ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/9/26
       ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭᠠᠨ ᠤ ᠵᠦᠪᠯᠡᠯ ᠤᠨ ᠠᠯᠪᠠᠨ ᠭᠡᠷ ᠤᠨ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭᠠᠨ ᠤ 70 ᠵᠢᠯ ᠤᠨ ᠣᠶ ᠶᠢᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠢ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠤᠭᠠᠳ᠂ ᠰᠤᠷᠭᠠᠨ ᠬᠥᠮᠦᠵᠢᠯ ᠤᠨ ᠲᠢᠩᠬᠢᠮ ᠤᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠬᠢᠭᠡᠳ ᠬᠥᠳᠡᠯᠮᠦᠷᠢ ᠶᠢᠨ ᠬᠥᠮᠦᠵᠢᠯ ᠤᠨ ᠭᠠᠵᠠᠷ ᠢ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭᠠᠨ ᠤ 70 ᠵᠢᠯ ᠤᠨ ᠣᠶ ᠶᠢᠨ ᠲᠡᠷᠢᠭᠦᠨ ᠤ ᠬᠠᠮᠲᠤ ᠨᠡᠶᠢᠲᠡ ᠪᠠᠷ ᠪᠠᠲᠤᠯᠠᠨ ᠲᠠᠨᠢᠯᠴᠠᠭᠤᠯᠵᠤ᠂ ᠡᠳᠦᠭᠡ ᠢᠯᠡ ᠨᠡᠶᠢᠲᠡᠯᠡᠪᠡ᠃        ᠢᠯᠡ ᠨᠡᠶᠢᠲᠡᠯᠡᠬᠦ ᠬᠤᠭᠤᠴᠠᠭ᠎ᠠ 2023 ᠣᠨ ᠤ 8 ᠰᠠᠷ᠎ᠠ ᠶᠢᠨ 31 - 2023 ᠣᠨ ᠤ 9 ᠰᠠᠷ᠎ᠠ ᠶᠢᠨ 6 ᠤ ᠡᠳᠦᠷ᠃ ᠢᠯᠡ ᠨᠡᠶᠢᠲᠡᠯᠡᠬᠦ ᠬᠤᠭᠤᠴᠠᠭᠠᠨ ᠳᠤ᠂ ᠬᠡᠷᠪᠡ ᠰᠠᠨᠠᠯ ᠲᠠᠢ ᠪᠣᠯ ᠰᠠᠨᠠᠯ ᠳᠤᠷᠠᠳᠤᠭᠰᠠᠨ ᠮᠠᠲ᠋ᠧᠷᠢᠶᠠᠯ ᠢ ᠪᠢᠴᠢᠭ ᠤᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ ᠳᠤᠰᠢᠶᠠᠨ᠎ᠠ᠂ ᠮᠠᠲ᠋ᠧᠷᠢᠶᠠᠯ ᠳᠤ ᠡᠷᠬᠡᠪᠰᠢ ᠦᠨᠡᠨ ᠨᠡᠷ᠎ᠡ ᠪᠠᠨ ᠪᠢᠴᠢᠬᠦ ᠶᠢᠨ ᠬᠠᠮᠲᠤ ᠲᠣᠰ ᠬᠥᠮᠦᠨ ᠤ ᠠᠵᠢᠯᠯᠠᠵᠤ ᠪᠠᠶᠢᠭ᠎ᠠ ᠨᠢᠭᠡᠴᠢ᠂ ᠬᠠᠷᠢᠯᠴᠠᠬᠤ ᠤᠲᠠᠰᠤ ︵ᠨᠢᠭᠡᠴᠢ ᠶᠢᠨ ᠨᠡᠷ᠎ᠡ ᠪᠠᠷ ᠲᠤᠰᠬᠠᠭᠰᠠᠨ ᠪᠣᠯ ᠠᠯᠪᠠᠨ ᠲᠠᠮᠠᠭ᠎ᠠ ᠳᠠᠷᠤᠭᠠᠷᠠᠶ︶ ᠪᠠᠨ ᠲᠣᠳᠣᠷᠬᠠᠶ ᠪᠢᠴᠢᠬᠦ ᠬᠡᠷᠡᠭᠲᠡᠶ᠃ ᠬᠤᠭᠤᠴᠠᠭ᠎ᠠ ᠬᠡᠲᠦᠷᠡᠭᠰᠡᠨ ᠪᠤᠶᠤ ᠱᠠᠭᠠᠷᠳᠠᠯᠭ᠎ᠠ ᠶᠣᠰᠤ ᠪᠠᠷ ᠰᠠᠨᠠᠯ ᠳᠤᠷᠠᠳᠤᠭᠰᠠᠨ ᠦᠭᠡᠢ ᠪᠣᠯ ᠬᠦᠯᠢᠶᠡᠨ ᠠᠪᠴᠤ ᠰᠢᠢᠳᠪᠦᠷᠢᠯᠡᠬᠦ ᠦᠭᠡᠢ᠃       ᠢᠯᠡ ᠨᠡᠶᠢᠲᠡᠯᠡᠯ ᠳᠤ ᠬᠢᠨᠠᠯᠲᠠ ᠲᠠᠯᠪᠢᠬᠤ ᠤᠲᠠᠰᠤ᠄ ᠰᠤᠷᠭᠠᠨ ᠬᠥᠮᠦᠵᠢᠯ ᠤᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠄ 0471 - 2856911       ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ        ᠰᠢᠦᠳᠠᠨ ᠳ᠋ᠤᠭᠠᠷ᠄ 010011                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                                      2023 ᠣᠨ ᠤ 8 ᠰᠠᠷ᠎ᠠ ᠶᠢᠨ 31 ᠤ ᠡᠳᠦᠷ      ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠬᠢᠭᠡᠳ ᠬᠥᠳᠡᠯᠮᠦᠷᠢ ᠶᠢᠨ ᠬᠥᠮᠦᠵᠢᠯ ᠤᠨ ᠭᠠᠵᠠᠷ ᠤᠨ ᠲᠣᠪᠴᠢ ᠪᠠᠶᠢᠳᠠᠯ        ᠣᠶᠢᠷ᠎ᠠ ᠶᠢᠨ ᠵᠢᠯ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠬᠢᠭᠡᠳ ᠬᠥᠳᠡᠯᠮᠦᠷᠢ ᠶᠢᠨ ᠬᠥᠮᠦᠵᠢᠯ ᠤᠨ ᠭᠠᠵᠠᠷ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠤᠯᠭ᠎ᠠ ᠳᠣᠣᠷ᠎ᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭᠠᠨ ᠤ ᠲᠤᠬᠠᠶ ᠰᠢᠢᠳᠪᠦᠷᠢᠲᠦ ᠪᠣᠳᠣᠯᠭ᠎ᠠ᠂ ᠪᠠᠶᠢᠷᠢᠯᠠᠭᠤᠯᠤᠯᠲᠠ ᠪᠣᠯᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠡᠯ᠎ᠡ ᠵᠦᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠨ᠎ᠠ︔ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠷᠡᠭᠦᠯ ᠡᠩᠬᠡ ᠥᠪᠥᠷ ᠮᠣᠩᠭᠤᠯ ᠭᠡᠬᠦ ᠠᠵᠢᠯᠯᠠᠭ᠎ᠠ ᠶᠢ ᠢᠳᠡᠪᠬᠢᠲᠡᠶ ᠠᠬᠢᠭᠤᠯᠵᠤ᠂ ︽ᠡᠷᠡᠭᠦᠯ ᠡᠩᠬᠡ ᠶᠢ ᠲᠡᠷᠢᠭᠦᠨ ᠳᠤ ᠲᠠᠯᠪᠢᠬᠤ︾ ᠪᠠ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠭᠰᠠᠨ ᠰᠤᠷᠭᠠᠨ ᠬᠥᠮᠦᠵᠢᠯ ᠤᠨ ᠣᠨᠣᠯᠵᠢᠬᠤᠨ ᠢ ᠪᠠᠷᠢᠮᠲᠠᠯᠠᠨ᠂ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠬᠥᠮᠦᠵᠢᠯ ᠢ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠴᠢᠳᠠᠪᠤᠷᠢᠲᠠᠨ ᠬᠥᠮᠦᠵᠢᠭᠦᠯᠬᠦ ᠪᠥᠬᠦ ᠶᠠᠪᠤᠴᠠ ᠳᠤ ᠣᠷᠣᠭᠤᠯᠪᠠ᠃ ᠰᠤᠷᠭᠠᠨ ᠬᠥᠮᠦᠵᠢᠯ ᠤᠨ ᠰᠢᠰᠲ᠋ᠧᠮ ᠤᠨ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠵᠢᠴᠢ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠰᠤᠷᠭᠠᠭᠤᠯᠢ ᠶᠢᠨ ᠡᠷᠡᠭᠦᠯ ᠬᠠᠮᠠᠭᠠᠯᠠᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠪᠠ᠃ 2022 ᠣᠨ ᠳᠤ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠬᠢᠭᠡᠳ ᠬᠥᠳᠡᠯᠮᠦᠷᠢ ᠶᠢᠨ ᠬᠥᠮᠦᠵᠢᠯ ᠤᠨ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠰᠢᠯᠢᠳᠡᠭ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠰᠤᠷᠭᠠᠨ ᠬᠥᠮᠦᠵᠢᠯ ᠤᠨ ᠲᠢᠩᠬᠢᠮ ᠤᠨ ᠪᠠᠶᠢᠭᠤᠯᠭ᠎ᠠ ᠶᠢᠨ ᠰᠢᠯᠢᠳᠡᠭ ᠭᠠᠵᠠᠷ ᠲᠠᠰᠤᠭ ᠢᠶᠠᠷ ᠦᠨᠡᠯᠡᠭᠳᠡᠪᠡ᠃  
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ