ᠬᠤᠲᠠ ᠶᠢᠨ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠤᠨ ᠭᠤᠣᠯ ᠰᠡᠳᠦᠪᠲᠦ ᠬᠥᠮᠦᠵᠢᠯ ᠤᠨ ᠠᠩᠬᠠᠳᠤᠭᠠᠷ ᠤᠳᠠᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/21
       ᠣᠶᠢᠷ᠎ᠠ ᠶᠢᠨ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠩᠬᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠲᠡᠭᠦᠰᠦᠭᠰᠡᠨ ᠤ ᠲᠠᠷᠠᠭ᠎ᠠ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠭᠤᠣᠯ ᠰᠡᠳᠦᠪᠲᠦ ᠬᠥᠮᠦᠵᠢᠯ ᠤᠨ ᠠᠩᠬᠠᠳᠤᠭᠠᠷ ᠤᠳᠠᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠤᠨ ᠱᠦᠵᠢ ᠳ᠋ᠦ᠋ ᠬᠤᠢ ᠯᠢᠶᠠᠩ ᠬᠤᠷᠠᠯ ᠢ ᠡᠷᠭᠢᠯᠡᠪᠡ᠃           ᠬᠤᠷᠠᠯ ᠠᠴᠠ᠂ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠬᠠᠮᠰᠠᠷ ᠠᠴᠠ ᠪᠠᠨ ︽ᠲᠦᠷᠪᠡᠨ ᠤᠬᠠᠮᠰᠠᠷ︾ ᠢ ᠴᠢᠩᠭᠠᠳᠬᠠᠨ᠂ ︽ᠲᠦᠷᠪᠡᠨ ᠢᠲᠡᠭᠡᠯ︾ ᠢᠶᠠᠨ ᠪᠠᠲᠤᠳᠬᠠᠵᠤ ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠢᠲᠡᠭᠡᠯ ᠢᠶᠠᠨ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢᠶᠠᠨ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠰᠢᠰᠲ᠋ᠧᠮ ᠲᠠᠢ ᠰᠤᠷᠤᠯᠴᠠᠬᠤ᠂ ᠪᠦᠬᠦ ᠲᠠᠯ᠎ᠠ ᠪᠠᠷ ᠡᠵᠡᠮᠳᠡᠬᠦ ᠶᠢ ᠴᠢᠬᠤᠯᠠᠴᠢᠯᠠᠵᠤ᠂ ᠪᠣᠳᠠᠲᠠᠢ ᠲᠠᠢ ᠤᠶᠠᠯᠳᠤᠭᠤᠯᠬᠤ᠂ ᠤᠯᠠᠷᠢᠭᠤᠯᠤᠨ ᠬᠡᠷᠡᠭᠯᠡᠬᠦ ᠳᠤ ᠴᠢᠳᠠᠮᠠᠭᠠᠢ ᠪᠠᠶᠢᠵᠤ᠂ ᠦᠨᠡᠨᠴᠢ ᠰᠢᠳᠤᠷᠭᠤ ᠢᠲᠡᠭᠡᠯ ᠪᠢᠰᠢᠷᠡᠯ᠂ ᠴᠠᠭᠠᠷᠠᠭᠰᠠᠨ ᠴᠢᠳᠠᠪᠤᠷᠢ᠂ ᠰᠢᠯᠢᠳᠡᠭ ᠰᠤᠷᠲᠠᠯ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠴᠢᠷᠮᠠᠶᠢᠨ ᠰᠤᠷᠤᠯᠴᠠᠬᠤ ᠬᠡᠷᠡᠭᠲᠡᠢ᠃       ᠰᠤᠷᠤᠯᠴᠠᠨ ᠲᠤᠭᠤᠰᠢᠯᠠᠭᠤᠯᠬᠤ ᠶᠢ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠶᠢ ᠨᠢᠭᠡᠳᠦᠯᠲᠡᠢ ᠲᠥᠯᠥ᠋ᠪᠵᠢᠭᠦᠯᠬᠦ ᠲᠠᠢ ᠤᠶᠠᠯᠳᠤᠭᠤᠯᠵᠤ ᠂ ︽ᠬᠤᠶᠠᠷ ᠶᠡᠭᠡ ᠶᠠᠪᠤᠳᠠᠯ︾ ᠢ ᠬᠦᠴᠦᠯᠡᠨ ᠰᠠᠶᠢᠲᠤᠷ ᠬᠢᠵᠦ᠂ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠶᠢ ᠲᠦᠷᠭᠡᠳᠬᠡᠨ ᠠᠬᠢᠭᠤᠯᠵᠤ᠂ ᠣᠨ ᠤ ᠬᠠᠷᠠᠯᠲᠠ ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠦᠨ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       
ᠢᠷᠡᠯᠲᠡ᠄ ᠣᠷᠳᠣᠰ ᠤᠨ ᠡᠳᠦᠷ ᠤᠨ ᠰᠣᠨᠢᠨ