ᠪᠥᠬᠦ ᠬᠤᠲᠠ ᠶᠢᠨ ︽ᠤᠯᠤᠰ ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/27
      ᠤᠶᠢᠷ᠎ᠠ ᠶᠢᠨ ᠡᠳᠦᠷ᠂ ᠪᠥᠬᠦ ᠬᠤᠲᠠ ᠶᠢᠨ ︽ᠤᠯᠤᠰ ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠠᠵᠢᠯ ᠤᠨ ᠬᠤᠷᠠᠯ ᠬᠤᠷᠠᠯᠳᠤᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠨᠠᠮ ᠤᠨ ᠳᠤᠭᠤᠶᠢᠯᠠᠩ ᠤᠨ ᠱᠦᠵᠢ ᠰᠣ᠋ ᠵᠥᠩ ᠱᠧᠩ ᠬᠤᠷᠠᠯ ᠳᠤ ᠣᠷᠣᠯᠴᠠᠬᠰᠠᠨ ᠤ ᠬᠠᠮᠳᠤ ᠶᠠᠷᠢᠶ᠎ᠠ ᠲᠠᠯᠪᠢᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠮᠧᠶ ᠷᠦᠩ ᠬᠤᠷᠠᠯ ᠳᠤ ᠣᠷᠣᠯᠴᠠᠵᠤ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠰᠣ᠋ ᠯᠢ ᠵᠢᠶᠦ᠋ᠨ ᠬᠤᠷᠠᠯ ᠳᠤ ᠣᠷᠣᠯᠴᠠᠬᠰᠠᠨ ᠤ ᠬᠠᠮᠳᠤ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠪᠣᠯᠤᠨ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ︽ᠢᠷᠭᠡᠨ ᠤ ᠪᠠ ᠬᠤᠳᠠᠯᠳᠤᠭᠠᠨ ᠤ ᠬᠡᠷᠡᠭ ᠤᠨ ᠵᠠᠭᠤᠷᠠᠯᠳᠤᠭᠠᠨ ᠢ ᠣᠯᠠᠨ ᠡᠰᠢᠵᠢᠭᠦᠯᠦᠨ ᠰᠶᠢᠳᠪᠤᠷᠢᠯᠡᠭᠦ ᠲᠣᠭᠲᠠᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠲᠤᠬᠠᠶ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠭᠠᠷ ᠤᠨ ᠦᠰᠦᠭ ᠵᠢᠷᠤᠬᠤ ᠶᠣᠰᠣᠯᠠᠯ᠂ ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠭᠡᠷ︾ ᠤᠨ ᠫᠠᠶᠢᠰᠠ ᠰᠡᠬᠦᠬᠦ ᠶᠣᠰᠣᠯᠠᠯ ᠢ ᠬᠠᠮᠳᠤᠷᠠᠨ ᠶᠠᠪᠤᠬᠳᠠᠭᠤᠯᠤᠬᠰᠠᠨ ᠤ ᠬᠠᠮᠳᠤ ᠤᠷᠢᠵᠤ ᠲᠣᠮᠢᠯᠠᠭᠰᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠣᠨᠴᠠ ᠤᠷᠢᠭᠰᠠᠨ ᠡᠶᠡᠳᠡᠭᠦᠯᠦᠭᠴᠢ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃      ᠰᠣ᠋ ᠵᠥᠩ ᠱᠧᠩ᠂ ᠵᠠᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠴᠢ ᠬᠤᠯᠪᠣᠭᠳᠠᠯ ᠢ ᠭᠦᠨᠵᠡᠭᠡᠶ ᠡᠵᠡᠮᠰᠢᠵᠦ᠂ ᠤᠯᠤᠰ ᠲᠦᠷᠦ ᠶᠢᠨ ᠵᠥᠪᠯᠡᠯᠭᠡᠨ᠂ ᠰᠢᠭᠦᠬᠦ ᠬᠤᠷᠢᠶ᠎ᠠ ᠶᠢᠨ ᠬᠤᠶᠠᠷ ᠲᠠᠯ᠎ᠠ ᠶᠢᠨ ᠳᠠᠪᠠᠭᠤᠯᠢᠭ ᠲᠠᠯ᠎ᠠ ᠲᠠᠢ ᠭᠦᠢᠴᠡᠳ ᠤᠶᠠᠯᠳᠤᠭᠤᠯᠤᠨ᠂ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠠᠭᠤᠷᠠᠯᠳᠤᠭᠠᠨ ᠢ ᠤᠯᠠᠨ ᠡᠰᠢᠵᠢᠬᠦᠯᠦᠨ ᠰᠢᠢᠳᠪᠦᠷᠢᠯᠡᠬᠦ ᠠᠵᠢᠯ ᠤᠨ ᠬᠦᠴᠦᠯᠡᠴᠡ ᠶᠢᠨ ᠭᠤᠣᠯᠳᠠᠯᠭ᠎ᠠ ᠶᠢ ᠣᠨᠣᠪᠴᠢᠲᠠᠶ ᠡᠷᠢᠨ ᠣᠯᠵᠤ᠂ ᠤᠬᠠᠮᠰᠠᠷ ᠠᠴᠠ ᠪᠠᠨ ᠶᠡᠭᠡ ᠲᠠᠯ᠎ᠠ ᠳᠤ ᠦᠢᠯᠡᠴᠢᠯᠡᠵᠦ᠂ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠵᠤ᠂ ᠵᠠᠭᠤᠷᠠᠯᠳᠤᠭᠠᠨ ᠢ ᠠᠷᠢᠯᠭᠠᠬᠤ᠂ ᠲᠣᠭᠲᠠᠭᠤᠨ ᠢ ᠬᠠᠮᠠᠭᠠᠯᠠᠬᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠴᠢᠨᠠᠷᠵᠢᠯ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠬᠥᠭᠵᠢᠯᠲᠡ ᠶᠢ ᠠᠬᠢᠭᠤᠯᠬᠤ ᠶᠢ ᠪᠡᠶᠡᠯᠡᠭᠦᠯᠵᠦ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠠᠬᠤᠢ ᠶᠢ ᠬᠠᠮᠠᠭᠠᠯᠠᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠭᠦ ᠭᠡᠷᠡᠭᠳᠡᠢ ᠭᠡᠪᠡ᠃      ᠰᠣ᠋ ᠯᠢ ᠵᠢᠶᠦ᠋ᠨ᠂ ᠪᠥᠬᠦ ᠬᠤᠲᠠ ᠶᠢᠨ ᠰᠢᠭᠦᠬᠦ ᠬᠤᠷᠢᠶ᠎ᠠ ︽ᠤᠯᠤᠰ ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠠᠭᠤᠷᠠᠯᠳᠤᠭᠠᠨ ᠢ ᠤᠯᠠᠨ ᠡᠰᠢᠵᠢᠭᠦᠯᠦᠨ ᠰᠶᠢᠳᠪᠤᠷᠢᠯᠡᠭᠦ ᠲᠣᠭᠲᠠᠴᠠ ᠶᠢᠨ ᠤᠭᠢ ᠰᠠᠶᠢᠨ ᠡᠷᠭᠢᠯᠳᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠬᠡᠷ︾ ᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠭᠦᠨᠵᠡᠭᠡᠶ ᠣᠷᠣᠯᠴᠠᠬᠤ᠂ ᠠᠷᠠᠳ ᠤᠨ ᠰᠠᠨᠠᠭ᠎ᠠ ᠶᠢ ᠥᠷᠭᠡᠨ ᠢᠶᠠᠷ ᠭᠥᠯᠢᠶᠡᠨ ᠠᠪᠬᠤ᠂ ᠬᠠᠮᠤᠭ ᠤᠶᠢᠷ᠎ᠠ ᠵᠠᠢ ᠠᠴᠠ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠲᠠᠪᠴᠠᠩ ᠪᠣᠯᠭᠠᠨ ᠪᠠᠶᠢᠭᠤᠯᠬᠤ ᠪᠠᠷ ᠴᠢᠷᠮᠠᠶᠢᠨ᠂ ᠪᠥᠬᠦ ᠬᠤᠲᠠ ᠶᠢᠨ ᠰᠢᠭᠦᠬᠦ ᠬᠤᠷᠢᠶ᠎ᠠ ᠶᠢᠨ ᠡᠯ᠎ᠡ ᠲᠦᠷᠦᠯ ᠤᠨ ᠠᠵᠢᠯ ᠢ ᠰᠢᠨ᠎ᠡ ᠳᠡᠭᠲᠡᠷ ᠲᠤ ᠭᠠᠷᠭᠠᠵᠤ᠂ ᠭᠡᠷᠡᠯ ᠰᠠᠴᠤᠷᠠᠩᠭᠤᠢ ᠰᠢᠨ᠎ᠠ ᠪᠦᠳᠦᠮᠵᠢ ᠶᠢ ᠲᠠᠭᠢᠨᠳᠠ ᠡᠭᠦᠳᠭᠦ ᠶᠢ ᠠᠬᠢᠭᠤᠯᠤᠨ᠎ᠠ ᠭᠡᠵᠤ ᠢᠯᠡᠷᠭᠡᠶᠢᠯᠡᠪᠡ᠃
ᠢᠷᠡᠯᠲᠡ᠄ ᠤᠷᠳᠤᠰ ᠤᠨ ᠡᠳᠤᠷ ᠤᠨ ᠰᠤᠨᠢᠨ