᠠ ᠬᠥᠳᠡᠭᠡ ᠶᠢ ᠨᠢᠭᠡᠳᠦᠯᠲᠡᠢ | ᠲᠥᠯᠥᠪᠯᠡᠭᠰᠡᠨ᠂ ᠡᠷᠬᠡᠲ᠋ᠡᠭᠰᠢ ᠨᠢᠭᠡᠳᠦᠯᠲᠡᠢ᠂ ᠠᠮᠤᠷ ᠲᠦᠪᠰᠢᠨ ᠵᠢᠷᠤᠮᠵᠢᠭᠤᠨ᠂ ᠦᠷᠭᠦᠯᠵᠢᠯᠡᠭᠰᠡᠨ ᠤᠯᠠᠨ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ | ᠲᠣᠭᠲᠠᠯᠴᠠᠭ᠎ᠠ ᠵᠢᠲ᠋ᠡᠭᠦᠯᠳᠡᠷᠵᠢᠭᠦᠯᠬᠦ ᠶᠢᠨ ᠲᠥᠯᠥᠭᠡ ᠶᠤᠮ᠃ ︽2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ | ᠪᠠᠲᠤᠯᠠᠭ᠎ᠠ ᠶᠢᠨ ᠠᠵᠢᠯ ᠢᠰᠠᠶᠢᠲᠤᠷ ᠬᠢᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠳ᠋ ᠤᠨ ᠵᠠᠰᠠᠭ ᠤᠨ ᠶᠠᠮᠤᠨ ᠤᠯᠤᠰ ᠤᠨ ᠭᠠᠶᠢᠯᠢ ᠶᠢᠨ | ᠶᠠᠪᠤᠳᠠᠯ ᠤᠨ ᠶᠡᠷᠦᠩᠬᠡᠢᠲ᠋ᠣᠪᠴᠢᠶᠠ ᠶᠢᠨ ᠮᠡᠳᠡᠭᠳᠡᠯ︾ ︵ᠡᠮᠴᠢᠯᠡᠭᠡ ᠪᠠᠲᠤᠯᠠᠭ᠎ᠠ ᠲᠠᠷᠬᠠᠭᠠᠭᠰᠠᠨ ﹇2023﹈ 24 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ | ᠦᠨᠳᠦᠰᠦᠯᠡᠨ᠂ ᠥᠪᠡᠷᠲᠡᠭᠡᠨᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷᠯᠦᠭᠡ ᠬᠠᠮᠲᠤᠷᠠᠨ ︽2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ | ᠠᠵᠢᠯ ᠢ ᠰᠠᠶᠢᠲᠤᠷ ᠬᠢᠬᠦ ᠲᠤᠬᠠᠢᠮᠡᠳᠡᠭᠳᠡᠯ︾ ︵ᠥᠪᠥᠷ ᠡᠮᠴᠢᠯᠡᠭᠡ ᠪᠠᠲᠤᠯᠠᠭ᠎ᠠ ᠲᠠᠷᠬᠠᠭᠠᠭᠰᠠᠨ ﹇2023﹈ 18 ᠳ᠋ᠤᠭᠠᠷ ᠲᠣᠭᠠᠲᠤ︶ ︵ᠳᠣᠷᠣᠭᠰᠢ ︽ᠮᠡᠳᠡᠭᠳᠡᠯ | ︾ ᠭᠡᠵᠦ ᠲᠣᠪᠴᠢᠯᠠᠨ᠎ᠠ︶ ᠢᠲ᠋ᠠᠷᠤᠮᠠᠯᠯᠠᠨ ᠲᠠᠷᠬᠠᠭᠠᠪᠠ᠃ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠪᠡ᠄ | ᠨᠢᠭᠡ᠂ 2023 ᠣᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠪᠡᠯᠡ ᠴᠤᠭᠯᠠᠭᠤᠯᠬᠤ | ᠪᠠᠬᠠᠷᠠᠭᠠᠯᠵᠠᠯ ᠢ ᠪᠠᠲᠤᠯᠠᠬᠤ ᠠᠵᠢᠯ ᠤᠨ ᠪᠣᠳᠠᠲᠠᠢ ᠲᠣᠬᠢᠷᠠᠭᠤᠯᠤᠯᠲᠠ ᠨᠢ ᠶᠠᠭᠤ ᠪᠤᠢ︖ | ᠪᠡᠯᠡ ᠴᠤᠭᠯᠠᠭᠤᠯᠬᠤ ᠪᠠᠷᠢᠮᠵᠢᠶ᠎ᠠ ᠶᠢᠨ ᠲᠠᠯ᠎ᠠ ᠪᠠᠷ᠂ ︽ᠮᠡᠳᠡᠭᠳᠡᠯ︾ ᠳᠤ ᠠᠵᠤ ᠠᠬᠤᠢ ᠨᠡᠶᠢᠭᠡᠮ ᠤᠨ ᠬᠥᠭᠵᠢᠯᠲᠡ ᠪᠠ ᠳᠠᠭᠠᠳᠬᠠᠯ ᠳᠤ | ᠣᠷᠣᠯᠴᠠᠭᠰᠠᠳ ᠤᠨᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠬᠡᠷᠡᠭᠴᠡᠭᠡ ᠶᠢ ᠨᠢᠭᠡᠳᠦᠯᠲᠡᠢ ᠪᠣᠳᠣᠯᠬᠢᠯᠠᠵᠤ᠂ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ | ᠳᠠᠭᠠᠳᠬᠠᠯ ᠤᠨ ᠡᠷᠬᠡᠠᠰᠢᠭ ᠢ ᠬᠠᠮᠠᠭᠠᠯᠠᠨ᠎ᠠ᠃ ︽2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ | ᠠᠵᠢᠯ ᠢ ᠰᠠᠶᠢᠲᠤᠷ ᠬᠢᠬᠦᠲ᠋ᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠳ᠋ ᠤᠨ ᠵᠠᠰᠠᠭ ᠤᠨ ᠶᠠᠮᠤᠨ ᠤᠯᠤᠰ ᠤᠨ ᠭᠠᠶᠢᠯᠢ ᠶᠢᠨ ᠶᠠᠪᠤᠳᠠᠯ ᠤᠨ | ᠶᠡᠷᠦᠩᠬᠡᠢ ᠲᠣᠪᠴᠢᠶ᠎ᠠ ᠵᠢᠨᠮᠡᠳᠡᠭᠳᠡᠯ︾ ᠳᠠᠬᠢ ︽2023 ᠣᠨ ᠤ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠪᠡᠯᠡ ᠴᠤᠭᠯᠠᠭᠤᠯᠬᠤ ᠪᠠᠷᠢᠮᠵᠢᠶ᠎ᠠ ᠶᠢ | 1020 ᠲᠥᠭᠦᠷᠢᠭ ᠪᠣᠯᠭᠠᠵᠤ᠂ᠡᠭᠦᠨ ᠳᠤ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ ᠬᠥᠮᠥᠨ ᠪᠦᠷᠢ ᠵᠢᠯ ᠳᠤ 640 | ᠲᠥᠭᠦᠷᠢᠭ ᠠᠴᠠ ᠳᠣᠣᠷ᠎ᠠ ᠪᠠᠶᠢᠯᠭᠠᠬᠤᠦᠭᠡᠢ᠂ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢ ᠬᠥᠮᠥᠨ ᠪᠦᠷᠢ ᠵᠢᠯ ᠳᠤ 380 ᠲᠥᠭᠦᠷᠢᠭ ᠲᠤ | ᠬᠦᠷᠭᠡᠬᠦ︾ ᠬᠤᠯᠪᠣᠭᠳᠠᠯ ᠪᠦᠬᠦᠢ ᠱᠠᠭᠠᠷᠳᠠᠯᠭ᠎ᠠᠶᠣᠰᠣᠭᠠᠷ᠂ 2023 ᠣᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ | ᠳᠠᠭᠠᠳᠬᠠᠯ ︵ᠳᠣᠷᠣᠭᠰᠢ ︽ᠰᠠᠭᠤᠭᠠᠯᠢ ᠠᠷᠠᠳ ᠤᠨᠡᠮᠴᠢᠯᠡᠭᠡᠨ ᠤ ᠳᠠᠭᠠᠳᠬᠠᠯ︾ ᠭᠡᠵᠦ ᠲᠣᠪᠴᠢᠯᠠᠨ᠎ᠠ︶ ᠤᠨ ᠪᠡᠯᠡ ᠴᠤᠭᠯᠠᠭᠤᠯᠬᠤ ᠪᠠᠷᠢᠮᠵᠢᠶ᠎ᠠ ᠶᠢ ᠦᠷᠭᠦᠯᠵᠢᠯᠡᠨ | ᠳᠡᠭᠡᠭᠰᠢᠯᠡᠭᠦᠯᠵᠦ᠂ 1020 ᠲᠥᠭᠦᠷᠢᠭ ᠡᠴᠡᠲ᠋ᠣᠣᠷᠠ ᠪᠠᠶᠢᠯᠭᠠᠬᠤ ᠦᠭᠡᠢ᠂ ᠡᠭᠦᠨ ᠳᠤ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ | ᠪᠠᠷᠢᠮᠵᠢᠶ᠎ᠠ ᠶᠢ 30 ᠲᠥᠭᠦᠷᠢᠭ ᠨᠡᠮᠡᠭᠳᠡᠭᠦᠯᠵᠦ᠂ ᠬᠥᠮᠥᠨᠪᠦ᠋ᠷᠢ ᠵᠢᠯ ᠳᠤ 640 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ᠂ ᠬᠤᠪᠢ ᠬᠥᠮᠥᠨ ᠤ ᠰᠦᠢᠳᠬᠡᠯ | ᠲᠤᠰᠢᠶᠠᠬᠤ ᠪᠠᠷᠢᠮᠵᠢᠶ᠎ᠠ ᠶᠢ ᠬᠥᠮᠥᠨ ᠪᠦᠷᠢ ᠵᠢᠯ ᠳᠤ 380ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ ᠭᠡᠵᠦ ᠲᠣᠳᠣᠷᠬᠠᠢ ᠲᠣᠭᠲᠠᠭᠠᠪᠠ᠃ ᠡᠭᠦᠨ ᠤ ᠬᠠᠮᠲᠤ᠂ | ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢ ᠦᠨᠳᠦᠰᠦᠯᠡᠨ᠂ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠪᠣᠳᠠᠲᠠᠢ | ᠪᠡᠯᠡ ᠴᠤᠭᠯᠠᠭᠤᠯᠬᠤ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ᠂ᠬᠥᠳᠡᠯᠦᠩᠭᠦᠢ ᠪᠠᠷ ᠲᠣᠬᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃ ᠬᠠᠷᠠᠭᠠᠯᠵᠠᠯ ᠤᠨ | ᠪᠠᠲᠤᠯᠠᠭ᠎ᠠ ᠶᠢᠨ ᠲᠠᠯ᠎ᠠ ᠪᠠᠷ᠂ ︽ᠮᠡᠳᠡᠭᠳᠡᠯ︾ ᠳᠤ ᠤᠯᠤᠰ ᠤᠨ ᠡᠮᠴᠢᠯᠡᠭᠡᠨ ᠦᠪᠠᠲᠤᠯᠠᠭᠠ ᠶᠢᠨ ᠬᠠᠷᠠᠭᠠᠯᠵᠠᠯ ᠤᠨ ᠲᠣᠳᠣᠷᠬᠠᠢ ᠬᠠᠭᠤᠳᠠᠰᠤ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠳᠦᠷᠢᠮ ᠢ ᠵᠢᠷᠤᠮᠵᠢᠭᠤᠨ ᠪᠥᠭᠡᠳ ᠨᠢᠭᠡᠳᠦᠯᠲᠡᠢᠪᠠᠶᠢᠯᠭᠠᠬᠤ᠂ ᠬᠠᠷᠠᠭᠠᠯᠵᠠᠯ ᠤᠨ ᠪᠠᠲᠤᠯᠠᠭ᠎ᠠ ᠶᠢ ᠲᠡᠩᠴᠡᠭᠦᠯᠬᠦ ᠶᠢ ᠪᠠᠷᠢᠮᠲᠠᠯᠠᠨ᠂ ᠭᠤᠥᠯᠴᠢ | ᠪᠠᠲᠤᠯᠠᠭ᠎ᠠ ᠶᠢ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠳ᠋ᠦᠭᠤᠣᠯᠳᠠᠭᠤ ᠭᠤᠷᠪᠠᠨ ᠲᠠᠯ᠎ᠠ ᠪᠠᠭᠲᠠᠨ᠎ᠠ᠂ ᠨᠢᠭᠡ ᠳᠤ᠂ ᠰᠠᠭᠤᠭᠠᠯᠢ ᠠᠷᠠᠳ ᠤᠨ | ᠡᠮᠴᠢᠯᠡᠭᠡᠨ ᠤ ᠳᠠᠭᠠᠳᠬᠠᠯ ᠤᠨ ᠡᠮᠨᠡᠯᠭᠡ ᠳᠤ ᠰᠠᠭᠤᠬᠤ ᠬᠠᠷᠠᠭᠠᠯᠵᠠᠯ ᠤᠨ ᠲᠦᠪᠰᠢᠨ ᠢᠪᠠᠬᠢᠵᠢᠭᠦᠯᠵᠦ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠰᠠᠭᠤᠷᠢ | ᠮᠥᠩᠭᠦ ᠶᠢᠨ ᠲᠥᠯᠥᠬᠦ ᠬᠠᠷᠢᠴᠠᠯ ᠢ 70% ᠣᠷᠴᠢᠮ ᠳᠤ ᠪᠠᠶᠢᠯᠭᠠᠬᠤ ᠶᠢ ᠦᠨᠡᠨ ᠬᠦᠪᠠᠲᠤᠯᠠᠨᠠ᠃ ᠬᠤᠶᠠᠷ ᠲᠤ᠂ ᠡᠭᠦᠳᠡᠨ ᠡᠮᠨᠡᠯᠭᠡ ᠶᠢᠨ ᠪᠠᠲᠤᠯᠠᠪᠤᠷᠢ ᠶᠢᠨ | ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠰᠠᠭᠤᠭᠠᠯᠢ ᠠᠷᠠᠳ ᠤᠨ ᠡᠭᠦᠳᠡᠨᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠳᠦᠷᠢᠮ ᠢ ᠪᠥᠬᠦ ᠲᠠᠯ᠎ᠠ ᠪᠠᠷ | ᠥᠷᠨᠢᠭᠦᠯᠵᠦ᠂ ᠨᠥᠬᠦᠴᠡᠯ ᠲᠠᠢ ᠭᠠᠵᠠᠷ ᠣᠷᠣᠨ ᠨᠢ ᠰᠠᠭᠤᠭᠠᠯᠢ ᠠᠷᠠᠳ ᠤᠨ ᠡᠮᠴᠢᠯᠡᠭᠡᠨ ᠦᠲ᠋ᠠᠭᠠᠳᠬᠠᠯ ᠤᠨ ᠣᠨ ᠤ ᠰᠢᠨ᠎ᠡ ᠪᠠᠷ ᠨᠡᠮᠡᠭᠳᠡᠭᠰᠡᠨ ᠪᠡᠯᠡ | ᠴᠤᠭᠯᠠᠭᠤᠯᠤᠯᠲᠠ ᠶᠢᠨ ᠵᠣᠬᠢᠬᠤ ᠬᠠᠷᠢᠴᠠᠯ ᠢ ᠡᠭᠦᠳᠡᠨ ᠡᠮᠨᠡᠯᠭᠡ ᠶᠢᠨ ᠪᠠᠲᠤᠯᠠᠭ᠎ᠠ ᠶᠢ ᠴᠢᠩᠭᠠᠳᠬᠠᠬᠤ ᠳ᠋ᠤ᠋ᠬᠡᠷᠡᠭᠯᠡᠵᠦ᠂ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠲᠡᠶᠢᠰᠢ ᠦᠷᠭᠦᠯᠵᠢᠯᠡᠨ ᠬᠡᠯᠪᠡᠶᠢᠯᠭᠡᠵᠦ ᠪᠣᠯᠣᠨ᠎ᠠ᠃ ᠣᠲᠣ ᠶᠢᠨ ᠪᠠᠶᠢᠭ᠎ᠠ ᠡᠭᠦᠳᠡᠨ ᠡᠮᠨᠡᠯᠭᠡ ᠵᠢᠨᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠢᠭᠡᠳᠦᠯᠲᠡᠢ | ᠲᠥᠯᠥᠪᠯᠡᠵᠦ᠂ ᠪᠠᠲᠤᠯᠠᠭ᠎ᠠ ᠶᠢᠨ ᠴᠢᠳᠠᠯ ᠢᠶᠠᠨ ᠳᠡᠭᠡᠭᠰᠢᠯᠡᠭᠦᠯᠦᠨ᠎ᠡ᠃ ᠤᠯᠤᠰ ᠤᠨ ᠪᠠᠶᠢᠷᠢᠯᠠᠭᠤᠯᠤᠯᠲᠠ ᠶᠣᠰᠣᠭᠠᠷ᠂ᠡᠭᠦᠳᠡᠨ ᠡᠮᠨᠡᠯᠭᠡ ᠶᠢᠨ ᠡᠮ ᠬᠡᠷᠡᠭᠯᠡᠬᠦ | ᠪᠠᠲᠤᠯᠠᠭ᠎ᠠ ᠶᠢᠨ ᠲᠣᠭᠲᠠᠴᠠ ᠶᠢᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠵᠢᠷᠦᠬᠡ ᠲᠠᠷᠢᠬᠢ ᠴᠢᠰᠤᠨ ᠰᠤᠳᠠᠯ ᠤᠨᠡᠪᠡᠳᠴᠢᠨ ᠳᠤ ᠬᠦᠷᠲᠡᠯ᠎ᠡ ᠥᠷᠭᠡᠳᠬᠡᠨ᠎ᠡ | ᠃ ᠭᠤᠷᠪᠠ ᠳᠤ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠦᠷᠡᠵᠢᠯ ᠤᠨ ᠡᠮᠴᠢᠯᠡᠭᠡᠨ ᠤ ᠵᠠᠷᠤᠳᠠᠯ ᠤᠨᠪᠠᠲᠤᠯᠠᠭ᠎ᠠ ᠶᠢ ᠴᠢᠩᠭᠠᠳᠬᠠᠵᠤ᠂ | ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠦᠷᠡᠵᠢᠯ ᠤᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠤᠯᠠᠮ ᠨᠢᠭᠡᠠᠯᠬᠤᠮ ᠬᠥᠩᠭᠡᠷᠡᠭᠦᠯᠦᠨ᠎ᠡ᠃ | ᠡᠭᠦᠨ ᠠᠴᠠ ᠭᠠᠳᠠᠨ᠎ᠠ᠂ ︽ᠮᠡᠳᠡᠭᠳᠡᠯ︾ ᠳᠤ ᠪᠠᠰᠠ ᠦᠨᠳᠦᠰᠦᠨ ᠡᠮᠴᠢᠯᠡᠭᠡᠨ ᠤ ᠳᠠᠭᠠᠳᠬᠠᠯ ᠤᠨ ᠥᠪᠡᠷᠲᠡᠭᠡᠨ ᠵᠠᠰᠠᠬᠤ ᠣᠷᠣᠨ ᠤᠱᠠᠲᠤᠨ ᠤ ᠨᠢᠭᠡᠳᠦᠯᠲᠡᠢ | ᠲᠥᠯᠥᠪᠯᠡᠭᠡ ᠶᠢ ᠲᠣᠭᠲᠠᠭᠤᠨ ᠢᠶᠠᠷ ᠠᠬᠢᠭᠤᠯᠬᠤ ᠶᠢ ᠲᠣᠳᠣᠷᠬᠠᠶᠢᠯᠠᠪᠠ᠃ | ᠬᠤᠶᠠᠷ᠂ ᠡᠮᠴᠢᠯᠡᠭᠡᠨ ᠤ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ᠂ ᠪᠥᠬᠦ ᠠᠷᠠᠳ ᠤᠨ ᠡᠮᠴᠢᠯᠡᠭᠡᠨ ᠤ ᠪᠠᠲᠤᠯᠠᠭ᠎ᠠ ᠶᠢ | ᠪᠠᠬᠢᠵᠢᠭᠦᠯᠦᠨᠪᠦ᠋ᠷᠢᠨᠰᠢᠭᠦᠯᠬᠦ ᠲᠠᠯ᠎ᠠ ᠪᠠᠷ ᠶᠠᠮᠠᠷ ᠶᠠᠮᠠᠷ ᠪᠣᠳᠠᠲᠠᠢ ᠱᠠᠭᠠᠷᠳᠠᠯᠭ᠎ᠠ ᠪᠠᠶᠢᠬᠤ ᠪᠣᠶ︖ | ︽ᠮᠡᠳᠡᠭᠳᠡᠯ︾ ᠳᠤ᠂ ᠥᠪᠡᠷᠲᠡᠭᠡᠨ ᠵᠠᠰᠠᠬᠤ ᠣᠷᠣᠨ ᠤ ︽ᠦᠨᠳᠦᠰᠦᠨ ᠡᠮᠴᠢᠯᠡᠭᠡᠨ ᠤ ᠳᠠᠭᠠᠳᠬᠠᠯ ᠳᠤ ᠪᠥᠬᠦ ᠠᠷᠠᠳ ᠢᠶᠠᠷ ᠢᠶᠠᠨ ᠣᠷᠣᠯᠴᠠᠬᠤ | ᠣᠷᠳᠣᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠬᠤ ᠲᠤᠬᠠᠢ ᠰᠠᠨᠠᠯ︾ ︵ᠥᠪᠥᠷ ᠡᠮᠴᠢᠯᠡᠭᠡ ᠪᠠᠲᠤᠯᠠᠭ᠎ᠠ ᠲᠠᠷᠬᠠᠭᠠᠭᠰᠠᠨ ﹇2022﹈ | 24ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠣᠰᠣᠭᠠᠷ᠂ ᠵᠠᠰᠠᠭ ᠤᠨ ᠣᠷᠳᠣᠨ ᠢᠶᠠᠷ ᠤᠳᠤᠷᠢᠳᠤᠭᠤᠯᠬᠤ ᠶᠢ ᠪᠠᠷᠢᠮᠲᠠᠯᠠᠨ᠂ ᠠᠶᠢᠮᠠᠭ ᠬᠤᠲᠠ᠂ ᠬᠤᠰᠢᠭᠤ | ᠰᠢᠶᠠᠨᠲ᠋ᠣᠭᠤᠷᠢᠭ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠥᠷᠪᠡᠨ ᠱᠠᠲᠤ ᠪᠠᠷ ᠬᠤᠯᠪᠤᠭᠠᠯᠠᠨ | ᠬᠥᠳᠡᠯᠦᠯᠴᠡᠵᠦᠪᠠᠶᠢᠭᠠᠳ ᠳᠠᠭᠠᠳᠬᠠᠯ ᠳᠤ ᠣᠷᠣᠯᠴᠠᠬᠤ ᠲᠣᠭᠲᠠᠯᠴᠠᠭ᠎ᠠ ᠶᠢ ᠪᠠᠶᠢᠭᠤᠯᠵᠤ᠂ ᠡᠭᠦᠷᠭᠡ ᠶᠢᠨ ᠬᠠᠷᠠᠯᠲᠠ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠪᠠ | ᠠᠵᠢᠯ ᠤᠨᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠡᠯ᠎ᠡ ᠱᠠᠲᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠨ ᠠᠵᠢᠯ ᠤᠨ ᠬᠠᠷᠢᠭᠤᠴᠠᠯᠭ᠎ᠠ ᠶᠢ ᠱᠠᠲᠤ | ᠱᠠᠲᠤ ᠪᠠᠷᠪᠣᠳᠠᠲᠠᠶᠢᠵᠢᠭᠤᠯᠬᠤ ᠪᠠᠷ ᠱᠠᠭᠠᠷᠳᠠᠪᠠ᠃ ᠨᠢᠭᠡ ᠳᠤ᠂ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠰᠠᠭᠤᠷᠢ | ᠲᠤᠭ᠎ᠠ ᠵᠢᠣᠨᠣᠪᠴᠢᠲᠠᠢ ᠡᠵᠡᠮᠰᠢᠨ᠎ᠡ᠃ ᠬᠤᠶᠠᠷ ᠲᠤ᠂ ᠭᠤᠣᠯᠳᠠᠯᠭ᠎ᠠ ᠲᠠᠢ ᠬᠥᠮᠥᠰ ᠢ ᠠᠩᠬᠠᠷᠴᠤ᠂ ᠬᠡᠪᠴᠢᠶ᠎ᠡ ᠶᠢ ᠣᠨᠣᠪᠴᠢᠲᠠᠢ ᠥᠷᠭᠡᠳᠬᠡᠨ᠎ᠡ᠃ ᠭᠤᠷᠪᠠ ᠳᠤ᠂ | ᠣᠷᠣᠰᠢᠨᠰᠠᠭᠤᠬᠤ ᠦᠨᠡᠮᠯᠡᠯ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ | ᠡᠳ᠋ ᠤᠨ ᠵᠠᠰᠠᠭᠨᠢ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠬᠢ ᠲᠠᠢ ᠠᠳᠠᠯᠢ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃ ᠳᠥᠷᠪᠡ ᠳᠤ᠂ ᠳᠠᠭᠠᠳᠬᠠᠯ ᠳᠤ | ᠣᠷᠣᠯᠴᠠᠵᠤᠰᠦ᠋ᠢᠳᠬᠡᠯ ᠲᠤᠰᠢᠶᠠᠬᠤ ᠰᠢᠨ᠎ᠡ ᠠᠷᠭ᠎ᠠ ᠶᠢ ᠡᠭᠦᠳᠴᠦ᠂ ᠠᠷᠠᠳ ᠤᠨ ᠣᠯᠠᠨ ᠠᠷᠭ᠎ᠠ ᠪᠠᠷ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ | ᠲᠥᠬᠦᠮᠦᠵᠡᠭᠦᠯᠬᠦ ᠦᠢᠯᠡᠴᠢᠯᠡᠭᠡ ᠬᠠᠩᠭᠠᠨ᠎ᠠ᠃ ᠲᠠᠪᠤ ᠳᠤ᠂ ᠳᠠᠭᠠᠳᠬᠠᠯ ᠳᠤ ᠣᠷᠣᠯᠴᠠᠭᠰᠠᠨ ᠬᠡᠪᠴᠢᠶ᠎ᠡ ᠶᠢ ᠥᠷᠭᠡᠳᠬᠡᠭᠰᠡᠨ ᠠᠵᠢᠯ ᠤᠨ ᠦᠷ᠎ᠡ ᠪᠦᠲᠦᠭᠡᠯ ᠢ | ᠣᠨ ᠤᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠲᠠᠢ ᠬᠤᠯᠪᠣᠭᠳᠠᠭᠤᠯᠵᠤ᠂ ᠦᠷᠭᠦᠯᠵᠢᠯᠡᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢᠨ | ᠤᠷᠮᠠᠰᠢᠭᠤᠯᠵᠤᠬᠢᠵᠠᠭᠠᠷᠯᠠᠬᠤ ᠲᠣᠭᠲᠠᠴᠠ ᠶᠢ ᠰᠦᠪᠡᠭᠴᠢᠯᠡᠨ᠎ᠡ᠃ | ᠭᠤᠷᠪᠠ᠂ ᠬᠡᠷᠬᠢᠨ ᠡᠮᠴᠢᠯᠡᠭᠡᠨ ᠤ ᠪᠠᠲᠤᠯᠠᠭ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢ ᠤᠯᠠᠮ ᠨᠢᠭᠡ | ᠠᠯᠬᠤᠮᠠᠬᠢᠭᠤᠯᠬᠤ ᠪᠤᠢ︖ | ︽ᠦᠨᠳᠦᠰᠦᠨ ᠡᠮᠴᠢᠯᠡᠭᠡ ᠪᠠᠲᠤᠯᠠᠭ᠎ᠠ ᠲᠠᠢ︾ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠰᠢᠯᠵᠢᠯᠲᠡ ᠶᠢᠨ | ᠬᠤᠭᠤᠴᠠᠭᠠᠨ ᠳ᠋ᠠᠬᠢᠡᠮᠴᠢᠯᠡᠭᠡᠨ ᠤ ᠳᠠᠭᠠᠳᠬᠠᠯ ᠤᠨ ᠶᠡᠷᠦᠩᠬᠡᠶᠢᠯᠡᠭᠰᠡᠨ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠥᠳᠡᠭᠡ ᠲᠣᠰᠬᠤᠨ ᠤ | ᠣᠷᠣᠯᠭ᠎ᠠ ᠪᠠᠭᠠᠲᠠᠢᠬᠥ᠋ᠮᠥᠨ ᠠᠮᠠ ᠪᠠ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠪᠠᠲᠤᠯᠠᠪᠠᠰᠤ ᠵᠣᠬᠢᠬᠤ ᠶᠢ ᠨᠢ ᠴᠥᠮ ᠪᠠᠲᠤᠯᠠᠬᠤ ᠶᠢ ᠯᠠᠪᠳᠠᠭᠤᠨ ᠢᠶᠠᠷ | ᠪᠡᠶᠡᠯᠡᠭᠦᠯᠵᠦ᠂ᠭᠤᠷᠪᠠᠨ ᠳᠠᠪᠬᠤᠷ ᠳᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠷᠠᠭᠤᠯᠤᠨ᠂ ᠡᠪᠡᠳᠴᠢᠨ ᠠᠴᠠ ᠪᠣᠯᠣᠭᠰᠠᠨ ᠶᠡᠭᠡ | ᠬᠡᠪᠴᠢᠶᠡᠨ ᠤ ᠳᠠᠬᠢᠨᠶᠠᠳᠠᠭᠤᠷᠠᠯ ᠡᠭᠦᠰᠬᠦ ᠦᠭᠡᠢ ᠶᠢᠨ ᠬᠢᠵᠠᠭᠠᠷ ᠢ ᠰᠠᠶᠢᠲᠤᠷ ᠰᠠᠬᠢᠨ᠎ᠠ᠃ ︽ᠮᠡᠳᠡᠭᠳᠡᠯ︾ ᠳᠤ ᠭᠤᠷᠪᠠᠨ ᠱᠠᠭᠠᠷᠳᠠᠯᠭ᠎ᠠ ᠳᠤᠷᠠᠳᠴᠠᠢ᠂ ᠨᠢᠭᠡ ᠳᠤ᠂ | ᠡᠮᠴᠢᠯᠡᠭᠡᠨ ᠤ ᠠᠪᠤᠷᠠᠨᠲ᠋ᠤᠰᠠᠯᠠᠬᠤ ᠰᠠᠭᠤᠷᠢ ᠮᠥᠩᠭᠦ ᠶᠢᠨ ᠲᠤᠰᠠᠯᠠᠬᠤ ᠴᠢᠳᠠᠪᠤᠷᠢ ᠪᠠ ᠬᠦᠴᠢᠷᠳᠡᠯᠲᠡᠢ ᠣᠯᠠᠨ ᠲᠦᠮᠡᠨ ᠤ ᠪᠣᠳᠠᠲᠠᠢ ᠬᠡᠷᠡᠭᠴᠡᠭᠡ ᠳᠤ ᠰᠠᠭᠤᠷᠢᠯᠠᠨ᠂ | ᠳᠠᠭᠠᠳᠬᠠᠯ ᠳ᠋ᠤ᠋ᠣᠷᠣᠯᠴᠠᠬᠤ ᠶᠢ ᠲᠥᠷᠥᠯ ᠬᠤᠪᠢᠶᠠᠨ ᠳᠡᠮᠵᠢᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠎ᠡ᠃ ᠬᠤᠶᠠᠷ ᠲᠤ᠂ ᠡᠪᠡᠳᠴᠢᠨ ᠠᠴᠠ ᠪᠣᠯᠵᠤ ᠲᠠᠬᠢᠨ | ᠶᠠᠳᠠᠭᠤᠷᠠᠬᠤ ᠪᠠᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠶᠡᠭᠡ | ᠬᠡᠮᠵᠢᠶᠡᠨ ᠦᠡᠮᠴᠢᠯᠡᠭᠡᠨ ᠤ ᠵᠠᠷᠤᠳᠠᠯ ᠤᠨ ᠳᠠᠷᠤᠭᠠᠰᠤ ᠲᠠᠢ ᠡᠪᠡᠳᠴᠢᠲᠡᠨ ᠢ ᠬᠢᠨᠠᠵᠤ ᠰᠡᠷᠡᠮᠵᠢᠯᠡᠭᠦᠯᠬᠦ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ | ᠬᠢᠨᠠᠵᠤᠰᠡᠷᠡᠮᠵᠢᠯᠡᠭᠦᠯᠬᠦ ᠶᠢᠨ ᠬᠤᠭᠤᠴᠠᠭᠠᠲᠤ ᠴᠢᠨᠠᠷ ᠪᠠ ᠣᠨᠣᠪᠴᠢᠲᠤ ᠴᠢᠨᠠᠷ ᠢ ᠳᠡᠭᠡᠭᠰᠢᠯᠡᠭᠦᠯᠦᠨ᠎ᠡ᠃ ᠭᠤᠷᠪᠠ ᠳᠤ᠂ ᠰᠠᠯᠠᠭ᠎ᠠ ᠮᠥᠴᠢᠷ ᠤᠨ | ᠬᠤᠭᠤᠷᠣᠨᠳᠣᠬᠢᠬᠠᠮᠵᠢᠯᠴᠠᠭᠠ ᠶᠢ ᠴᠢᠩᠭᠠᠳᠬᠠᠵᠤ᠂ ᠨᠡᠶᠢᠭᠡᠮ ᠤᠨ ᠬᠦᠴᠦᠨ ᠢᠶᠠᠷ ᠬᠦᠴᠢᠷᠳᠡᠯᠲᠡᠢ ᠬᠦᠨᠳᠦ ᠡᠪᠡᠳᠴᠢᠲᠡᠨ ᠢ ᠲᠤᠰᠠᠯᠠᠵᠤ ᠲᠡᠳᠬᠦᠬᠦ ᠶᠢ ᠢᠳᠡᠪᠬᠢᠲᠡᠢ | ᠵᠢᠯᠣᠭᠤᠳᠴᠤ᠂ᠣᠯᠠᠨ ᠡᠰᠢᠵᠢᠭᠰᠡᠨ ᠠᠪᠤᠷᠠᠨ ᠲᠤᠰᠠᠯᠠᠬᠤ ᠵᠠᠭᠪᠤᠷ ᠪᠦᠲᠦᠭᠡᠬᠦ ᠶᠢ ᠠᠬᠢᠭᠤᠯᠤᠨ᠎ᠠ᠃ | ᠳᠥᠷᠪᠡ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠠᠮᠢᠶᠠᠷᠤᠯᠲᠠ᠂ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠪᠠ | ᠦᠨ᠎ᠡ ᠵᠢᠨᠬᠠᠮᠢᠶᠠᠷᠤᠯᠲᠠ ᠵᠡᠷᠭᠡ ᠲᠠᠯ᠎ᠠ ᠪᠠᠷ ᠶᠠᠮᠠᠷ ᠶᠠᠮᠠᠷ ᠪᠣᠳᠠᠲᠠᠢ ᠲᠣᠬᠢᠷᠠᠭᠤᠯᠤᠯᠲᠠ ᠪᠠᠶᠢᠬᠤ ᠪᠣᠶ︖ | ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠠᠮᠢᠶᠠᠷᠤᠯᠲᠠ ᠶᠢᠨ ᠲᠠᠯ᠎ᠠ ᠪᠠᠷ᠂ ᠲᠠᠪᠤᠨ ᠪᠣᠳᠠᠲᠠᠢ ᠱᠠᠭᠠᠷᠳᠠᠯᠭ᠎ᠠ ᠳᠤᠷᠠᠳᠪᠠ᠂ ᠨᠢᠭᠡ ᠳᠤ᠂ | 2022ᠣᠨ ᠤ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠬᠡᠯᠡᠯᠴᠡᠭᠡ ᠬᠢᠬᠦ ᠡᠮ ᠤᠨ | ᠵᠦᠢᠯ ᠤᠨ︽ᠬᠤᠣᠰ ᠵᠠᠮ︾ ᠤᠨ ᠬᠠᠮᠢᠶᠠᠷᠤᠯᠲᠠ ᠶᠢ ᠲᠡᠭᠦᠯᠳᠡᠷᠵᠢᠭᠦᠯᠦᠨ ᠵᠢᠷᠤᠮᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠵᠣᠷ ᠤᠨ ᠲᠥᠪ ᠤᠨ | ᠬᠡᠷᠡᠭᠯᠡᠯᠲᠡ ᠵᠢᠪᠥ᠋ᠬᠦ ᠲᠠᠯ᠎ᠠ ᠪᠠᠷ ᠬᠡᠷᠡᠭᠵᠢᠭᠦᠯᠦᠨ᠎ᠡ᠃ ᠬᠤᠶᠠᠷ ᠲᠤ᠂ ᠦᠨᠳᠦᠰᠦᠲᠡᠨ ᠤ ᠡᠮ᠂ ᠡᠮᠴᠢᠯᠡᠭᠡᠨ ᠤ ᠪᠠᠶᠢᠭᠤᠯᠤᠮᠵᠢ ᠶᠢᠨ ᠨᠠᠶᠢᠷᠠᠭᠤᠯᠭ᠎ᠠ ᠪᠠ ᠬᠢᠲᠠᠳ | ᠬᠡᠷᠴᠢᠮᠡᠯ ᠡᠮ ᠦᠨᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠵᠥᠪᠰᠢᠶᠡᠷᠡᠯ ᠤᠨ ᠬᠠᠮᠢᠶᠠᠷᠤᠯᠲᠠ ᠶᠢ ᠵᠢᠷᠤᠮᠵᠢᠭᠤᠯᠤᠨ ᠴᠢᠩᠭᠠᠳᠬᠠᠬᠤ ᠶᠢᠨ ᠬᠠᠮᠲᠤ | ᠬᠥᠳᠡᠯᠦᠩᠭᠦᠢ ᠪᠠᠷ ᠲᠣᠬᠢᠷᠠᠭᠤᠯᠤᠨ᠎ᠠ᠃ᠭᠤᠷᠪᠠ ᠳᠤ᠂ ᠨᠥᠬᠦᠴᠡᠯ ᠳᠤ ᠨᠡᠶᠢᠴᠡᠬᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ | ᠦᠢᠯᠡᠴᠢᠯᠡᠭᠡᠨ ᠤ ᠲᠥᠰᠥᠯ ᠢ ᠴᠠᠭ ᠲᠤᠬᠠᠢ ᠳᠤ ᠨᠢᠡᠮᠴᠢᠯᠡᠭᠡᠨ ᠤ ᠳᠠᠭᠠᠳᠬᠠᠯ ᠤᠨ ᠲᠥᠯᠥᠬᠦ ᠬᠡᠪᠴᠢᠶᠡᠨ ᠳᠤ ᠣᠷᠣᠭᠤᠯᠤᠨ᠎ᠠ᠃ ᠳᠥᠷᠪᠡ ᠳᠤ᠂ ᠲᠣᠭᠠᠴᠠᠭ᠎ᠠ ᠬᠢᠬᠦ | ᠠᠷᠭ᠎ᠠ ᠶᠢᠨ ᠥᠭᠡᠷᠡᠴᠢᠯᠡᠯᠲᠡ ᠶᠢ ᠯᠠᠪᠳᠠᠭᠤᠨ ᠵᠶ᠋ᠠᠷᠠᠬᠢᠭᠤᠯᠵᠤ᠂ 2023 ᠣᠨ ᠳᠤ ᠨᠥᠬᠦᠴᠡᠯ ᠳᠤ ᠨᠡᠶᠢᠴᠡᠬᠦ ᠡᠮᠨᠡᠯᠭᠡ ᠳᠤ ᠰᠠᠭᠤᠬᠤ ᠦᠢᠯᠡᠴᠢᠯᠡᠭᠡ ᠥᠷᠨᠢᠭᠦᠯᠵᠦ | ᠪᠠᠶᠢᠭ᠎ᠠ ᠡᠮᠴᠢᠯᠡᠭᠡᠨ ᠤ ᠪᠠᠶᠢᠭᠤᠯᠤᠮᠵᠢ ᠶᠢ ᠪᠦᠬᠦᠨ ᠢᠬᠠᠮᠤᠷᠤᠨᠠ᠃ ᠲᠠᠪᠤ ᠳᠤ᠂ ᠡᠮᠴᠢᠯᠡᠭᠡᠨ ᠤ ᠳᠠᠭᠠᠳᠬᠠᠯ ᠢᠶᠠᠷ ︽ᠢᠨᠲ᠋ᠧᠷ ᠰᠦᠯᠵᠢᠶ᠎ᠡ +︾ ᠡᠮᠴᠢᠯᠡᠭᠡᠨ ᠤ | ᠦᠢᠯᠡᠴᠢᠯᠡᠭᠡ ᠶᠢᠨ ᠡᠮᠴᠢᠯᠡᠭᠡᠨ ᠤ ᠳᠠᠭᠠᠳᠬᠠᠯ ᠤᠨᠲ᠋ᠣᠭᠠᠴᠠᠭᠠ ᠬᠢᠬᠦ ᠶᠢ ᠳᠡᠮᠵᠢᠬᠦ᠂ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ | ᠬᠥᠭᠵᠢᠭᠦᠯᠬᠦ ᠶᠢ ᠳᠡᠮᠵᠢᠬᠦ ᠬᠤᠯᠪᠣᠭᠳᠠᠯ ᠪᠦᠬᠦᠢ ᠠᠵᠢᠯ ᠢᠰᠠᠶᠢᠲᠤᠷ ᠨᠢᠭᠡᠳᠦᠯᠲᠡᠢ ᠲᠥᠯᠥᠪᠯᠡᠨ᠎ᠡ᠃ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠪᠠ | ᠦᠨ᠎ᠡ ᠬᠠᠩᠰᠢ ᠶᠢᠨ ᠬᠠᠮᠢᠶᠠᠷᠤᠯᠲᠠ ᠶᠢᠨ ᠲᠠᠯ᠎ᠠ ᠪᠠᠷ᠂ᠳᠥᠷᠪᠡᠨ ᠪᠣᠳᠠᠲᠠᠢ ᠱᠠᠭᠠᠷᠳᠠᠯᠭ᠎ᠠ ᠳᠤᠷᠠᠳᠪᠠ᠂ ᠨᠢᠭᠡ ᠳᠤ᠂ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ | ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨᠠᠪᠬᠤ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠤᠯᠤᠰ ᠠᠴᠠ ᠵᠣᠬᠢᠶᠠᠨ ᠪᠠᠶᠢᠭᠤᠯᠤᠭᠰᠠᠨ | ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠤᠭᠰᠠᠨ ᠳ᠋ᠦᠩ ᠢ ᠨᠠᠶᠢᠳᠠᠪᠤᠷᠢᠵᠢᠭᠤᠯᠤᠨ᠎ᠠ᠃ | ᠬᠤᠶᠠᠷ ᠲᠤ᠂ ᠡᠮ ᠡᠮᠨᠡᠯᠭᠡ ᠶᠢᠨ ᠲᠥᠪᠯᠡᠷᠡᠭᠦᠯᠦᠨᠬᠤᠳᠠᠯᠳᠤᠨ ᠠᠪᠬᠤ ᠲᠠᠪᠴᠠᠩ ᠤᠨ ᠴᠢᠳᠠᠮᠵᠢ ᠶᠢ ᠰᠢᠯᠢᠳᠡᠭᠵᠢᠭᠦᠯᠵᠦ᠂ ᠡᠮ ᠤᠨ ᠵᠦᠢᠯ ᠤᠨ ᠬᠤᠷᠣᠭᠳᠠᠯ | ᠮᠠᠲ᠋ᠧᠷᠢᠶᠠᠯ ᠤᠨ ︽ᠰᠦᠯᠵᠢᠶ᠎ᠡ ᠪᠠᠷ ᠬᠤᠳᠠᠯᠳᠤᠨ ᠠᠪᠬᠤᠨᠣᠷᠮᠠ︾ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠭᠤᠷᠪᠠ ᠳᠤ᠂ ᠡᠮ ᠤᠨ ᠵᠦᠢᠯ ᠢ ᠰᠦᠯᠵᠢᠶᠡᠨ ᠳᠤ | ᠭᠠᠷᠭᠠᠬᠤ ᠪᠠ ᠰᠦᠯᠵᠢᠶᠡᠨ ᠠᠴᠠ ᠪᠠᠭᠤᠯᠭᠠᠬᠤ ᠠᠵᠢᠯ ᠢᠵᠢᠷᠤᠮᠵᠢᠭᠤᠯᠤᠨ ᠥᠷᠨᠢᠭᠦᠯᠦᠨ᠎ᠡ᠃ ᠳᠥᠷᠪᠡ ᠳᠤ᠂ ᠡᠮ ᠡᠮᠨᠡᠯᠭᠡ ᠶᠢᠨ ᠦᠨ᠎ᠡ ᠪᠣᠯᠣᠨ ᠳᠠᠭᠠᠭᠠᠴᠢᠯᠠᠯᠲᠠ | ᠵᠠᠷᠯᠠᠬᠤ ᠪᠠ ᠬᠤᠳᠠᠯᠳᠤᠨ ᠠᠪᠬᠤ ᠶᠢᠨ ᠢᠲᠡᠭᠡᠮᠵᠢ ᠵᠢᠨᠦᠨᠡᠯᠡᠯᠲᠡ ᠶᠢ ᠰᠠᠶᠢᠲᠤᠷ ᠬᠢᠨ᠎ᠡ᠃ | ᠲᠠᠪᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠪᠠ ᠠᠵᠢᠯ ᠤᠨ ᠪᠦᠲᠦᠮᠵᠢ ᠶᠢᠨ ᠬᠠᠮᠢᠶᠠᠷᠤᠯᠲᠠ ᠶᠢ | ᠬᠡᠷᠬᠢᠨᠦᠷᠭᠦᠯᠵᠢᠯᠡᠨ ᠴᠢᠩᠭᠠᠳᠬᠠᠬᠤ ᠪᠣᠶ︖ | ︽ᠮᠡᠳᠡᠭᠳᠡᠯ︾ ᠳᠤ 2023 ᠣᠨ ᠳᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ | ᠴᠢᠩᠭᠠᠳᠬᠠᠬᠤᠬᠡᠷᠡᠭᠲᠡᠢ ᠭᠡᠵᠦ ᠴᠢᠬᠤᠯᠠᠴᠢᠯᠠᠪᠠ᠃ ᠨᠢᠭᠡ ᠳᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠮᠤᠷ | ᠲᠦᠪᠰᠢᠨ ᠦᠵᠢᠷᠤᠮᠵᠢᠯ ᠤᠨ ᠣᠨ ᠤ ᠠᠵᠢᠯᠯᠠᠭ᠎ᠠ ᠶᠢ ᠬᠡᠷᠡᠭᠵᠢᠭᠦᠯᠵᠦ᠂ ᠰᠠᠭᠤᠷᠢ ᠮᠥᠩᠭᠦ ᠶᠢᠨ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢ ᠪᠣᠳᠠᠲᠠᠶᠢᠵᠢᠭᠤᠯᠵᠤ᠂ | ᠭᠡᠨᠡᠳᠲᠡ ᠪᠡᠷᠪᠠᠶᠢᠴᠠᠭᠠᠬᠤ ᠶᠢ ᠦᠷᠭᠦᠯᠵᠢᠯᠡᠨ ᠥᠷᠨᠢᠭᠦᠯᠦᠨ᠎ᠡ᠃ ᠬᠤᠶᠠᠷ ᠲᠤ᠂ ᠳᠠᠭᠠᠳᠬᠠᠯ ᠢ ᠮᠡᠬᠡᠯᠡᠨ ᠠᠪᠬᠤ ᠳᠤ ᠴᠣᠬᠢᠯᠲᠠ ᠥᠭᠬᠦ ᠲᠤᠰᠬᠠᠢ ᠴᠡᠭᠴᠡᠯᠡᠨ | ᠵᠠᠰᠠᠯᠲᠠ ᠶᠢ ᠭᠦᠨᠵᠡᠭᠡᠢᠥᠷᠨᠢᠭᠦᠯᠦᠨᠡ᠃ ᠭᠤᠷᠪᠠ ᠳᠤ᠂ ᠬᠢᠨᠠᠨ ᠬᠠᠮᠢᠶᠠᠷᠬᠤ ᠡᠩᠨᠡᠭᠡ ᠪᠣᠯᠣᠨ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠨᠡᠶᠢᠲᠡᠯᠢᠭ ᠬᠡᠷᠡᠭ ᠦᠨᠵᠢᠱᠢᠶᠡ ᠶᠢ ᠢᠯᠡᠴᠢᠯᠡᠬᠦ ᠡᠷᠴᠢᠮ ᠢ ᠴᠢᠩᠭᠠᠷᠠᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠨ | ᠬᠠᠮᠢᠶᠠᠷᠤᠯᠲᠠ ᠶᠢᠨ ᠬᠦᠷᠢᠶᠡᠨ ᠳᠠᠬᠢ ᠴᠢᠬᠡᠴᠢᠰᠣᠶᠣᠯ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠦᠨ᠎ᠡ᠃ ᠳᠥᠷᠪᠡ ᠳᠤ᠂ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦᠨ ᠦᠲ᠋ᠥ᠋ᠰᠥᠪ ᠤᠨ ᠬᠠᠮᠢᠶᠠᠷᠤᠯᠲᠠ ᠶᠢ ᠴᠢᠩᠭᠠᠳᠬᠠᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠲᠥᠰᠥᠪ ᠤᠨ | ᠪᠦᠲᠦᠮᠵᠢ ᠶᠢᠨ ᠬᠠᠮᠢᠶᠠᠷᠤᠯᠲᠠ ᠶᠢ ᠪᠥᠬᠦᠲ᠋ᠠᠯᠠ ᠪᠠᠷ ᠬᠡᠷᠡᠭᠵᠢᠭᠦᠯᠦᠨ᠎ᠡ᠃ | ᠵᠢᠷᠭᠤᠭ᠎ᠠ᠂ ᠭᠠᠷᠲᠠᠨ ᠭᠦᠢᠴᠡᠳᠬᠡᠬᠦ ᠬᠠᠮᠢᠶᠠᠷᠤᠯᠲᠠ ᠦᠢᠯᠡᠴᠢᠯᠡᠭᠡᠨ ᠤ ᠲᠦᠪᠰᠢᠨ ᠢ ᠬᠡᠷᠬᠢᠨ ᠦᠷᠭᠦᠯᠵᠢᠯᠡᠨ ᠳᠡᠭᠡᠭᠰᠢᠯᠡᠭᠦᠯᠬᠦ ᠪᠣᠶ︖ | ︽ᠮᠡᠳᠡᠭᠳᠡᠯ︾ ᠳᠤ ᠭᠠᠷᠲᠠᠨ ᠭᠦᠢᠴᠡᠳᠬᠡᠬᠦ ᠬᠠᠮᠢᠶᠠᠷᠤᠯᠲᠠ ᠦᠢᠯᠡᠴᠢᠯᠡᠭᠡ ᠶᠢ ᠳᠥᠷᠪᠡᠨ ᠲᠠᠯ᠎ᠠ ᠪᠠᠷ ᠱᠠᠭᠠᠷᠳᠠᠪᠠ᠂ ᠨᠢᠭᠡ ᠳᠤ᠂ ᠡᠮᠴᠢᠯᠡᠭᠡᠨ ᠤ | ᠳᠠᠭᠠᠳᠬᠠᠯ ᠤᠨᠭᠠᠷᠲᠠᠨ ᠭᠦᠢᠴᠡᠳᠬᠡᠬᠦ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠵᠦ᠂ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ ᠶᠡᠭᠡ ᠪᠠᠷ | ᠠᠬᠢᠭᠤᠯᠵᠤ᠂ ᠡᠮᠴᠢᠯᠡᠭᠡᠨ ᠦᠲ᠋ᠠᠭᠠᠳᠬᠠᠯ ᠤᠨ ᠭᠠᠷᠲᠠᠨ ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠲᠣᠳᠣᠷᠬᠠᠢ ᠬᠠᠭᠤᠳᠠᠰᠤ ᠪᠠ | ᠠᠵᠢᠯᠯᠠᠭᠠᠨ ᠤ ᠵᠢᠷᠤᠮᠵᠢᠯ ᠢ ᠪᠥᠬᠦᠲ᠋ᠠᠯᠠ ᠪᠠᠷ ᠨᠠᠶᠢᠳᠠᠪᠤᠷᠢᠵᠢᠭᠤᠯᠵᠤ᠂ ᠪᠠᠷᠢᠮᠵᠢᠶᠠᠵᠢᠭᠤᠯᠤᠨ ᠵᠢᠷᠤᠮᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ | ᠃ ᠬᠤᠶᠠᠷ ᠲᠤ᠂ ᠦᠨᠳᠦᠰᠦᠨᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠠᠮᠢᠶᠠᠷᠤᠯᠲᠠ ᠶᠢᠨ ᠭᠠᠷᠲᠠᠨ ᠭᠦᠢᠴᠡᠳᠬᠡᠬᠦ ᠳᠦᠷᠢᠮ ᠢ ᠨᠠᠶᠢᠳᠠᠪᠤᠷᠢᠵᠢᠭᠤᠯᠵᠤ᠂ | ᠳᠠᠭᠠᠳᠬᠠᠯ ᠳᠤ ᠣᠷᠣᠯᠴᠠᠵᠤ ᠰᠦᠢᠳᠬᠡᠯᠲ᠋ᠤᠰᠢᠶᠠᠬᠤ ᠶᠢ ᠰᠠᠶᠢᠲᠤᠷ ᠳᠠᠶᠢᠴᠢᠯᠠᠵᠤ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ | ᠢᠳᠡᠪᠬᠢᠵᠢᠯ ᠢ ᠳᠠᠶᠢᠴᠢᠯᠠᠨ᠂ ᠳᠠᠬᠢᠨ ᠳᠠᠪᠲᠠᠨᠲ᠋ᠠᠭᠠᠳᠬᠠᠯ ᠳᠤ ᠣᠷᠣᠯᠴᠠᠭᠰᠠᠨ ᠳ᠋ᠠᠶᠢᠲ᠋ᠠ ᠶᠢᠨ ᠵᠠᠰᠠᠯᠲᠠ ᠶᠢ ᠦᠷᠭᠦᠯᠵᠢᠯᠡᠨ ᠥᠷᠨᠢᠭᠦᠯᠦᠨ᠎ᠡ᠃ ᠭᠤᠷᠪᠠ ᠳᠤ᠂ | ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠦᠠᠷᠠᠳ ᠲᠤ ᠲᠥᠬᠦᠮ ᠦᠵᠡᠭᠦᠯᠬᠦ ᠨᠢᠭᠡ ᠪᠦᠯᠦᠭ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠡᠮᠴᠢᠯᠡᠭᠡᠨ ᠤ | ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨᠦᠷᠭᠦᠯᠵᠢᠯᠡᠭᠦᠯᠬᠦ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠦᠷᠭᠦᠯᠵᠢᠯᠡᠨ ᠰᠢᠯᠢᠳᠡᠭᠵᠢᠭᠦᠯᠵᠦ᠂ | ᠡᠮᠨᠡᠯᠭᠡ ᠳᠤ ᠰᠠᠭᠤᠬᠤ ᠵᠠᠷᠤᠳᠠᠯ ᠢ ᠮᠤᠵᠢ ᠠᠯᠤᠰᠯᠠᠨᠰᠢᠭᠤᠳ ᠳ᠋ᠦᠩᠨᠡᠨ ᠪᠤᠳᠤᠬᠤ ᠨᠣᠷᠮ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ 5 ᠵᠦᠢᠯ ᠤᠨ ᠡᠭᠦᠳᠡᠨ | ᠡᠮᠨᠡᠯᠭᠡ ᠶᠢᠨ ᠤᠳᠠᠭᠠᠨ ᠴᠢᠨᠠᠷᠲᠠᠢ ᠣᠨᠴᠠ ᠡᠪᠡᠳᠴᠢᠨ ᠦᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠶᠢ ᠰᠢᠶᠠᠨ ᠤ ᠬᠡᠪᠴᠢᠶᠡᠨ ᠳᠤ ᠬᠦᠷᠭᠡᠬᠦ ᠶᠢ | ᠠᠬᠢᠭᠤᠯᠤᠨ᠎ᠠ᠃ ᠳᠥᠷᠪᠡ ᠳᠤ᠂ ᠡᠮᠴᠢᠯᠡᠭᠡᠨ ᠦᠲ᠋ᠠᠭᠠᠳᠬᠠᠯ ᠤᠨ ᠭᠠᠷᠲᠠᠨ ᠭᠦᠢᠴᠡᠳᠬᠡᠬᠦ ᠰᠢᠰᠲ᠋ᠧᠮ ᠤᠨ ᠰᠣᠷᠢᠯᠲᠠ ᠪᠠᠷ ᠳᠠᠮᠵᠢᠭᠤᠯᠤᠨ᠂ ᠭᠠᠷᠲᠠᠨ ᠭᠦᠢᠴᠡᠳᠬᠡᠬᠦ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ᠡᠭᠦᠨ ᠠᠴᠠ ᠭᠠᠳᠠᠨ᠎ᠠ᠂ ᠡᠮᠴᠢᠯᠡᠭᠡᠨ ᠤ ᠳᠠᠭᠠᠳᠬᠠᠯ ᠤᠨ ᠮᠡᠳᠡᠭᠡᠯᠡᠯ ᠤᠨ ᠲᠠᠪᠴᠠᠩ ᠪᠠ ᠳ᠋ᠠᠶᠢᠲ᠋ᠠ ᠶᠢᠨ | ᠬᠡᠷᠡᠭᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ᠂ ︽ᠮᠡᠳᠡᠭᠳᠡᠯ︾ ᠳᠤ ᠪᠠᠰᠠ ᠪᠥᠬᠦ ᠤᠯᠤᠰ ᠤᠨ ᠨᠢᠭᠡᠳᠦᠯᠲᠡᠢ ᠡᠮᠴᠢᠯᠡᠭᠡᠨ ᠤ ᠳᠠᠭᠠᠳᠬᠠᠯ ᠤᠨ ᠮᠡᠳᠡᠭᠡᠯᠡᠯ ᠤᠨ | ᠲᠠᠪᠴᠠᠩ ᠳᠤ ᠲᠦᠰᠢᠭᠯᠡᠨ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨᠪᠠᠷᠢᠮᠲᠠ᠂ ᠰᠢᠯᠵᠢᠮᠡᠯ ᠲᠣᠭᠠᠴᠠᠭ᠎ᠠ ᠵᠡᠷᠭᠡ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠡᠮᠴᠢᠯᠡᠭᠡᠨ ᠤ ᠳᠠᠭᠠᠳᠬᠠᠯ ᠤᠨᠳᠠᠶᠢᠲ᠋ᠠ ᠶᠢᠨ ᠰᠠᠭᠤᠷᠢ ᠳᠦᠷᠢᠮ ᠤᠨ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠠᠬᠢᠭᠤᠯᠵᠤ᠂ ᠳ᠋ᠠᠶᠢᠲ᠋ᠠ ᠪᠠᠷ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ᠂ᠦᠢᠯᠡᠴᠢᠯᠡᠭᠡ᠂ ᠥᠭᠡᠷᠡᠴᠢᠯᠡᠯᠲᠡ ᠳᠤ ᠬᠦᠴᠦᠨ ᠨᠡᠮᠡᠷᠢᠯᠡᠬᠦ ᠶᠢ | ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃ | ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠦᠨᠡᠨ ᠬᠦ ᠰᠠᠶᠢᠲᠤᠷ ᠠᠳᠬᠤᠬᠤ ᠶᠢᠨ ᠲᠥᠯᠥᠭᠡ᠂ ︽ᠮᠡᠳᠡᠭᠳᠡᠯ︾ ᠳᠤ ᠡᠯ᠎ᠡ ᠭᠠᠵᠠᠷ ᠡᠯ᠎ᠡ ᠬᠤᠯᠪᠣᠭᠳᠠᠯ | ᠪᠦᠬᠦᠢᠰᠠᠯᠠᠭ᠎ᠠ ᠮᠥᠴᠢᠷ ᠤᠳ ᠲᠤ ᠠᠵᠢᠯ ᠤᠨ ᠱᠠᠭᠠᠷᠳᠠᠯᠭ᠎ᠠ ᠳᠤᠷᠠᠳᠴᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠰᠠᠯᠠᠭ᠎ᠠ | ᠮᠥᠴᠢᠷ ᠦᠳᠬᠠᠮᠵᠢᠯᠴᠠᠭᠠ ᠪᠠᠨ ᠴᠢᠩᠭᠠᠳᠬᠠᠨ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠵᠢᠨᠠᠶᠢᠳᠠᠪᠤᠷᠢᠵᠢᠭᠤᠯᠤᠨ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ ᠡᠮᠴᠢᠯᠡᠭᠡᠨ ᠤ ᠳᠠᠭᠠᠳᠬᠠᠯ ᠤᠨ ᠴᠢᠨᠠᠷ ᠰᠠᠶᠢᠲᠠᠢ ᠬᠥᠭᠵᠢᠯᠲᠡ ᠶᠢᠨ ᠦᠷ᠎ᠡ | ᠪᠦᠲᠦᠭᠡᠯ ᠵᠶ᠋ᠡᠷᠲ᠋ᠠᠭᠠᠳᠬᠠᠯ ᠳᠤ ᠣᠷᠣᠯᠴᠠᠭᠰᠠᠳ ᠲᠤ ᠨᠠᠩ ᠰᠠᠶᠢᠨ ᠠᠰᠢᠭ ᠬᠦᠷᠲᠡᠭᠡᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | | |